ᠡᠯ᠎ᠡ ᠬᠤᠰᠢᠭᠤ ᠲᠤᠭᠤᠷᠢᠭ ᠤᠨᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠰᠢᠭᠤᠳ ᠬᠠᠷᠢᠶ᠎ᠠ | ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ12345 ᠶᠢᠨ ᠠᠵᠢᠯ ᠤᠨ ᠬᠠᠮᠢᠶᠠᠷᠤᠯᠳᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ ᠂ ᠪᠤᠳᠠᠲᠠᠢ ᠲᠠᠢ ᠪᠠᠨ ᠤᠶᠠᠯᠳᠠᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠦᠷᠢᠵᠢᠭᠤᠯᠰᠤᠭᠠᠢ ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023ᠣᠨ ᠤ 1 ᠳ᠋ᠦ᠋ᠭᠡᠷ ᠰᠠᠷ᠎ᠠ ᠶᠢᠨ 13 ᠤ ᠡᠳᠦᠷ | | | ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ | ᠦᠵᠡᠭᠦᠯᠬᠦ ᠬᠠᠯᠠᠮᠰᠢᠯ ᠤᠲᠠᠰᠤ12345 ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ | ︵ᠵᠠᠰᠠᠪᠤᠷᠢ ᠣᠷᠣᠭᠤᠯᠤᠭᠰᠠᠨ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠠᠷᠠᠳ ᠣᠯᠠᠨ ᠤ ᠬᠠᠷᠢᠯᠴᠠᠭ᠎ᠠ ᠶᠢ ᠨᠢᠭᠲᠠᠷᠠᠭᠤᠯᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠬᠠᠯᠠᠮᠰᠢᠯ ᠤᠲᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ︵ᠳᠣᠷᠣᠭᠰᠢ ︽ | 12345 ᠬᠠᠯᠠᠮᠰᠢᠯ ᠤᠲᠠᠰᠤ︾ ᠭᠡᠵᠦ ᠲᠣᠪᠴᠢᠯᠠᠨ᠎ᠠ︶ ᠨᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ | ᠣᠯᠠᠨ ᠲᠦᠮᠡᠨ ᠢ ᠣᠶᠢᠯᠠᠭᠠᠬᠤ᠂ ᠣᠯᠠᠨ ᠲᠦᠮᠡᠨ ᠳᠤ ᠣᠶᠢᠷᠠᠳᠬᠤ᠂ ᠣᠯᠠᠨ ᠲᠦᠮᠡᠨ ᠳᠤ ᠦᠢᠯᠡᠴᠢᠯᠡᠬᠦ︾ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ | ᠪᠣᠯᠭᠠᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠣᠯᠠᠨ ᠲᠦᠮᠡᠨ ᠬᠠᠨᠤᠮᠵᠢᠲᠠᠶ ᠪᠠᠶᠢᠬᠤ | ᠡᠰᠡᠬᠦ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠭᠤᠤᠯ ᠪᠠᠷᠢᠮᠵᠢᠶ᠎ᠠ ᠪᠣᠯᠭᠠᠵᠤ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ᠂ ᠵᠢᠷᠤᠮᠵᠢᠯ ᠲᠠᠢ᠂ | ᠣᠶᠤᠨᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠵᠣᠴᠢᠳ ᠤᠨ ᠶᠡᠷᠦᠩᠬᠡᠶ ᠦᠢᠯᠡᠴᠢᠯᠡᠭᠡ︾ ᠶᠢ ᠪᠣᠶ ᠪᠣᠯᠭᠠᠨ᠎ᠠ᠃ | ᠭᠤᠷᠪᠠᠳᠤᠭᠠᠷ ᠵᠦᠢᠯ ᠬᠠᠯᠠᠮᠰᠢᠯ ᠤᠲᠠᠰᠤ 12345 ᠪᠣᠯ ᠣᠬᠤᠷ ᠮᠡᠳᠡᠭᠡ᠂ ᠸᠢᠴᠠᠲ᠂ ᠰᠠᠶᠢᠨ ᠪᠠ ᠠᠨᠠᠢ ᠶᠢ ᠦᠨᠡᠯᠡᠬᠦ᠂ ︽ᠮᠥᠩᠬᠡ ᠰᠤᠪᠠᠭ︾ | ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠢᠨᠲ᠋ᠧᠷ ᠰᠦᠯᠵᠢᠶᠡᠨ ᠤ ᠠᠷᠭ᠎ᠠ ᠵᠠᠮ ᠵᠢᠴᠢ ᠠᠷᠠᠳ ᠤᠨ ᠰᠦᠯᠵᠢᠶ᠎ᠡ ᠶᠢᠨ ︽ | ᠤᠳᠤᠷᠢᠳᠤᠯᠭ᠎ᠠ ᠳᠤ ᠦᠭᠡ ᠦᠯᠡᠳᠡᠭᠡᠬᠦ ᠰᠠᠮᠪᠠᠷ᠎ᠠ︾᠂ ᠱᠦᠵᠢ ᠶᠢᠨ ᠵᠠᠬᠢᠳᠠᠯ ᠤᠨ ᠬᠠᠶᠢᠷᠴᠠᠭ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ | ᠵᠠᠬᠢᠳᠠᠯ ᠰᠤᠷᠪᠤᠯᠵᠢᠯᠠᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠪᠠ ᠣᠯᠠᠨ ᠲᠦᠮᠡᠨ ᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠡᠯ᠎ᠡ ᠡᠭᠦᠷᠭᠡ ᠴᠢᠳᠠᠪᠦᠷᠢᠲᠦ ᠰᠠᠯᠠᠭ᠎ᠠ ᠮᠥᠴᠢᠷ ᠠᠴᠠ ᠠᠰᠠᠭᠤᠵᠤ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠯᠭ᠎ᠠ ᠬᠢᠬᠦ᠂ ᠢᠯᠡᠴᠢᠯᠡᠨ ᠮᠡᠳᠡᠭᠦᠯᠬᠦ ᠵᠢᠴᠢ | ᠰᠠᠨᠠᠯ ᠰᠠᠨᠠᠭᠤᠯᠭ᠎ᠠ ᠳᠤᠷᠠᠳᠬᠤ ᠵᠡᠷᠭᠡ ᠶᠢ ᠬᠦᠯᠢᠶᠡᠨ ᠠᠪᠴᠤ ᠰᠢᠢᠳᠪᠥᠷᠢᠯᠡᠬᠦ ᠲᠠᠪᠴᠠᠩ ᠪᠣᠯᠤᠨ᠎ᠠ᠃ ᠬᠠᠯᠠᠮᠰᠢᠯ ᠤᠲᠠᠰᠤ 12345 ᠨᠢ ᠪᠥᠬᠦ ᠤᠯᠤᠰ ᠤᠨ | ᠨᠢᠭᠡᠳᠦᠯᠲᠡᠶ ᠦᠢᠯᠡᠴᠢᠯᠡᠭᠡᠨ ᠤ ᠨᠣᠮᠧᠷ 12345 ᠶᠢ ᠬᠡᠷᠡᠭᠯᠡᠨ᠎ᠡ᠃ 12345 ᠬᠠᠯᠠᠮᠰᠢᠯ ᠤᠲᠠᠰᠤ ᠪᠦᠬᠦᠯᠢ 24 ᠴᠠᠭ ᠢᠶᠠᠷ ᠬᠦᠰᠡᠯ ᠱᠠᠭᠠᠷᠳᠠᠯᠭ᠎ᠠ ᠶᠢ ᠭᠥᠯᠢᠶᠡᠨ | ᠠᠪᠴᠤ ᠰᠢᠢᠳᠪᠦᠷᠢᠯᠡᠨ᠎ᠡ᠃ | ᠳᠥᠷᠪᠡᠳᠦᠭᠡᠷ ᠵᠦᠢᠯ ᠬᠠᠯᠠᠮᠰᠢᠯ ᠤᠲᠠᠰᠤ 12345 ᠨᠢ ᠪᠥᠬᠦ ᠬᠤᠲᠠ ᠶᠢᠨ ᠪᠠᠴᠢᠮ ᠠᠪᠤᠷᠠᠨ ᠲᠤᠰᠠᠯᠠᠯᠲᠠ ᠶᠢᠨ ᠪᠤᠰᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ᠂ ᠠᠷᠠᠳ ᠲᠤ ᠲᠥᠬᠦᠮ ᠦᠵᠡᠭᠦᠯᠬᠦ ᠲᠤᠰᠬᠠᠶ ᠤᠲᠠᠰᠤ᠂ ᠰᠦᠯᠵᠢᠶᠡᠨ ᠳᠡᠭᠡᠷᠡᠬᠢ ᠬᠦᠰᠡᠯ | ᠱᠠᠭᠠᠷᠳᠠᠯᠭ᠎ᠠ ᠳᠤᠷᠠᠳᠬᠤ ᠲᠠᠪᠴᠠᠩ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠭᠰᠡᠨ ᠲᠤᠯᠠ᠂ ᠨᠢᠭᠡᠳᠦᠯᠲᠡᠶ ᠪᠥᠭᠡᠳ ᠵᠢᠷᠤᠮᠵᠢᠭᠤᠨ᠂ | ᠥᠨᠳᠥᠷ ᠪᠦᠲᠦᠮᠵᠢᠲᠠᠢ ᠪᠠᠷ ᠠᠷᠠᠳ ᠲᠤ ᠲᠥᠬᠦᠮ ᠦᠵᠡᠭᠦᠯᠬᠦ᠂ ᠲᠥᠪᠯᠡᠷᠡᠩᠭᠦᠶ ᠡᠷᠬᠡ ᠰᠦᠷ ᠲᠠᠢ ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ | ᠦᠢᠯᠡᠴᠢᠯᠡᠭᠡᠨ ᠤ ᠲᠠᠪᠴᠠᠩ ᠪᠠᠶᠢᠵᠤ᠂ ︽ᠨᠢᠭᠡ ᠯᠠ ᠤᠲᠠᠰᠤ ᠪᠠᠷ ᠨᠡᠪᠲᠡᠷᠡᠭᠦᠯᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠬᠠᠯᠠᠮᠰᠢᠯ ᠤᠲᠠᠰᠤ 12345 ᠨᠢ︽ᠲᠥᠪᠯᠡᠷᠡᠭᠦᠯᠦᠨ ᠬᠠᠮᠢᠶᠠᠷᠬᠤ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ | ᠬᠠᠷᠢᠭᠤᠴᠠᠯᠭ᠎ᠠ ᠶᠣᠰᠣᠭᠠᠷ ᠰᠢᠯᠵᠢᠭᠦᠯᠦᠨ ᠭᠦᠢᠴᠡᠳᠬᠡᠬᠦ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠨᠢᠭᠡᠳᠦᠯᠲᠡᠶ ᠰᠢᠮᠳᠠᠭᠤᠯᠤᠨ ᠭᠦᠢᠴᠡᠳᠬᠡᠬᠦ᠂ | ᠨᠢᠭᠡᠳᠦᠯᠲᠡᠶ ᠬᠢᠨᠠᠨ ᠰᠢᠯᠭᠠᠬᠤ᠂ ᠲᠤᠭ᠎ᠠ ᠪᠠᠷᠢᠮᠲᠠ ᠨᠢᠭᠡᠳᠦᠯᠲᠡᠶ ᠪᠠᠶᠢᠬᠤ︾ ᠠᠵᠢᠯ ᠤᠨ ᠵᠠᠷᠴᠢᠮ ᠢ ᠬᠡᠷᠡᠭᠵᠢᠭᠦᠯᠵᠦ᠂ ᠬᠦᠰᠡᠯ ᠱᠠᠭᠠᠷᠳᠠᠯᠭ᠎ᠠ ᠶᠢ ᠭᠥᠯᠢᠶᠡᠨ | ᠠᠪᠤᠮᠠᠭᠴᠠ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠬᠤᠣᠰ ᠲᠣᠮᠢᠯᠠᠬᠤ ᠬᠠᠭᠤᠳᠠᠰᠤ︾ ᠶᠢᠨ ᠳᠣᠣᠷ᠎ᠠ ᠱᠠᠲᠤ ᠶᠢ ᠬᠠᠮᠤᠷᠠᠬᠤ ᠠᠵᠢᠯ ᠤᠨ | ᠲᠣᠭᠲᠠᠴᠠ ᠶᠢ ᠬᠡᠷᠡᠭᠵᠢᠭᠦᠯᠵᠦ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ | ᠪᠣᠳᠣᠯᠭ᠎ᠠ ᠵᠢᠴᠢ ᠲᠣᠰ ᠲᠣᠰ ᠤᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠪᠠᠨ ᠬᠠᠮᠢᠶ᠎ᠠ ᠪᠥᠬᠦᠶ ᠠᠵᠢᠯ ᠢ ᠢᠳᠡᠪᠬᠢᠲᠡᠶ ᠥᠷᠨᠢᠭᠦᠯᠦᠨ᠎ᠡ᠃ | ᠵᠢᠷᠭᠤᠳᠤᠭᠠᠷ ᠵᠦᠢᠯ ᠪᠦᠬᠦ ᠬᠤᠲᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠬᠦᠮ ᠦᠵᠡᠭᠦᠯᠬᠦ ᠬᠠᠯᠠᠮᠰᠢᠯ ᠤᠲᠠᠰᠤ ᠶᠢ ᠵᠠᠷᠴᠢᠮ | ᠳᠡᠭᠡᠷ᠎ᠡ ᠪᠠᠨ ᠲᠠᠬᠢᠵᠤ ᠰᠢᠨ᠎ᠡ ᠪᠠᠷ ᠲᠣᠬᠢᠷᠠᠭᠤᠯᠬᠤ ᠦᠭᠡᠶ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠠᠴᠠ ᠪᠤᠯᠵᠤ ᠦᠨᠡᠬᠡᠷ ᠰᠢᠨ᠎ᠡ ᠪᠠᠷ ᠨᠡᠮᠡᠭᠳᠡᠭᠦᠯᠬᠦ | ᠴᠢᠬᠤᠯᠠᠲᠠᠢ ᠪᠠᠶᠢᠪᠠᠯ᠂ 12345 ᠳᠤ ᠬᠠᠯᠠᠮᠰᠢᠯ ᠤᠲᠠᠰᠤ ᠨᠡᠶᠢᠯᠡᠭᠦᠯᠦᠨ ᠦᠢᠯᠡᠴᠢᠯᠡᠭᠡ ᠬᠠᠩᠭᠠᠨ᠎ᠠ᠃ | ᠳᠣᠯᠣᠳᠤᠭᠠᠷ ᠵᠦᠢᠯ ᠬᠠᠯᠠᠮᠰᠢᠯ ᠤᠲᠠᠰᠤ12345 ᠶᠢᠨ ᠠᠵᠢᠯ ᠤᠨ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ | | ᠬᠤᠶᠠᠳᠤᠭᠠᠷ ᠪᠦᠯᠦᠭ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠨᠠᠢᠮᠠᠳᠤᠭᠠᠷ ᠵᠦᠢᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ᠪᠦᠬᠦ | ᠬᠤᠲᠠ ᠶᠢᠨ ᠬᠠᠯᠠᠮᠰᠢᠯ ᠤᠲᠠᠰᠤ 12345 ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ᠎ᠠ᠂ ᠳᠤᠤᠷ᠎ᠠ ᠨᠢ ᠵᠠᠰᠠᠭ ᠤᠨ ᠣᠷᠳᠣᠨ ᠤ ᠬᠠᠯᠠᠮᠰᠢᠯ | ᠤᠲᠠᠰᠤᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠣᠬᠢᠷᠠᠭᠤᠯᠵᠤ ︵ᠳᠠᠷᠤᠶ ᠣᠷᠳᠣᠰ ᠬᠤᠲᠠ ᠶᠢᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ | ᠰᠢᠢᠳᠪᠦᠷᠢᠯᠡᠬᠦ ᠠᠵᠢᠯ ᠤᠨ ᠵᠢᠯᠣᠭᠤᠳᠤᠨ ᠲᠣᠬᠢᠷᠠᠭᠤᠯᠬᠤ ᠲᠥᠪ︶ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠪᠤᠯᠭᠠᠨ᠎ᠠ᠃ | ᠶᠢᠰᠦᠳᠦᠭᠡᠷ ᠵᠦᠢᠯ ᠬᠤᠲᠠ ᠶᠢᠨ ᠬᠠᠯᠠᠮᠰᠢᠯ ᠤᠲᠠᠰᠤ 12345 ᠪᠠᠷ ᠣᠯᠠᠨ ᠲᠦᠮᠡᠨ ᠤ ᠢᠷᠡᠭᠦᠯᠦᠭᠰᠡᠨ ᠤᠲᠠᠰᠤ ᠶᠢ ᠲᠡᠮᠳᠡᠭᠯᠡᠬᠦ᠂ ᠬᠠᠷᠢᠭᠤᠯᠲᠠ ᠥᠭᠬᠦ᠂ | ᠲᠥᠷᠥᠯ ᠬᠤᠪᠢᠶᠠᠬᠤ᠂ ᠰᠢᠯᠵᠢᠭᠦᠯᠦᠨ ᠭᠦᠢᠴᠡᠳᠬᠡᠬᠦ᠂ ᠲᠤᠰᠢᠶᠠᠨ ᠰᠢᠢᠳᠪᠦᠷᠢᠯᠡᠭᠦᠯᠬᠦ᠂ ᠵᠣᠬᠢᠴᠠᠭᠤᠯᠬᠤ᠂ ᠱᠠᠭᠠᠷᠳᠠᠨ ᠪᠠᠶᠢᠴᠠᠭᠠᠬᠤ᠂ ᠬᠠᠷᠢᠭᠤ ᠲᠤᠰᠬᠠᠬᠤ ᠪᠠ | ᠲᠠᠩᠰᠠ ᠡᠪᠬᠡᠮᠡᠯ ᠳᠤ ᠣᠷᠣᠭᠤᠯᠵᠤ᠂ ᠬᠠᠯᠠᠮᠰᠢᠯ ᠤᠲᠠᠰᠤ 12345 ᠶᠢᠨ ᠡᠳᠦᠷ ᠲᠤᠲᠤᠮ ᠤᠨ ᠠᠵᠢᠯᠯᠠᠭ᠎ᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃ | ᠠᠷᠪᠠᠳᠤᠭᠠᠷ ᠵᠦᠢᠯ ᠬᠤᠲᠠ ᠶᠢᠨ ᠬᠠᠯᠠᠮᠰᠢᠯ ᠤᠲᠠᠰᠤ 12345 ᠶᠢᠨ ᠠᠵᠢᠯ ᠤᠨ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ᠃ | ︵ᠨᠢᠭᠡ︶ ᠬᠠᠯᠠᠮᠰᠢᠯ ᠤᠲᠠᠰᠤ 12345 ᠶᠢᠨ ᠠᠵᠢᠯ ᠤᠨ ᠴᠤᠪᠤᠷᠠᠯ ᠵᠢᠴᠢ ᠬᠠᠮᠢᠶ᠎ᠠ ᠪᠦᠬᠦᠢ ᠠᠵᠢᠯ ᠤᠨ ᠳᠦᠷᠢᠮ ᠢ ᠬᠠᠷᠢᠭᠤᠴᠠᠨ ᠲᠣᠭᠲᠠᠭᠠᠵᠤ᠂ | 12345 ᠶᠢᠨ ᠬᠠᠯᠠᠮᠰᠢᠯ ᠤᠲᠠᠰᠤ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ︵ᠬᠤᠶᠠᠷ︶ ᠪᠥᠬᠦ ᠬᠤᠲᠠ ᠶᠢᠨ ᠬᠠᠯᠠᠮᠰᠢᠯ ᠤᠲᠠᠰᠤ 12345 ᠶᠢ ᠰᠢᠯᠢᠳᠡᠭᠵᠢᠭᠦᠯᠦᠨ ᠨᠡᠶᠢᠯᠡᠭᠦᠯᠬᠦ᠂ ᠠᠵᠢᠯᠯᠠᠭᠠᠨ ᠤ ᠬᠠᠮᠢᠶᠠᠷᠤᠯᠳᠠ᠂ ᠳ᠋ᠠᠶᠢᠲ᠋ᠠ ᠶᠢᠨ | ᠵᠠᠳᠠᠯᠤᠯᠲᠠ ᠪᠠ ᠮᠡᠳᠡᠯᠭᠡ ᠶᠢᠨ ᠬᠥᠮᠥᠷᠭᠡ ᠶᠢ ᠲᠡᠭᠦᠯᠳᠡᠷᠵᠢᠭᠦᠯᠬᠦ ᠵᠡᠷᠭᠡ ᠠᠵᠢᠯ ᠢ ᠠᠬᠢᠭᠤᠯᠤᠨ᠎ᠠ᠃ | ︵ᠭᠤᠷᠪᠠ︶ ᠡᠯ᠎ᠡ ᠬᠤᠰᠢᠭᠤ ᠲᠣᠭᠤᠷᠢᠭ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠯᠠᠮᠰᠢᠯ ᠤᠲᠠᠰᠤ 12345 ᠪᠠᠷ ᠰᠢᠯᠵᠢᠭᠦᠯᠦᠨ ᠭᠦᠢᠴᠡᠳᠬᠡᠬᠦ | ᠵᠦᠢᠯᠡᠰ ᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠢᠯᠣᠭᠤᠳᠴᠤ ᠲᠣᠬᠢᠷᠠᠭᠤᠯᠬᠤ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠳᠤ | ᠬᠢᠨᠠᠯᠲᠠ ᠲᠠᠯᠪᠢᠵᠤ ᠰᠢᠯᠭᠠᠨ ᠪᠠᠶᠢᠴᠠᠭᠠᠨ᠎ᠠ᠃ | ︵ᠳᠥᠷᠪᠡ︶ ᠬᠥᠮᠦᠨ ᠤ ᠬᠦᠴᠦ ᠪᠠ ᠣᠶᠤᠨᠴᠢ ᠴᠢᠳᠠᠮᠵᠢ ᠶᠢ ᠬᠠᠷᠢᠯᠴᠠᠨ ᠤᠶᠠᠯᠳᠤᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠪᠠ ᠡᠯ᠎ᠡ | ᠬᠤᠰᠢᠭᠤ ᠲᠣᠭᠤᠷᠢᠭ ᠤᠨ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠬᠤᠲᠠ ᠶᠢᠨ ᠬᠠᠯᠠᠮᠰᠢᠯ ᠤᠲᠠᠰᠤ 12345 ᠨᠢ ᠲᠤᠰᠬᠠᠶ ᠮᠡᠷᠭᠡᠵᠢᠯ ᠤᠨ ᠪᠠᠶᠢᠭᠤᠯᠤᠮᠵᠢ ᠳᠤ ᠨᠠᠶᠢᠳᠠᠨ ᠬᠠᠯᠠᠮᠰᠢᠯ ᠤᠲᠠᠰᠤᠨ ᠤ ᠲᠤᠬᠠᠶᠢᠯᠠᠭᠰᠠᠨ | ᠠᠵᠢᠯ ᠤᠨ ᠴᠤᠪᠤᠷᠠᠯ ᠤᠨ ᠵᠢᠷᠤᠮᠵᠢᠯ᠂ ᠬᠦᠰᠡᠯ ᠱᠠᠭᠠᠷᠳᠠᠯᠭ᠎ᠠ ᠶᠢ ᠰᠢᠰᠲ᠋ᠧᠮᠵᠢᠭᠦᠯᠦᠨ ᠲᠥᠷᠥᠯ ᠬᠤᠪᠢᠶᠠᠬᠤ᠂ ᠮᠡᠳᠡᠯᠭᠡ ᠶᠢᠨ ᠬᠥᠮᠥᠷᠭᠡ ᠶᠢᠨ ᠪᠦᠷᠢᠯᠳᠦᠴᠡ | ᠳᠦᠰᠦᠪᠯᠡᠭᠡ ᠵᠡᠷᠭᠡ ᠠᠵᠢᠯ ᠢ ᠪᠡᠶᠡᠯᠡᠭᠦᠯᠵᠦ᠂ ᠬᠠᠯᠠᠮᠰᠢᠯ ᠤᠲᠠᠰᠤᠨ ᠤ ᠠᠵᠢᠯ ᠤᠨ ᠪᠠᠷᠢᠮᠵᠢᠶᠠᠵᠢᠯᠲᠠ᠂ ᠵᠢᠷᠤᠮᠵᠢᠯᠲᠠ ᠶᠢ ᠠᠬᠢᠭᠤᠯᠤᠨ᠎ᠠ᠃ | ︵ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ | ᠠᠷᠪᠠᠨ ᠨᠢᠭᠡᠳᠦᠭᠡᠷ ᠵᠦᠢᠯ ᠬᠠᠯᠠᠮᠰᠢᠯ ᠤᠲᠠᠰᠤ 12345 ᠶᠢᠨ ᠳᠥᠷᠪᠡᠨ ᠱᠠᠲᠤᠨ ᠤ ᠲᠣᠤᠷ ᠰᠦᠯᠵᠢᠶᠡᠨ ᠤ ᠠᠵᠢᠯ ᠤᠨ ᠲᠣᠭᠲᠠᠴᠠ ᠶᠢ ᠪᠠᠶᠢᠭᠤᠯᠵᠤ᠂ | ᠨᠢᠭᠡ ᠴᠣᠠᠠᠴᠠᠵᠢᠭᠤᠯᠥᠠᠠᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠲᠠ ᠶᠢᠨ ᠬᠠᠯᠠᠮᠰᠢᠯ ᠤᠲᠠᠰᠤ 12345 ᠨᠢ ᠨᠢᠭᠡᠳᠦᠭᠡᠷ ᠱᠠᠲᠤᠨ ᠤ ᠠᠵᠢᠯ ᠤᠨ | ᠰᠦᠯᠵᠢᠶᠡᠨ ᠤ ᠲᠠᠪᠴᠠᠩ ᠪᠣᠯᠤᠨ᠎ᠠ᠃ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠬᠤᠲᠠ ᠶᠢᠨ ᠰᠢᠭᠤᠳ ᠬᠠᠷᠢᠶ᠎ᠠ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ | ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠢᠯᠡᠰ ᠤᠨ ᠨᠢᠭᠡᠴᠡ ᠨᠢ ᠬᠤᠶᠠᠳᠤᠭᠠᠷ | ᠱᠠᠲᠤᠨ ᠤ ᠠᠵᠢᠯ ᠤᠨ ᠰᠦᠯᠵᠢᠶᠡᠨ ᠤ ᠲᠠᠪᠴᠠᠩ ᠪᠣᠯᠤᠨ᠎ᠠ︔ ᠡᠯ᠎ᠡ ᠬᠤᠰᠢᠭᠤ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠭᠤᠷᠪᠠᠳᠤᠭᠠᠷ ᠱᠠᠲᠤᠨ ᠤ ᠠᠵᠢᠯ ᠤᠨ ᠰᠦᠯᠵᠢᠶᠡᠨ ᠤ | ᠲᠠᠪᠴᠠᠩ ᠪᠣᠯᠤᠨ᠎ᠠ︔ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠳᠥᠷᠪᠡᠳᠦᠭᠡᠷ ᠱᠠᠲᠤᠨ ᠤ ᠠᠵᠢᠯ ᠤᠨ ᠰᠦᠯᠵᠢᠶᠡᠨ ᠤ ᠲᠠᠪᠴᠠᠩ ᠪᠣᠯᠤᠨ᠎ᠠ᠃ | ᠠᠷᠪᠠᠨ ᠬᠤᠶᠠᠳᠤᠭᠠᠷ ᠵᠦᠢᠯ ᠡᠯ᠎ᠡ ᠬᠤᠰᠢᠭᠤ ᠲᠣᠭᠤᠷᠢᠭ ᠨᠢ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ 12345 ᠶᠢᠨ ᠠᠵᠢᠯ ᠤᠨ ᠥᠷᠲᠡᠭᠡ ︵ᠡᠯ᠎ᠡ ᠬᠤᠰᠢᠭᠤ ᠲᠣᠭᠤᠷᠢᠭ ᠤᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ | ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠬᠤᠪᠢᠶᠠᠷᠢ ᠲᠥᠪ︶ ︵ᠳᠣᠷᠣᠭᠰᠢ ︽ᠬᠤᠰᠢᠭᠤ ᠲᠣᠭᠤᠷᠢᠭ ᠤᠨ ᠬᠠᠯᠠᠮᠰᠢᠯ ᠤᠲᠠᠰᠤ 12345 ᠶᠢᠨ ᠠᠵᠢᠯ ᠤᠨ | ᠥᠷᠲᠡᠭᠡ︾ ᠭᠡᠵᠦ ᠲᠣᠪᠴᠢᠯᠠᠨ᠎ᠠ︶ ᠶᠢ ᠪᠠᠶᠢᠭᠤᠯᠵᠤ᠂ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠡᠯᠡᠭᠡᠨ ᠤ ᠲᠣᠪᠴᠢᠶ᠎ᠠ ᠳᠤ | ᠳᠣᠭᠢᠷᠠᠭᠤᠯᠤᠨ᠂ ᠬᠠᠯᠠᠮᠰᠢᠯ ᠤᠲᠠᠰᠤ 12345 ᠶᠢ ᠨᠢᠭᠡ ᠴᠣᠠᠠᠴᠠᠵᠢᠭᠤᠯᠬᠤ ᠲᠠᠪᠴᠠᠩ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠲᠡᠯ᠎ᠡ | ᠥᠷᠭᠡᠳᠬᠡᠬᠦ ᠶᠢ ᠬᠠᠷᠢᠭᠤᠴᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠷᠢᠯᠴᠠᠨ ᠨᠡᠪᠲᠡᠷᠡᠯᠴᠡᠵᠦ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ | ᠪᠡᠶᠡᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠪᠣᠯ ᠬᠠᠯᠠᠮᠰᠢᠯ ᠤᠲᠠᠰᠤ 12345 ᠶᠢᠨ ᠰᠢᠯᠵᠢᠭᠦᠯᠦᠨ ᠭᠦᠢᠴᠡᠳᠬᠡᠬᠦ ᠵᠦᠢᠯᠡᠰ ᠢ ᠳᠠᠭᠠᠭᠠᠨ ᠭᠦᠢᠴᠡᠳᠬᠡᠬᠦ ᠨᠢᠭᠡᠴᠡ | ᠪᠣᠯᠤᠨ᠎ᠠ᠃ ᠬᠠᠯᠠᠮᠰᠢᠯ ᠤᠲᠠᠰᠤ 12345 ᠶᠢᠨ ᠠᠵᠢᠯ ᠳᠤ ︽ᠨᠢᠭᠡᠳᠦᠭᠡᠷ ᠭᠠᠷ︾ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠡᠯ᠎ᠡ ᠬᠤᠰᠢᠭᠤ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠢ ᠲᠤᠰ ᠬᠤᠰᠢᠭᠤ ᠲᠣᠭᠤᠷᠢᠭ᠂ | ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠬᠠᠯᠠᠮᠰᠢᠯ ᠤᠲᠠᠰᠤ 12345 ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠬᠤᠪᠢᠶᠠᠨ ᠬᠠᠮᠢᠶᠠᠷᠴᠤ | ᠪᠦᠬᠦᠢ ᠤᠳᠤᠷᠢᠳᠤᠯᠭ᠎ᠠ ᠨᠢ ᠪᠣᠳᠠᠲᠠᠶ ᠬᠠᠷᠢᠭᠤᠴᠠᠯᠭᠠᠲᠠᠨ ᠪᠣᠯᠤᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠨᠢᠭᠡᠴᠡ ᠨᠢ ᠤᠴᠢᠷ ᠶᠠᠪᠤᠳᠠᠯ ᠢ ᠭᠦᠢᠴᠡᠳᠬᠡᠭᠰᠡᠨ ᠬᠡᠮᠵᠢᠶ᠎ᠡ ᠪᠠᠨ ᠦᠨᠳᠦᠰᠦᠯᠡᠨ ᠵᠣᠬᠢᠴᠠᠩᠭᠤᠶ ᠪᠦᠬᠦᠢ ᠲᠤᠰᠬᠠᠶ ︵ᠬᠠᠪᠰᠤᠷᠭᠠᠭᠰᠠᠨ︶ | ᠲᠤᠰᠢᠶᠠᠯ ᠤᠨ ᠠᠵᠢᠯᠲᠠᠨ ᠳᠣᠭᠢᠷᠠᠭᠤᠯᠵᠤ᠂ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠬᠦ ᠶᠢᠨ ᠬᠠᠮᠲᠤ ᠤᠴᠢᠷ ᠶᠠᠪᠤᠳᠠᠯ ᠢ ᠲᠠᠰ ᠲᠥᠷᠥᠯ ᠬᠤᠪᠢᠶᠠᠨ | ᠭᠦᠢᠴᠡᠳᠬᠡᠬᠦ ᠲᠣᠭᠲᠠᠴᠠ ᠶᠢ ᠪᠠᠶᠢᠭᠤᠯᠤᠨ᠎ᠠ᠃ | ᠠᠷᠪᠠᠨ ᠳᠥᠷᠪᠡᠳᠦᠭᠡᠷ ᠵᠦᠢᠯ ᠬᠠᠯᠠᠮᠰᠢᠯ ᠤᠲᠠᠰᠤ 12345 ᠶᠢᠨ ᠳᠠᠭᠠᠭᠠᠨ ᠭᠦᠢᠴᠡᠳᠬᠡᠬᠦ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ᠃ | ︵ᠨᠢᠭᠡ︶ ᠬᠤᠲᠠ ᠶᠢᠨ ᠬᠠᠯᠠᠮᠰᠢᠯ ᠤᠲᠠᠰᠤ 12345 ᠪᠠᠷ ᠲᠣᠮᠢᠯᠠᠨ ᠲᠠᠷᠬᠠᠭᠠᠭᠰᠠᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠬᠠᠭᠤᠳᠠᠰᠤ᠂ | ᠤᠲᠠᠰᠤ ᠪᠠ ᠪᠢᠴᠢᠭ ᠤᠨ ᠬᠡᠯᠪᠡᠷᠢ ᠪᠠᠷ ᠲᠤᠰᠢᠶᠠᠭᠰᠠᠨ ᠵᠦᠢᠯᠡᠰ ᠢ ᠭᠥᠯᠢᠶᠡᠨ ᠠᠪᠤᠨ᠎ᠠ᠃ | ︵ᠬᠤᠶᠠᠷ︶ ᠬᠠᠯᠠᠮᠰᠢᠯ ᠤᠲᠠᠰᠤ 12345 ᠪᠠᠷ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠴᠠᠭ ᠬᠢᠵᠠᠭᠠᠷᠯᠠᠨ ᠭᠦᠢᠴᠡᠳᠬᠡᠵᠦ᠂ ᠭᠦᠢᠴᠡᠳᠬᠡᠭᠰᠡᠨ ᠦᠷ᠎ᠡ | ᠳ᠋ᠦᠩ ᠢᠶᠠᠨ ᠬᠠᠷᠢᠭᠤ ᠲᠤᠰᠬᠠᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠭᠦᠢᠴᠡᠳᠬᠡᠭᠰᠡᠨ ᠶᠠᠪᠤᠴᠠ ᠪᠠ ᠦᠷ᠎ᠡ ᠳ᠋ᠦᠩ ᠳᠤ | ᠬᠠᠷᠢᠭᠤᠴᠠᠨ᠎ᠠ᠃ | ︵ᠭᠤᠷᠪᠠ︶ ᠬᠠᠯᠠᠮᠰᠢᠯ ᠤᠲᠠᠰᠤ 12345 ᠶᠢᠨ ᠰᠢᠰᠲ᠋ᠧᠮ ᠤᠨ ᠬᠠᠩᠭᠠᠭᠰᠠᠨ ᠲᠠᠩᠰᠠᠨ ᠨᠣᠮᠧᠷ ᠢᠶᠠᠷ ᠳᠠᠮᠵᠢᠭᠤᠯᠤᠨ᠂ ᠲᠣᠰ ᠨᠢᠭᠡᠴᠡ ᠶᠢᠨ ᠢᠶᠠᠨ | ᠵᠠᠰᠠᠭ ᠤᠨ ᠶᠠᠪᠤᠳᠠᠯ ᠤᠨ ᠮᠡᠳᠡᠯᠭᠡ ᠶᠢᠨ ᠬᠥᠮᠥᠷᠭᠡ ᠶᠢ ᠰᠤᠷᠪᠤᠯᠵᠢᠯᠠᠨ ᠨᠠᠶᠢᠷᠠᠭᠤᠯᠬᠤ᠂ ᠰᠢᠨᠡᠳᠬᠡᠬᠦ᠂ ᠬᠢᠨᠠᠨ ᠬᠠᠷᠭᠤᠭᠤᠯᠬᠤ ᠪᠠ ᠲᠡᠭᠦᠯᠳᠡᠷᠵᠢᠭᠦᠯᠬᠦ ᠶᠢ | ᠬᠠᠷᠢᠭᠤᠴᠠᠨ᠎ᠠ᠃ | ︵ᠲᠦᠷᠪᠡ︶ ᠳᠣᠲᠣᠭᠠᠳᠤ ᠶᠢᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ᠂ | ᠬᠢᠨᠠᠨ ᠵᠥᠪᠰᠢᠶᠡᠷᠡᠬᠦ᠂ ᠬᠠᠷᠢᠭᠤᠯᠲᠠ ᠥᠭᠬᠦ᠂ ᠬᠠᠷᠢᠭᠤ ᠲᠤᠰᠬᠠᠬᠤ᠂ ᠰᠢᠢᠳᠪᠦᠷᠢᠯᠡᠵᠦ ᠳᠠᠭᠤᠰᠬᠠᠭᠠᠳ ᠲᠠᠩᠰᠠ ᠡᠪᠬᠡᠮᠡᠯ ᠳᠤ ᠣᠷᠣᠭᠤᠯᠬᠤ᠂ ᠨᠢᠭᠤᠴᠠ ᠶᠢ | ᠬᠠᠮᠠᠭᠠᠯᠠᠬᠤ᠂ ᠬᠢᠨᠠᠨ ᠰᠢᠯᠭᠠᠬᠤ᠂ ᠬᠠᠷᠢᠭᠤᠴᠠᠯᠭ᠎ᠠ ᠠᠰᠠᠭᠤᠬᠤ ᠵᠡᠷᠭᠡ ᠠᠵᠢᠯ ᠤᠨ ᠲᠦᠷᠢᠮ ᠢ ᠲᠡᠭᠦᠯᠳᠡᠷᠵᠢᠭᠦᠯᠦᠨ᠎ᠡ᠃ | ︵ᠲᠠᠪᠤ︶ ᠳᠣᠤᠷ᠎ᠠ ᠨᠢᠭᠡ ᠱᠠᠲᠤᠨ ᠤ ᠳᠠᠭᠠᠭᠠᠨ ᠭᠦᠢᠴᠡᠳᠬᠡᠬᠦ ᠨᠢᠭᠡᠴᠡ ᠶᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠵᠤ ᠪᠠᠶᠢᠭᠠᠳ ᠬᠠᠯᠠᠮᠰᠢᠯ | ᠤᠲᠠᠰᠤ 12345 ᠶᠢᠨ ᠬᠤᠯᠪᠣᠭᠳᠠᠯ ᠪᠥᠬᠦᠶ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠪᠤᠰᠤᠳ ᠬᠤᠯᠪᠣᠭᠳᠠᠯ ᠪᠥᠬᠦᠶ ᠠᠵᠢᠯ ᠢ ᠳᠠᠭᠠᠭᠠᠨ ᠭᠦᠢᠴᠡᠳᠬᠡᠨ᠎ᠡ᠃ | | ᠭᠤᠷᠪᠠᠳᠤᠭᠠᠷ ᠪᠦᠯᠦᠭ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ | ᠠᠷᠪᠠᠨ ᠲᠠᠪᠤᠳᠤᠭᠠᠷ ᠵᠦᠢᠯ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠃ ᠬᠠᠯᠠᠮᠰᠢᠯ ᠤᠲᠠᠰᠤ ᠨᠢ 12345 ᠠᠵᠤ ᠠᠬᠤᠶᠢᠯᠠᠯ ᠪᠠ ᠣᠯᠠᠨ ᠲᠦᠮᠡᠨ ᠤ | ᠡᠯ᠎ᠡ ᠲᠥᠷᠥᠯ ᠤᠨ ᠪᠠᠴᠢᠮ ᠪᠤᠰᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠡᠭᠦᠨ ᠳᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠡᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠵᠤ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠯᠭ᠎ᠠ ᠬᠢᠬᠦ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ | ᠵᠡᠷᠭᠡ ᠪᠠᠭᠲᠠᠨ᠎ᠠ᠃ | ᠠᠷᠪᠠᠨ ᠵᠢᠷᠭᠤᠳᠤᠭᠠᠷ ᠵᠦᠢᠯ ᠳᠤᠤᠷᠠᠬᠢ ᠵᠦᠢᠯᠡᠰ ᠨᠢ ᠬᠠᠯᠠᠮᠰᠢᠯ ᠤᠲᠠᠰᠤ 12345 ᠶᠢᠨ ᠬᠥᠲᠥᠯᠥᠨ ᠵᠢᠯᠣᠭᠤᠳᠬᠤ ᠬᠡᠪᠴᠢᠶᠡᠨ ᠳᠤ ᠬᠠᠷᠢᠶᠠᠯᠠᠭᠳᠠᠨ᠎ᠠ᠃ | ︵ᠨᠢᠭᠡ︶ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ | ᠴᠡᠷᠢᠭ ᠠᠩᠭᠢ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ | ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠵᠦᠢᠯᠡᠰ ᠲᠤ ᠬᠠᠷᠢᠶᠠᠯᠠᠭᠳᠠᠬᠤ ᠦᠶᠡᠰ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠭᠤᠳ ᠲᠤᠰᠬᠠᠨ᠎ᠠ᠃ | ︵ᠬᠤᠶᠠᠷ︶ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠺᠠᠳ᠋ᠷ ᠢ ᠲᠣᠮᠢᠯᠠᠵᠤ ᠪᠠᠭᠤᠯᠭᠠᠬᠤ ᠵᠢᠴᠢ ᠬᠠᠮᠢᠶᠠᠷᠤᠯᠲᠠ ᠬᠢᠬᠦ ᠵᠡᠷᠭᠡ ᠲᠠᠯ᠎ᠠ ᠳᠤ ᠬᠤᠯᠪᠣᠭᠳᠠᠭᠰᠠᠨ | ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠪᠠᠶᠢᠪᠠᠯ ᠤᠯᠠᠨ ᠲᠦᠮᠡᠨ ᠢ ᠬᠦᠳᠤᠯᠤᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠬᠠᠨ᠎ᠠ᠃ | ᠠᠷᠪᠠᠨ ᠳᠣᠯᠣᠳᠤᠭᠠᠷ ᠵᠦᠢᠯ ᠳᠤᠤᠷᠠᠬᠢ ᠵᠦᠢᠯᠡᠰ ᠨᠢ ᠬᠠᠯᠠᠮᠰᠢᠯ ᠤᠲᠠᠰᠤ 12345 ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ | ᠬᠠᠷᠢᠶᠠᠯᠠᠭᠳᠠᠬᠤ ᠦᠭᠡᠶ᠃ | ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠬᠠᠷᠢᠶᠠᠯᠠᠯ ᠤᠨ ᠬᠡᠪᠴᠢᠶᠡᠨ ᠳᠤ ᠬᠠᠷᠢᠶᠠᠯᠠᠭᠳᠠᠬᠤ | ᠦᠭᠡᠢ ᠵᠦᠢᠯᠡᠰ᠃ | ︵ᠬᠤᠶᠠᠷ︶ ᠨᠢᠭᠡᠨᠲᠡ ᠵᠠᠬᠢᠳᠠᠯ ᠰᠤᠷᠪᠤᠯᠵᠢᠯᠠᠭ᠎ᠠ ᠪᠠᠷ ᠳᠠᠮᠵᠢᠭᠰᠠᠨ ᠵᠦᠢᠯᠡᠰ᠃ | ︵ᠭᠤᠷᠪᠠ︶ ᠨᠢᠭᠡᠨᠲᠡ ᠵᠠᠬᠢᠳᠠᠯ ᠰᠤᠷᠪᠤᠯᠵᠢᠯᠠᠭ᠎ᠠ ᠪᠠᠷ ᠳᠠᠮᠵᠢᠨ ᠭᠤᠷᠪᠠᠨ ᠱᠠᠲᠤ ᠪᠠᠷ ᠰᠢᠢᠳᠪᠦᠷᠢᠯᠡᠵᠦ ᠳᠠᠭᠤᠰᠬᠠᠭᠰᠠᠨ ᠪᠤᠶᠤ ᠬᠤᠲᠠ᠂ ᠬᠤᠰᠢᠭᠤ | ᠲᠣᠭᠤᠷᠢᠭ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠶᠡᠳᠡᠭᠦᠯᠭᠡ ᠶᠢ ᠳᠠᠮᠵᠢᠵᠤ ᠂ ᠲᠡᠷᠡᠴᠢᠯᠡᠨ ᠰᠢᠢᠳᠪᠦᠷᠢᠯᠡᠵᠦ | ᠳᠠᠭᠤᠰᠬᠠᠭᠰᠠᠨ ᠵᠠᠭᠠᠯᠳᠤᠯᠭ᠎ᠠ ᠶᠢᠨ ᠤᠴᠢᠷ ᠶᠠᠪᠤᠳᠠᠯ᠃ | ︵ᠲᠦᠷᠪᠡ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢᠭᠡᠨᠲᠡ ᠬᠡᠷᠡᠭ ᠪᠣᠯᠭᠠᠨ ᠳᠠᠩᠰᠠᠯᠠᠭᠰᠠᠨ ᠪᠥᠭᠡᠳ ᠶᠠᠭ ᠰᠢᠢᠳᠪᠦᠷᠢᠯᠡᠵᠦ ᠪᠠᠶᠢᠭ᠎ᠠ ᠵᠦᠢᠯᠡᠰ᠃ | ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠦᠢᠯᠡᠰ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠢᠴᠢ | ᠮᠠᠭᠤ ᠰᠠᠨᠠᠭ᠎ᠠ ᠲᠠᠢ ᠪᠠᠷ ᠲᠠᠭᠠᠷᠢᠬᠰᠠᠨ᠂ ᠦᠢᠮᠡᠭᠦᠯᠦᠭᠰᠡᠨ ᠪᠤᠶᠤ ᠦᠨᠡᠨ ᠪᠤᠳᠠᠲᠣ ᠬᠦᠰᠡᠯ ᠱᠠᠭᠠᠷᠳᠠᠯᠭ᠎ᠠ ᠶᠢᠨ ᠠᠭᠤᠯᠭ᠎ᠠ ᠦᠭᠡᠢ ᠵᠦᠢᠯᠡᠰ᠃ | ︵ᠲᠤᠯᠤᠭ᠎ᠠ︶ ᠶᠠᠭ ᠰᠢᠢᠳᠪᠦᠷᠢᠯᠡᠵᠦ ᠪᠠᠶᠢᠭ᠎ᠠ ᠪᠤᠶᠤ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠨ ᠳᠠᠭᠤᠰᠬᠠᠵᠤ᠂ ᠠᠳᠠᠯᠢ ᠨᠢᠭᠡᠨ ᠭᠤᠶᠤᠴᠢᠯᠠᠭᠴᠢ | ᠰᠢᠨ᠎ᠡ ᠪᠠᠶᠢᠳᠠᠯ᠂ ᠰᠢᠨ᠎ᠡ ᠤᠴᠢᠷ ᠰᠢᠯᠲᠠᠭᠠᠨ ᠦᠭᠡᠢ ᠪᠠᠷ ᠳᠤᠷᠠᠳᠤᠭᠰᠠᠨ ᠳᠠᠪᠬᠤᠷᠳᠠᠭᠰᠠᠨ ᠵᠦᠢᠯᠡᠰ᠃ | ︵ᠨᠠᠢᠮᠠ︶ ᠬᠦᠯᠢᠶᠠᠨ ᠠᠪᠴᠤ ᠰᠢᠢᠳᠪᠦᠷᠢᠯᠡᠬᠦ ᠳᠤ ᠲᠣᠬᠢᠷᠠᠮᠵᠢ ᠦᠭᠡᠢ ᠪᠤᠰᠤᠳ ᠵᠦᠢᠯᠡᠰ᠃ | | ᠳᠥᠷᠪᠡᠳᠦᠭᠡᠷ ᠪᠦᠯᠦᠭ ᠭᠦᠢᠴᠡᠳᠬᠡᠬᠦ ᠴᠣᠪᠤᠷᠠᠯ | ᠠᠷᠪᠠᠨ ᠨᠠᠢᠮᠠᠳᠤᠭᠠᠷ ᠵᠦᠢᠯ ᠬᠦᠯᠢᠶᠡᠨ ᠠᠪᠴᠤ ᠰᠢᠢᠳᠪᠦᠷᠢᠯᠡᠬᠦ᠃ ᠬᠦᠯᠢᠶᠡᠨ ᠠᠪᠤᠭᠴᠢ ︽ᠬᠠᠯᠠᠮᠰᠢᠯ ᠤᠲᠠᠰᠤ 12345 ᠶᠢᠨ ᠤᠲᠠᠰᠤ ᠢᠷᠡᠭᠦᠯᠬᠦ | ᠲᠤᠬᠠᠶᠢᠯᠠᠭᠰᠠᠨ ᠠᠵᠢᠯ︾ ᠤᠨ ᠠᠵᠢᠯ ᠤᠨ ᠬᠠᠭᠤᠳᠠᠰᠤ ︵ᠳᠣᠷᠣᠭᠰᠢ ᠡᠯᠧᠺᠲᠷᠣᠨ ᠠᠵᠢᠯ ᠤᠨ ᠬᠠᠭᠤᠳᠠᠰᠤ ᠬᠢᠨ᠎ᠡ︶ ᠳᠡᠭᠡᠷ᠎ᠡ ᠭᠤᠶᠤᠴᠢᠯᠠᠭᠴᠢ ᠶᠢᠨ ᠣᠪᠣᠭ ᠨᠡᠷ᠎ᠡ | ᠂ ᠨᠢᠭᠡᠴᠡ ᠪᠤᠶᠤ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ᠂ ᠬᠡᠷᠡᠭ ᠭᠠᠷᠤᠭᠰᠠᠨ ᠴᠠᠭ ᠪᠠ ᠬᠦᠰᠡᠯ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠲᠥᠷᠥᠯ ᠬᠤᠪᠢᠶᠠᠨ | ᠪᠢᠴᠢᠵᠦ ᠣᠷᠣᠭᠤᠯᠤᠨ᠎ᠠ᠃ | ︵ᠨᠢᠭᠡ︶ ︽110︾ ︽119︾ ︽120︾ ︽122︾ ᠵᠡᠷᠭᠡ ᠬᠠᠯᠠᠮᠰᠢᠯ ᠤᠲᠠᠰᠤ ᠳᠤ ᠬᠤᠯᠪᠣᠭᠳᠠᠭᠰᠠᠨ ᠪᠠᠴᠢᠮ ᠠᠪᠤᠷᠠᠨ ᠲᠤᠰᠠᠯᠠᠯᠲᠠ | ᠭᠤᠶᠤᠴᠢᠯᠠᠬᠤ ᠵᠦᠢᠯᠡᠰ ᠢ ᠳᠠᠷᠦ᠋ᠢᠬᠠᠨ ᠬᠠᠯᠠᠮᠰᠢᠯ ᠤᠲᠠᠰᠤᠨ ᠤ ᠰᠢᠰᠲ᠋ᠧᠮ ᠢᠶᠠᠷ ᠳᠠᠮᠵᠢᠭᠤᠯᠤᠨ ᠬᠤᠯᠪᠣᠭᠳᠠᠯ ᠪᠦᠬᠦᠢ ᠬᠠᠯᠠᠮᠰᠢᠯ ᠤᠲᠠᠰᠤᠨ ᠳᠤ ᠳᠠᠮᠵᠢᠭᠤᠯᠤᠨ | ᠭᠦᠢᠴᠡᠳᠬᠡᠬᠦ ᠶᠢᠨ ᠬᠠᠮᠲᠤ ᠬᠠᠯᠠᠮᠰᠢᠯ ᠤᠲᠠᠰᠤ 12345 ᠬᠢᠭᠡᠳ 110᠂ 119᠂ 120᠂ 122 ᠵᠡᠷᠭᠡ ᠪᠠᠴᠢᠮ ᠬᠠᠯᠠᠮᠰᠢᠯ ᠤᠲᠠᠰᠤ ᠪᠣᠯᠤᠨ ᠤᠰᠤ | ᠴᠠᠬᠢᠯᠭᠠᠨ ᠰᠢᠲᠠᠮᠠᠬᠠᠢ ᠬᠡᠢ ᠢᠯᠴᠢ ᠵᠡᠷᠭᠡ ᠤᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡᠨ ᠤ ᠬᠠᠯᠠᠮᠰᠢᠯ ᠤᠲᠠᠰᠤ ᠯᠤᠭ᠎ᠠ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︵ᠬᠤᠶᠠᠷ︶ ᠠᠰᠠᠭᠤᠵᠤ ᠯᠠᠪᠯᠠᠬᠤ ᠲᠥᠷᠥᠯ ᠤᠨ ᠢᠷᠡᠭᠦᠯᠦᠭᠰᠡᠨ ᠤᠲᠠᠰᠤ᠂ ᠬᠥᠯᠢᠶᠡᠨ ᠠᠪᠴᠤ ᠰᠢᠢᠳᠪᠦᠷᠢᠯᠡᠬᠦ ᠠᠵᠢᠯᠳᠠᠨ ᠬᠤᠯᠪᠣᠭᠳᠠᠯ ᠪᠥᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠤᠳᠤᠯᠭ᠎ᠠ ᠶᠢ ᠦᠨᠳᠦᠰᠦᠯᠡᠬᠦ ᠪᠤᠶᠤ ᠵᠠᠰᠠᠭ ᠤᠨ ᠶᠠᠪᠤᠳᠠᠯ ᠤᠨ ᠣᠶᠤᠨᠴᠢ ᠮᠡᠳᠡᠯᠭᠡ ᠶᠢᠨ ᠬᠥᠮᠥᠷᠭᠡ ᠶᠢ ᠪᠠᠶᠢᠴᠠᠭᠠᠨ | ᠯᠠᠪᠯᠠᠬᠤ ᠪᠠᠷ ᠳᠠᠮᠵᠢᠭᠤᠯᠤᠨ᠂ ᠭᠤᠶᠤᠴᠢᠯᠠᠭᠴᠢ ᠳᠤ ᠰᠢᠭᠤᠳ ᠬᠠᠷᠢᠭᠤᠯᠲᠠ ᠥᠭᠭᠦᠨ᠎ᠡ᠂ ᠰᠢᠭᠤᠳ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ | ᠳᠠᠮᠵᠢᠭᠤᠯᠤᠨ ᠵᠠᠯᠭᠠᠬᠤ ᠪᠤᠶᠤ ᠭᠤᠷᠪᠠᠨ ᠲᠠᠯ᠎ᠠ ᠪᠠᠷ ᠤᠲᠠᠰᠤ ᠨᠡᠪᠲᠡᠷᠡᠬᠦ ᠬᠡᠯᠪᠡᠷᠢ ᠪᠠᠷ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠲᠤᠰᠬᠠᠶ ᠲᠤᠰᠢᠶᠠᠯᠲᠠᠨ ᠲᠠᠢ | ᠬᠠᠷᠢᠯᠴᠠᠵᠤ ᠬᠠᠷᠢᠭᠤᠯᠲᠠ ᠥᠭᠭᠦᠨ᠎ᠡ᠃ | ︵ᠭᠤᠷᠪᠠ︶ ᠲᠣᠰ ᠬᠤᠲᠠ ᠶᠢᠨ ᠬᠡᠪᠴᠢᠶᠡᠨ ᠳᠠᠬᠢ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠨᠡᠶᠢᠭᠡᠮ ᠤᠨ ᠠᠮᠤᠷ ᠲᠦᠪᠰᠢᠨ᠂ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠥᠯᠥᠭᠡᠯᠡᠬᠦ ᠵᠡᠷᠭᠡ ᠭᠡᠨᠡᠳᠲᠡ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ | ᠠᠵᠢᠯᠲᠠᠨ 15 ᠮᠢᠨᠦ᠋ᠲ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠬᠤᠰᠢᠭᠤ ᠲᠣᠭᠤᠷᠢᠭ ᠤᠨ ᠬᠠᠯᠠᠮᠰᠢᠯ | ᠤᠲᠠᠰᠤ 12345 ᠶᠢᠨ ᠠᠵᠢᠯ ᠤᠨ ᠥᠷᠲᠡᠭᠡ ᠳᠤ ᠮᠡᠳᠡᠭᠳᠡᠬᠦ ᠶᠢᠨ ᠬᠠᠮᠲᠤ ᠪᠠᠴᠢᠮ ᠠᠵᠢᠯ ᠤᠨ ᠬᠠᠭᠤᠳᠠᠰᠤ ᠭᠠᠷᠭᠠᠵᠤ᠂ ᠳᠠᠭᠠᠭᠠᠨ ᠭᠦᠢᠴᠡᠳᠬᠡᠬᠦ ᠰᠠᠯᠠᠭ᠎ᠠ | ᠮᠥᠴᠢᠷ 2 ᠴᠠᠭ ᠤᠨ ᠳᠣᠲᠣᠷ᠎ᠠ ᠣᠷᠣᠯᠴᠠᠵᠤ ᠰᠢᠢᠳᠪᠦᠷᠢᠯᠡᠨ᠂ 1 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠤᠶᠤ ᠪᠠᠶᠢᠳᠠᠯ ᠢᠶᠠᠨ | ᠬᠠᠷᠢᠭᠤ ᠲᠤᠰᠬᠠᠨ᠎ᠠ᠃ | ︵ᠳᠥᠷᠪᠡ︶ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠵᠡᠷᠭᠡ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠩ ᠤᠨ ᠬᠦᠰᠡᠯ | ᠱᠠᠭᠠᠷᠳᠠᠯᠭ᠎ᠠ ᠶᠢ ᠡᠩ ᠤᠨ ᠠᠵᠢᠯ ᠤᠨ ᠬᠠᠭᠤᠳᠠᠰᠤ ᠭᠠᠷᠭᠠᠵᠤ᠂ 3 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠠᠷ ᠬᠢᠵᠠᠭᠠᠷᠯᠠᠨ | ᠪᠠᠶᠢᠳᠠᠯ ᠢ ᠬᠠᠷᠢᠭᠤ ᠲᠤᠰᠬᠠᠨ᠎ᠠ᠃ | ︵ᠲᠠᠪᠤ︶ ᠲᠦᠪᠡᠭ ᠪᠤᠳᠤᠯᠢᠶᠠᠨᠲᠠᠶ ᠵᠦᠶ ᠵᠣᠬᠢᠰᠲᠠᠶ ᠬᠦᠰᠡᠯ ᠱᠠᠭᠠᠷᠳᠠᠯᠭ᠎ᠠ ᠳᠤ᠂ ᠲᠦᠪᠡᠭ ᠪᠤᠳᠤᠯᠢᠶᠠᠨᠲᠠᠶ ᠠᠵᠢᠯ ᠤᠨ ᠬᠠᠭᠤᠳᠠᠰᠤ ᠭᠠᠷᠭᠠᠵᠤ᠂ 7 | ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠠᠷ ᠬᠢᠵᠠᠭᠠᠷᠯᠠᠬᠤ ᠪᠤᠶᠤ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠬᠠᠷᠢᠭᠤ | ᠲᠤᠰᠬᠠᠨ᠎ᠠ᠃ | ︵ᠵᠢᠷᠭᠤᠭ᠎ᠠ︶ ᠪᠤᠰᠤᠳ ᠵᠦᠢᠯᠡᠰ ᠲᠤ ᠬᠡᠷᠡᠭ ᠶᠠᠪᠤᠳᠠᠯ ᠤᠨ ᠬᠦᠨᠳᠦ ᠬᠥᠩᠭᠡᠨ ᠠᠯᠭᠤᠷ ᠪᠠᠴᠢᠮ ᠢ ᠦᠨᠳᠦᠰᠦᠯᠡᠨ᠂ ᠡᠩ ᠤᠨ ᠠᠵᠢᠯ ᠤᠨ ᠬᠠᠭᠤᠳᠠᠰᠤ | ᠭᠠᠷᠭᠠᠵᠤ᠂ 5 ᠪᠤᠶᠤ 15 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠪᠠᠷ ᠬᠢᠵᠠᠭᠠᠷᠯᠠᠬᠤ ᠪᠤᠶᠤ ᠪᠠᠶᠢᠳᠠᠯ ᠢ ᠬᠠᠷᠢᠭᠤ ᠲᠤᠰᠬᠠᠨ᠎ᠠ᠃ ᠬᠠᠤᠯᠢ | ᠴᠠᠭᠠᠵᠠ ᠶᠢᠨ ᠶᠠᠪᠤᠴᠠ ᠪᠠᠷ ᠰᠢᠢᠳᠪᠦᠷᠢᠯᠡᠬᠦ ᠴᠢᠬᠤᠯᠠᠲᠠᠶ ᠬᠦᠰᠡᠯ ᠱᠠᠭᠠᠷᠳᠠᠯᠭ᠎ᠠ ᠶᠢᠨ ᠠᠵᠢᠯ ᠤᠨ ᠬᠠᠭᠤᠳᠠᠰᠤ ᠶᠢ ᠬᠠᠤᠯᠢ ᠪᠠᠷ ᠲᠣᠭᠲᠠᠭᠠᠭᠰᠠᠨ ᠴᠤᠪᠤᠷᠠᠯ ᠪᠠ | ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠨ᠎ᠠ᠃ | ︵ᠳᠣᠯᠤᠭ᠎ᠠ︶ ᠭᠤᠶᠤᠴᠢᠯᠠᠭᠴᠢ ᠶᠢᠨ ᠪᠡᠶ᠎ᠡ ᠶᠢᠨ ᠠᠮᠤᠷ ᠲᠦᠪᠰᠢᠨ ᠪᠤᠶᠤ ᠬᠠᠮᠲᠤ ᠶᠢᠨ ᠴᠢᠨᠠᠷᠲᠠᠶ ᠠᠰᠢᠭ ᠲᠤᠰᠠ ᠳᠤ ᠬᠤᠯᠪᠣᠭᠳᠠᠬᠤ ᠬᠦᠰᠡᠯ | ᠱᠠᠭᠠᠷᠳᠠᠯᠭ᠎ᠠ ᠶᠢᠨ ᠵᠦᠢᠯᠡᠰ ᠲᠤ᠂ ᠭᠥᠯᠢᠶᠡᠨ ᠠᠪᠤᠭᠴᠢ ᠬᠤᠪᠢ ᠶᠢᠨ ᠨᠢᠭᠤᠴᠠ ᠶᠢ ᠬᠠᠮᠠᠭᠠᠯᠠᠬᠤ ᠴᠢᠬᠤᠯᠠᠲᠠᠢ ᠡᠰᠡᠬᠦ ᠶᠢ ᠰᠠᠨᠠᠭᠠᠴᠢᠯᠠᠭ᠎ᠠ ᠠᠴᠠ ᠪᠠᠨ ᠰᠠᠨᠠᠭᠤᠯᠬᠤ | ᠬᠡᠷᠡᠭᠲᠡᠶ᠃ ᠭᠤᠶᠤᠴᠢᠯᠠᠭᠴᠢ ᠠᠴᠠ ᠬᠤᠪᠢ ᠬᠥᠮᠦᠨ ᠤ ᠮᠡᠳᠡᠭᠡ ᠵᠠᠩᠭᠢ ᠶᠢ ᠨᠢᠭᠤᠨ ᠬᠠᠮᠠᠭᠠᠯᠠᠬᠤ ᠪᠠᠷ ᠱᠠᠭᠠᠷᠳᠠᠭᠰᠠᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ | ᠠᠵᠢᠯᠲᠠᠨ ᠠᠴᠠ ᠭᠤᠶᠤᠴᠢᠯᠠᠭᠴᠢ ᠶᠢᠨ ᠮᠡᠳᠡᠭᠡ ᠵᠠᠩᠭᠢ ᠶᠢ ᠨᠢᠭᠤᠴᠠᠯᠠᠨ ᠰᠢᠢᠳᠪᠦᠷᠢᠯᠡᠬᠦ ᠬᠡᠷᠡᠭᠲᠡᠶ᠂ ᠬᠠᠤᠯᠢ ᠶᠣᠰᠣᠭᠠᠷ ᠬᠤᠪᠢ ᠬᠥᠮᠦᠨ ᠤ ᠮᠡᠳᠡᠭᠡ ᠵᠠᠩᠭᠢ ᠶᠢ | ᠬᠠᠩᠭᠠᠮᠠᠨᠵᠢᠨ ᠰᠠᠶ᠋ᠢ ᠰᠢᠢᠳᠪᠦᠷᠢᠯᠡᠵᠦ ᠴᠢᠳᠠᠬᠤ ᠵᠦᠢᠯᠡᠰ ᠡᠭᠦᠨ ᠳᠤ ᠪᠠᠭᠲᠠᠬᠤ ᠦᠭᠡᠢ᠃ ᠨᠡᠷ᠎ᠡ ᠪᠤᠷᠤᠭᠤᠯᠠᠭᠰᠠᠨ ᠠᠵᠢᠯ ᠤᠨ ᠬᠠᠭᠤᠳᠠᠰᠤ ᠨᠢ ᠵᠥᠪᠬᠡᠨ ᠳᠠᠭᠠᠯᠲᠠ | ᠬᠢᠬᠦ ᠨᠣᠷᠮ᠎ᠠ ᠳᠠᠬᠢ ᠴᠠᠭ ᠲᠤᠬᠠᠶ ᠳᠤᠨᠢ ᠭᠠᠷ ᠤᠨ ᠥᠰᠥᠭ ᠵᠢᠷᠤᠵᠤ ᠬᠤᠷᠢᠶᠠᠨ ᠠᠪᠤᠭᠰᠠᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ ᠪᠠ ᠬᠠᠨᠤᠮᠵᠢᠲᠠᠶ ᠪᠠᠶᠢᠬᠤ | ᠨᠣᠷᠮ᠎ᠠ ᠶᠢ ᠬᠢᠨᠠᠨ ᠰᠢᠯᠭᠠᠨ᠎ᠠ᠃ | ᠠᠷᠪᠠ ᠶᠢᠰᠦᠳᠦᠭᠡᠷ ᠵᠦᠢᠯ ᠭᠦᠢᠴᠡᠳᠬᠡᠬᠦ᠃ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠬᠤᠲᠠ ᠶᠢᠨ ᠬᠠᠯᠠᠮᠰᠢᠯ | ᠤᠲᠠᠰᠤ 12345 ᠲᠣᠭᠲᠠᠭᠰᠠᠨ ᠴᠠᠭ ᠤᠨ ᠳᠣᠲᠣᠷ᠎ᠠ ᠡᠯᠧᠺᠲᠷᠣᠨ ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠡ ᠳᠤ ᠲᠠᠷᠬᠠᠭᠠᠨ ᠥᠭᠴᠦ | ᠰᠢᠢᠳᠪᠦᠷᠢᠯᠡᠬᠦᠯᠬᠦ ᠬᠡᠷᠡᠭᠲᠡᠶ᠃ ᠳᠠᠭᠠᠭᠠᠨ ᠰᠢᠢᠳᠪᠦᠷᠢᠯᠡᠬᠦ ᠨᠢᠭᠡᠴᠡ ᠨᠦᠭᠦᠳ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠮᠠᠭᠴᠠ ᠰᠢᠢᠳᠪᠦᠷᠢᠯᠡᠬᠦ ᠠᠵᠢᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠨᠢᠭᠡ︶ ᠰᠢᠰᠲ᠋ᠧᠮ ᠠᠴᠠ ᠡᠯ᠎ᠡ ᠳᠠᠭᠠᠭᠠᠨ ᠭᠦᠢᠴᠡᠳᠬᠡᠬᠦ ᠨᠢᠭᠡᠴᠡ ᠳᠤ ᠰᠢᠯᠵᠢᠭᠦᠯᠦᠨ ᠲᠤᠰᠢᠶᠠᠵᠤ ᠭᠦᠢᠴᠡᠳᠬᠡᠭᠦᠯᠦᠭᠰᠡᠨ ᠡᠯᠧᠺᠲᠷᠣᠨ ᠠᠵᠢᠯ ᠤᠨ | ᠬᠠᠭᠤᠳᠠᠰᠤ ᠶᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ 24 ᠴᠠᠭ ᠤᠨ ᠳᠣᠲᠣᠷ᠎ᠠ ᠡᠯᠧᠺᠲᠷᠣᠨ ᠠᠵᠢᠯ ᠤᠨ ᠬᠠᠭᠤᠳᠠᠰᠤ ᠶᠢ ᠭᠠᠷ ᠤᠨ ᠥᠰᠥᠭ ᠵᠢᠷᠤᠵᠤ | ᠭᠥᠯᠢᠶᠡᠨ ᠠᠪᠴᠤ᠂ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠡᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 | ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠮᠠᠭᠴᠠ ᠬᠤᠭᠤᠴᠠᠭ᠎ᠠ ᠬᠢᠵᠠᠭᠠᠷᠯᠠᠨ ᠳᠠᠭᠤᠰᠬᠠᠬᠤ ᠨᠠᠷᠢᠨ ᠬᠠᠭᠤᠳᠠᠰᠤ︾ ︵ᠳᠣᠷᠣᠭᠰᠢ ︽ᠬᠦᠰᠡᠯ ᠱᠠᠭᠠᠷᠳᠠᠯᠭ᠎ᠠ ᠶᠢ | ᠭᠥᠯᠢᠶᠡᠨ ᠠᠪᠤᠮᠠᠭᠴᠠ ᠰᠢᠢᠳᠪᠦᠷᠢᠯᠡᠬᠦ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ ᠨᠠᠷᠢᠨ ᠬᠠᠭᠤᠳᠠᠰᠤ︾ ᠭᠡᠨ᠎ᠡ︶ ᠶᠢᠨ ᠲᠣᠭᠲᠠᠭᠠᠯ ᠶᠣᠰᠣᠭᠠᠷ᠂ ᠲᠣᠭᠲᠠᠭᠰᠠᠨ | ᠴᠠᠭ ᠬᠤᠭᠤᠴᠠᠭ᠎ᠠ ᠶᠢᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢᠨ ᠬᠠᠮᠲᠤ ᠭᠦᠢᠴᠡᠳᠬᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠨ᠎ᠠ᠃ | ︵ᠬᠤᠶᠠᠷ︶ ᠰᠠᠨᠠᠯ ᠰᠠᠨᠠᠭᠤᠯᠭ᠎ᠠ ᠶᠢᠨ ᠲᠥᠷᠥᠯ ᠤᠨ ᠡᠯᠧᠺᠲᠷᠣᠨ ᠠᠵᠢᠯ ᠤᠨ ᠬᠠᠭᠤᠳᠠᠰᠤ ᠶᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ ᠬᠢᠨᠠᠮᠠᠭᠠᠶ | ᠰᠤᠳᠤᠯᠬᠤ ᠶᠢᠨ ᠬᠠᠮᠲᠤ᠂ ᠭᠤᠷᠪᠠ ᠠᠴᠠ ᠲᠤᠯᠤᠭᠠᠨ ᠠᠵᠢᠯᠯᠠᠬᠤ ᠡᠳᠦᠷ ᠲᠤ ᠬᠡᠷᠡᠭᠯᠡᠭᠰᠡᠨ ᠪᠠᠶᠢᠳᠠᠯ ᠢᠶᠠᠨ ᠬᠠᠷᠢᠭᠤ ᠲᠤᠰᠬᠠᠨ᠎ᠠ᠃ ᠬᠡᠷᠡᠭᠯᠡᠭᠰᠡᠨ ᠦᠭᠡᠢ ᠪᠣᠯ | ᠰᠢᠯᠲᠠᠭᠠᠨ ᠢ ᠨᠢ ᠲᠣᠳᠤᠷᠬᠠᠶᠢᠯᠠᠨ᠎ᠠ᠃ | ︵ᠭᠤᠷᠪᠠ︶ ᠬᠦᠨᠳᠦ ᠶᠡᠭᠡ ᠭᠡᠨᠡᠳᠲᠡ ᠶᠢᠨ ᠴᠢᠨᠠᠷᠲᠠᠶ ᠪᠠᠴᠢᠮ ᠬᠡᠷᠡᠭ ᠢ ᠠᠷᠪᠠᠨ ᠨᠠᠢᠮᠠᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠶᠣᠰᠣᠭᠠᠷ ᠴᠠᠭ | ᠲᠤᠬᠠᠶ ᠳᠤᠨᠢ ᠰᠢᠢᠳᠪᠦᠷᠢᠯᠡᠨ᠎ᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠤᠯᠪᠣᠭᠳᠠᠭᠰᠠᠨ ᠭᠡᠨᠡᠳᠲᠡ ᠶᠢᠨ ᠴᠢᠨᠠᠷᠲᠠᠶ ᠬᠡᠷᠡᠭ ᠪᠦᠬᠦᠨ ᠢ ᠰᠢᠭᠤᠳ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽110︾ ᠵᠢᠯᠣᠭᠤᠳᠬᠤ ᠲᠥᠪ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | ︵ᠳᠥᠷᠪᠡ︶ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ᠂ ᠨᠡᠯᠢᠶᠡᠳ ᠬᠦᠴᠢᠷᠲᠡᠶ ᠠᠰᠠᠭᠤᠳᠠᠯ ᠵᠢᠴᠢ ᠴᠢᠬᠤᠯᠠ ᠰᠠᠨᠠᠯ ᠪᠠ ᠰᠠᠨᠠᠭᠤᠯᠭ᠎ᠠ ᠵᠡᠷᠭᠡ ᠶᠢ | ᠬᠤᠲᠠ ᠶᠢᠨ ᠬᠠᠯᠠᠮᠰᠢᠯ ᠤᠲᠠᠰᠤ 12345 ᠶᠢᠨ ᠠᠵᠢᠯᠲᠠᠨ ᠠᠴᠠ ᠡᠮᠬᠢᠯᠡᠵᠦ ︽ᠬᠠᠯᠠᠮᠰᠢᠯ ᠤᠲᠠᠰᠤ 12345 ᠲᠤᠰᠬᠠᠶ ᠮᠡᠳᠡᠭᠡ︾ ᠶᠢᠨ ᠬᠡᠯᠪᠡᠷᠢ ᠪᠠᠷ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠳᠤ ᠮᠡᠳᠡᠭᠦᠯᠵᠦ ᠴᠣᠬᠤᠯᠠᠪᠤᠷᠢ ᠬᠢᠯᠭᠡᠭᠰᠡᠨ ᠤ ᠳᠠᠷᠠᠭ᠎ᠠ᠂ | ᠴᠣᠬᠤᠯᠠᠪᠤᠷᠢ ᠶᠢᠨ ᠶᠣᠰᠣᠭᠠᠷ ᠴᠠᠭ ᠲᠤᠬᠠᠶ ᠳᠤᠨᠢ ᠬᠤᠯᠪᠣᠭᠳᠠᠯ ᠪᠥᠬᠦᠶ ᠳᠠᠭᠠᠭᠠᠨ ᠭᠦᠢᠴᠡᠳᠬᠡᠬᠦ ᠨᠢᠭᠡᠴᠡ ᠳᠤ ᠲᠤᠰᠢᠶᠠᠵᠤ ᠰᠢᠢᠳᠪᠦᠷᠢᠯᠡᠭᠦᠯᠦᠨ᠎ᠡ᠃ | ︵ᠲᠠᠪᠤ︶ ᠳᠠᠭᠠᠭᠠᠨ ᠭᠦᠢᠴᠡᠳᠬᠡᠬᠦ ᠨᠢᠭᠡᠴᠡ ᠨᠢ ᠲᠣᠰ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠭᠲᠠᠬᠤ ᠥᠬᠡᠶ | ᠡᠯᠧᠺᠲᠷᠣᠨ ᠠᠵᠢᠯ ᠤᠨ ᠬᠠᠭᠤᠳᠠᠰᠤ ᠶᠢ ᠭᠥᠯᠢᠶᠡᠨ ᠠᠪᠤᠪᠠᠯ᠂ ᠨᠢᠭᠡ ᠠᠵᠢᠯᠯᠠᠬᠤ ᠡᠳᠦᠷ ᠤᠨ ᠳᠣᠲᠣᠷ᠎ᠠ ᠪᠤᠴᠠᠭᠠᠬᠤ ᠶᠢᠨ ᠬᠠᠮᠲᠤ ᠰᠢᠯᠲᠠᠭᠠᠨ ᠢᠶᠠᠨ | ᠲᠣᠳᠤᠷᠬᠠᠶᠢᠯᠠᠨ᠎ᠠ᠃ | ︵ᠵᠢᠷᠭᠤᠭ᠎ᠠ︶ ᠦᠨᠡᠨ ᠬᠦ ᠪᠤᠰᠤᠳᠴᠢ ᠰᠢᠯᠲᠠᠭᠠᠨ ᠠᠴᠠ ᠪᠣᠯᠵᠣ ᠲᠣᠭᠲᠠᠭᠰᠠᠨ ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢᠨ ᠠᠷᠭ᠎ᠠ ᠥᠬᠡᠶ | ᠡᠯᠧᠺᠲᠷᠣᠨ ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠡ ᠨᠢ ᠭᠦᠢᠴᠡᠳᠬᠡᠬᠦ ᠬᠤᠭᠤᠴᠠᠭ᠎ᠠ ᠲᠤᠯᠬᠤ ᠠᠴᠠ ᠡᠮᠦᠨ᠎ᠡ ᠬᠤᠭᠤᠴᠠᠭ᠎ᠠ ᠤᠷᠲᠤᠳᠬᠠᠬᠤ | ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠬᠤᠶᠢᠰᠢᠯᠠᠭᠤᠯᠤᠨ | ᠭᠦᠢᠴᠡᠳᠬᠡᠬᠦ ᠳᠡᠭᠡᠨ 30 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠃ | ᠬᠤᠷᠢᠳᠤᠭᠠᠷ ᠵᠦᠢᠯ ᠬᠠᠷᠢᠭᠤ ᠲᠤᠰᠬᠠᠯ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠪᠠᠷᠢᠮᠵᠢᠶᠠᠵᠢᠭᠤᠯᠤᠨ | ᠬᠠᠷᠢᠭᠤ ᠲᠤᠰᠬᠠᠬᠤ ᠶᠢ ᠴᠢᠩᠭ᠎ᠠ ᠵᠢᠷᠤᠮᠯᠠᠨ᠂ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠮᠠᠭᠴᠠ ᠰᠢᠢᠳᠪᠦᠷᠢᠯᠡᠬᠦ ᠬᠤᠭᠤᠴᠠᠭ᠎ᠠ ᠬᠢᠵᠠᠭᠠᠷᠯᠠᠨ ᠭᠦᠢᠴᠡᠳᠬᠡᠨ | ᠳᠠᠭᠤᠰᠬᠠᠬᠤ ᠨᠠᠷᠢᠨ ᠬᠠᠭᠤᠳᠠᠰᠤ ᠶᠢᠨ ᠲᠣᠭᠲᠠᠭᠠᠭᠰᠠᠨ ᠴᠠᠭ ᠤᠨ ᠳᠣᠲᠣᠷ᠎ᠠ ︵ᠪᠤᠶᠤ ᠰᠢᠰᠲ᠋ᠧᠮ ᠳᠤ ᠲᠣᠳᠣᠷᠬᠠᠶᠢᠯᠠᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ︶ | ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ︔ ᠪᠢᠴᠢᠭ ᠢᠶᠠᠷ ᠲᠤᠰᠢᠶᠠᠨ ᠰᠢᠢᠳᠪᠦᠷᠢᠯᠡᠬᠦᠯᠬᠦ ᠵᠦᠢᠯᠡᠰ ᠢ 7 ᠠᠵᠢᠯᠯᠠᠬᠤ ᠡᠳᠦᠷ ᠤᠨ | ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ︔ ᠪᠠᠴᠢᠮ ᠶᠠᠪᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠴᠠᠭ | ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ︔ ᠤᠳᠤᠷᠢᠳᠤᠯᠭ᠎ᠠ ᠶᠢᠨ ᠴᠤᠬᠤᠯᠠᠪᠤᠷᠢᠯᠠᠭᠰᠠᠨ ᠰᠢᠢᠳᠪᠦᠷᠢᠯᠡᠬᠦ ᠤᠴᠢᠷ ᠶᠠᠪᠤᠳᠠᠯ ᠢ ᠮᠥᠷᠳᠡᠨ ᠱᠠᠭᠠᠷᠳᠠᠨ | ᠰᠢᠢᠳᠪᠦᠷᠢᠯᠡᠬᠦᠯᠬᠦ ᠶᠢᠨ ᠬᠠᠮᠲᠤ ᠴᠠᠭ ᠲᠤᠬᠠᠶ ᠳᠤᠨᠢ ᠣᠯᠠᠨ ᠲᠦᠮᠡᠨ ᠳᠤ ᠬᠠᠷᠢᠭᠤ ᠲᠤᠰᠬᠠᠬᠤ ᠬᠡᠷᠡᠭᠲᠡᠶ︔ ᠪᠥᠬᠦ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠷᠴᠢᠮᠵᠢᠭᠦᠯᠦᠭᠰᠡᠨ ᠬᠠᠮᠢᠶᠠᠷᠤᠯᠲᠠ ᠶᠢᠨ ᠲᠠᠪᠴᠠᠩ᠂ ᠠᠷᠠᠳ ᠤᠨ ᠰᠦᠯᠵᠢᠶ᠎ᠡ ᠶᠢᠨ ᠦᠭᠡ ᠦᠯᠡᠳᠡᠭᠡᠬᠦ ᠰᠠᠮᠪᠠᠷ᠎ᠠ᠂ ᠥᠪᠥᠷ ᠮᠣᠩᠭᠤᠯ ᠤᠨ ᠰᠠᠶᠢᠨ | ᠪᠠ ᠠᠨᠠᠢ ᠶᠢ ᠦᠨᠡᠯᠡᠬᠦ ᠦᠢᠯᠡᠴᠢᠯᠡᠭᠡᠨ ᠤ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ᠂ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ ᠵᠡᠷᠭᠡ | ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠲᠡᠭᠦᠨ ᠤ ᠠᠵᠢᠯ ᠤᠨ ᠴᠤᠪᠤᠷᠠᠯ ᠤᠨ ᠶᠣᠰᠣᠭᠠᠷ ᠭᠦᠢᠴᠡᠳᠬᠡᠨ᠎ᠡ᠃ ᠤᠯᠠᠨ ᠲᠦᠮᠡᠨ ᠤ ᠲᠤᠰᠬᠠᠭᠰᠠᠨ | ᠠᠰᠠᠭᠤᠳᠠᠯ ᠪᠦᠬᠦᠨ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠶ᠃ | ︽ᠬᠤᠤᠰ ᠲᠣᠮᠢᠯᠠᠬᠤ ᠬᠠᠭᠤᠳᠠᠰᠤ︾ ᠶᠢᠨ ᠬᠦᠰᠡᠯ ᠱᠠᠭᠠᠷᠳᠠᠯᠭ᠎ᠠ ᠶᠢᠨ ᠵᠦᠢᠯᠡᠰ ᠢ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠢᠭᠤᠳ ᠲᠣᠮᠢᠯᠠᠬᠤ ᠡᠯᠧᠺᠲᠷᠣᠨ ᠠᠵᠢᠯ ᠤᠨ ᠬᠠᠭᠤᠳᠠᠰᠤ ᠶᠢ ᠪᠠᠷᠢᠮᠵᠢᠶ᠎ᠠ ᠶᠣᠰᠣᠭᠠᠷ ᠬᠤᠲᠠ ᠶᠢᠨ ᠬᠠᠯᠠᠮᠰᠢᠯ | ᠤᠲᠠᠰᠤ 12345 ᠳᠤ ᠰᠢᠭᠤᠳ ᠬᠠᠷᠢᠭᠤ ᠥᠭᠬᠦ ᠬᠡᠷᠡᠭᠲᠡᠶ᠃ ᠲᠡᠷᠡᠴᠢᠯᠡᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠶ᠎ᠠ ᠬᠤᠰᠢᠭᠤ ᠲᠣᠭᠤᠷᠢᠭ ᠤᠨ ᠬᠠᠯᠠᠮᠰᠢᠯ | ᠤᠲᠠᠰᠤ 12345 ᠶᠢᠨ ᠠᠵᠢᠯ ᠤᠨ ᠥᠷᠲᠡᠭᠡ ᠳᠤ ᠳᠠᠮᠵᠢᠭᠤᠯᠵᠤ᠂ ᠬᠤᠰᠢᠭᠤ ᠲᠣᠭᠤᠷᠢᠭ ᠤᠨ ᠬᠠᠯᠠᠮᠰᠢᠯ ᠤᠲᠠᠰᠤ 12345 ᠶᠢᠨ ᠠᠵᠢᠯ ᠤᠨ ᠥᠷᠲᠡᠭᠡ ᠠᠴᠠ | ᠬᠢᠨᠠᠨ ᠬᠠᠷᠭᠤᠭᠤᠯᠤᠭᠠᠳ ᠠᠯᠳᠠᠭ᠎ᠠ ᠥᠬᠡᠶ ᠪᠣᠯ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠤᠲᠠ ᠶᠢᠨ ᠬᠠᠯᠠᠮᠰᠢᠯ ᠤᠲᠠᠰᠤ 12345 ᠳᠤ ᠬᠠᠷᠢᠭᠤᠯᠬᠤ ᠶᠢᠨ | ᠬᠠᠮᠲᠤ ᠰᠢᠢᠳᠪᠦᠷᠢᠯᠡᠭᠰᠡᠨ ᠪᠠᠶᠢᠳᠠᠯ ᠳᠠᠭᠠᠨ ᠬᠠᠷᠢᠭᠤᠴᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠬᠠᠷᠢᠭᠤ ᠰᠣᠷᠪᠤᠯᠵᠢᠯᠠᠯ᠃ ᠬᠠᠯᠠᠮᠰᠢᠯ ᠤᠲᠠᠰᠤ 12345 ᠨᠢ ᠳᠠᠭᠠᠭᠠᠨ ᠭᠦᠢᠴᠡᠳᠬᠡᠬᠦ ᠨᠢᠭᠡᠴᠡ ᠶᠢᠨ ᠬᠠᠷᠢᠭᠤ ᠲᠤᠰᠬᠠᠭᠰᠠᠨ | ᠦᠷ᠎ᠡ ᠳ᠋ᠦᠩ ᠢ ᠣᠯᠤᠭᠰᠠᠨ ᠤ ᠳᠠᠷᠠᠭ᠎ᠠ᠂ ᠤᠲᠠᠰᠤ᠂ ᠣᠬᠤᠷ ᠮᠡᠳᠡᠭᠡ᠂ ᠸᠢᠴᠠᠲ᠂ ᠡᠯᠧᠺᠲᠷᠣᠨ ᠢᠮᠧᠯ ᠵᠡᠷᠭᠡ ᠠᠷᠭ᠎ᠠ ᠮᠠᠶ᠋ᠢᠭ ᠪᠤᠶᠤ ᠤᠶᠤᠯᠢᠭ ᠭᠠᠳᠠᠭᠰᠢ | ᠳᠠᠭᠤᠳᠠᠬᠤ ᠴᠢᠳᠠᠮᠵᠢ ᠪᠠᠷ ᠳᠠᠮᠵᠢᠭᠤᠯᠤᠨ ᠤᠲᠠᠰᠤ ᠢᠷᠡᠭᠦᠯᠦᠭᠰᠡᠨ ᠬᠥᠮᠦᠨ ᠢ ᠨᠢᠭᠡ ᠨᠢᠭᠡ ᠪᠠᠷ ᠬᠠᠷᠢᠭᠤ ᠰᠤᠷᠪᠤᠯᠵᠢᠯᠠᠵᠤ᠂ ᠳᠠᠭᠠᠭᠠᠨ ᠭᠦᠢᠴᠡᠳᠬᠡᠬᠦ ᠨᠢᠭᠡᠴᠡ ᠶᠢᠨ | ᠬᠠᠷᠢᠭᠤ ᠲᠤᠰᠬᠠᠭᠰᠠᠨ ᠦᠷ᠎ᠡ ᠳ᠋ᠦᠩ ᠢ ᠤᠶᠢᠯᠠᠭᠠᠨ ᠬᠠᠷᠭᠤᠭᠤᠯᠬᠤ ᠶᠢᠨ ᠬᠠᠮᠲᠤ ᠰᠠᠶᠢᠨ ᠪᠠ ᠠᠨᠠᠢ ᠶᠢᠨ ᠦᠨᠡᠯᠡᠯᠲᠡ ᠬᠢᠵᠦ᠂ ᠬᠠᠯᠠᠮᠰᠢᠯ ᠤᠲᠠᠰᠤᠨ ᠤ | ᠲᠠᠪᠴᠠᠩ ᠳᠤ ᠬᠠᠷᠢᠭᠤ ᠰᠤᠷᠪᠤᠯᠵᠢᠯᠠᠭᠰᠠᠨ ᠦᠷ᠎ᠡ ᠳ᠋ᠦᠩ ᠢ ᠪᠣᠳᠠᠲᠠᠶ ᠪᠠᠷ ᠲᠡᠮᠳᠡᠭᠯᠡᠵᠦ ᠬᠠᠳᠠᠭᠠᠯᠠᠨ᠎ᠠ᠃ ᠨᠢᠭᠡ ᠬᠠᠭᠤᠳᠠᠰᠤ ᠶᠢ ᠣᠯᠠᠨᠲᠠ ᠲᠣᠮᠢᠯᠠᠭᠰᠠᠨ | ᠡᠯᠧᠺᠲᠷᠣᠨ ᠠᠵᠢᠯ ᠤᠨ ᠬᠠᠭᠤᠳᠠᠰᠤ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠭᠤ ᠲᠤᠰᠬᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ | ᠬᠠᠷᠢᠭᠤ ᠰᠤᠷᠪᠤᠯᠵᠢᠯᠠᠨ᠎ᠠ᠃ ᠬᠠᠷᠢᠭᠤ ᠰᠤᠷᠪᠤᠯᠵᠢᠯᠠᠬᠤ ᠴᠠᠭ ᠢ ᠨᠢᠭᠡ ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠬᠠᠷᠢᠭᠤ ᠰᠤᠷᠪᠤᠯᠵᠢᠯᠠᠬᠤ | ᠨᠤᠷᠮ᠎ᠠ ᠶᠢ ᠵᠠᠭᠤᠨ ᠤ ᠵᠠᠭᠤ ᠳᠤ ᠬᠦᠷᠭᠡᠬᠦ ᠪᠠᠷ ᠱᠠᠭᠠᠷᠳᠠᠨ᠎ᠠ᠃ | ᠬᠤᠷᠢᠨ ᠬᠤᠶᠠᠳᠤᠭᠠᠷ ᠵᠦᠢᠯ ᠱᠠᠭᠠᠷᠳᠠᠨ ᠭᠦᠢᠴᠡᠣᠡᠭᠡᠭᠦ᠃ ᠬᠠᠯᠠᠮᠰᠢᠯ ᠤᠲᠠᠰᠤ 12345 ᠶᠢᠨ ᠪᠣᠶ ᠪᠥᠬᠦᠶ ᠤᠴᠢᠷ ᠶᠠᠪᠤᠳᠠᠯ ᠢ ᠭᠦᠢᠴᠡᠳᠬᠡᠭᠰᠡᠨ ᠶᠠᠪᠤᠴᠠ | ᠵᠢᠴᠢ ᠦᠷ᠎ᠡ ᠳ᠋ᠦᠩ ᠳᠤ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠭᠤᠶᠤᠴᠢᠯᠠᠭᠴᠢ ᠶᠢ ᠬᠠᠷᠢᠭᠤ ᠰᠤᠷᠪᠤᠯᠵᠢᠯᠠᠬᠤ ᠪᠠᠷ ᠳᠡᠮᠵᠢᠨ ᠬᠠᠨᠤᠮᠵᠢ ᠥᠬᠡᠶ᠂ | ᠲᠦᠢᠯᠪᠤᠷᠢᠲᠠᠶ ᠰᠢᠢᠳᠪᠦᠷᠢᠯᠡᠭᠰᠡᠨ ᠥᠬᠡᠶ ᠤᠴᠢᠷ ᠶᠠᠪᠤᠳᠠᠯ ᠳᠤ ᠡᠯᠧᠺᠲᠷᠣᠨ ᠠᠵᠢᠯ ᠤᠨ ᠬᠠᠭᠤᠳᠠᠰᠤ ᠶᠢ ᠳᠠᠬᠢᠨᠲᠠ ᠲᠣᠮᠢᠯᠠᠬᠤ ᠪᠤᠶᠤ ᠪᠠᠶᠢᠳᠠᠯ ᠢ ᠨᠢ ᠦᠵᠡᠵᠦ | ᠪᠠᠶᠢᠭᠠᠳ ᠰᠢᠰᠲ᠋ᠧᠮ ᠢᠶᠠᠷ᠂ ᠤᠲᠠᠰᠤ ᠪᠠᠷ᠂ ᠪᠢᠴᠢᠭ ᠢᠶᠠᠷ᠂ ᠬᠤᠷᠠᠯ ᠢᠶᠠᠷ᠂ ᠲᠤᠬᠠᠶ ᠶᠢᠨ ᠲᠠᠯᠠᠪᠤᠷ ᠲᠤᠨᠢ ᠪᠠ ᠪᠣᠯᠵᠣᠨ ᠶᠠᠷᠢᠯᠴᠠᠵᠤ ᠱᠠᠭᠠᠷᠳᠠᠨ ᠭᠦᠢᠴᠡᠣᠡᠭᠡᠭᠦ | ᠵᠡᠷᠭᠡ ᠠᠷᠭ᠎ᠠ ᠮᠠᠶ᠋ᠢᠭ ᠶᠢ ᠠᠪᠴᠤ ᠭᠦᠢᠴᠡᠳᠬᠡᠨ᠎ᠡ᠃ ᠲᠤᠬᠠᠶ ᠶᠢᠨ ᠲᠠᠯᠠᠪᠤᠷ ᠲᠤ ᠱᠠᠭᠠᠷᠳᠠᠨ ᠭᠦᠢᠴᠡᠣᠡᠭᠡᠭᠦ ᠳᠤ ᠬᠠᠮᠢᠶ᠎ᠠ ᠪᠥᠬᠦᠶ ᠵᠠᠭᠤᠴᠢᠯᠠᠭᠤᠷ ᠢ ᠤᠷᠢᠨ | ᠣᠷᠣᠯᠴᠠᠭᠤᠯᠵᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠤᠨ᠎ᠠ᠃ ᠳᠠᠭᠠᠭᠠᠨ ᠭᠦᠢᠴᠡᠳᠬᠡᠬᠦ ᠵᠦᠢᠯᠡᠰ ᠢ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ ᠳᠠᠩᠰᠠ ᠡᠪᠬᠡᠮᠡᠯ ᠳᠤ ᠣᠷᠣᠭᠤᠯᠬᠤ ᠬᠡᠪᠴᠢᠶᠡᠨ ᠳᠤ ᠰᠢᠰᠲ᠋ᠧᠮ ᠤᠨ | ᠠᠦ᠋ᠲ᠋ᠣ᠋ ᠲᠥᠷᠥᠯ ᠬᠤᠪᠢᠶᠠᠨ ᠬᠠᠳᠠᠭᠠᠯᠠᠬᠤ ᠪᠠ ᠴᠠᠭᠠᠰᠤᠨ ᠪᠢᠴᠢᠭ ᠮᠠᠲ᠋ᠧᠷᠢᠶᠠᠯ ᠢ ᠬᠠᠳᠠᠭᠠᠯᠠᠬᠤ᠂ ᠣᠯᠠᠨ ᠲᠦᠮᠡᠨ ᠤ ᠤᠲᠠᠰᠤ ᠢᠷᠡᠭᠦᠯᠦᠭᠰᠡᠨ ᠳᠠᠭᠤ ᠰᠢᠩᠭᠡᠭᠡᠯᠲᠡ᠂ | ᠡᠯᠧᠺᠲᠷᠣᠨ ᠠᠵᠢᠯ ᠤᠨ ᠬᠠᠭᠤᠳᠠᠰᠤ ︵ᠰᠢᠯᠵᠢᠭᠦᠯᠦᠨ ᠭᠦᠢᠴᠡᠳᠬᠡᠭᠰᠡᠨ ᠪᠢᠴᠢᠭ ᠮᠠᠲ᠋ᠧᠷᠢᠶᠠᠯ᠂ ᠬᠠᠷᠢᠭᠤ ᠲᠤᠰᠬᠠᠭᠰᠠᠨ ᠮᠠᠲ᠋ᠧᠷᠢᠶᠠᠯ︶᠂ ᠤᠳᠤᠷᠢᠳᠤᠯᠭ᠎ᠠ ᠶᠢᠨ | ᠴᠣᠬᠤᠯᠠᠪᠤᠷᠢ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ᠂ ᠲᠤᠰᠬᠠᠢ ᠮᠡᠳᠡᠭᠡ᠂ ᠲᠣᠪᠴᠢ ᠮᠡᠳᠡᠭᠡ᠂ ᠡᠳᠦᠷ ᠤᠨ ᠮᠡᠳᠡᠭᠡ᠂ | ᠭᠠᠷᠠᠭ ᠤᠨ ᠮᠡᠳᠡᠭᠡ᠂ ᠰᠠᠷ᠎ᠠ ᠶᠢᠨ ᠮᠡᠳᠡᠭᠡ ᠵᠢᠴᠢ ᠪᠤᠰᠤᠳ ᠬᠠᠳᠠᠭᠠᠯᠠᠬᠤ ᠥᠷᠲᠡᠭ ᠪᠦᠬᠦᠢ ᠪᠢᠴᠢᠭ ᠮᠠᠲ᠋ᠧᠷᠢᠶᠠᠯ ᠢ ᠪᠠᠭᠲᠠᠭᠠᠨ᠎ᠠ᠃ ᠳᠠᠩᠰᠠ ᠡᠪᠬᠡᠮᠡᠯ ᠳᠤ | ᠣᠷᠣᠭᠤᠯᠬᠤ ᠠᠵᠢᠯ ᠳᠤ ᠣᠯᠠᠨ ᠲᠦᠮᠡᠨ ᠤ ᠪᠠᠢᠴᠠᠭᠠᠨ ᠯᠠᠪᠯᠠᠬᠤ ᠳᠤ ᠳᠥᠭᠦᠮ ᠪᠠᠶᠢᠯᠭᠠᠬᠤ ᠵᠠᠷᠴᠢᠮ ᠢ ᠵᠢᠷᠤᠮᠯᠠᠨ᠎ᠠ᠃ | ᠲᠠᠪᠤᠳᠤᠭᠠᠷ ᠪᠦᠯᠦᠭ ᠮᠡᠳᠡᠯᠭᠡ ᠶᠢᠨ ᠬᠥᠮᠥᠷᠭᠡ | ᠬᠤᠷᠢᠨ ᠳᠥᠷᠪᠡᠳᠦᠭᠡᠷ ᠵᠦᠢᠯ ᠬᠤᠲᠠ ᠶᠢᠨ ᠬᠠᠯᠠᠮᠰᠢᠯ ᠤᠲᠠᠰᠤ 12345 ᠨᠢ ︽ᠡᠷᠬᠡ ᠰᠦᠷ ᠲᠠᠢ ᠪᠥᠭᠡᠳ ᠣᠨᠣᠪᠴᠢᠲᠠᠶ᠂ ᠪᠠᠷᠢᠮᠵᠢᠶ᠎ᠠ ᠨᠢ | ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠤᠨ | ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠳᠠᠭᠠᠭᠠᠨ ᠭᠦᠢᠴᠡᠳᠭᠡᠬᠦ ᠨᠢᠭᠡᠴᠡ ᠨᠢ ᠮᠡᠳᠡᠯᠭᠡ ᠶᠢᠨ ᠬᠥᠮᠥᠷᠭᠡ ᠶᠢᠨ ᠠᠭᠤᠯᠭ᠎ᠠ ᠶᠢ ᠳᠡᠭᠡᠭᠰᠢ ᠳᠠᠮᠵᠢᠭᠤᠯᠬᠤ᠂ | ᠬᠠᠷᠭᠤᠭᠤᠯᠬᠤ᠂ ᠰᠢᠨᠡᠳᠬᠡᠬᠦ ᠪᠠ ᠬᠠᠮᠠᠭᠠᠯᠠᠬᠤ ᠶᠢ ᠬᠠᠷᠢᠭᠤᠴᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ | ᠥᠭᠬᠦ ᠪᠠᠷᠢᠮᠵᠢᠶ᠎ᠠ ᠶᠢ ᠴᠠᠭ ᠲᠤᠬᠠᠶ ᠳᠤᠨᠢ ᠬᠦᠷᠭᠡᠨ᠎ᠡ᠃ | ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠦᠭᠦᠳ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠷᠢᠭᠤᠴᠠᠬᠤ ᠰᠠᠯᠠᠭ᠎ᠠ ︵ᠲᠠᠰᠤᠭ︶ ᠪᠣᠯᠤᠨ | ᠬᠠᠷᠢᠭᠤᠴᠠᠯᠭᠠᠲᠠᠨ ᠢᠶᠠᠨ ᠲᠣᠳᠣᠷᠬᠠᠶᠢᠯᠠᠵᠤ᠂ ᠲᠣᠰ ᠨᠢᠭᠡᠴᠡ ᠶᠢᠨ ᠢᠶᠠᠨ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢᠨ ᠠᠵᠢᠯ ᠢ ᠬᠠᠷᠢᠭᠤᠴᠠᠵᠤ᠂ | ᠠᠭᠤᠯᠭ᠎ᠠ ᠶᠢᠨ ᠪᠥᠬᠦ ᠲᠠᠯᠠᠲᠤ ᠴᠢᠨᠠᠷ᠂ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠤ ᠮᠡᠳᠡᠯᠭᠡ ᠶᠢᠨ ᠬᠥᠮᠦᠷᠭᠡ ᠯᠦᠭᠡ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ ᠪᠠ | ᠵᠡᠷᠭᠡᠪᠡᠷ ᠰᠢᠨᠡᠳᠬᠡᠬᠦ ᠶᠢ ᠴᠢᠩᠭᠠᠳᠬᠠᠵᠤ᠂ ᠬᠠᠯᠠᠮᠰᠢᠯ ᠤᠲᠠᠰᠤ 12345 ᠶᠢᠨ ᠮᠡᠳᠡᠯᠭᠡ ᠶᠢᠨ ᠬᠥᠮᠥᠷᠭᠡ ᠶᠢ ᠦᠨᠳᠦᠰᠦᠨ ᠱᠠᠲᠤᠨ ᠤ ᠠᠵᠢᠯᠲᠠᠨ ᠪᠠ ᠨᠡᠶᠢᠭᠡᠮ ᠳᠤ | ᠴᠢᠯᠥᠭᠡᠲᠡᠶ ᠨᠡᠭᠡᠭᠡᠬᠦ ᠶᠢ ᠠᠬᠢᠭᠤᠯᠵᠤ᠂ ᠥᠪᠡᠰᠦᠪᠡᠨ ᠪᠠᠶᠢᠴᠠᠭᠠᠵᠤ ᠯᠠᠪᠯᠠᠬᠤ ᠦᠢᠯᠡᠴᠢᠯᠡᠭᠡ ᠶᠢ ᠥᠷᠭᠡᠳᠬᠡᠨ᠎ᠡ᠃ | | ᠵᠢᠷᠭᠤᠳᠤᠭᠠᠷ ᠪᠦᠯᠦᠭ ᠠᠵᠢᠯ ᠤᠨ ᠳᠦᠷᠢᠮ | ᠬᠤᠷᠢᠨ ᠲᠠᠪᠤᠳᠤᠭᠠᠷ ᠵᠦᠢᠯ ᠵᠢᠵᠢᠭᠦᠷᠯᠡᠬᠦ ᠳᠦᠷᠢᠮ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠵᠢᠵᠢᠭᠦᠷᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ | ᠤᠲᠠᠰᠤ ᠠᠪᠬᠤ ᠬᠥᠮᠦᠨ ᠲᠠᠢ᠂ ᠬᠡᠷᠡᠭ ᠶᠠᠪᠤᠳᠠᠯ ᠢ ᠰᠢᠢᠳᠪᠦᠷᠢᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ ᠬᠠᠯᠠᠮᠰᠢᠯ ᠤᠲᠠᠰᠤ 12345 ᠶᠢᠨ ᠠᠵᠢᠯ ᠤᠨ | ᠬᠡᠪ ᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ ᠲᠣᠰ ᠨᠢᠭᠡᠴᠡ ᠶᠢᠨ ᠢᠶᠠᠨ ᠵᠢᠵᠢᠭᠦᠷᠯᠡᠬᠦ | ᠠᠷᠭ᠎ᠠ ᠮᠠᠶ᠋ᠢᠭ᠂ ᠠᠵᠢᠯᠲᠠᠨ ᠵᠢᠴᠢ ᠬᠠᠷᠢᠯᠴᠠᠬᠤ ᠤᠲᠠᠰᠤ ᠶᠢ ᠬᠤᠲᠠ ᠶᠢᠨ ᠬᠠᠯᠠᠮᠰᠢᠯ ᠤᠲᠠᠰᠤ 12345 ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠲᠡᠷᠡᠴᠢᠯᠡᠨ ᠳᠠᠭᠠᠭᠠᠨ ᠭᠦᠢᠴᠡᠳᠬᠡᠬᠦ ᠨᠢᠭᠡᠴᠡ ᠶᠢᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠳ ᠬᠠᠯᠠᠮᠰᠢᠯ ᠣᠳᠠᠰᠣ 12345 ᠶᠢᠨ ᠰᠢᠯᠵᠢᠮᠡᠯ | ᠠᠯᠪᠠᠯᠠᠬᠤ ᠲᠠᠪᠴᠠᠩ ᠢ ᠬᠡᠷᠡᠭᠯᠡᠨ ᠬᠤᠯᠪᠣᠭᠳᠠᠯ ᠪᠥᠬᠦᠶ ᠵᠦᠢᠯᠡᠰ ᠢ ᠭᠥᠯᠢᠶᠡᠨ ᠠᠪᠬᠤ ᠶᠢᠨ ᠬᠠᠮᠲᠤ ᠰᠢᠢᠳᠪᠦᠷᠢᠯᠡᠵᠦ᠂ ᠰᠦᠯᠵᠢᠶᠡᠨ ᠳᠡᠭᠡᠷᠡᠬᠢ ᠬᠠᠷᠢᠯᠴᠠᠭ᠎ᠠ | ᠬᠤᠯᠪᠣᠭ᠎ᠠ ᠬᠤᠷᠢᠨ ᠳᠥᠷᠪᠡᠨ ᠴᠠᠭ ᠢᠶᠠᠷ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | ᠬᠤᠷᠢᠨ ᠵᠢᠷᠭᠤᠳᠤᠭᠠᠷ ᠵᠦᠢᠯ ᠬᠠᠷᠢᠭᠤᠴᠠᠯᠭ᠎ᠠ ᠶᠢᠨ ᠳᠥᠷᠢᠮ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠦᠭᠦᠳ ᠳᠣᠲᠣᠭᠠᠳᠤ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠭᠤᠤᠯᠴᠢᠯᠠᠨ ᠬᠠᠮᠢᠶᠠᠷᠬᠤ ᠤᠳᠤᠷᠢᠳᠤᠯᠭ᠎ᠠ᠂ ᠳᠠᠭᠠᠭᠠᠨ ᠭᠦᠢᠴᠡᠳᠬᠡᠬᠦ ᠠᠵᠢᠯᠲᠠᠨ ᠪᠣᠯᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯ ᠤᠨ ᠲᠠᠯ᠎ᠠ ᠪᠠᠷ ᠠᠯᠪᠠ ᠬᠠᠰᠢᠵᠤ ᠠᠮᠠ | ᠪᠥᠭᠯᠡᠬᠦ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠰᠢᠢᠳᠪᠦᠷᠢᠯᠡᠭᠰᠡᠨ ᠨᠢ ᠵᠦᠶ ᠵᠣᠬᠢᠰ ᠥᠬᠡᠶ᠂ ᠬᠠᠷᠢᠯᠴᠠᠨ ᠲᠦᠯᠬᠢᠯᠴᠡᠭᠰᠡᠨ ᠠᠴᠠ ᠪᠣᠯᠵᠣ | ᠬᠠᠯᠠᠮᠰᠢᠯ ᠣᠳᠠᠰᠣ 12345 ᠶᠢᠨ ᠠᠵᠢᠯ ᠢ ᠤᠳᠠᠭᠠᠰᠢᠷᠠᠭᠤᠯᠤᠭᠰᠠᠨ ᠠᠴᠠ ᠪᠤᠯᠵᠤ᠂ ᠣᠯᠠᠨ ᠲᠦᠮᠡᠨ ᠨᠡᠯᠢᠶᠡᠳ ᠶᠡᠭᠡ ᠰᠠᠨᠠᠯ ᠲᠠᠢ ᠪᠤᠶᠤ ᠬᠦᠨᠳᠦ ᠨᠣᠴᠢᠲᠠᠶ | ᠦᠷ᠎ᠡ ᠳ᠋ᠦᠩ ᠭᠠᠷᠭᠠᠭᠰᠠᠨ ᠨᠢᠭᠡᠴᠡ ᠪᠠ ᠰᠠᠯᠠᠭ᠎ᠠ ᠮᠥᠴᠢᠷ ᠪᠦᠬᠦᠨ ᠢ ᠬᠠᠯᠠᠮᠰᠢᠯ ᠣᠳᠠᠰᠣ 12345 ᠶᠢᠨ ᠠᠵᠢᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠃ | ᠬᠤᠷᠢᠨ ᠳᠣᠯᠣᠳᠤᠭᠠᠷ ᠵᠦᠢᠯ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠬᠤ ᠳᠦ᠋ᠷᠢᠮ᠃ ᠳᠠᠭᠠᠭᠠᠨ ᠭᠦᠢᠴᠡᠳᠬᠡᠬᠦ ᠨᠢᠭᠡᠴᠡ ᠨᠢ ᠤᠰᠤ᠂ ᠴᠠᠬᠢᠯᠭᠠᠨ᠂ ᠰᠢᠲᠠᠮᠠᠬᠠᠢ | ᠬᠡᠢ ᠶᠢ ᠵᠣᠭᠰᠣᠭᠠᠬᠤ᠂ ᠳᠤᠯᠠᠭᠠᠯᠠᠭ᠎ᠠ ᠶᠢ ᠵᠣᠭᠰᠣᠭᠠᠬᠤ᠂ ᠵᠠᠮ ᠰᠡᠯᠪᠢᠨ ᠵᠠᠰᠠᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠥᠭᠡᠷᠡᠴᠢᠯᠡᠬᠦ᠂ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠬᠢᠬᠦ᠂ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠠᠳᠠᠯ ᠵᠡᠷᠭᠡ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠮᠡᠳᠡᠭᠦᠯᠦᠨ ᠳᠠᠩᠰᠠᠯᠠᠭᠤᠯᠤᠨ᠎ᠠ᠃ | ᠬᠤᠷᠢᠨ ᠨᠠᠢᠮᠠᠳᠤᠭᠠᠷ ᠵᠦᠢᠯ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠡᠯᠡᠬᠦ ᠲᠦᠷᠢᠮ ᠃ ᠬᠤᠲᠠ ᠶᠢᠨ ᠬᠠᠯᠠᠮᠰᠢᠯ ᠣᠳᠠᠰᠣ 12345 | ᠲᠣᠭᠲᠠᠮᠠᠯ ᠬᠤᠭᠤᠴᠠᠭ᠎ᠠ ᠲᠠᠢ ᠪᠠᠷ ᠲᠣᠪᠴᠢ ᠮᠡᠳᠡᠭᠡ᠂ ᠡᠳᠦᠷ ᠤᠨ ᠮᠡᠳᠡᠭᠡ᠂ ᠭᠠᠷᠠᠭ ᠤᠨ ᠮᠡᠳᠡᠭᠡ᠂ ᠰᠠᠷ᠎ᠠ ᠶᠢᠨ ᠮᠡᠳᠡᠭᠡ ᠵᠡᠷᠭᠡ ᠬᠡᠯᠪᠡᠷᠢ ᠪᠠᠷ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠳᠠᠭᠠᠭᠠᠨ ᠭᠦᠢᠴᠡᠳᠭᠡᠬᠦ ᠨᠢᠭᠡᠴᠡ ᠳᠤ ᠬᠠᠯᠠᠮᠰᠢᠯ ᠣᠳᠠᠰᠣ | 12345 ᠠᠵᠢᠯ ᠢᠶᠠᠨ ᠭᠦᠢᠴᠡᠳᠬᠡᠭᠰᠡᠨ ᠪᠠᠶᠢᠳᠠᠯ ᠵᠢᠴᠢ ᠰᠢᠯᠭᠠᠨ ᠬᠢᠨᠠᠯᠲᠠ ᠶᠢᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠮᠡᠳᠡᠭᠳᠡᠨ᠎ᠡ᠃ | ᠬᠤᠷᠢ ᠶᠢᠰᠦᠳᠦᠭᠡᠷ ᠵᠦᠢᠯ ᠠᠮᠤᠷ ᠲᠦ᠋ᠪᠰᠢᠨ ᠤ ᠨᠢᠬᠤᠴᠠ ᠶᠢ ᠬᠠᠮᠠᠬᠠᠯᠠᠬᠤ ᠳᠥᠷᠢᠮ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ ᠠᠵᠢᠯᠲᠠᠳ | ᠬᠠᠯᠠᠮᠰᠢᠯ ᠣᠳᠠᠰᠣ 12345 ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ | ᠂ ᠤᠯᠤᠰ ᠤᠨ ᠨᠢᠭᠤᠴᠠ ᠶᠢ ᠬᠠᠮᠠᠭᠠᠯᠠᠵᠤ᠂ ᠭᠤᠶᠤᠴᠢᠯᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠶᠢ ᠴᠢᠩᠳᠠᠯᠠᠵᠤ᠂ ᠶᠠᠮᠠᠷᠪᠠ | ᠨᠢᠭᠡᠴᠡ ᠭᠡᠳ ᠭᠤᠷᠪᠠᠳᠠᠬᠢ ᠡᠲᠡᠭᠡᠳ ᠲᠤ ᠭᠤᠶᠤᠴᠢᠯᠠᠭᠴᠢ ᠶᠢᠨ ᠮᠡᠳᠡᠭᠡ ᠵᠠᠩᠭᠢ ᠶᠢ ᠬᠠᠩᠭᠠᠨ ᠥᠭᠴᠦ ᠪᠣᠯᠬᠤ ᠥᠬᠡᠶ᠃ ᠬᠤᠲᠠ ᠶᠢᠨ ᠬᠠᠯᠠᠮᠰᠢᠯ ᠣᠳᠠᠰᠣ | 12345 ᠶᠢᠨ ᠵᠥᠪᠰᠢᠶᠡᠷᠡᠯ ᠢ ᠳᠠᠮᠵᠢᠭᠰᠠᠨ ᠥᠬᠡᠶ ᠪᠣᠯ ᠭᠠᠳᠠᠭᠰᠢ ᠣᠯᠠᠨ ᠲᠦᠮᠡᠨ ᠤ ᠬᠦᠰᠡᠯ ᠱᠠᠭᠠᠷᠳᠠᠯᠭ᠎ᠠ᠂ ᠰᠠᠨᠠᠯ᠂ ᠰᠠᠨᠠᠭᠤᠯᠭ᠎ᠠ ᠶᠢᠨ ᠠᠭᠤᠯᠭ᠎ᠠ ᠪᠠ ᠬᠤᠪᠢ | ᠬᠥᠮᠦᠨ ᠤ ᠣᠪᠣᠭ ᠨᠡᠷ᠎ᠡ᠂ ᠤᠲᠠᠰᠤ᠂ ᠬᠠᠶ᠋ᠢᠭ᠂ IP ︵ᠰᠦᠯᠵᠢᠶᠡᠨ ᠤ ᠬᠠᠷᠢᠯᠴᠠᠨ ᠬᠤᠯᠪᠣᠭᠠᠯᠠᠬᠤ ᠬᠡᠯᠡᠯᠴᠡᠭᠡᠷ︶ ᠬᠠᠶ᠋ᠢᠭ ᠵᠡᠷᠭᠡ ᠢᠯᠡ ᠪᠣᠯᠭᠠᠬᠤ ᠳᠤ ᠳᠣᠬᠢᠷᠠᠬᠤ | ᠥᠬᠡᠶ ᠮᠡᠳᠡᠭᠡ ᠵᠠᠩᠭᠢ ᠵᠢᠴᠢ ᠬᠠᠯᠠᠮᠰᠢᠯ ᠣᠳᠠᠰᠣ 12345 ᠶᠢᠨ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ᠂ ᠲᠤᠭ᠎ᠠ ᠪᠦᠷᠢᠳᠬᠡᠯ ᠤᠨ ᠳ᠋ᠠᠶᠢᠲ᠋ᠠ ᠵᠡᠷᠭᠡ ᠶᠢ | ᠬᠠᠩᠭᠠᠨ ᠨᠡᠶᠢᠲᠡᠯᠡᠵᠦ ᠪᠣᠯᠬᠤ ᠥᠬᠡᠶ᠃ | | ᠳᠣᠯᠣᠳᠤᠭᠠᠷ ᠪᠦᠯᠦᠭ ᠬᠢᠨᠠᠨ ᠰᠢᠯᠭᠠᠵᠤ ᠦᠨᠡᠯᠡᠬᠦ | ᠭᠤᠴᠢᠳᠤᠭᠠᠷ ᠵᠦᠢᠯ ᠬᠢᠨᠠᠨ ᠰᠢᠯᠭᠠᠬᠤ᠃ ᠬᠠᠯᠠᠮᠰᠢᠯ ᠣᠳᠠᠰᠣ 12345 ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠬᠤ ᠶᠢᠨ | ᠲᠥᠯᠥᠭᠡ᠂ ᠬᠤᠲᠠ ᠶᠢᠨ ᠬᠠᠯᠠᠮᠰᠢᠯ ᠣᠳᠠᠰᠣ 12345 ᠨᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠳᠤ ᠰᠠᠷ᠎ᠠ ᠪᠠ ᠣᠨ ᠤ ᠬᠢᠨᠠᠨ ᠰᠢᠯᠭᠠᠯᠲᠠ ᠬᠢᠨ᠎ᠠ᠃ | ᠰᠠᠷ᠎ᠠ ᠶᠢᠨ ᠰᠢᠯᠭᠠᠨ ᠬᠢᠨᠠᠯᠳᠠ ᠳᠤ ᠳᠠᠭᠠᠯᠲᠠ ᠬᠢᠭᠰᠡᠨ ᠨᠤᠷᠮ᠎ᠠ᠂ ᠰᠢᠢᠳᠪᠦᠷᠢᠯᠡᠭᠰᠡᠨ ᠨᠤᠷᠮ᠎ᠠ᠂ ᠬᠠᠨᠤᠮᠵᠢ ᠶᠢᠨ ᠨᠤᠷᠮ᠎ᠠ ᠪᠠᠷ ᠭᠤᠤᠯ ᠬᠦᠢᠴᠡᠳᠭᠡᠯ ᠲᠤᠭ᠎ᠠ | ᠪᠤᠯᠭᠠᠭᠰᠠᠨ ᠭᠤᠷᠪᠠᠨ ᠨᠤᠷᠮ᠎ᠠ ᠶᠢᠨ ᠠᠵᠢᠯ ᠤᠨ ᠠᠮᠵᠢᠯᠳᠠ ᠪᠦᠳᠤᠮᠵᠢ ᠶᠢ ᠰᠢᠯᠭᠠᠨ ᠦᠨᠡᠯᠡᠬᠦ ᠲᠣᠭᠲᠠᠯᠴᠠᠭ᠎ᠠ ᠶᠢ ᠪᠠᠶᠢᠭᠤᠯᠵᠤ᠂ ᠲᠡᠷᠡᠴᠢᠯᠡᠨ ᠭᠡᠷᠡᠭᠴᠡᠭᠡ ᠪᠠᠨ | ᠦᠨᠳᠤᠰᠤᠯᠡᠨ ᠴᠢᠬᠤᠯᠠ ᠪᠦᠬᠦᠢ ᠬᠤᠪᠢ ᠨᠡᠮᠡᠵᠤ ᠬᠠᠰᠤᠬᠤ ᠵᠦᠢᠯ ᠢ ᠲᠣᠬᠢᠷᠠᠭᠤᠯᠵᠤ ᠶᠠᠷᠤᠩᠬᠡᠶᠢᠯᠠᠨ ᠰᠢᠯᠭᠠᠨ ᠬᠢᠨᠠᠵᠤ᠂ ᠰᠢᠯᠭᠠᠨ ᠬᠢᠨ᠋ᠬᠠᠰᠠᠨ ᠦᠷ᠎ᠠ ᠳ᠋ᠦᠩ ᠢ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠶᠢᠨ ᠰᠠᠷ᠎ᠠ ᠶᠢᠨ ᠦᠨᠡᠯᠡᠯᠳᠠ ᠶᠢᠨ ᠭᠤᠤᠯ | ᠦᠨᠳᠤᠰᠤᠯᠠᠯ ᠪᠤᠯᠭᠠᠵᠤ᠂ ᠬᠤᠳᠠ ᠠᠴᠠ ᠬᠤᠰᠢᠭᠤ ᠲᠤᠭᠤᠷᠢᠭ᠂ ᠰᠠᠯᠠᠭ᠎ᠠ ᠮᠦᠴᠢᠷ ᠳᠠᠬᠢ ᠪᠤᠳᠠᠳᠤ ᠪᠦᠳᠤᠮᠵᠢ ᠶᠢᠨ ᠰᠢᠯᠭᠠᠨ ᠬᠢᠨᠠᠯᠲᠠ ᠳᠤ ᠣᠷᠣᠭᠤᠯᠵᠤ᠂ | ᠵᠢᠯ ᠤᠨ ᠡᠴᠤᠰ ᠤᠨ ᠰᠢᠯᠭᠠᠨ ᠬᠢᠨᠠᠯᠳᠠ ᠶᠢ ᠤᠨ ᠤ ᠰᠠᠷ᠎ᠠ ᠪᠦᠷᠢ ᠶᠢᠨ ᠰᠢᠯᠭᠠᠨ ᠬᠢᠨᠠᠯᠳᠠ ᠪᠠᠷ ᠲᠡᠭᠰᠢᠳᠭᠡᠭᠰᠡᠨ ᠳᠤᠮᠳᠠᠴᠢ ᠬᠡᠮᠵᠢᠭᠳᠡᠯ ᠢᠶᠠᠷ ᠪᠤᠳᠤᠨ᠎ᠠ᠂ ᠬᠡᠷᠪᠡ | ᠰᠢᠯᠭᠠᠨ ᠬᠢᠨᠠᠯᠳᠠ ᠶᠢᠨ ᠬᠤᠪᠢ ᠨᠢ ᠠᠳᠠᠯᠢ ᠪᠤᠯ ᠤᠴᠢᠷ ᠶᠠᠪᠤᠳᠠᠯ ᠬᠦᠢᠴᠡᠳᠭᠡᠭᠰᠡᠨ ᠶᠡᠷᠦᠩᠭᠡᠢ ᠭᠡᠮᠵᠢᠶ᠎ᠠ ᠨᠢ ᠶᠡᠭᠡ ᠨᠢᠬᠡᠴᠢ ᠶᠢ ᠡᠮᠦᠨ᠎ᠡ ᠵᠢᠭᠰᠠᠭᠠᠨ᠎ᠠ᠃ ᠵᠢᠯ ᠤᠨ | ᠡᠴᠦᠰ ᠤᠨ ᠬᠢᠨᠠᠨ ᠰᠢᠯᠭᠠᠯᠲᠠ ᠳᠤ ᠣᠯᠤᠭᠰᠠᠨ ᠬᠤᠪᠢ ᠶᠢ 50% ᠶᠢᠨ ᠬᠠᠷᠢᠴᠠᠯ ᠢᠶᠠᠷ ᠪᠥᠬᠦ ᠬᠤᠲᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠬᠢᠨᠠᠨ | ᠰᠢᠯᠭᠠᠯᠲᠠ ᠳᠤ ᠣᠷᠣᠭᠤᠯᠤᠨ᠎ᠠ᠃ ᠣᠨ ᠤ ᠰᠢᠯᠭᠠᠨ ᠬᠢᠨᠠᠯᠳᠠ ᠨᠢ ᠭᠤᠤᠯᠳᠠᠭᠤ ᠴᠢᠬᠤᠯᠠᠴᠢᠯᠠᠭᠰᠠᠨ ᠬᠡᠮᠵᠢᠶ᠎ᠡ᠂ ᠬᠦᠢᠴᠡᠳᠭᠡᠭᠰᠡᠨ ᠠᠵᠢᠯ ᠤᠨ ᠬᠡᠮᠵᠢᠶ᠎ᠡ᠂ ᠠᠵᠢᠯ ᠤᠨ | ᠦᠷ᠎ᠡ ᠪᠦᠲᠦᠮᠵᠢ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠠᠰᠠᠭ ᠤᠨ ᠶᠠᠪᠤᠳᠠᠯ ᠤᠨ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠵᠡᠷᠭᠡ ᠬᠦᠢᠴᠡᠳᠭᠡᠯ | ᠲᠤᠭ᠎ᠠ ᠶᠢᠨ ᠲᠣᠭᠤᠷᠢᠨ ᠳᠤ ᠬᠡᠮᠵᠢᠶᠡᠵᠢᠭᠦᠯᠦᠨ ᠰᠢᠯᠭᠠᠨ ᠬᠢᠨᠠᠬᠤ ᠶᠢᠨ ᠬᠠᠮᠲᠤ ᠰᠢᠯᠭᠠᠨ ᠬᠢᠨᠠᠵᠣ ᠣᠯᠣᠭᠰᠠᠨ ᠬᠤᠪᠢ ᠶᠢ 50% ᠶᠢᠨ ᠬᠠᠷᠢᠴᠠᠯ ᠢᠶᠠᠷ ᠪᠥᠬᠦ | ᠬᠤᠲᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠰᠢᠯᠭᠠᠨ ᠬᠢᠨᠠᠯᠳᠠ ᠶᠢᠨ ᠲᠣᠭᠲᠠᠯᠴᠠᠭᠠᠨ ᠳᠤ ᠣᠷᠣᠭᠤᠯᠤᠨ᠎ᠠ᠃ | | ᠨᠠᠢᠮᠠᠳᠤᠭᠠᠷ ᠪᠦᠯᠦᠭ ᠦᠷ᠎ᠡ ᠳ᠋ᠦᠩ ᠤᠨ ᠬᠡᠷᠡᠭᠯᠡᠯᠲᠡ | ᠭᠤᠴᠢᠨ ᠨᠢᠭᠡᠳᠦᠭᠡᠷ ᠵᠦᠢᠯ ᠰᠠᠷ᠎ᠠ ᠪᠦᠷᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ ᠭᠦᠢᠴᠡᠳᠬᠡᠭᠰᠡᠨ ᠪᠠᠶᠢᠳᠠᠯ ᠤᠨ ᠠᠵᠢᠯ ᠤᠨ ᠶᠠᠰᠤ ᠴᠢᠨᠠᠷ ᠵᠡᠷᠭᠡ ᠶᠢ | ᠬᠢᠨᠠᠨ ᠰᠢᠯᠭᠠᠵᠤ ᠨᠡᠷᠡᠰ ᠤᠨ ᠵᠢᠭᠰᠠᠭᠠᠯᠲᠠ ᠬᠢᠬᠦ ᠶᠢᠨ ᠬᠠᠮᠲᠤ ᠰᠠᠷ᠎ᠠ ᠪᠠᠷ ᠨᠡᠪᠲᠡᠷᠡᠭᠦᠯᠦᠨ ᠮᠡᠳᠡᠭᠡᠯᠡᠵᠦ᠂ ᠬᠢᠷᠢ ᠪᠦᠲᠦᠮᠵᠢ ᠰᠠᠶᠢᠨ ᠨᠢ ᠰᠠᠨᠠᠯ ᠢᠶᠠᠨ ᠰᠣᠯᠢᠯᠴᠠᠬᠤ | ᠶᠠᠷᠢᠶ᠎ᠠ ᠲᠠᠯᠪᠢᠵᠤ᠂ ᠬᠢᠷᠢ ᠪᠦᠲᠦᠮᠵᠢ ᠪᠠᠷ ᠪᠠᠷᠤᠭᠲᠠᠢ ᠨᠢ ᠪᠠᠶᠢᠴᠠᠭᠠᠯᠲᠠ ᠬᠢᠵᠦ ᠶᠠᠷᠢᠶ᠎ᠠ ᠲᠠᠯᠪᠢᠵᠤ᠂ ᠭᠤᠷᠪᠠᠨ ᠰᠠᠷ᠎ᠠ ᠳᠠᠷᠠᠭᠠᠯᠠᠨ ᠨᠡᠷᠡᠰ ᠤᠨ ᠵᠢᠭᠰᠠᠭᠠᠯᠲᠠ ᠶᠢᠨ | ᠰᠡᠭᠦᠯ ᠤᠨ ᠬᠤᠶᠠᠷ ᠲᠤ ᠣᠷᠣᠭᠰᠠᠨ ᠪᠠᠶᠢᠭᠤᠯᠭ᠎ᠠ ᠨᠢᠭᠡᠴᠡ ᠨᠢ ᠰᠤᠷᠲᠠᠯ ᠤᠨ ᠪᠠᠶᠢᠭᠤᠯᠤᠯᠲᠠ ᠶᠢᠨ ︽ᠪᠦᠷᠢᠶ᠎ᠡ ᠬᠤᠷᠣᠬᠠᠶ ᠶᠢᠨ ᠡᠩᠨᠡᠭᠡ︾ ᠳᠤ ᠵᠢᠭᠰᠠᠭᠠᠭᠳᠠᠬᠤ | ᠪᠥᠭᠡᠳ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ ᠪᠠᠶᠢᠭᠤᠯᠭ᠎ᠠ᠂ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠣᠯᠵᠣᠨ ᠶᠠᠷᠢᠯᠴᠠᠵᠤ ᠰᠠᠨᠠᠭᠤᠯᠤᠨ᠎ᠠ᠃ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠭᠰᠡᠨ | ᠶᠠᠰᠤ ᠴᠢᠨᠠᠷ ᠢᠶᠠᠷ ᠠᠨᠠᠢ᠂ ᠬᠠᠷᠢᠯᠴᠠᠨ ᠲᠦᠯᠬᠢᠯᠴᠡᠭᠰᠡᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠤᠶᠤ ᠮᠡᠳᠡᠭᠡ ᠵᠠᠩᠭᠢ ᠶᠢ ᠵᠠᠳᠠᠷᠠᠭᠤᠯᠤᠭᠰᠠᠨ | ᠵᠡᠷᠭᠡ ᠠᠴᠠ ᠪᠤᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠳᠠᠭᠠᠭᠠᠨ ᠭᠦᠢᠴᠡᠳᠬᠡᠬᠦ ᠨᠢᠭᠡᠴᠡ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠬᠤᠶᠠᠳᠤᠭᠠᠷ ᠵᠦᠢᠯ ᠡᠯ᠎ᠡ ᠬᠤᠰᠢᠭᠤ ᠲᠣᠭᠤᠷᠢᠭ ᠨᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠬᠠᠯᠠᠮᠰᠢᠯ ᠤᠲᠠᠰᠤ ᠶᠢᠨ | ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠲᠣᠰ ᠠᠷᠭ᠎ᠠ ᠶᠢ ᠬᠡᠷᠡᠭᠵᠢᠭᠦᠯᠬᠦ ᠳᠤᠮᠳᠠᠬᠢ ᠪᠣᠳᠠᠲᠠᠶ ᠠᠰᠠᠭᠤᠳᠠᠯ ᠢ ᠣᠷᠳᠣᠰ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠣᠷᠳᠣᠰ ᠬᠤᠲᠠ ᠶᠢᠨ | ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ12345 ᠶᠢᠨ ᠠᠵᠢᠯ ᠤᠨ ᠬᠠᠮᠢᠶᠠᠷᠤᠯᠲᠠ ᠶᠢᠨ ᠲᠣᠭᠲᠠᠭᠠᠯ ᠢ ᠨᠡᠶᠢᠲᠡᠯᠡᠬᠦ ᠲᠤᠬᠠᠶ ᠣᠷᠳᠣᠰ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2019﹈ 73 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ | ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | |