2023 ᠣᠨ ᠤ ᠤᠯᠠᠨ ᠲᠦᠮᠡᠨ ᠳᠤ ᠪᠤᠳᠠᠳᠤ ᠶᠠᠪᠤᠳᠠᠯ ᠬᠢᠬᠦ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠤᠷᠳᠤᠰ ᠵᠠᠰᠠᠭ ᠠᠯᠪᠠᠨ ᠳᠠᠷᠬᠠᠭᠠᠭᠰᠠᠨ ﹇2023﹈ 4 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2024/1/12
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠣᠷᠳᠣᠰ ᠬᠤᠲᠠ ᠶᠢᠨ 2023 ᠣᠨ ᠤ ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ ᠨᠠᠷᠢᠨ ᠬᠠᠭᠤᠳᠠᠰᠤ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠃                                                                              ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                             2023 ᠣᠨ ᠤ 2 ᠳ᠋ᠤᠭᠠᠷ ᠰᠠᠷ᠎ᠠ ᠶᠢᠨ 8 ᠤ ᠡᠳᠦᠷ ᠣᠷᠳᠣᠰ ᠬᠤᠲᠠ ᠶᠢᠨ 2023 ᠣᠨ ᠤ ᠤᠯᠠᠨ ᠲᠦᠮᠡᠨ ᠳᠤ ᠪᠤᠳᠠᠳᠤ ᠶᠠᠪᠤᠳᠠᠯ ᠬᠢᠬᠦ ᠨᠠᠷᠢᠨ ᠬᠠᠭᠤᠳᠠᠰᠤ       ᠨᠢᠭᠡ᠂ 38 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ︵30 ᠳᠤᠮᠳᠠᠳᠤ ᠪᠠᠭ᠎ᠠ ᠰᠤᠷᠭᠠᠭᠤᠯᠢ᠂ 8 ᠬᠡᠦᠬᠡᠳ ᠤᠨ ᠴᠡᠴᠡᠷᠯᠢᠭ︶ ᠰᠢᠨ᠎ᠡ  ᠪᠠᠷ ᠪᠠᠶᠢᠭᠤᠯᠬᠤ ᠪᠤᠶᠤ ᠦᠭᠡᠷᠡᠴᠢᠯᠡᠵᠦ ᠥᠷᠭᠡᠳᠬᠡᠨ ᠪᠠᠶᠢᠭᠤᠯᠵᠤ᠂ 328 ᠠᠩᠬᠢ᠂ 15120 ᠰᠤᠷᠤᠯᠭ᠎ᠠ ᠶᠢᠨ ᠤᠷᠤ᠂ 38 ᠲᠦᠮᠡᠨ ᠲᠡᠭᠰᠢ ᠳᠥᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ᠂ 18 ᠲᠦᠮᠡᠨ ᠲᠡᠭᠰᠢ ᠳᠥᠷᠪᠡᠯᠵᠢᠨ ᠮᠧᠲᠷ ᠲᠠᠮᠢᠷ ᠤᠨ ᠲᠠᠯᠠᠪᠤᠷ ᠢ ᠰᠢᠨ᠎ᠡ ᠪᠠᠷ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠬᠦᠷᠦᠯᠴᠡᠬᠦ ᠦᠭᠡᠢ᠂ ᠴᠢᠳᠠᠮᠵᠢ ᠪᠦᠷᠢᠨ ᠪᠤᠰᠤ᠂ ᠬᠡᠳᠦᠷᠡᠳᠡᠯ᠎ᠡ ᠤᠯᠠᠨ ᠠᠩᠭᠢ ᠲᠠᠢ ᠪᠠᠶᠢᠬᠤ ᠵᠡᠷᠭᠡ ᠠᠰᠠᠭᠤᠳᠠᠯ ᠢ ᠦᠷᠭᠦᠯᠵᠢᠯᠡᠨ  ᠰᠢᠢᠳᠪᠤᠷᠢᠯᠡᠨ᠎ᠡ᠃     ᠬᠡᠷᠡᠭᠵᠢᠭᠦᠯᠬᠦ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ     ᠬᠤᠶᠠᠷ᠂ ᠮᠠᠯᠵᠢᠬᠤ ᠲᠠᠷᠢᠶᠠᠯᠠᠬᠤ ᠣᠷᠣᠨ ᠵᠢᠴᠢ ᠪᠠᠭ᠎ᠠ ᠬᠡᠪᠴᠢᠶᠡᠨ ᠤ ᠰᠤᠷᠭᠠᠭᠤᠯᠢ ᠶᠢᠨ ︽ᠰᠦᠯᠵᠢᠶ᠎ᠡ ᠪᠠᠷ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠳᠡᠩᠬᠢᠮ︾ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ᠬᠡᠷᠡᠭᠵᠢᠭᠦᠯᠬᠦ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ     ᠭᠤᠷᠪᠠ᠂ ᠭᠤᠤᠯᠳᠠᠯᠭ᠎ᠠ ᠲᠠᠢ ᠬᠥᠮᠦᠰ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂  ᠪᠥᠬᠦ ᠬᠤᠲᠠ ᠶᠢᠨ 40 — 70 ᠪᠦᠬᠦᠯᠢ ᠨᠠᠰᠤᠨ ᠤ ᠪᠠᠶᠢᠩᠭᠤ ᠰᠠᠭᠤᠷᠢᠰᠢᠬᠤ ᠰᠠᠭᠤᠭᠠᠯᠢ ᠠᠷᠠᠳ ᠲᠤ ᠬᠤᠲᠣᠷᠢᠩᠬᠠᠶ ᠭᠡᠳᠡᠰᠦ ᠰᠢᠯᠤᠭᠤᠨ ᠭᠡᠳᠡᠰᠦᠨ ᠥᠮᠡᠨ ᠤ DNA ᠶᠢᠨ ᠰᠢᠭᠰᠢᠨ ᠪᠠᠶᠢᠴᠠᠭᠠᠯᠲᠠ ᠶᠢ ᠦᠨ᠎ᠡ ᠳᠦᠯᠦᠪᠦᠷᠢ ᠦᠭᠡᠢ ᠪᠠᠷ ᠥᠷᠨᠢᠭᠦᠯᠵᠦ᠂ ᠪᠥᠬᠦ ᠬᠤᠲᠠ ᠶᠢᠨ 0 — 6 ᠨᠠᠰᠤᠨ ᠤ ᠬᠡᠤᠬᠡᠳ ᠲᠤ ᠰᠠᠶ᠋ᠢ ᠲᠥᠷᠥᠭᠰᠡᠨ ᠬᠡᠤᠬᠡᠳ ᠤᠨ ᠵᠢᠷᠦᠬᠡ ᠶᠢ ᠴᠢᠩᠨᠠᠨ ᠪᠠᠶᠢᠴᠠᠭᠠᠬᠤ᠂ ᠠᠷᠠᠰᠤᠨ ᠤ ᠰᠤᠳᠠᠯ ᠤᠨ ᠯᠤᠭᠰᠢᠯᠲᠠ ᠶᠢᠨ ᠴᠢᠰᠤᠨ ᠤ ᠬᠦᠴᠢᠯᠲᠥ᠋ᠷᠥᠭᠴᠢ ᠶᠢᠨ ᠬᠠᠨᠤᠯᠲᠠ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ ᠵᠢᠴᠢ ᠵᠢᠷᠦᠬᠡᠨ ᠤ B ᠬᠡᠲᠦ ᠳᠣᠯᠭᠢᠶᠠᠨ ᠤ ᠪᠠᠶᠢᠴᠠᠭᠠᠯᠲᠠ ᠶᠢ ᠦᠨ᠎ᠡ ᠳᠦᠯᠦᠪᠦᠷᠢ ᠦᠭᠡᠢ ᠪᠠᠷ ᠥᠷᠨᠢᠭᠦᠯᠦᠨ᠎ᠡ᠃      ᠬᠡᠷᠡᠭᠵᠢᠭᠦᠯᠬᠦ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ     ᠳᠥᠷᠪᠡ᠂ ᠬᠤᠲᠠ ᠪᠠᠯᠭᠠᠰᠤᠨ ᠤ 59 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠴᠠᠬᠢᠯᠭᠠᠨ ᠱᠠᠲᠤ ᠶᠢ100 ᠠᠴᠠ ᠳᠡᠭᠡᠭᠰᠢ ᠨᠡᠮᠡᠵᠦ ᠤᠭᠰᠠᠷᠠᠨ᠎ᠠ᠃ᠬᠡᠷᠡᠭᠵᠢᠭᠦᠯᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ     ᠲᠠᠪᠤ᠂ ᠬᠤᠳᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠪᠠᠷᠢᠯᠭ᠎ᠠ ᠶᠢ ᠬᠡᠷᠡᠭᠵᠢᠭᠦᠯᠵᠦ᠂ 1198 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠪᠦᠳᠦᠭᠡᠨ  ᠪᠠᠶᠢᠭᠤᠯᠤᠨ᠎ᠠ᠃     ᠬᠡᠷᠡᠭᠵᠢᠭᠦᠯᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ     ᠵᠢᠷᠭᠤᠭ᠎ᠠ᠂ ᠪᠥᠬᠦ ᠬᠤᠲᠠ ᠶᠢᠨ ᠬᠤᠲᠠ ᠪᠠᠯᠭᠠᠰᠤ ᠵᠢᠴᠢ ᠲᠡᠭᠦᠨ ᠠᠴᠠ ᠳᠡᠭᠡᠭᠰᠢᠬᠢ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠬᠡᠮᠵᠢᠶ᠎ᠡ᠂ ᠤᠰᠤᠨ ᠤ ᠴᠢᠨᠠᠷ᠂ ᠣᠷᠴᠢᠨ ᠲᠣᠭᠤᠷᠢᠨ ᠤ ᠪᠠᠶᠢᠳᠠᠯ ᠢ ᠦᠨᠡᠯᠡᠨ ᠵᠢᠱᠢᠬᠦ ᠠᠵᠢᠯ ᠢ ᠬᠡᠷᠡᠭᠵᠢᠭᠦᠯᠵᠦ᠂ ᠤᠤᠭᠤᠬᠤ ᠤᠰᠤᠨ ᠤ ᠪᠠᠷᠢᠮᠵᠢᠶ᠎ᠠ ᠳᠤ ᠬᠦᠷᠬᠦ ᠶᠢ ᠪᠥᠬᠦ ᠶᠠᠪᠤᠴᠠ ᠳᠤ ᠬᠢᠨᠠᠨ ᠬᠠᠮᠢᠶᠠᠷᠴᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠳᠦᠪᠰᠢᠨ ᠢ ᠪᠠᠳᠤᠯᠠᠨ᠎ᠠ᠃     ᠬᠡᠷᠡᠭᠵᠢᠭᠦᠯᠬᠦ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ     ᠳᠣᠯᠤᠭ᠎ᠠ᠂ ︽ᠢᠳᠡᠭᠡᠨ ᠤᠮᠳᠠᠭᠠᠨ ᠤ ᠬᠢᠬᠦ ᠶᠠᠪᠤᠴᠠ ᠶᠢ ᠢᠯᠡ ᠪᠤᠯᠭᠠᠬᠤ ᠨᠠᠷᠠᠨ ᠭᠡᠷᠡᠯᠳᠦ︾ ᠢᠨᠵᠧᠨᠧᠷᠢᠩ ᠢ ᠬᠡᠷᠡᠭᠵᠢᠭᠦᠯᠵᠦ᠂ ᠢᠳᠡᠭᠡᠨ ᠤᠮᠳᠠᠭᠠᠨ ᠤ ᠰᠦᠯᠵᠢᠶᠡᠨ ᠤ ᠵᠠᠬᠢᠶᠠᠯᠠᠭ᠎ᠠ ᠬᠦᠷᠭᠡᠯᠭᠡ ᠶᠢᠨ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠣᠶᠤᠨᠴᠢ ᠬᠢᠨᠡᠨ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠪᠥᠬᠦ ᠬᠤᠲᠠ ᠶᠢᠨ 5112  ᠰᠦᠯᠵᠢᠶᠡᠨ ᠤ ᠵᠠᠬᠢᠶᠠᠯᠠᠭ᠎ᠠ ᠶᠢ ᠬᠦᠯᠢᠶᠡᠬᠦ ᠬᠤᠭᠤᠯᠠᠨ ᠭᠡᠷ ᠤᠨ ᠪᠤᠯᠪᠠᠰᠤᠷᠠᠭᠤᠯᠤᠨ ᠦᠢᠯᠡᠳᠬᠦ ᠪᠥᠬᠦ ᠶᠠᠪᠤᠴᠠ ᠶᠢ ᠴᠠᠭ ᠳᠠᠷᠤᠢ ᠳᠤᠨᠢ ᠢᠯᠡ ᠪᠣᠯᠭᠠᠬᠤ ᠶᠢ ᠪᠡᠶᠡᠯᠡᠭᠦᠯᠦᠨ᠎ᠡ᠃     ᠬᠡᠷᠡᠭᠵᠢᠭᠦᠯᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠲᠣᠪᠴᠢᠶ᠎ᠠ      ᠨᠠᠢᠮᠠ᠂ ᠪᠥᠬᠦ ᠬᠤᠲᠠ ᠶᠢᠨ ᠬᠡᠷ ᠲᠤ ᠪᠠᠨ ᠰᠠᠭᠤᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠬᠦᠭᠡᠷᠦᠮᠵᠢ ᠶᠢᠨ ᠴᠢᠳᠠᠮᠵᠢ ᠶᠢ ᠳᠡᠭᠡᠭᠰᠢᠯᠡᠭᠦᠯᠵᠦ᠂ ᠬᠡᠷ ᠲᠤ ᠪᠠᠨ ᠰᠠᠭᠤᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ︽ᠨᠢᠭᠡ ᠮᠥᠴᠡ︾  ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠭᠤᠷᠢᠭ ᠤᠨ ᠠᠵᠢᠯᠯᠠᠭ᠎ᠠ ᠶᠢ ᠭᠦᠨᠵᠡᠭᠡᠶ ᠪᠣᠳᠠᠲᠠᠶᠢᠵᠢᠭᠤᠯᠵᠤ᠂ 1000 ᠡᠷᠦᠬᠡ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠳᠣᠭᠢᠷᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃     ᠬᠡᠷᠡᠭᠵᠢᠭᠦᠯᠬᠦ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ      ᠶᠢᠰᠦ᠂ 300 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠬᠤᠳᠠ ᠶᠢᠨ ᠳᠣᠲᠣᠷᠠᠬᠢ ᠭᠤᠣᠯᠳᠠᠯᠭ᠎ᠠ ᠲᠠᠢ ᠲᠦᠷᠭᠡᠨ ᠤ ᠵᠠᠰᠠᠮᠠᠯ ᠵᠠᠮ ᠤᠨ 15 ᠬᠤᠣᠰ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠵᠦ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ 100 % ᠪᠠᠷ ᠪᠦᠷᠬᠦᠭᠦᠯᠵᠦ᠂ 7 ︽ᠵᠢᠯᠤᠭᠤᠴᠢᠳ ᠤᠨ ᠪᠠᠭᠤᠴᠠ︾ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠬᠤᠳᠠ ᠶᠢᠨ ᠭᠤᠣᠯ ᠲᠣᠭᠤᠷᠢᠭ ᠲᠤ 59 ᠴᠤᠯ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ ᠰᠢᠨ᠎ᠡ ᠪᠠᠷ ᠨᠡᠮᠡᠨ ᠳᠤᠬᠢᠷᠠᠭᠤᠯᠤᠨ᠎ᠠ᠃     ᠬᠡᠷᠡᠭᠵᠢᠭᠦᠯᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ        ᠠᠷᠪᠠ᠂ ᠠᠵᠢᠯ ᠣᠯᠭᠤᠯᠲᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠪᠠ ᠥᠷᠭᠡᠳᠬᠡᠵᠦ᠂ ᠪᠦᠬᠦ ᠵᠢᠯ ᠳᠤ ᠬᠤᠳᠠ ᠪᠠᠯᠭᠠᠰᠤᠨ ᠤ 1.7 ᠲᠦᠮᠡ ᠣᠷᠴᠢᠮ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃     ᠬᠡᠷᠡᠭᠵᠢᠭᠦᠯᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ   
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ