︽ᠣᠷᠳᠣᠰ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ  ﹇2023﹈ 4 ᠳ᠋ᠦ᠋ᠭᠡᠷ ᠲᠤ᠋
ᠨᠡᠶᠢᠲᠡᠯᠡᠭᠰᠡᠨ ᠴᠠᠭ᠄
2024/1/12
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ᠡᠳᠦᠭᠡ ︽ᠣᠷᠳᠣᠰ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                                                                                                                         ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                   2023 ᠣᠨ ᠤ 1 ᠳ᠋ᠦ᠋ᠭᠡᠷ ᠰᠠᠷ᠎ᠠ ᠶᠢᠨ 3 ᠤ ᠡᠳᠦᠷᠣᠷᠳᠣᠰ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ     ︽ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶᠂ ︽ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 54 ᠳ᠋ᠦ᠋ᠭᠡᠷ ᠲᠣᠭᠠᠲᠤ︶᠂ ︽ᠣᠷᠳᠣᠰ ᠬᠤᠲᠠ ᠶᠢᠨ ᠬᠤᠲᠠ ᠠᠴᠠ ᠳᠣᠷᠣᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶᠂ ︽ᠣᠷᠳᠣᠰ ᠬᠤᠲᠠ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ  ﹇2021﹈ 11 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠲᠠᠪᠤᠷᠢᠵᠢᠭᠤᠯᠤᠨ ᠲᠤᠭᠤᠰᠢᠯᠠᠭᠤᠯᠬᠤ ᠶᠢᠨ ᠲᠤᠰᠠᠳᠠ᠂ ᠲᠣᠰ ᠲᠦᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠪᠣᠷᠣ ᠲᠥᠯᠥᠪ ᠤᠨ ᠳᠣᠤᠷ᠎ᠠ᠂ ᠬᠤᠲᠠ ᠪᠠ ᠬᠤᠰᠢᠭᠤ ᠲᠣᠭᠤᠷᠢᠭ ᠤᠨ ᠬᠤᠶᠠᠷ ᠢᠳᠡᠪᠬᠢᠵᠢᠯ ᠢ ᠭᠦᠢᠴᠡᠳ ᠪᠠᠳᠠᠷᠠᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠬᠤᠲᠠ ᠪᠠ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ  ᠶᠠᠪᠤᠳᠠᠯ ᠢ ᠬᠠᠮᠢᠶᠠᠷᠬᠤ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠢ ᠬᠠᠷᠢᠯᠴᠠᠨ ᠵᠣᠬᠢᠴᠠᠭᠤᠯᠤᠭᠰᠠᠨ ᠲᠣᠭᠲᠠᠪᠤᠷᠢᠲᠠᠢ ᠳᠦᠷᠢᠮ ᠢ ᠪᠤᠢ ᠪᠣᠯᠭᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠬᠥᠭᠵᠢᠯᠲᠡ ᠶᠢ ᠠᠬᠢᠭᠤᠯᠤᠨ᠎ᠠ᠃     ᠬᠤᠶᠠᠷ᠂ ᠭᠤᠣᠯ ᠠᠭᠤᠯᠭ᠎ᠠ     ︵ᠨᠢᠭᠡ︶ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠲᠠᠯ᠎ᠠ1. ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠰᠦᠢᠳᠭᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠭᠡᠯ ᠢᠶᠠᠷ ᠨᠡᠭᠡᠭᠡᠨ᠎ᠡ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠤᠯᠤᠰ ᠤᠨ ᠲᠣᠭᠲᠠᠭᠠᠯ ᠶᠣᠰᠣᠭᠠᠷ ᠰᠦᠢᠳᠭᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠭᠡᠯ ᠪᠠᠷ ᠨᠡᠭᠡᠭᠡᠬᠦ ᠶᠢ ᠬᠡᠷᠡᠭᠵᠢᠭᠦᠯᠵᠦ᠂ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠵᠤ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠡᠭᠦᠨ ᠳᠤ ᠭᠤᠣᠯᠳᠠᠭᠤ᠄ ᠣᠷᠣᠨ ᠨᠤᠲᠤᠭ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯ ᠤᠨ ᠰᠢᠰᠲ᠋ᠧᠮ ᠤᠨ ᠬᠠᠷᠢᠶ᠎ᠠ ᠮᠦᠽᠧᠶ᠂ ᠳᠤᠷᠠᠰᠬᠠᠯ ᠤᠨ ᠣᠷᠳᠣᠨ᠂ ᠤᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠦᠷᠳᠡᠭᠡ︶ ᠵᠢᠴᠢ ᠪᠦᠬᠦ ᠤᠯᠤᠰ ᠤᠨ ᠡᠭᠡ ᠣᠷᠣᠨᠴᠢ ᠦᠵᠡᠯ ᠤᠨ ᠬᠥᠮᠦᠵᠢᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠤᠯᠤᠰ ᠤᠨ ᠲᠣᠭᠲᠠᠭᠠᠯ ᠶᠣᠰᠣᠭᠠᠷ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ︔ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠤᠯᠤᠰ ᠤᠨ ᠲᠣᠭᠲᠠᠭᠠᠯ ᠶᠣᠰᠣᠭᠠᠷ ᠰᠦᠢᠳᠭᠡᠯ ᠬᠤᠷᠢᠶᠠᠬᠤ ᠥᠬᠡᠶ ᠪᠤᠶᠤ ᠳᠣᠣᠷ᠎ᠠ ᠰᠦᠢᠳᠭᠡᠯ ᠬᠤᠷᠢᠶᠠᠵᠤ ᠨᠡᠭᠡᠭᠡᠬᠦ ᠵᠡᠷᠭᠡ ᠶᠢ ᠬᠡᠷᠡᠭᠵᠢᠭᠦᠯᠦᠨ᠎ᠡ᠃     ᠳᠡᠭᠡᠷ᠎ᠡ ᠳᠤᠷᠠᠳᠤᠭᠰᠠᠨ ᠮᠦᠽᠧᠢ᠂ ᠳᠤᠷᠠᠰᠬᠠᠯ ᠤᠨ ᠣᠷᠳᠣᠨ ᠵᠢᠴᠢ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠰᠦᠢᠳᠬᠡᠯ ᠬᠤᠷᠢᠶᠠᠬᠤ ᠦᠬᠡᠢ ᠪᠠᠷ ᠨᠡᠭᠡᠭᠡᠵᠦ᠂ ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ 8᠄ 2 ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠲᠠᠯᠠᠪᠤᠷ ᠣᠷᠳᠣᠨ ᠤ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠠᠳᠠᠯᠢ ᠱᠠᠲᠤᠨ ᠤ ᠡᠳ᠋ ᠤᠨ ᠵᠠᠰᠠᠭ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠬᠤᠲᠠ ᠶᠢᠨ ᠡᠳ᠋ ᠤᠨ ᠵᠠᠰᠠᠭ ᠨᠢ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ ᠰᠢᠯᠵᠢᠭᠦᠯᠦᠨ ᠥᠭᠬᠦ ᠪᠠᠷ ᠳᠠᠮᠵᠢᠭᠤᠯᠤᠨ ᠬᠤᠰᠢᠭᠤ ᠲᠣᠭᠤᠷᠢᠭ ᠲᠤ ᠵᠣᠬᠢᠬᠤ ᠨᠥᠬᠦᠪᠥᠷᠢ ᠣᠯᠭᠤᠨ᠎ᠠ᠃     ᠳᠡᠭᠡᠷ᠎ᠡ ᠳᠤᠷᠠᠳᠤᠭᠰᠠᠨ ᠣᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠭᠡᠯ ᠬᠤᠷᠢᠶᠠᠬᠤ ᠥᠬᠡᠶ ᠪᠠᠷ ᠪᠤᠶᠤ ᠳᠣᠤᠷ᠎ᠠ ᠰᠦᠢᠳᠭᠡᠯ ᠢᠶᠠᠷ ᠨᠡᠭᠡᠭᠡᠵᠦ᠂ ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ 8᠄ 2 ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠬᠡᠰᠡᠭ ᠨᠢ ᠬᠤᠲᠠ ᠶᠢᠨ ᠲᠣᠰ ᠱᠠᠲᠤᠨ ᠤ ᠪᠠᠶᠢᠭᠤᠯᠤᠮᠵᠢ ᠳᠤ ᠬᠠᠷᠢᠶᠠᠯᠠᠭᠳᠠᠪᠠᠯ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠳ᠋ ᠤᠨ ᠵᠠᠰᠠᠭ ᠠᠴᠠ 8᠄ 0.6᠄ 1.4 ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ︔ ᠬᠤᠰᠢᠭᠤ ᠲᠣᠭᠤᠷᠢᠭ ᠲᠤ ᠬᠠᠷᠢᠶᠠᠯᠠᠭᠳᠠᠪᠠᠯ᠂ ᠬᠤᠲᠠ ᠪᠠ ᠬᠤᠰᠢᠭᠤ ᠲᠣᠭᠤᠷᠢᠭ ᠠᠴᠠ ᠨᠢᠭᠡᠳᠦᠭᠡᠷ ᠳᠡᠰ ᠤᠨ ᠬᠢ ᠶᠢ  2᠄ 8᠂ ᠬᠤᠶᠠᠳᠤᠭᠠᠷ ᠳᠡᠰ ᠤᠨ ᠬᠢ ᠶᠢ  3᠄ 7᠂ ᠭᠤᠷᠪᠠᠳᠤᠭᠠᠷ ᠳᠡᠰ ᠤᠨ ᠬᠢ ᠶᠢ  ᠬᠤᠲᠠ ᠶᠢᠨ ᠲᠣᠰ ᠱᠠᠲᠤᠨ ᠠᠴᠠ 100% ᠪᠠᠷ ᠬᠤᠪᠢᠶᠠᠨ ᠡᠭᠦᠷᠭᠡᠯᠡᠨ᠎ᠡ᠃     ᠨᠢᠭᠡᠳᠦᠭᠡᠷ ᠳᠡᠰ ᠲᠤ ᠵᠡᠭᠦᠨᠭᠠᠷ ᠬᠤᠰᠢᠭᠤ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠢᠶ᠎ᠠ ᠪᠠᠭᠰᠢ ᠲᠣᠭᠤᠷᠢᠭ ᠵᠡᠷᠭᠡ 6 ᠬᠤᠰᠢᠭᠤ ᠲᠣᠭᠤᠷᠢᠭ ᠢ ᠪᠠᠭᠲᠠᠭᠠᠨ᠎ᠠ᠂ ᠬᠤᠲᠠ ᠶᠢᠨ ᠲᠣᠰ ᠱᠠᠲᠤᠨ ᠠᠴᠠ 20% ᠬᠤᠪᠢᠶᠠᠨ ᠡᠭᠦᠷᠭᠡᠯᠡᠵᠦ᠂ ᠡᠯ᠎ᠡ ᠬᠤᠰᠢᠭᠤ ᠲᠣᠭᠤᠷᠢᠭ 80% ᠬᠤᠪᠢᠶᠠᠨ ᠡᠭᠦᠷᠭᠡᠯᠡᠨ᠎ᠡ︔ ᠬᠤᠶᠠᠳᠤᠭᠠᠷ ᠳᠡᠰ ᠲᠤ ᠳᠠᠯᠠᠳ ᠬᠤᠰᠢᠭᠤ᠂ ᠦᠦᠰᠢᠨ ᠬᠤᠰᠢᠭᠤ 2 ᠬᠤᠰᠢᠭᠤ ᠲᠣᠭᠤᠷᠢᠭ ᠢ ᠪᠠᠭᠲᠠᠭᠠᠵᠤ᠂ ᠬᠤᠲᠠ ᠶᠢᠨ ᠲᠣᠰ ᠱᠠᠲᠤᠨ ᠠᠴᠠ 30% ᠬᠤᠪᠢᠶᠠᠨ ᠡᠭᠦᠷᠭᠡᠯᠡᠵᠦ᠂ ᠡᠯ᠎ᠡ ᠬᠤᠰᠢᠭᠤ ᠲᠣᠭᠤᠷᠢᠭ ᠤᠨ ᠬᠢᠨ 70% ᠬᠤᠪᠢᠶᠠᠨ ᠡᠭᠦᠷᠭᠡᠯᠡᠨ᠎ᠡ︔ ᠭᠤᠷᠪᠠᠳᠤᠭᠠᠷ ᠳᠡᠰ ᠲᠤ ᠪᠠᠶᠢᠭ᠎ᠠ ᠬᠠᠩᠭᠢᠨ ᠬᠤᠰᠢᠭᠤ ᠶᠢ ᠪᠦᠬᠦᠨ ᠢ ᠬᠤᠲᠠ ᠶᠢᠨ ᠲᠤᠰ ᠱᠠᠲᠤᠨ ᠠᠴᠠ ᠡᠭᠦᠷᠭᠡᠯᠡᠨ᠎ᠡ᠃ ᠡᠯ᠎ᠡ ᠬᠤᠰᠢᠭᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠳ᠋ ᠤᠨ ᠬᠦᠴᠦᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠵᠦ᠂ ᠳᠡᠭᠡᠷ᠎ᠡ ᠳᠤᠷᠠᠳᠤᠭᠰᠠᠨ ᠲᠠᠰ ᠬᠤᠪᠢᠶᠠᠨ ᠡᠭᠦᠷᠭᠡᠯᠡᠬᠦ ᠬᠠᠷᠢᠴᠠᠯ ᠢ ᠬᠤᠲᠠ ᠶᠢᠨ ᠡᠳ᠋ ᠤᠨ ᠵᠠᠰᠠᠭ ᠠᠴᠠ ᠴᠠᠭ ᠲᠤᠨᠢ ᠳᠣᠭᠢᠷᠠᠭᠤᠯᠤᠨ ᠬᠥᠳᠡᠯᠦᠩᠭᠦᠶ ᠪᠠᠷ ᠳᠣᠭᠢᠷᠠᠭᠤᠯᠤᠨ᠎ᠠ᠃     2. ᠪᠤᠰᠤᠳ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠵᠦᠢᠯᠡᠰ᠃ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠵᠢᠯᠣᠭᠤᠳᠬᠤ ᠪᠠᠷᠢᠮᠵᠢᠶ᠎ᠠ ᠳᠤ ᠬᠤᠯᠪᠣᠭᠳᠠᠭᠰᠠᠨ ᠨᠣᠮ ᠤᠩᠰᠢᠵᠤ ᠰᠣᠨᠢᠨ ᠦᠵᠡᠬᠦ᠂ ᠷᠠᠳᠢᠣ᠋ ᠨᠡᠪᠲᠡᠷᠡᠭᠦᠯᠭᠡ ᠰᠣᠨᠣᠰᠬᠤ᠂ ᠲᠧᠯᠸᠢᠰ ᠦᠵᠡᠬᠦ᠂ ᠺᠢᠨᠣ᠋ ᠰᠣᠨᠢᠷᠬᠠᠬᠤ᠂ ᠣᠷᠣᠨ ᠨᠤᠲᠤᠭ ᠤᠨ ᠵᠥᠴᠦᠭᠡ ᠪᠠ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠬᠦᠷᠭᠡᠬᠦ ᠵᠡᠷᠭᠡ ᠪᠤᠰᠤᠳ ᠵᠦᠢᠯᠡᠰ ᠢ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠡᠷᠬᠡ ᠪᠣᠯᠭᠠᠨ ᠨᠤᠳᠠᠯᠠᠭᠰᠠᠨ ᠪᠣᠯ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠡᠭᠦᠷᠭᠡᠯᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠪᠠᠷ ᠳᠡᠮᠵᠢᠨ ᠨᠥᠬᠦᠪᠥᠷᠢ ᠥᠭᠬᠦ ᠠᠴᠠ ᠭᠠᠳᠠᠨ᠎ᠠ᠂ ᠬᠤᠲᠠ ᠶᠢᠨ ᠡᠳ᠋ ᠤᠨ ᠵᠠᠰᠠᠭ ᠠᠴᠠ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠠᠵᠢᠯ ᠤᠨ ᠡᠭᠦᠷᠭᠡ ᠶᠢᠨ ᠬᠡᠮᠵᠢᠶ᠎ᠡ᠂ ᠨᠥᠬᠦᠪᠥᠷᠢ ᠶᠢᠨ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠰᠢᠭᠤ ᠲᠣᠭᠤᠷᠢᠭ ᠤᠨ ᠰᠢᠯᠵᠢᠭᠦᠯᠦᠨ ᠥᠭᠬᠦ ᠪᠠᠯᠠ ᠮᠥᠩᠭᠦ ᠶᠢ ᠲᠣᠭᠲᠠᠭᠠᠨ᠎ᠠ᠃     ᠪᠥᠬᠦ ᠬᠤᠲᠠ ᠶᠢᠨ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠰᠣᠶᠣᠯ ᠤᠨ ᠠᠵᠢᠯ ᠤᠨ ᠬᠠᠮᠢᠶᠠᠷᠤᠭᠴᠢ ᠶᠢᠨ ᠨᠥᠬᠦᠪᠥᠷᠢ ᠶᠢᠨ ᠪᠠᠯᠠ ᠮᠥᠩᠭᠦ ᠶᠢ ᠬᠤᠲᠠ ᠪᠠ ᠬᠤᠰᠢᠭᠤ ᠲᠣᠭᠤᠷᠢᠭ ᠠᠴᠠ ᠭᠤᠷᠪᠠᠨ ᠲᠠᠰ ᠬᠤᠪᠢᠶᠠᠨ ᠬᠠᠷᠢᠴᠠᠯ ᠶᠣᠰᠣᠭᠠᠷ ᠬᠤᠪᠢᠶᠠᠨ ᠡᠭᠦᠷᠭᠡᠯᠡᠨ᠎ᠡ᠃ ᠨᠢᠭᠡᠳᠦᠭᠡᠷ ᠳᠡᠰ ᠲᠤ ᠵᠡᠭᠦᠨᠭᠠᠷ ᠬᠤᠰᠢᠭᠤ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠢᠶ᠎ᠠ ᠪᠠᠭᠰᠢ ᠲᠣᠭᠤᠷᠢᠭ ᠵᠡᠷᠭᠡ 6 ᠬᠤᠰᠢᠭᠤ ᠲᠣᠭᠤᠷᠢᠭ ᠢ ᠪᠠᠭᠲᠠᠭᠠᠨ᠎ᠠ᠂ ᠬᠤᠲᠠ ᠶᠢᠨ ᠲᠣᠰ ᠱᠠᠲᠤᠨ ᠠᠴᠠ 20% ᠬᠤᠪᠢᠶᠠᠨ ᠡᠭᠦᠷᠭᠡᠯᠡᠵᠦ᠂ ᠡᠯ᠎ᠡ ᠬᠤᠰᠢᠭᠤ ᠲᠣᠭᠤᠷᠢᠭ 80% ᠬᠤᠪᠢᠶᠠᠨ ᠡᠭᠦᠷᠭᠡᠯᠡᠨ᠎ᠡ︔  ᠬᠤᠶᠠᠳᠤᠭᠠᠷ ᠳᠡᠰ ᠲᠤ ᠳᠠᠯᠠᠳ ᠬᠤᠰᠢᠭᠤ᠂ ᠦᠦᠰᠢᠨ ᠬᠤᠰᠢᠭᠤ ᠵᠡᠷᠭᠡ 2 ᠬᠤᠰᠢᠭᠤ ᠲᠣᠭᠤᠷᠢᠭ ᠢ ᠪᠠᠭᠲᠠᠭᠠᠵᠤ᠂ ᠬᠤᠲᠠ ᠶᠢᠨ ᠲᠣᠰ ᠱᠠᠲᠤᠨ ᠠᠴᠠ 30% ᠬᠤᠪᠢᠶᠠᠨ ᠡᠭᠦᠷᠭᠡᠯᠡᠵᠦ᠂ ᠡᠯ᠎ᠡ ᠬᠤᠰᠢᠭᠤ ᠲᠣᠭᠤᠷᠢᠭ ᠤᠨ ᠬᠢᠨ 70% ᠬᠤᠪᠢᠶᠠᠨ ᠡᠭᠦᠷᠭᠡᠯᠡᠨ᠎ᠡ︔ ᠭᠤᠷᠪᠠᠳᠤᠭᠠᠷ ᠳᠡᠰ ᠲᠤ ᠪᠠᠶᠢᠭ᠎ᠠ ᠬᠠᠩᠭᠢᠨ ᠬᠤᠰᠢᠭᠤ ᠶᠢ ᠪᠦᠬᠦᠨ ᠢ ᠬᠤᠲᠠ ᠶᠢᠨ ᠲᠤᠰ ᠱᠠᠲᠤᠨ ᠠᠴᠠ ᠡᠭᠦᠷᠭᠡᠯᠡᠨ᠎ᠡ᠃     ︵ᠬᠤᠶᠠᠷ︶ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠲᠠᠯ᠎ᠠ     ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠲᠠᠯ᠎ᠠ ᠶᠢᠨ ᠬᠤᠯᠪᠣᠭᠳᠠᠯ ᠪᠥᠬᠦᠶ ᠵᠦᠢᠯᠡᠰ ᠢ ᠲᠥᠷᠥ ᠶᠢᠨ ᠪᠣᠳᠣᠯᠭ᠎ᠠ ᠶᠢᠨ ᠶᠣᠰᠣᠭᠠᠷ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ ᠡᠭᠦᠨ ᠳᠤ ᠭᠤᠣᠯᠳᠠᠭᠤ᠄ ᠨᠡᠶᠢᠬᠡᠮ ᠵᠢᠷᠤᠮᠲᠤ ᠰᠣᠶᠣᠯ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ ᠲᠤᠬᠠᠶ ᠲᠥᠪ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠲᠡᠮᠵᠢᠨ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯᠯᠠᠭ᠎ᠠ᠂ ᠦᠵᠡᠭᠦᠯᠦᠯᠭᠡ᠂ ᠰᠣᠶᠣᠯ ᠤᠷᠠᠯᠢᠭ ᠤᠨ ᠵᠣᠬᠢᠶᠠᠨ ᠪᠦᠲᠦᠭᠡᠯ ᠤᠨ ᠲᠣᠭᠯᠠᠯᠲᠠ ᠵᠡᠷᠭᠡ ᠶᠢ ᠪᠠᠭᠲᠠᠭᠠᠨ᠎ᠠ᠂ ᠤᠷᠠᠨ ᠵᠣᠬᠢᠶᠠᠯ᠂ ᠲᠠᠶᠢᠰᠠᠨ ᠤ ᠤᠷᠠᠯᠢᠭ᠂ ᠤᠷᠠᠨ ᠵᠢᠷᠤᠭ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠰᠦᠯᠵᠢᠶᠡᠨ ᠳᠡᠭᠡᠷ᠎ᠡ ᠦᠵᠡᠵᠦ ᠰᠣᠨᠣᠰᠬᠤ ᠫᠷᠤᠭ᠍ᠷᠠᠮ᠂ ᠺᠢᠨᠣ᠋᠂ ᠬᠡᠪᠯᠡᠯ ᠵᠡᠷᠭᠡ ᠲᠠᠯ᠎ᠠ ᠳᠤ ᠬᠤᠯᠪᠣᠭᠳᠠᠨ᠎ᠠ᠃     ᠲᠥᠪ ᠠᠴᠠ ᠲᠣᠭᠲᠠᠭᠠᠭᠰᠠᠨ ᠪᠥᠭᠡᠳ ᠲᠥᠪ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠣᠷᠣᠨ ᠨᠤᠲᠤᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠲᠥᠪ ᠪᠠ ᠣᠷᠣᠨ ᠨᠤᠲᠤᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ︔ ᠬᠤᠲᠠ ᠶᠢᠨ ᠱᠠᠲᠤᠨ ᠠᠴᠠ ᠲᠣᠭᠲᠠᠭᠠᠭᠰᠠᠨ ᠪᠥᠭᠡᠳ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ︔ ᠬᠤᠰᠢᠭᠤ ᠲᠣᠭᠤᠷᠢᠭ ᠠᠴᠠ ᠲᠣᠭᠲᠠᠭᠠᠭᠰᠠᠨ ᠪᠥᠭᠡᠳ ᠬᠤᠰᠢᠭᠤ ᠲᠣᠭᠤᠷᠢᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠤᠶᠤ ᠳᠡᠮᠵᠢᠨ ᠥᠷᠨᠢᠭᠦᠯᠦᠭᠰᠡᠨ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠭᠤᠷᠪᠠ︶ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠠᠯ᠎ᠠ     1. ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ᠃ ᠡᠭᠦᠨ ᠳᠤ ᠭᠤᠣᠯᠳᠠᠭᠤ᠄ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢ ᠬᠠᠮᠠᠭᠠᠯᠠᠬᠤ᠂ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠡᠷᠲᠡᠨ ᠤ ᠨᠣᠮ ᠪᠢᠴᠢᠭ ᠢ ᠬᠠᠮᠠᠭᠠᠯᠠᠬᠤ᠂ ᠬᠠᠭᠤᠴᠢ ᠰᠤᠳᠤᠯᠤᠯ ᠵᠡᠷᠭᠡ ᠪᠠᠭᠲᠠᠨ᠎ᠠ᠃ ᠲᠦᠷᠦ ᠶᠢᠨ ᠪᠤᠳᠤᠯᠭ᠎ᠠ ᠶᠢ ᠦᠨᠳᠦᠰᠦᠯᠡᠨ ᠱᠠᠳᠤ ᠲᠡᠰ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢ ᠲᠣᠭᠲᠠᠭᠠᠵᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃     ᠤᠯᠤᠰ ᠤᠨ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠣᠷᠤᠭᠤᠯᠵᠤ ᠲᠡᠭᠦᠨᠴᠢᠯᠡᠨ ᠣᠷᠣᠨ ᠨᠤᠲᠤᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠨᠢᠭᠡᠴᠡ ᠶᠢ ᠬᠠᠮᠠᠭᠠᠯᠠᠬᠤ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ ᠨᠢᠭᠡᠴᠡ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠬᠠᠭᠤᠴᠢ ᠰᠤᠳᠤᠯᠤᠯ ᠵᠡᠷᠭᠡ ᠶᠢ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠲᠥᠪ ᠪᠠ ᠣᠷᠣᠨ ᠨᠤᠲᠤᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠂ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠥᠷᠢ ᠥᠭᠬᠦ ᠠᠴᠠ ᠭᠠᠳᠠᠨ᠎ᠠ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ᠂ ᠬᠤᠳᠠ ᠪᠠ ᠬᠤᠰᠢᠭᠤ ᠲᠣᠭᠤᠷᠢᠭ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ᠂ ᠬᠤᠳᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠂ ᠬᠤᠳᠠ ᠪᠠ ᠬᠤᠰᠢᠭᠤ ᠲᠣᠭᠤᠷᠢᠭ ᠠᠴᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠡᠭᠦᠷᠭᠡᠯᠡᠨ᠎ᠡ᠃ ᠬᠤᠳᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠵᠦᠢᠯᠡᠰ ᠢ ᠬᠤᠳᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠳᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠪᠠ ᠬᠤᠰᠢᠭᠤ ᠲᠣᠭᠤᠷᠢᠭ ᠤᠨ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠠᠴᠠ ᠠᠵᠢᠯ ᠤᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃     ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠣᠷᠤᠭᠤᠯᠵᠤ᠂ ᠲᠡᠭᠦᠨᠴᠢᠯᠡᠨ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢ ᠬᠠᠮᠠᠭᠠᠯᠠᠬᠤ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ ᠨᠢᠭᠡᠴᠡ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠶᠢ ᠬᠠᠮᠠᠭᠠᠯᠠᠬᠤ᠂ ᠬᠠᠭᠤᠴᠢ ᠰᠤᠳᠤᠯᠤᠯ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠯ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠡᠷᠡᠭᠰᠡᠬᠦ ᠪᠠᠯᠠ ᠮᠥᠩᠭᠦ ᠶᠢ ᠬᠤᠲᠠ ᠪᠠ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠲᠠ ᠪᠠ ᠬᠤᠰᠢᠭᠤ ᠲᠣᠭᠤᠷᠢᠭ ᠲᠤ ᠰᠢᠯᠵᠢᠭᠦᠯᠦᠨ ᠥᠭᠬᠦ ᠪᠠᠯᠠ ᠮᠥᠩᠭᠦ ᠶᠢ ᠲᠣᠭᠲᠠᠭᠠᠨ᠎ᠠ︔ ᠬᠤᠳᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠪᠤᠰᠤᠳ ᠵᠦᠢᠯᠡᠰ ᠢ ᠬᠤᠳᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠳᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠯ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠨᠢ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠪᠤᠰᠤᠳ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ᠬᠤᠳᠠ ᠶᠢᠨ ᠱᠠᠲᠤᠨ ᠤ ᠪᠣᠳᠠᠰ ᠤᠨ ᠰᠣᠶᠣᠯ ᠤᠨ ᠥᠪ ᠢ ᠬᠠᠮᠠᠭᠠᠯᠠᠬᠤ ᠬᠤᠯᠪᠣᠭᠳᠠᠯ ᠪᠦᠬᠦᠢ ᠲᠥᠯᠥᠪᠵᠢᠭᠦᠯᠭᠡ ᠳᠤ ᠣᠷᠤᠭᠤᠯᠵᠤ᠂ ᠲᠡᠭᠦᠨᠴᠢᠯᠡᠨ ᠬᠤᠳᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢ ᠬᠠᠮᠠᠭᠠᠯᠠᠬᠤ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ ᠨᠢᠭᠡᠴᠡ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠬᠠᠭᠤᠴᠢ ᠰᠤᠳᠤᠯᠤᠯ ᠵᠡᠷᠭᠡ ᠶᠢ ᠬᠤᠳᠠ ᠶᠢᠨ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠳᠠ ᠶᠢᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ ︔ ᠬᠤᠲᠠ ᠪᠠ ᠬᠤᠰᠢᠭᠤ ᠲᠣᠭᠤᠷᠢᠭ ᠠᠴᠠ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠠᠴᠠ  ᠬᠠᠮᠲᠤᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠡᠷᠡᠭᠰᠡᠬᠦ ᠪᠠᠯᠠ ᠮᠥᠩᠭᠦ ᠶᠢ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠤᠲᠠ ᠶᠢᠨ ᠡᠳ᠋ ᠤᠨ ᠵᠠᠰᠠᠭ ᠨᠢ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠰᠢᠭᠤ ᠲᠣᠭᠤᠷᠢᠭ ᠲᠤ ᠰᠢᠯᠵᠢᠭᠦᠯᠦᠨ ᠥᠭᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ︔ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠪᠤᠰᠤᠳ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ᠬᠤᠲᠠ ᠶᠢᠨ ᠱᠠᠲᠤᠨ ︵ᠪᠠᠭᠲᠠᠨ᠎ᠠ︶ ᠠᠴᠠ ᠳᠡᠭᠡᠭᠰᠢᠬᠢ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠨᠥᠬᠦᠪᠥᠷᠢ ᠶᠢ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠬᠤᠲᠠ ᠪᠠ ᠬᠤᠰᠢᠭᠤ ᠲᠣᠭᠤᠷᠢᠭ ᠠᠴᠠ ᠲᠣᠰ ᠲᠣᠰ ᠡᠭᠦᠷᠭᠡᠯᠡᠨ᠎ᠡ᠃     2. ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠃ ᠡᠭᠦᠨ ᠳᠤ ᠭᠤᠣᠯᠳᠠᠭᠤ᠄ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠢᠯᠡᠰ ᠤᠨ ᠬᠠᠮᠠᠭᠠᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢᠨ ᠤᠯᠠᠮᠵᠢᠯᠠᠨ ᠰᠤᠷᠭᠠᠬᠤ ᠠᠵᠢᠯᠯᠠᠭ᠎ᠠ᠂ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠵᠡᠷᠭᠡ ᠪᠠᠭᠲᠠᠨ᠎ᠠ᠃ ᠲᠦᠷᠦ ᠶᠢᠨ ᠪᠤᠳᠤᠯᠭ᠎ᠠ ᠶᠢᠨ ᠲᠡᠰ ᠱᠠᠳᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃     ᠣᠷᠣᠨ ᠨᠤᠲᠤᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠪᠣᠯ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠮᠥᠨ᠂ ᠲᠥᠪ ᠠᠴᠠ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠥᠷᠢ ᠥᠭᠬᠦ ᠶᠢ ᠭᠠᠷᠭᠠᠪᠠᠯ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠪᠠ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠬᠠᠮᠲᠤᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠡᠷᠡᠭᠰᠡᠬᠦ ᠪᠠᠯᠠ ᠮᠥᠩᠭᠦ ᠶᠢ ᠬᠤᠲᠠ ᠪᠠ ᠬᠤᠰᠢᠭᠤ ᠲᠣᠭᠤᠷᠢᠭ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠲᠠ ᠪᠠ ᠬᠤᠰᠢᠭᠤ ᠲᠣᠭᠤᠷᠢᠭ ᠲᠤ ᠰᠢᠯᠵᠢᠭᠦᠯᠦᠨ ᠥᠭᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ︔ ᠬᠤᠳᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠬᠤᠳᠠ ᠶᠢᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠳᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ︔ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠬᠤᠲᠠ ᠶᠢᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠵᠦᠢᠯᠡᠰ ᠢ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠡᠷᠡᠭᠰᠡᠬᠦ ᠪᠠᠯᠠ ᠮᠥᠩᠭᠦ ᠶᠢ ᠬᠤᠰᠢᠭᠤ ᠲᠣᠭᠤᠷᠢᠭ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠤᠲᠠ ᠶᠢᠨ ᠡᠳ᠋ ᠤᠨ ᠵᠠᠰᠠᠭ ᠨᠢ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠢᠯ ᠤᠨ ᠡᠭᠦᠷᠭᠡ ᠶᠢᠨ ᠬᠡᠮᠵᠢᠶ᠎ᠡ᠂ ᠠᠮᠵᠢᠯᠲᠠ ᠪᠦᠲᠦᠮᠵᠢ ᠶᠢᠨ ᠪᠠᠶᠢᠳᠠᠯ᠂ ᠡᠳ᠋ ᠤᠨ ᠬᠦᠴᠦᠨ ᠤ ᠪᠠᠶᠢᠳᠠᠯ ᠵᠡᠷᠭᠡ ᠶᠢ ᠦᠨᠳᠦᠰᠦᠯᠡᠨ ᠬᠤᠰᠢᠭᠤ ᠲᠣᠭᠤᠷᠢᠭ ᠲᠤ ᠰᠢᠯᠵᠢᠭᠦᠯᠦᠨ ᠥᠭᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ︔ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠪᠤᠰᠤᠳ ᠬᠠᠮᠠᠭᠠᠯᠠᠯᠲᠠ ᠶᠢᠨ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ  ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠲᠦᠷᠪᠡ︶ ᠰᠣᠶᠣᠯ ᠤᠨ ᠰᠣᠯᠢᠯᠴᠠᠭᠠᠨ ᠤ ᠲᠠᠯ᠎ᠠ     1. ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ᠃ ᠡᠭᠦᠨ ᠳᠤ ᠭᠤᠣᠯᠳᠠᠭᠤ᠄ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠬᠡᠯᠡᠯᠴᠡᠭᠡᠷ ᠵᠢᠴᠢ ᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠣᠭᠯᠠᠯᠲᠠ᠂ ᠦᠵᠡᠭᠦᠯᠦᠯᠭᠡ᠂ ᠬᠤᠷᠠᠯ ᠦᠵᠡᠭᠦᠯᠦᠯᠲᠡ ᠵᠡᠷᠭᠡ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠤ ᠰᠣᠶᠣᠯ ᠤᠨ ᠰᠣᠯᠢᠯᠴᠠᠭ᠎ᠠ ᠪᠠ ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠥᠷᠨᠢᠭᠦᠯᠵᠦ᠂ ᠤᠷᠠᠨ ᠵᠣᠬᠢᠶᠠᠯ᠂ ᠲᠠᠶᠢᠰᠠᠨ ᠤ ᠤᠷᠠᠯᠢᠭ᠂ ᠤᠷᠠᠨ ᠵᠢᠷᠤᠭ᠂ ᠷᠠᠳᠢᠣ᠋ ᠨᠡᠪᠲᠡᠷᠡᠭᠦᠯᠭᠡ ᠲᠧᠯᠸᠢᠰ ᠪᠠ ᠰᠦᠯᠵᠢᠶᠡᠨ ᠳᠡᠭᠡᠷ᠎ᠡ ᠦᠵᠡᠵᠦ ᠰᠣᠨᠣᠰᠬᠤ ᠫᠷᠤᠭ᠍ᠷᠠᠮ᠂ ᠺᠢᠨᠣ᠋᠂ ᠬᠡᠪᠯᠡᠯ ᠵᠡᠷᠭᠡ ᠲᠠᠯ᠎ᠠ ᠳᠤ ᠬᠤᠯᠪᠣᠭᠳᠠᠨ᠎ᠠ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢ ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠬᠤᠪᠢᠶᠠᠷᠢᠯᠠᠨ᠎ᠠ᠃ ᠲᠥᠪ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠪᠣᠯ ᠲᠥᠪ ᠪᠠ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠣᠯᠤᠨ᠎ᠠ᠂ ᠲᠥᠪ ᠪᠠ ᠣᠷᠣᠨ ᠨᠤᠲᠤᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠥᠪᠡᠷᠲᠡᠭᠡᠨ ᠵᠠᠰᠠᠬᠤ ᠣᠷᠣᠨ᠂ ᠬᠤᠲᠠ  ᠪᠠ ᠬᠤᠰᠢᠭᠤ ᠲᠣᠭᠤᠷᠢᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ︔ ᠬᠤᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠨᠤᠲᠠᠯᠠᠨ ᠲᠣᠭᠲᠠᠭᠠᠭᠰᠠᠨ ᠪᠣᠯ᠂ ᠬᠤᠲᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ  ᠪᠠ ᠬᠤᠰᠢᠭᠤ ᠲᠣᠭᠤᠷᠢᠭ ᠤᠨ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠤᠭᠲᠠᠭᠠᠭᠰᠠᠨ ᠪᠣᠯ᠂ ᠬᠤᠲᠠ ᠪᠠ ᠬᠤᠰᠢᠭᠤ ᠲᠣᠭᠤᠷᠢᠭ ᠠᠴᠠ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     2. ᠭᠠᠳᠠᠭᠠᠳᠤ ᠳᠠᠬᠢ ᠳᠤᠮᠳᠠᠳᠤ ᠤᠯᠤᠰ ᠤᠨ ᠰᠣᠶᠣᠯ ᠤᠨ ᠲᠥᠪ ᠤᠨ ᠪᠦᠳᠦᠭᠡᠨ ᠪᠠᠶᠢᠭᠤᠯᠤᠯᠲᠠ᠃ ᠡᠭᠦᠨ ᠳᠤ ᠭᠤᠣᠯᠳᠠᠭᠤ᠄ ᠲᠥᠯᠥᠪᠵᠢᠭᠦᠯᠭᠡ ᠶᠣᠰᠣᠭᠠᠷ ᠥᠷᠨᠢᠭᠦᠯᠦᠭᠰᠡᠨ ᠭᠠᠳᠠᠭᠠᠳᠤ ᠳᠠᠬᠢ ᠳᠤᠮᠳᠠᠳᠤ ᠤᠯᠤᠰ ᠤᠨ ᠰᠣᠶᠣᠯ ᠤᠨ ᠲᠥᠪ ᠤᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠢᠶ᠎ᠠ ᠪᠦᠬᠦᠢ ᠰᠣᠯᠢᠯᠴᠠᠭᠠᠨ ᠤ ᠠᠵᠢᠯᠯᠠᠭ᠎ᠠ ᠪᠠᠭᠲᠠᠨ᠎ᠠ᠃ ᠲᠥᠪ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠣᠷᠣᠨ ᠨᠤᠲᠤᠭ ᠢ ᠵᠢᠯᠣᠭᠤᠳᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠵᠦᠢᠯᠡᠰ ᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠠᠴᠠ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃     ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ     1. ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠥᠲᠥᠭᠡᠨ ᠪᠠᠶᠢᠭᠤᠯᠤᠯᠲᠠ᠃ ᠡᠭᠦᠨ ᠳᠤ ᠭᠤᠣᠯᠳᠠᠭᠤ᠄ ᠤᠯᠤᠰ ᠤᠨ ᠲᠣᠭᠲᠠᠭᠠᠯ ᠶᠣᠰᠣᠭᠠᠷ ᠰᠣᠶᠣᠯ ᠲᠡᠦᠬᠡ ᠶᠢᠨ ᠳᠤᠷᠠᠰᠬᠠᠯᠲᠤ ᠵᠦᠢᠯ ᠤᠨ ᠰᠢᠰᠲ᠋ᠧᠮ ᠤᠨ ᠬᠠᠷᠢᠶ᠎ᠠ ᠮᠦᠽᠧᠶ᠂ ᠤᠯᠠᠨ ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠨᠡᠪᠲᠡᠷᠡᠭᠦᠯᠬᠦ ᠳᠠᠮᠵᠢᠭᠤᠯᠬᠤ ᠪᠠᠶᠢᠭᠤᠯᠤᠮᠵᠢ᠂ ᠰᠣᠶᠣᠯ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠦᠳᠦᠭᠡᠨ ᠪᠠᠶᠢᠭᠤᠯᠤᠯᠲᠠ ᠶᠢᠨ ᠨᠥᠬᠦᠪᠥᠷᠢ ︵ᠣᠷᠣᠨ ᠨᠤᠲᠤᠭ ᠤᠨ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠪᠠᠭᠲᠠᠬᠤ ᠦᠭᠡᠢ︶ ᠶᠢ ᠪᠠᠭᠲᠠᠭᠠᠨ᠎ᠠ᠃ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠥᠲᠥᠭᠡᠨ ᠪᠠᠶᠢᠭᠤᠯᠤᠯᠲᠠ ᠳᠤ ᠥᠭᠬᠦ ᠨᠥᠬᠦᠪᠥᠷᠢ ᠶᠢ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠶᠢᠨ ᠲᠣᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     2. ᠤᠯᠠᠨ ᠨᠡᠶᠢᠲᠡ ᠶᠢᠨ ᠰᠣᠶᠣᠯ ᠤᠨ ᠬᠠᠮᠢᠶᠠᠷᠤᠯᠲᠠ᠃ ᠡᠭᠦᠨ ᠳᠤ ᠭᠤᠣᠯᠳᠠᠭᠤ᠄ ᠡᠯ᠎ᠡ ᠱᠠᠲᠤᠨ ᠤ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠵᠦ ᠪᠦᠬᠦᠢ ᠰᠣᠶᠣᠯ ᠤᠨ ᠦᠢᠯᠡᠰ ᠪᠠ ᠰᠣᠶᠣᠯ ᠤᠨ ᠵᠠᠬ᠎ᠠ ᠳᠡᠯᠭᠡᠭᠦᠷ᠂ ᠺᠢᠨᠣ᠋ ᠬᠡᠪᠯᠡᠯ᠂ ᠷᠠᠳᠢᠣ᠋ ᠨᠡᠪᠲᠡᠷᠡᠭᠦᠯᠭᠡ ᠲᠧᠯᠸᠢᠰ ᠪᠠ ᠰᠦᠯᠵᠢᠶᠡᠨ ᠳᠡᠭᠡᠷ᠎ᠡ ᠦᠵᠡᠵᠦ ᠰᠣᠨᠣᠰᠬᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠬᠠᠮᠢᠶᠠᠷᠤᠯᠲᠠ᠂ ᠡᠷᠲᠡᠨ ᠤ ᠨᠣᠮ ᠪᠢᠴᠢᠭ ᠤᠨ ᠬᠠᠮᠠᠭᠠᠯᠠᠯᠲᠠ ᠵᠢᠴᠢ ᠴᠢᠳᠠᠪᠤᠷᠢᠲᠠᠨ ᠢ ᠬᠥᠮᠦᠵᠢᠭᠦᠯᠬᠦ᠂ ᠰᠣᠶᠣᠯ ᠤᠨ ᠰᠠᠶᠢᠨ ᠳᠤᠷ᠎ᠠ ᠶᠢᠨ ᠠᠵᠢᠯᠯᠠᠭ᠎ᠠ ᠵᠡᠷᠭᠡ ᠪᠠᠭᠲᠠᠨ᠎ᠠ᠃ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠥᠬᠦᠶ ᠪᠠᠶᠢᠭᠤᠯᠤᠮᠵᠢ ᠶᠢᠨ ᠡᠭᠦᠷᠭᠡᠯᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶᠢᠭᠤᠯᠤᠮᠵᠢ ᠶᠢᠨ ᠡᠭᠦᠷᠭᠡᠯᠡᠬᠦ ᠵᠦᠢᠯᠡᠰ ᠢ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠲᠠ ᠶᠢᠨ ᠲᠤᠰ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠲᠣᠭᠤᠷᠢᠭ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠥᠬᠦᠶ ᠪᠠᠶᠢᠭᠤᠯᠤᠮᠵᠢ ᠶᠢᠨ ᠡᠭᠦᠷᠭᠡᠯᠡᠬᠦ ᠵᠦᠢᠯᠡᠰ ᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠭᠰᠠᠨ ᠪᠣᠯ᠂ ᠬᠤᠰᠢᠭᠤ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠵᠠᠷᠤᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠣᠯᠳᠠᠭᠤ ᠲᠥᠪ ᠤᠨ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠤᠶᠤ ᠲᠥᠪ ᠤᠨ ᠣᠷᠣᠨ ᠨᠤᠲᠤᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠢᠯᠡᠰ ᠲᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠤᠶᠤ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠢᠯᠡᠰ ᠲᠤ ᠬᠡᠷᠡᠭᠯᠡᠨ᠎ᠡ᠃ ᠬᠤᠲᠠ ᠶᠢᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠤᠶᠤ ᠬᠤᠲᠠ ᠪᠠ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠢᠯᠡᠰ ᠲᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠲᠣᠭᠤᠷᠢᠭ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠨᠡᠶᠢᠭᠡᠮ ᠤᠨ ᠬᠦᠴᠦᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠳᠤ ᠣᠷᠣᠯᠴᠠᠬᠤ ᠶᠢ ᠳᠡᠮᠵᠢᠨ᠎ᠡ᠃ ᠤᠯᠠᠨ ᠨᠡᠶᠢᠲᠡ ᠶᠢᠨ ᠰᠣᠶᠣᠯ ᠤᠨ ᠬᠦᠷᠢᠶᠡᠨ ᠳᠤ ᠵᠢᠭᠰᠠᠭᠠᠭᠰᠠᠨ ᠦᠭᠡᠢ ᠪᠤᠰᠤᠳ ᠵᠦᠢᠯᠡᠰ ᠲᠤ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠪᠠᠷ ᠲᠣᠭᠲᠠᠭᠠᠨ᠎ᠠ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠪᠣᠯ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠨ᠎ᠠ᠃     ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠣᠰ ᠲᠥᠰᠦᠯ ᠢ ᠦᠨᠳᠦᠰᠦᠯᠡᠵᠦ᠂ ᠬᠤᠲᠠ ᠶᠢᠨ ᠡᠳ᠋ ᠤᠨ ᠵᠠᠰᠠᠭ ᠠᠴᠠ ᠦᠷᠭᠦᠯᠵᠢᠯᠡᠨ ᠬᠠᠮᠢᠶ᠎ᠠ ᠪᠥᠬᠦᠶ ᠰᠢᠯᠵᠢᠭᠦᠯᠦᠨ ᠥᠭᠬᠦ ᠪᠠᠯᠠ ᠮᠥᠩᠭᠦ ᠪᠠᠷ ᠳᠠᠮᠵᠢᠭᠤᠯᠤᠨ ᠬᠤᠰᠢᠭᠤ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠤ ᠵᠦᠢᠯᠡᠰ ᠲᠤ ᠳᠡᠮᠵᠢᠯᠭᠡ ᠦᠵᠡᠭᠦᠯᠦᠨ᠎ᠡ᠃ ᠡᠯ᠎ᠡ ᠬᠤᠰᠢᠭᠤ ᠲᠣᠭᠤᠷᠢᠭ ᠨᠢ ᠲᠣᠰ ᠱᠠᠲᠤᠨ ᠤ ᠡᠳ᠋ ᠤᠨ ᠵᠠᠰᠠᠭ ᠤᠨ  ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠰᠢᠯᠵᠢᠭᠦᠯᠦᠨ ᠥᠭᠬᠦ ᠪᠠ ᠥᠪᠡᠷ ᠤᠨ ᠡᠳ᠋ ᠤᠨ ᠬᠦᠴᠦᠨ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ  ᠰᠠᠭᠤᠷᠢ ᠦᠢᠯᠡᠴᠢᠯᠡᠭᠡᠨ ᠤ ᠪᠠᠷᠢᠮᠵᠢᠶᠠᠵᠢᠯᠲᠠ᠂ ᠲᠡᠩᠴᠡᠭᠦᠷᠢᠰᠢᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠣᠯᠠᠨ ᠨᠡᠶᠢᠲᠡ ᠶᠢᠨ ᠰᠣᠶᠣᠯ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠨ᠎ᠠ᠃     ︵ᠭᠤᠷᠪᠠ︶ ᠬᠠᠷᠢᠯᠴᠠᠨ ᠬᠠᠮᠵᠢᠯᠴᠠᠵᠤ ᠥᠭᠡᠷᠡᠴᠢᠯᠡᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠬᠤᠲᠠ ᠪᠠ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠥᠭᠡᠷᠡᠴᠢᠯᠡᠯᠲᠡ ᠵᠡᠷᠭᠡ ᠯᠦᠭᠡ ᠨᠢᠭᠲᠠ ᠤᠶᠠᠯᠳᠤᠭᠤᠯᠬᠤ ᠶᠢᠨ ᠬᠠᠮᠲᠤ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠦᠨᠳᠦᠰᠦᠯᠡᠵᠦ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠢᠯᠡᠰ ᠢ ᠵᠣᠬᠢᠬᠤ ᠴᠠᠭ ᠲᠤᠨᠢ ᠳᠣᠭᠢᠷᠠᠭᠤᠯᠤᠨ ᠰᠢᠯᠢᠳᠡᠭᠵᠢᠭᠦᠯᠵᠦ᠂ ᠰᠠᠭᠤᠷᠢ ᠪᠠᠷᠢᠮᠵᠢᠶ᠎ᠠ ᠶᠢ ᠪᠦᠷᠢᠨᠰᠢᠭᠦᠯᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠨᠢ ᠬᠠᠮᠵᠢᠯᠴᠠᠨ ᠠᠬᠢᠭᠤᠯᠬᠤ ᠶᠢ ᠦᠨᠡᠨ ᠬᠦ ᠪᠠᠲᠤᠯᠠᠨ᠎ᠠ᠃     ︵ᠳᠥᠷᠪᠡ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠦᠢᠯᠡᠴᠢᠯᠡᠭᠡᠨ ᠤ ᠣᠨᠴᠠᠯᠢᠭ ᠲᠠᠢ ᠨᠢᠭᠲᠠ ᠤᠶᠠᠯᠳᠤᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠬᠢᠨᠠᠨ ᠡᠵᠡᠮᠳᠡᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠵᠢᠯᠲᠠ ᠪᠦᠲᠦᠮᠵᠢ᠂ ᠬᠡᠷᠡᠭᠯᠡᠯᠲᠡ ᠶᠢᠨ ᠦᠷ᠎ᠡ ᠠᠰᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃     ︵ᠲᠠᠪᠤ︶ ᠲᠦᠷᠢᠮ ᠢ ᠱᠠᠯᠠᠪᠳᠠᠨ ᠵᠠᠰᠠᠪᠤᠷᠢ ᠣᠷᠤᠭᠤᠯᠵᠤ ᠪᠦᠷᠢᠨᠰᠢᠭᠦᠯᠦᠨ᠎ᠡ᠃ ᠡᠯ᠎ᠡ ᠬᠤᠰᠢᠭᠤ ᠲᠣᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠱᠠᠯᠠᠪᠳᠠᠨ ᠵᠠᠰᠠᠪᠤᠷᠢ ᠣᠷᠤᠭᠤᠯᠵᠤ ᠪᠦᠷᠢᠨᠰᠢᠭᠦᠯᠦᠨ᠎ᠡ᠃ᠲᠣᠰ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ