5 ᠰᠢᠨ᠎ᠡ ᠲᠤᠰᠬᠠᠢ ᠮᠡᠷᠭᠡᠵᠢᠯ ᠲᠤᠬᠢᠷᠠᠭᠤᠯᠤᠨ᠎ᠠ
ᠨᠡᠶᠢᠲᠡᠯᠡᠭᠰᠡᠨ ᠴᠠᠭ᠄
2024/1/12
      ᠰᠤᠷᠭᠠᠨ ᠬᠦᠮᠦᠵᠢᠯ ᠤᠨ ᠶᠠᠮᠤᠨ ᠤ ᠠᠯᠪᠠᠨ ᠳᠢᠩᠬᠢᠮ ᠤᠶᠢᠷ᠎ᠠ ᠳᠤ ︽ᠡᠷᠡᠭᠦᠯ ᠮᠡᠨᠳᠦ ᠶᠢᠨ ᠦᠢᠯᠡᠰ ᠲᠤ ᠦᠢᠯᠡᠴᠢᠯᠡᠬᠦ ᠪᠠ ᠡᠷᠡᠭᠦᠯ ᠮᠡᠨᠳᠦ ᠶᠢᠨ ᠠᠵᠤ ᠦᠢᠯᠡᠰ ᠤᠨ ᠴᠢᠳᠠᠪᠤᠷᠢᠲᠠᠨ ᠢ ᠬᠦᠮᠦᠵᠢᠭᠦᠯᠬᠦ ᠬᠥᠲᠦᠯᠦᠨ ᠵᠢᠯᠥᠭᠤᠳᠬᠤ ᠴᠢᠨᠠᠷᠲᠠᠢ ᠲᠤᠰᠬᠠᠢ ᠮᠡᠷᠭᠡᠵᠢᠯ ᠤᠨ ᠵᠦᠭᠯᠡᠭᠦᠷ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠨᠡᠶᠢᠲᠡᠯᠡᠪᠡ᠃      ᠡᠨᠡᠬᠦ ᠵᠦᠭᠯᠡᠭᠦᠷ ᠲᠤ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ᠂ ᠡᠷᠡᠭᠦᠯ ᠮᠡᠨᠳᠦ ᠶᠢᠨ ᠦᠢᠯᠡᠰ ᠪᠠ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠰᠢᠨ᠎ᠡ ᠪᠠᠶᠢᠳᠠᠯ ᠳᠤᠤᠷ᠎ᠠ᠂ ᠠᠨᠠᠭᠠᠬᠤ ᠤᠬᠠᠭᠠᠨ ᠤ ᠴᠢᠳᠠᠪᠤᠷᠢᠲᠠᠨ ᠢ ᠬᠦᠮᠦᠵᠢᠭᠦᠯᠬᠦ ᠬᠥᠲᠦᠯᠦᠨ ᠵᠢᠯᠥᠭᠤᠳᠬᠤ ᠴᠢᠨᠠᠷᠲᠠᠢ 5 ᠰᠢᠨ᠎ᠡ ᠲᠤᠰᠬᠠᠢ ᠮᠡᠷᠭᠡᠵᠢᠯ ᠲᠤᠬᠢᠷᠠᠭᠤᠯᠤᠨ᠎ᠠ ᠭᠡᠵᠦ ᠳᠤᠷᠠᠳᠴᠠᠢ᠃ᠡᠳᠡᠭᠡᠷ ᠲᠤᠰᠬᠠᠢ ᠮᠡᠷᠭᠡᠵᠢᠯ ᠨᠢ ᠲᠤᠰ ᠲᠤᠰ᠄① ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠤᠨᠤᠭ ᠲᠦᠬᠦᠭᠡᠷᠦᠮᠵᠢ ᠶᠢᠨ ᠢᠨᠵᠧᠨᠧᠷᠢᠩ︔② ᠨᠠᠰᠤᠲᠠᠶᠢᠴᠤᠳ ᠤᠨ ᠠᠨᠠᠭᠠᠬᠤ ᠤᠬᠠᠭᠠᠨ ᠬᠢᠭᠡᠳ ᠡᠷᠡᠭᠦᠯ ᠮᠡᠨᠳᠦ︔③ ᠡᠷᠡᠭᠦᠯ ᠮᠡᠨᠳᠤ ᠬᠢᠭᠡᠳ ᠡᠮ ᠡᠮᠨᠡᠯᠭᠡ ᠶᠢᠨ ᠪᠠᠲᠤᠯᠠᠭ᠎ᠠ︔④ ᠡᠮ ᠤᠨ ᠠᠵᠤ ᠠᠬᠤᠢ ᠬᠢᠭᠡᠳ ᠬᠠᠮᠢᠶᠠᠷᠤᠯᠲᠠ︔⑤ ᠠᠮᠢᠳᠤ ᠪᠤᠳᠠᠰ ᠤᠨ ᠡᠮ ᠡᠮᠨᠡᠯᠭᠡ ᠶᠢᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠪᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠵᠠᠯᠠᠭᠤᠴᠤᠳ ᠤᠨ ᠰᠤᠨᠢᠨ