ᠡᠯ᠎ᠡ ᠬᠤᠰᠢᠭᠤ ᠲᠤᠭᠤᠷᠢᠭ ᠤᠨᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠰᠢᠭᠤᠳ ᠬᠠᠷᠢᠶ᠎ᠠ | ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | 2023ᠤᠨ ᠤ 2 ᠳ᠋ᠤᠭᠠᠷ ᠰᠠᠷ᠎ᠠ ᠶᠢᠨ 22 ᠤᠨ ᠡᠳᠦᠷ | | | | ᠣᠷᠳᠣᠰ ᠬᠤᠲᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠮᠡᠭᠳᠡᠯ ᠢ | ᠲᠣᠭᠲᠠᠪᠤᠷᠢᠵᠢᠭᠤᠯᠬᠤ ᠲᠤᠬᠠᠶ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠦᠢᠯᠡᠴᠢᠯᠡᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ | ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠪᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ᠂ ᠠᠵᠤ ᠠᠬᠤᠶᠢᠯᠠᠯ ᠤᠨ | ᠠᠰᠠᠭᠤᠳᠠᠯ ᠢᠶᠠᠷ ᠴᠢᠭᠯᠡᠯ ᠪᠤᠯᠭᠠᠬᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ | ᠴᠡᠭ ᠪᠤᠯᠭᠠᠬᠤ ᠶᠢ ᠪᠠᠷᠢᠮᠳᠠᠯᠠᠵᠤ᠂ ᠪᠦᠬᠦ ᠬᠤᠳᠠ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ | ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ | ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ | ᠦᠷᠭᠦᠯᠵᠢᠯᠡᠨ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠬᠦᠴᠢᠷᠳᠡᠯᠲᠡᠶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠬᠢᠯᠡᠨ ᠪᠦᠷᠢᠯᠳᠦᠭᠦᠯᠦᠭᠰᠡᠨ ︽︿ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ | ᠳᠡᠮᠵᠢᠵᠦ ᠦᠢᠯᠡᠴᠢᠯᠡᠬᠦ﹀ ᠲᠤᠰᠬᠠᠶ ᠠᠵᠢᠯᠯᠠᠭ᠎ᠠ ᠶᠢᠨ ᠮᠡᠳᠡᠭᠦᠯᠦᠯᠲᠡ︾ ᠪᠠ ︽︿ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ﹀ ᠶᠢᠨ ᠡᠬᠡ ᠲᠠᠩᠰᠠ︾ | ᠶᠢ ᠦᠨᠳᠦᠰᠦᠯᠡᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠰᠣᠷᠪᠤᠯᠵᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠬᠦᠴᠢᠷᠳᠡᠯᠲᠡᠶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ︔ ᠠᠵᠤ ᠠᠬᠤᠶᠢᠯᠠᠯ ᠳᠤ | ᠠᠰᠢᠭ ᠬᠦᠷᠲᠡᠭᠡᠵᠦ ᠠᠵᠤ ᠠᠬᠤᠶᠢᠯᠠᠯ ᠢ ᠬᠠᠪᠰᠤᠷᠠᠨ ᠳᠡᠮᠵᠢᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠶᠢ ᠠᠬᠢᠭᠤᠯᠤᠨ᠎ᠠ︔ ᠠᠵᠤ ᠠᠬᠤᠶᠢᠯᠠᠯ ᠤᠨ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ | ᠬᠦᠴᠢᠷᠳᠡᠯᠲᠡᠶ ᠠᠵᠤ ᠠᠬᠤᠶᠢᠯᠠᠯ ᠤᠨ ᠲᠦᠭᠰᠢᠭᠦᠷᠢ ᠠᠴᠠ ᠮᠤᠯᠲᠤᠷᠠᠨ ᠬᠦᠴᠢᠷᠳᠡᠯ ᠢ ᠰᠢᠢᠳᠪᠦᠷᠢᠯᠡᠬᠦ ᠶᠢ ᠲᠦᠷᠭᠡᠳᠬᠡᠨ᠂ ᠠᠵᠤ ᠠᠬᠤᠶᠢᠯᠠᠯ ᠢ ᠬᠠᠪᠰᠤᠷᠤᠨ | ᠬᠦᠴᠢᠷ ᠢ ᠲᠤᠭᠤᠯᠤᠨ᠎ᠠ᠃ | ᠡᠯ᠎ᠡ ᠬᠤᠰᠢᠭᠤ ᠲᠣᠭᠤᠷᠢᠭ ᠨᠢ ᠰᠠᠷ᠎ᠠ ᠶᠢᠨ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ | ᠨᠣᠷᠮ᠎ᠠ ᠳᠣᠤᠷ᠎ᠠ ᠠᠵᠤ ᠠᠬᠤᠶᠢᠯᠠᠯ᠂ ᠠᠯᠳᠠᠪᠤᠷᠢ ᠲᠠᠢ ᠠᠵᠤ ᠠᠬᠤᠶᠢᠯᠠᠯ᠂ ᠦᠢᠯᠡᠳᠬᠦᠨ ᠤ ᠥᠷᠲᠡᠭ ᠪᠠᠭᠤᠷᠠᠭᠰᠠᠨ ᠠᠵᠤ ᠠᠬᠤᠶᠢᠯᠠᠯ ᠵᠡᠷᠭᠡ ᠳᠥᠷᠪᠡᠨ | ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠬᠦᠴᠢᠷᠳᠡᠯᠲᠡᠶ ᠠᠵᠤ ᠦᠢᠯᠡᠳᠪᠦᠷᠢ ᠶᠢᠨ ᠠᠵᠤ ᠠᠬᠤᠶᠢᠯᠠᠯ ︵ᠳᠣᠷᠣᠭᠰᠢ ︽ᠳᠥᠷᠪᠡᠨ ᠲᠥᠷᠥᠯ ᠤᠨ ᠠᠵᠤ | ᠠᠬᠤᠶᠢᠯᠠᠯ︾ ᠭᠡᠵᠦ ᠲᠣᠪᠴᠢᠯᠠᠨ᠎ᠠ︶ ᠤᠨ ᠲᠤᠭ᠎ᠠ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠪᠠᠭᠠᠰᠬᠠᠬᠤ ᠪᠠᠷ ᠴᠢᠷᠮᠠᠶᠢᠵᠤ᠂ ︽ | ᠳᠥᠷᠪᠡᠨ ᠲᠥᠷᠥᠯ ᠤᠨ ᠠᠵᠤ ᠠᠬᠤᠶᠢᠯᠠᠯ︾ ︵ᠤᠯᠠᠷᠢᠯ ᠤᠨ ᠴᠢᠨᠠᠷᠲᠠᠶ ᠦᠢᠯᠡᠳᠪᠦᠷᠢᠯᠡᠯ ᠵᠣᠭᠰᠣᠭᠠᠭᠰᠠᠨ᠂ ᠬᠦᠴᠦᠨ ᠥᠬᠡᠶ ᠪᠣᠯᠭᠠᠭᠰᠠᠨ᠂ ᠳᠠᠮᠫᠤᠷᠠᠭᠰᠠᠨ ᠪᠤᠶᠤ | ᠬᠥᠮᠥᠷᠭᠡ ᠠᠴᠠ ᠪᠤᠴᠠᠭᠠᠬᠤ ᠲᠥᠯᠥᠪᠯᠡᠭᠡ ᠲᠠᠢ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠡᠷᠭᠡ ᠠᠰᠠᠭᠤᠳᠠᠯ ᠲᠠᠢ ᠠᠵᠤ ᠠᠬᠤᠶᠢᠯᠠᠯ | ᠪᠠᠭᠲᠠᠬᠤ ᠥᠬᠡᠶ︶ ᠤᠨ ᠲᠤᠰᠬᠠᠭᠰᠠᠨ ᠡᠩ ᠤᠨ ᠴᠢᠨᠠᠷᠲᠠᠶ ᠠᠰᠠᠭᠤᠳᠠᠯ ᠢ 1 ᠰᠠᠷ᠎ᠠ ᠶᠢᠨ ᠳᠣᠲᠣᠷ᠎ᠠ ᠰᠢᠢᠳᠪᠦᠷᠢᠯᠡᠵᠦ᠂ ᠪᠤᠳᠤᠯᠢᠶᠠᠨᠲᠤ ᠴᠢᠨᠠᠷᠲᠠᠶ ᠠᠰᠠᠭᠤᠳᠠᠯ ᠢ 3 | ᠰᠠᠷ᠎ᠠ ᠶᠢᠨ ᠳᠣᠲᠣᠷ᠎ᠠ ᠰᠢᠢᠳᠪᠦᠷᠢᠯᠡᠵᠦ᠂ ᠣᠨᠴᠠᠭᠠᠶ ᠴᠢᠨᠠᠷᠲᠠᠶ ᠠᠰᠠᠭᠤᠳᠠᠯ ᠢ ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ ᠪᠠᠷ ᠰᠢᠢᠳᠪᠦᠷᠢᠯᠡᠬᠦ ᠶᠢ ᠦᠨᠡᠨᠬᠦ | ᠪᠠᠲᠤᠯᠠᠨ᠎ᠠ᠃ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠰᠢᠭᠤ ᠲᠣᠭᠤᠷᠢᠭ ᠯᠤᠭ᠎ᠠ ᠠᠯᠬᠤᠮ ᠨᠢᠭᠡᠲᠡᠢ ᠪᠠᠷ ᠲᠤᠰᠬᠠᠶ ᠠᠵᠢᠯᠯᠠᠭ᠎ᠠ | ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠵᠡᠷᠭᠡ ᠪᠠᠷ ᠠᠬᠢᠭᠤᠯᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠤᠨ ᠰᠡᠷᠭᠦᠭᠡᠵᠦ ᠪᠣᠯᠬᠤ ᠶᠢ ᠨᠢ | ᠪᠦᠬᠦᠨ ᠢ ᠰᠡᠷᠭᠦᠭᠡᠵᠦ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ ᠳᠣᠣᠷ᠎ᠠ ᠠᠵᠤ ᠠᠬᠤᠶᠢᠯᠠᠯ ᠦᠢᠯᠡᠳᠪᠦᠷᠢᠯᠡᠯ ᠢᠶᠠᠨ | ᠲᠣᠭᠲᠠᠪᠤᠷᠢᠵᠢᠭᠤᠯᠤᠨ ᠭᠠᠷᠤᠯᠲᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠠᠯᠳᠠᠪᠤᠷᠢ ᠲᠠᠢ ᠠᠵᠤ ᠠᠬᠤᠶᠢᠯᠠᠯ ᠤᠨ ᠠᠯᠳᠠᠪᠤᠷᠢ ᠶᠢᠨ ᠬᠡᠮᠵᠢᠶ᠎ᠡ ᠶᠢ ᠪᠠᠭᠠᠰᠬᠠᠨ᠂ | ᠦᠢᠯᠡᠳᠬᠦᠨ ᠤ ᠥᠷᠲᠡᠭ ᠪᠠᠭᠤᠷᠠᠭᠰᠠᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ | ᠭᠤᠷᠪᠠ᠂ ᠠᠵᠢᠯ ᠤᠨ ᠡᠭᠦᠷᠭᠡ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠷᠠᠯᠲᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠮᠦᠨ᠎ᠡ ᠨᠢ ᠬᠦᠴᠦᠯᠡᠵᠦ᠂ ᠪᠣᠳᠠᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠭᠠᠷᠳᠠᠮ ᠢ ᠭᠦᠢᠴᠡᠳᠭᠡᠬᠦ᠂ ᠡᠳ᠋ ᠤᠨ ᠵᠠᠰᠠᠭ ᠠᠴᠠ ᠠᠵᠤ ᠠᠬᠤᠶᠢᠯᠠᠯ ᠳᠤ ᠠᠰᠢᠭ | ᠬᠦᠷᠲᠡᠭᠡᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠬᠢᠬᠦ᠂ ᠪᠢ ᠠᠵᠤ ᠠᠬᠤᠶᠢᠯᠠᠯ ᠳᠤ | ᠵᠠᠬᠢᠶᠠᠯᠠᠭ᠎ᠠ ᠶᠢᠨ ᠬᠠᠭᠤᠳᠠᠰᠤ ᠡᠷᠢᠬᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ︽ᠠᠷᠪᠠᠨ ᠶᠡᠭᠡ ᠲᠤᠰᠬᠠᠶ ᠠᠵᠢᠯᠯᠠᠭ᠎ᠠ︾ ᠶᠢ ᠭᠦᠨᠵᠡᠭᠡᠶ | ᠬᠡᠷᠡᠭᠵᠢᠭᠦᠯᠦᠨ᠎ᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠢᠶᠠᠨ ᠨᠢᠭᠡᠳᠦᠯᠲᠡᠶ ᠲᠥᠯᠥᠪᠯᠡᠨ᠂ ᠬᠦᠴᠢᠷᠳᠡᠯᠲᠡᠶ ᠠᠵᠤ ᠠᠬᠤᠶᠢᠯᠠᠯ ᠤᠨ ᠠᠰᠠᠭᠤᠳᠠᠯ ᠳᠤ ᠴᠢᠭᠯᠡᠭᠦᠯᠦᠨ᠂ | ᠲᠥᠷᠥᠯ ᠬᠤᠪᠢᠶᠠᠨ ᠡᠮᠬᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠨᠢᠭᠡ︶ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠰᠬᠠᠶ ᠠᠵᠢᠯᠯᠠᠭ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠠᠵᠤ ᠠᠬᠤᠶ ᠶᠢ ᠲᠣᠭᠲᠠᠪᠤᠷᠢᠵᠢᠭᠤᠯᠬᠤ ᠪᠦᠬᠦᠨ ᠢ ᠬᠠᠮᠤᠷᠠᠭᠰᠠᠨ ᠲᠥᠷᠥ ᠶᠢᠨ ᠪᠣᠳᠣᠯᠭ᠎ᠠ᠂ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠵᠢᠴᠢ ᠤᠯᠤᠰ | ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠬᠤᠰᠢᠭᠤ | ᠲᠣᠭᠤᠷᠢᠭ ᠨᠢ ᠤᠯᠠᠷᠢᠯ ᠪᠦᠷᠢ ᠠᠳᠠᠭ ᠲᠠᠭᠠᠨ 2 ᠤᠳᠠᠭ᠎ᠠ ᠠᠵᠤ ᠠᠬᠤᠶᠢᠯᠠᠯ ᠳᠤ ᠣᠷᠣᠵᠤ ᠲᠥᠷᠥ ᠶᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠵᠦ᠂ ᠪᠥᠬᠦ | ᠬᠤᠲᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠬᠢᠭᠡᠳ ᠤᠯᠤᠰ᠂ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠵᠡᠷᠭᠡᠪᠡᠷ ᠠᠬᠢᠭᠤᠯᠬᠤ ᠶᠢ ᠪᠡᠶᠡᠯᠡᠭᠦᠯᠵᠦ᠂ ᠲᠡᠳᠬᠦᠬᠦ ᠶᠣᠰᠣᠲᠠᠶ᠂ ᠪᠠᠭᠤᠷᠠᠭᠤᠯᠬᠤ ᠶᠣᠰᠣᠲᠠᠶ᠂ ᠬᠠᠰᠤᠬᠤ ᠶᠣᠰᠣᠲᠠᠶ᠂ | ᠭᠡᠯᠳᠦᠷᠢᠭᠦᠯᠬᠦ ᠶᠣᠰᠣᠲᠠᠶ ᠤᠷᠲᠤᠳᠬᠠᠬᠤ ᠶᠣᠰᠤᠲᠠᠢ ᠶᠢ ᠨᠢ ᠴᠦᠮ ᠭᠦᠢᠴᠡᠳ ᠪᠡᠶᠡᠯᠡᠭᠦᠯᠬᠦ ᠶᠢ ᠪᠠᠲᠤᠯᠠᠵᠤ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ | ᠬᠦᠷᠲᠡᠮᠵᠢ ᠶᠢᠨ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠭᠵᠢᠯᠲᠡ ᠶᠢᠨ ᠳᠠᠯᠳᠠ ᠬᠦᠴᠦᠨ ᠪᠠ ᠬᠥᠳᠡᠯᠭᠡᠬᠦ ᠡᠨᠧᠷᠭᠢ ᠶᠢ ᠬᠦᠢᠴᠡᠳ ᠪᠠᠳᠠᠷᠠᠭᠤᠯᠤᠨ᠎ᠠ᠃ | ᠡᠯ᠎ᠡ ᠬᠤᠰᠢᠭᠤ ᠲᠣᠭᠤᠷᠢᠭ ᠤᠯᠠᠷᠢᠯ ᠪᠦᠷᠢ ᠰᠠᠨᠠᠭᠠᠴᠢᠯᠠᠭ᠎ᠠ ᠠᠴᠠ ᠪᠠᠨ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ | ᠠᠳᠠᠭ ᠲᠠᠭᠠᠨ 2 ᠤᠳᠠᠭ᠎ᠠ ᠵᠣᠯᠭᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠲᠥᠷᠥ ᠶᠢᠨ ᠪᠣᠳᠣᠯᠭ᠎ᠠ᠂ ᠪᠡᠯᠡ ᠮᠥᠩᠭᠦ᠂ | ᠲᠥᠷᠥᠯ ᠵᠦᠢᠯ ᠤᠨ ᠳᠡᠮᠵᠢᠯᠭᠡ ᠶᠢᠨ ᠭᠤᠤᠯᠳᠠᠯᠭ᠎ᠠ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠳᠡᠮᠵᠢᠬᠦ ᠴᠢᠭᠯᠡᠯ ᠳᠤ ᠨᠡᠶᠢᠴᠡᠭᠰᠡᠨ | ᠨᠢᠭᠡ ᠪᠦᠯᠦᠭ ᠠᠵᠤ ᠠᠬᠤᠶᠢᠯᠠᠯ ᠪᠠ ᠲᠥᠷᠥᠯ ᠵᠦᠢᠯ ᠢ ᠡᠮᠬᠢᠯᠡᠵᠦ ᠨᠦᠬᠡᠴᠡᠯᠡᠨ᠎ᠡ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ | ᠠᠵᠢᠯ ᠢ ᠰᠠᠶᠢᠲᠤᠷ ᠬᠢᠵᠦ᠂ ᠳᠤᠮᠳᠠ ᠤᠷᠲᠤᠪᠲᠤᠷ ᠬᠤᠭᠤᠴᠠᠭᠠᠨ ᠤ ᠭᠡᠷ᠎ᠡ ᠭᠦᠢᠴᠡᠳᠬᠡᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠨᠡᠭᠦᠷᠡᠰᠦᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠦᠷᠭᠦᠯᠵᠢᠯᠡᠨ ᠴᠢᠩᠭᠠᠳᠬᠠᠵᠤ᠂ | ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ | ᠵᠣᠭᠤᠰ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠲᠠᠩᠰᠠᠨ ᠵᠣᠭᠤᠰ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠦᠯᠡᠳᠡᠭᠡᠯ ᠥᠷᠢ ᠰᠢᠷᠢ ᠶᠢ ᠲᠥᠪᠯᠡᠷᠡᠭᠦᠯᠦᠨ ᠠᠷᠢᠯᠭᠠᠵᠤ᠂ ᠰᠢᠨ᠎ᠡ ᠪᠠᠷ ᠥᠷᠢᠲᠦᠬᠦ ᠶᠢ | ᠴᠢᠩᠭ᠎ᠠ ᠰᠡᠷᠭᠡᠶᠢᠯᠡᠨ᠎ᠡ᠃ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠤᠪᠠᠯ ᠪᠠᠶᠢᠪᠠᠯ ᠲᠡᠷᠡ | ᠬᠠᠷᠢᠭᠤᠴᠠᠬᠤ︾ ᠵᠠᠷᠴᠢᠮ ᠤᠨ ᠶᠣᠰᠣᠭᠠᠷ᠂ ᠵᠥᠷᠢᠯᠳᠦᠭᠡᠨ ᠦᠭᠡᠶ ᠥᠷᠢᠲᠦᠭᠰᠡᠨ ᠵᠣᠭᠤᠰ ᠢ ᠨᠢᠭᠡ ᠣᠯᠵᠤ ᠮᠡᠳᠡᠪᠡᠯ ᠨᠢᠭᠡ ᠢᠯᠭᠠᠷᠠᠭᠤᠯᠤᠨ ᠳᠦᠯᠦᠬᠦ ᠬᠡᠷᠡᠭᠲᠡᠶ᠃ ︵ | ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ︵ᠬᠤᠶᠠᠷ︶ ᠭᠠᠷᠳᠠᠨ ᠭᠦᠢᠴᠡᠳᠬᠡᠬᠦ ᠲᠤᠰᠬᠠᠢ ᠠᠵᠢᠯᠯᠠᠭ᠎ᠠ᠃ ᠴᠢᠬᠤᠯᠠ ᠶᠡᠭᠡ ᠲᠥᠷᠥᠯ ᠵᠦᠢᠯ ᠤᠨ ᠬᠤᠲᠠ ᠶᠢᠨ ᠱᠠᠲᠤᠨ ᠤ ᠬᠠᠮᠲᠤᠷᠠᠭᠰᠠᠨ ᠬᠤᠷᠠᠯ ᠤᠨ | ᠳᠦᠷᠢᠮ ᠪᠠ ᠲᠥᠪᠯᠡᠷᠡᠭᠦᠯᠦᠨ ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠠᠵᠢᠯᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠲᠥᠷᠥᠯ | ᠵᠦᠢᠯ ᠤᠨ ᠬᠥᠳᠡᠯᠦᠩᠭᠦᠶ ᠲᠣᠬᠢᠷᠠᠭᠤᠯᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ ᠢ | ᠣᠨᠣᠪᠴᠢᠲᠠᠶ ᠡᠵᠡᠮᠰᠢᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠵᠤ᠂ ᠬᠡᠷ ᠲᠤᠨᠢ ᠬᠦᠷᠴᠦ ᠦᠢᠯᠡᠴᠢᠯᠡᠨ᠂ ᠰᠠᠷ᠎ᠠ ᠪᠦᠷᠢ | ᠲᠤᠬᠠᠶ ᠶᠢᠨ ᠲᠠᠯᠠᠪᠤᠷ ᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠵᠣᠬᠢᠶᠠᠨ ᠪᠠᠶᠢᠭᠤᠯᠬᠤ ᠬᠡᠷᠡᠭᠲᠡᠶ᠃ ᠰᠦᠯᠵᠢᠶᠡᠨ ᠳᠡᠭᠡᠷ᠎ᠡ ᠭᠦᠢᠴᠡᠳᠬᠡᠬᠦ᠂ ᠲᠠᠰ ᠳᠠᠷᠠᠭᠠᠯᠠᠯ ᠢ | ᠳᠥᠭᠦᠮᠴᠢᠯᠡᠬᠦ᠂ ᠳᠠᠷᠤᠶ ᠳᠤᠨᠢ ᠬᠢᠨᠠᠨ ᠵᠥᠪᠰᠢᠶᠡᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠲᠥᠷᠥᠯ ᠵᠦᠢᠯ ᠳᠤ ᠬᠤᠯᠪᠤᠭᠳᠠᠬᠤ | ᠲᠥᠷᠦᠯ ᠵᠦᠢᠯ ᠪᠠᠶᠢᠭᠤᠯᠬᠤ ᠶᠢ ᠬᠢᠨᠠᠨ ᠵᠥᠪᠰᠢᠶᠡᠷᠡᠯ᠂ ᠭᠠᠵᠠᠷ ᠰᠢᠷᠣᠶ ᠬᠡᠷᠡᠭᠯᠡᠬᠦ ᠲᠥᠯᠥᠪᠵᠢᠭᠦᠯᠭᠡ᠂ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ᠂ ᠣᠷᠴᠢᠨ | ᠲᠣᠭᠤᠷᠢᠨ ᠤ ᠦᠨᠡᠯᠡᠯᠲᠡ ᠶᠢᠨ ᠬᠢᠨᠠᠨ ᠵᠥᠪᠰᠢᠶᠡᠷᠡᠯ᠂ ᠪᠠᠷᠢᠯᠭ᠎ᠠ ᠶᠢᠨ ᠲᠥᠯᠥᠪᠵᠢᠭᠦᠯᠭᠡ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠵᠡᠷᠭᠡ ᠭᠠᠷᠳᠠᠮ ᠢ | ᠡᠯᠭᠦᠭᠡ ᠵᠢᠷᠤᠭ ᠤᠨ ᠠᠷᠭ᠎ᠠ ᠪᠠᠷᠢᠯ ᠢ ᠬᠡᠷᠡᠭᠯᠡᠵᠦ᠂ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠤᠨ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠬᠦ ᠶᠠᠪᠤᠴᠠ ᠳᠠᠬᠢ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠭᠦᠨᠵᠡᠭᠡᠶ ᠣᠶᠢᠯᠠᠭᠠᠵᠤ᠂ ᠪᠥᠬᠦ | ᠶᠠᠪᠤᠴᠠ ᠪᠠᠷ ᠠᠵᠤ ᠠᠬᠤᠶᠢᠯᠠᠯ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠪᠣᠯᠤᠨ | ᠦᠢᠯᠡᠳᠪᠦᠷᠢᠯᠡᠯ ᠵᠣᠭᠰᠤᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠶ | ᠬᠥᠮᠦᠨ ᠲᠣᠮᠢᠯᠠᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠶᠤᠯ ᠦᠭᠡᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠤᠶᠢᠰᠢᠯᠠᠭᠤᠯᠤᠨ | ᠦᠨᠡᠮᠯᠡᠯ ᠰᠣᠯᠢᠬᠤ ᠭᠠᠷᠳᠠᠮ ᠢ ᠭᠦᠢᠴᠡᠳᠬᠡᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠬᠡᠷᠡᠭᠯᠡᠬᠦ ᠭᠠᠷᠳᠠᠮ᠂ ᠡᠬᠢ ᠪᠠᠶᠠᠯᠢᠭ ᠤᠨ | ᠨᠡᠭᠡᠭᠡᠯᠲᠡ ᠬᠢᠬᠦ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠨ᠎ᠡ᠃ ᠬᠡᠢ ᠭᠡᠷᠡᠭᠯᠡᠬᠦ ᠠᠵᠦ ᠠᠬᠤᠶᠢᠯᠠᠯ ᠢ ᠬᠠᠪᠰᠣᠷᠣᠨ ᠪᠠᠶᠢᠭᠠᠯᠢ ᠶᠢᠨ ᠰᠢᠳᠠᠮᠠᠬᠠᠢ ᠬᠡᠢ ᠶᠢᠨ | ᠬᠦᠢᠴᠡᠳᠭᠡᠯ ᠲᠤᠭ᠎ᠠ ᠶᠢ ᠣᠯᠵᠦ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠠᠷᠣᠯᠳᠡ ᠶᠢᠨ ᠭᠠᠵᠡᠷ ᠤᠨ ᠠᠵᠦ ᠠᠬᠤᠶᠢᠯᠠᠯ ᠤᠨ ᠬᠡᠢ ᠭᠡᠷᠡᠭᠯᠡᠬᠦ ᠭᠡᠮᠵᠢᠶ᠎ᠠ ᠶᠢ ᠣᠷᠢᠳᠡᠪᠡᠷ | ᠪᠠᠳᠣᠯᠠᠨ᠎ᠠ᠃ ᠬᠡᠷᠡᠯ ᠴᠡᠨᠡᠭ ᠤᠨ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠳᠤᠮᠳᠠ ᠵᠢᠵᠢᠭ ᠠᠵᠤ ᠠᠬᠤᠶᠢᠯᠠᠯ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠢᠨ᠎ᠡ ᠡᠨᠧᠷᠭᠢ ᠶᠢᠨ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ︵ | ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ︶ | ︵ᠭᠤᠷᠪᠠ︶ ᠡᠳ᠋ ᠤᠨ ᠵᠠᠰᠠᠭ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠤᠰᠬᠠᠢ ᠠᠵᠢᠯᠯᠠᠭ᠎ᠠ᠃ ᠲᠥᠰᠦᠪ ᠢ ᠬᠡᠷᠡᠭᠵᠢᠭᠦᠯᠬᠦ ᠠᠬᠢᠴᠠ ᠶᠢ | ᠲᠦᠷᠭᠡᠳᠬᠡᠨ᠂ ᠦᠯᠡᠳᠡᠭᠡᠯ ᠪᠠᠯᠠ ᠮᠥᠩᠭᠦ ᠭᠦᠢᠯᠭᠡᠭᠡᠬᠦ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠰᠤᠯᠠ ᠪᠠᠶᠢᠭ᠎ᠠ ᠪᠠᠯᠠ ᠮᠥᠩᠭᠦ ᠶᠢ ᠴᠠᠭ ᠲᠤᠬᠠᠶ ᠳᠤᠨᠢ | ᠢᠯᠭᠠᠷᠠᠭᠤᠯᠤᠨ ᠬᠤᠷᠢᠶᠠᠨ ᠠᠪᠴᠤ᠂ ᠠᠵᠤ ᠠᠬᠤᠶ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠡᠷᠴᠢᠮ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠰᠦᠪ ᠢ ᠬᠦᠢᠴᠡᠳᠭᠡᠭᠰᠡᠨ ᠠᠬᠢᠴᠠ᠂ ᠲᠤᠰᠬᠠᠶ ᠪᠠᠯᠠ ᠮᠥᠩᠭᠦ ᠶᠢ | ᠲᠤᠯᠭᠠᠨ ᠥᠭᠭᠦᠭᠰᠡᠨ ᠵᠡᠷᠭᠡ ᠪᠠᠶᠢᠳᠠᠯ ᠢ ᠰᠠᠷ᠎ᠠ ᠪᠠᠷ ᠮᠡᠳᠡᠭᠳᠡᠵᠦ᠂ ᠬᠤᠰᠢᠭᠤ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠢ ᠱᠠᠭᠠᠷᠳᠠᠭᠤᠯᠵᠤ | ᠪᠠᠶᠢᠭᠠᠳ ᠲᠥᠰᠦᠪ ᠢ ᠬᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢ | ᠴᠠᠭ ᠲᠤᠬᠠᠶ ᠳᠤᠨᠢ ᠰᠠᠯᠭᠠᠨ ᠥᠭᠴᠦ ᠪᠣᠳᠠᠲᠠᠶᠢᠵᠢᠭᠤᠯᠤᠨ᠎ᠠ᠃ ᠵᠥᠪᠰᠢᠶᠡᠷᠡᠭᠰᠡᠨ ᠲᠥᠰᠦᠪ ᠤᠨ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠳᠤ ᠪᠣᠯᠵᠣᠨ ᠲᠣᠭᠲᠠᠭᠰᠠᠨ ᠥᠭᠬᠦ ᠨᠥᠬᠦᠴᠡᠯ ᠢ ᠬᠠᠩᠭᠠᠭᠰᠠᠨ ᠪᠠᠶᠢᠪᠠᠯ᠂ | ᠬᠤᠳᠠᠯᠳᠤᠨ ᠠᠪᠬᠤ ᠨᠢᠭᠡᠴᠡ ᠨᠢ ᠪᠡᠯᠡ ᠮᠥᠩᠭᠦ ᠥᠭᠬᠦ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠳᠣᠭᠢᠷᠠᠭᠤᠯᠬᠤ ᠶᠢ ᠴᠢᠩᠭᠠᠳᠬᠠᠬᠤ ᠪᠠᠷ | ᠳᠠᠮᠵᠢᠭᠤᠯᠤᠨ᠂ ᠪᠠᠯᠠ ᠮᠥᠩᠭᠦ ᠶᠢ ᠬᠤᠪᠢᠶᠠᠷᠢᠯᠠᠨ ᠪᠠᠭᠤᠯᠭᠠᠬᠤ ᠪᠠ ᠲᠥᠰᠦᠪ ᠢ ᠬᠡᠷᠡᠭᠵᠢᠭᠦᠯᠬᠦ ᠶᠢ ᠲᠦᠷᠭᠡᠳᠬᠡᠵᠦ᠂ ᠪᠥᠬᠦ ᠬᠡᠯᠬᠢᠶ᠎ᠡ ᠪᠠᠷ ᠬᠢᠨᠠᠨ ᠬᠠᠮᠢᠶᠠᠷᠴᠤ | ᠰᠢᠭᠤᠳ ᠬᠦᠷᠭᠡᠬᠦ ᠪᠠᠯᠠ ᠮᠥᠩᠭᠦ ᠶᠢ ᠬᠤᠪᠢᠶᠠᠷᠢᠯᠠᠬᠤ᠂ ᠥᠭᠬᠦ᠂ ᠬᠡᠷᠡᠭᠯᠡᠬᠦ ᠶᠢ ᠪᠥᠬᠦ ᠬᠡᠯᠬᠢᠶ᠎ᠡ ᠪᠠᠷ ᠬᠢᠨᠠᠨ ᠬᠠᠮᠢᠶᠠᠷᠴᠤ᠂ ᠰᠢᠭᠤᠳ ᠬᠦᠷᠭᠡᠬᠦ ᠪᠠᠯᠠ ᠮᠥᠩᠭᠦ ᠶᠢ | ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠬᠤᠷᠢᠭ᠎ᠠ ᠱᠤᠭᠤᠮ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠳᠤ ᠴᠠᠭ ᠲᠤᠬᠠᠶ ᠳᠤᠨᠢ ᠪᠦᠲᠦᠮᠵᠢᠲᠡᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢ ᠬᠡᠷᠡᠭᠯᠡᠬᠦ ᠠᠬᠢᠴᠠ ᠶᠢ ᠲᠦᠷᠭᠡᠳᠬᠡᠨ᠎ᠡ᠃ ᠨᠥᠭᠡᠴᠡᠯᠡᠬᠦ ᠲᠥᠷᠥᠯ ᠵᠦᠢᠯ ᠢ ᠪᠠᠶᠢᠩᠭᠤᠵᠢᠭᠤᠯᠵᠤ᠂ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ | ᠰᠢᠨ᠎ᠡ ᠡᠨᠧᠷᠭᠢ ᠶᠢᠨ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ︶ | ︵ᠲᠦᠷᠪᠡ︶ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠤᠰᠬᠠᠶ ᠠᠵᠢᠯᠯᠠᠭ᠎ᠠ᠃ ᠡᠯ᠎ᠡ ᠵᠦᠢᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ | ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠪᠣᠶ ᠪᠥᠬᠦᠶ ᠪᠠᠭ᠎ᠠ ᠵᠢᠵᠢᠭ ᠠᠵᠤ ᠠᠬᠤᠶᠢᠯᠠᠯ ᠤᠨ | ᠦᠯᠡᠳᠡᠭᠡᠯ ᠰᠠᠭᠤᠳᠬᠠᠨ ᠪᠤᠴᠠᠭᠠᠬᠤ ᠭᠠᠶᠢᠯᠢ ᠶᠢᠨ ᠲᠤᠭ᠎ᠠ ᠶᠢ ᠲᠥᠪᠯᠡᠷᠡᠭᠦᠯᠦᠨ ᠪᠤᠴᠠᠭᠠᠵᠤ᠂ ᠨᠡᠮᠡᠭᠳᠡᠭᠰᠡᠨ ᠰᠠᠭᠤᠳᠬᠠᠨ ᠪᠤᠴᠠᠭᠠᠬᠤ ᠭᠠᠶᠢᠯᠢ ᠶᠢᠨ ᠲᠤᠭ᠎ᠠ ᠶᠢ | ᠰᠠᠷ᠎ᠠ ᠪᠠᠷ ᠪᠦᠬᠦᠨ ᠢ ᠪᠤᠴᠠᠭᠠᠨ᠎ᠠ᠃ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠳᠤ ︽ᠤᠷᠢᠳᠴᠢᠯᠠᠨ ᠥᠭᠬᠦ + ᠢᠯᠭᠠᠷᠠᠭᠤᠯᠤᠨ ᠪᠤᠳᠤᠬᠤ︾ ᠶᠢ ᠬᠡᠷᠡᠭᠵᠢᠭᠦᠯᠵᠦ᠂ ᠭᠠᠶᠢᠯᠢ ᠰᠦᠢᠳᠬᠡᠯ ᠤᠨ | ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠣᠯᠭᠤᠨ᠎ᠠ᠃ ᠠᠵᠤ ᠠᠬᠤᠶᠢᠯᠠᠯ ᠤᠨ ᠰᠦᠢᠳᠭᠡᠯ ᠲᠤᠰᠢᠶᠠᠬᠤ | ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠱᠠᠲᠤᠴᠢ ᠴᠢᠨᠠᠷᠲᠠᠶ ᠪᠠᠷ ᠲᠤᠰᠢᠶᠠᠬᠤ ᠬᠤᠭᠤᠴᠠᠭ᠎ᠠ ᠬᠦᠷᠦᠭᠰᠡᠨ ᠳᠠᠷᠠᠭ᠎ᠠ᠂ ᠠᠵᠤ | ᠠᠬᠤᠶᠢᠯᠠᠯ ᠤᠨ 2023 ᠣᠨ ᠤ ᠰᠡᠭᠦᠯᠴᠢ ᠠᠴᠠ ᠡᠮᠦᠨ᠎ᠡ ᠬᠤᠭᠤᠴᠠᠭ᠎ᠠ ᠬᠤᠪᠢᠶᠠᠬᠤ ᠪᠤᠶᠤ ᠰᠠᠷ᠎ᠠ ᠳᠠᠷᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠬᠤᠶᠢᠰᠢᠯᠠᠭᠤᠯᠤᠨ | ᠲᠤᠰᠢᠶᠠᠬᠤ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠨᠥᠬᠦᠵᠦ ᠲᠤᠰᠢᠶᠠᠬᠤ ᠶᠢ ᠵᠥᠪᠰᠢᠶᠡᠷᠡᠵᠦ᠂ ᠨᠦᠬᠦᠵᠦ ᠲᠤᠰᠢᠶᠠᠬᠤ ᠬᠤᠭᠤᠴᠠᠭᠠᠨ ᠳᠤ ᠬᠤᠭᠤᠴᠠᠭ᠎ᠠ | ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ ᠬᠦᠴᠢᠷᠳᠡᠯᠲᠡᠢ ᠠᠵᠤ ᠠᠬᠤᠢᠯᠠᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠦᠢᠳᠭᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠣᠰᠢᠶᠠᠯᠭᠠᠬᠤ ᠬᠤᠭᠤᠴᠠᠭ᠎ᠠ ᠨᠢ 2023 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠃ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠬᠤᠭᠤᠴᠠᠭ᠎ᠠ ᠶᠢ 2023 ᠣᠨ ᠤ 4 ᠰᠠᠷ᠎ᠠ ᠶᠢᠨ ᠰᠡᠭᠦᠯᠴᠢ ᠪᠣᠯᠲᠠᠯ᠎ᠠ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ︵ᠲᠠᠪᠤ︶ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠤᠰᠬᠠᠶ ᠠᠵᠢᠯᠯᠠᠭ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢ | ᠤᠯᠠᠷᠢᠯ ᠢᠶᠠᠷ ᠬᠠᠩᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠵᠢᠭᠡᠯᠡᠯᠭᠡ ᠶᠢᠨ ᠮᠥᠷᠳᠡᠬᠦ | ᠦᠢᠯᠡᠴᠢᠯᠡᠭᠡ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠤᠨ ᠳᠤᠮᠳᠠ ᠪᠠ ᠤᠷᠲᠤᠪᠲᠤᠷ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠬᠠᠷᠢᠴᠠᠯ ᠢ ᠨᠡᠮᠡᠭᠳᠡᠭᠦᠯᠦᠨ᠎ᠡ᠃ ᠵᠠᠰᠠᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠤᠯᠠᠷᠢᠯ ᠪᠦᠷᠢ ᠨᠢᠭᠡ ᠤᠳᠠᠭ᠎ᠠ ᠵᠣᠬᠢᠶᠠᠨ | ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠵᠠᠯᠭᠠᠵᠤ ᠵᠢᠭᠡᠯᠡᠬᠦ | ᠨᠥᠬᠦᠴᠡᠯ ᠳᠤ ᠨᠡᠶᠢᠴᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠣᠬᠤᠷ ᠪᠠᠯᠠᠶ ᠪᠠᠷ ᠵᠢᠭᠡᠯᠡᠯᠭᠡ ᠪᠠᠨ ᠪᠤᠴᠠᠭᠠᠨ ᠠᠪᠬᠤ᠂ ᠵᠢᠭᠡᠯᠡᠯᠭᠡ ᠶᠢ | ᠲᠠᠰᠤᠯᠳᠤᠭᠤᠯᠬᠤ᠂ ᠵᠢᠭᠡᠯᠡᠯᠭᠡ ᠶᠢ ᠳᠠᠷᠤᠵᠤ ᠬᠤᠶᠢᠰᠢᠯᠠᠭᠤᠯᠤᠨ ᠥᠭᠴᠦ ᠪᠣᠯᠬᠤ ᠥᠬᠡᠶ᠃ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ《 | ᠪᠠᠲᠤᠯᠠᠭ᠎ᠠ ᠶᠢᠨ ᠮᠥᠩᠬᠦ ᠶᠢᠨ ᠵᠢᠭᠡᠯᠡᠯᠭᠡ》ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠪᠠᠷ ᠳᠠᠮᠵᠢᠭᠤᠯᠤᠨ᠂ ᠵᠠᠰᠠᠭ ᠪᠠᠩᠬᠢ ᠳᠠᠭᠠᠭᠠᠯᠲᠠ ᠶᠢᠨ ᠲᠦᠭᠰᠢᠭᠦᠷᠢ ᠶᠢ | ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠂ ᠳᠠᠭᠠᠭᠠᠯᠲᠠ ᠶᠢᠨ ᠲᠤᠬᠠᠶᠢᠯᠠᠭᠰᠠᠨ | ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ ᠵᠢᠴᠢ | ᠲᠡᠭᠦᠨ ᠠᠴᠠ ᠳᠣᠷᠣᠭᠰᠢᠬᠢ ᠳᠠᠭᠠᠭᠠᠯᠲᠠ ᠶᠢᠨ ᠳᠠᠭᠠᠳᠬᠠᠯ ᠤᠨ ᠰᠦᠢᠳᠭᠡᠯ ᠬᠤᠷᠢᠶᠠᠬᠤ ᠳᠤ ᠵᠠᠷᠴᠢᠮ ᠳᠡᠭᠡᠷ᠎ᠡ ᠪᠠᠨ 1% ᠠᠴᠠ ᠬᠡᠲᠦᠷᠡᠭᠦᠯᠵᠦ ᠪᠣᠯᠬᠤ ᠥᠬᠡᠶ᠂ | 500 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 1.5% ᠠᠴᠠ ᠬᠡᠲᠦᠷᠡᠭᠦᠯᠵᠦ ᠪᠣᠯᠬᠤ ᠥᠬᠡᠶ᠃ ︵ᠲᠦᠷᠦᠭᠦᠯᠡᠬᠦ ᠨᠢᠭᠡᠴᠡ᠄ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠲᠥᠪ ᠰᠠᠯᠪᠤᠷᠢ ᠪᠠᠩᠬᠢ᠂ ᠣᠷᠳᠣᠰ ᠤᠨ ᠪᠠᠩᠬᠢ ᠳᠠᠭᠠᠳᠬᠠᠯ ᠤᠨ ᠦᠢᠯᠡᠰ ᠤᠨ ᠬᠢᠨᠠᠨ | ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶ | ︵ᠵᠢᠷᠭᠤᠭ᠎ᠠ︶ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠣᠯᠬᠤ︾ ᠲᠤᠰᠬᠠᠢ ᠠᠵᠢᠯᠯᠠᠭ᠎ᠠ ᠦᠷᠨᠢᠭᠦᠯᠦᠨ᠎ᠡ᠃ ︽ᠪᠢ ᠠᠵᠤ ᠠᠬᠤᠶᠢᠯᠠᠯ ᠳᠤ | ᠵᠠᠬᠢᠶᠠᠯᠠᠭ᠎ᠠ ᠣᠯᠬᠤ︾ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠬᠦ ︽ᠲᠦᠷᠭᠡᠨ ᠨᠡᠪᠲᠡᠷᠡᠬᠦ ᠵᠠᠮ ︾ᠪᠠ ᠠᠰᠠᠭᠤᠳᠠᠯ ᠢ | ᠰᠢᠢᠳᠪᠦᠷᠢᠯᠡᠬᠦ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠬᠤᠲᠠ ᠶᠢᠨ ᠱᠠᠲᠤᠨ ᠤ ᠬᠡᠯᠬᠢᠶ᠎ᠡ ᠶᠢᠨ ᠳᠠᠷᠤᠭ᠎ᠠ ᠬᠡᠯᠬᠢᠶᠡᠵᠢᠯ ᠤᠨ ᠭᠤᠤᠯ ᠠᠵᠤ | ᠠᠬᠤᠶᠢᠯᠠᠯ ᠢ ᠬᠤᠯᠪᠤᠭᠠᠯᠠᠨ ᠳᠠᠭᠠᠭᠠᠴᠢᠯᠠᠬᠤ᠂ ᠬᠠᠷᠢᠶ᠎ᠠ ᠭᠠᠵᠠᠷ ᠤᠨ ᠤᠳᠤᠷᠢᠳᠬᠤ ᠺᠠᠳ᠋ᠷ ᠠᠵᠤ ᠠᠬᠤᠶᠢᠯᠠᠯ ᠢ ᠬᠤᠯᠪᠤᠭᠠᠯᠠᠨ ᠳᠠᠭᠠᠭᠠᠴᠢᠯᠠᠬᠤ ᠲᠣᠭᠲᠠᠴᠠ ᠶᠢ | ᠬᠡᠷᠡᠭᠵᠢᠭᠦᠯᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠰᠠᠭᠤᠳᠠᠯ ᠢ ᠨᠠᠮᠳᠠᠭᠤᠯᠬᠤ ᠶᠢᠨ ᠲᠣᠭᠤᠷᠢᠨ ᠳᠤ᠂ | ᠲᠥᠷᠥ ᠶᠢᠨ ᠪᠣᠳᠣᠯᠭ᠎ᠠ ᠲᠣᠭᠲᠠᠭᠠᠬᠤ᠂ ᠣᠷᠴᠢᠨ ᠲᠣᠭᠤᠷᠢᠨ ᠢ ᠪᠣᠶ ᠪᠣᠯᠭᠠᠬᠤ᠂ ᠲᠠᠪᠴᠠᠩ ᠪᠠᠶᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠦᠢᠯᠡᠴᠢᠯᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ︽ᠪᠦᠷᠢᠨ | ᠴᠢᠳᠠᠪᠤᠷᠢᠲᠤ ᠬᠤᠯᠪᠣᠭᠠᠴᠢᠨ︾ ᠪᠠ ︽ᠲᠦᠷᠦᠬᠦᠦ ᠪᠣᠷᠣᠯᠠᠭᠤᠯᠤᠭᠴᠢ︾ ᠪᠣᠯᠵᠣ᠂ ᠡᠯ᠎ᠡ ᠬᠤᠰᠢᠭᠤ ᠲᠣᠭᠤᠷᠢᠭ᠂ ᠡᠯ᠎ᠡ ᠨᠡᠭᠡᠭᠡᠯᠲᠡ ᠶᠢᠨ ᠲᠣᠭᠤᠷᠢᠭ ᠵᠢᠴᠢ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠢᠯ ᠤᠨ ᠳᠣᠲᠣᠷ᠎ᠠ ᠠᠳᠠᠭ ᠲᠠᠭᠠᠨ 2 ᠤᠳᠠᠭ᠎ᠠ ︽ᠪᠢ ᠠᠵᠤ ᠠᠬᠤᠶᠢᠯᠠᠯ ᠳᠤ | ᠵᠠᠬᠢᠶᠠᠯᠠᠭ᠎ᠠ ᠣᠯᠬᠤ︾ ᠠᠵᠢᠯᠯᠠᠭ᠎ᠠ ᠥᠷᠨᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ | ᠪᠠᠳᠠᠷᠠᠭᠤᠯᠵᠤ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠣᠯᠬᠤ︾ ᠲᠤᠰᠬᠠᠢ ᠪᠤᠯᠤᠩ ᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠠᠵᠤ ᠦᠢᠯᠡᠳᠪᠦᠷᠢ ᠶᠢᠨ | ᠬᠦᠷᠢᠶᠡᠨ ᠳᠤ ᠴᠢᠨᠠᠷ ᠰᠠᠶᠢᠲᠠᠢ᠂ ᠰᠢᠨ᠎ᠡ ᠶᠢ ᠡᠭᠦᠳᠦᠭᠰᠡᠨ ᠦᠢᠯᠡᠳᠬᠦᠨ ︵ᠮᠡᠷᠭᠡᠵᠢᠯ ᠤᠨ ᠦᠷ᠎ᠡ ᠪᠦᠲᠦᠭᠡᠯ︶ ᠢ ᠨᠡᠶᠢᠲᠡᠯᠡᠬᠦ ᠶᠢᠨ ᠬᠠᠮᠲᠤ ᠨᠢᠭᠡᠨᠲᠡ ᠮᠠᠭᠠᠳᠯᠠᠨ | ᠲᠣᠭᠲᠠᠭᠠᠭᠰᠠᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ | ᠦᠢᠯᠡᠳᠬᠦᠨ ᠲᠠᠢ ᠵᠣᠯᠭᠠᠭᠤᠯᠵᠤ᠂ ᠠᠵᠤ ᠠᠬᠤᠶᠢᠯᠠᠯ ᠢ ᠤᠬᠠᠭᠤᠯᠤᠨ ᠳᠡᠯᠭᠡᠷᠡᠭᠦᠯᠵᠦ᠂ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠵᠠᠬᠢᠶᠠᠯᠠᠭ᠎ᠠ ᠨᠡᠮᠡᠭᠳᠡᠭᠦᠯᠵᠦ᠂ | ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠦᠨᠡᠨ ᠬᠦ ᠴᠢᠩᠭᠠᠳᠬᠠᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠨᠡᠭᠡᠭᠡᠯᠲᠡ ᠶᠢᠨ ᠲᠣᠭᠤᠷᠢᠭ︶ | ︵ᠳᠤᠯᠤᠭ᠎ᠠ︶ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠲᠤᠰᠬᠠᠶ ᠠᠵᠢᠯᠯᠠᠭ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶ ᠶᠢ ᠲᠦᠷᠭᠡᠳᠬᠡᠨ | ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠢ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠪᠣᠷᠣᠯᠠᠭᠤᠯᠬᠤ ᠶᠢ ᠠᠬᠢᠭᠤᠯᠵᠤ᠂ ᠠᠵᠤ | ᠦᠢᠯᠡᠳᠪᠦᠷᠢ ᠶᠢᠨ ᠦᠢᠯᠡᠳᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ | ᠬᠤᠳᠠᠯᠳᠤᠨ ᠠᠪᠬᠤ ᠨᠣᠷᠮ᠎ᠠ ᠵᠢᠴᠢ ᠪᠣᠷᠣᠯᠠᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠎ᠡ᠃ | ᠠᠵᠤ ᠠᠬᠤᠶᠢᠯᠠᠯ ᠤᠨ ᠬᠡᠷᠡᠭᠯᠡᠭᠡ ᠶᠢᠨ ᠨᠥᠬᠦᠪᠥᠷᠢ ᠥᠭᠬᠦ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰᠠᠭᠤᠳᠠᠯ ᠤᠨ ᠮᠠᠰᠢᠨ ᠤ ᠬᠠᠭᠤᠴᠢᠨ ᠢᠶᠠᠷ ᠰᠢᠨ᠎ᠡ ᠶᠢ ᠰᠣᠯᠢᠬᠤ | ᠪᠠ ᠬᠡᠷᠡᠭᠯᠡᠭᠡ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠭᠠᠷᠭᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠮᠠᠨ ᠤ ᠬᠤᠲᠠ ᠶᠢᠨ ᠡᠯ᠎ᠡ ᠲᠥᠷᠥᠯ ᠤᠨ ᠠᠵᠤ ᠦᠢᠯᠡᠳᠪᠦᠷᠢ ᠶᠢᠨ ᠦᠢᠯᠡᠳᠬᠦᠨ ᠢ ᠬᠤᠳᠠᠯᠳᠤᠨ ᠠᠪᠬᠤ ᠡᠷᠴᠢᠮ ᠢ ᠴᠢᠩᠭᠠᠳᠬᠠᠨ᠎ᠠ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠦᠢᠯᠡᠳᠦᠯ ᠢ ᠪᠠᠳᠠᠷᠠᠭᠤᠯᠵᠤ᠂ ᠬᠥᠮᠥᠷᠭᠡᠯᠡᠨ ᠬᠠᠳᠠᠭᠠᠯᠠᠵᠤ | ᠲᠣᠬᠢᠷᠠᠭᠤᠯᠤᠨ ᠬᠦᠷᠭᠡᠬᠦ᠂ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ ᠵᠡᠷᠭᠡ ᠣᠷᠣᠨ ᠨᠤᠲᠤᠭ ᠤᠨ ᠡᠵᠡᠩᠨᠡᠯᠲᠡ ᠶᠢ ᠥᠷᠨᠢᠭᠦᠯᠦᠨ᠎ᠡ᠃ ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠪᠦᠰᠡ ᠨᠢᠭᠡ ᠵᠠᠮ ᠳᠠᠭᠠᠤ ᠶᠢᠨ ᠵᠠᠬ᠎ᠠ ᠳᠡᠯᠭᠡᠭᠦᠷ ᠢ ᠨᠡᠭᠡᠭᠡᠵᠦ᠂ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠢ ᠲᠣᠭᠲᠠᠭᠤᠨ ᠢᠶᠠᠷ ᠨᠡᠪᠲᠡᠷᠡᠭᠦᠯᠬᠦ ᠶᠢ ᠳᠡᠮᠵᠢᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠨᠡᠭᠡᠭᠡᠯᠲᠡ ᠶᠢᠨ ᠲᠣᠭᠤᠷᠢᠭ︶ | ︵ᠨᠠᠢᠮᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠤᠰᠬᠠᠶ ᠠᠵᠢᠯᠯᠠᠭ᠎ᠠ᠃ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠡᠶ᠎ᠡ ᠪᠠᠨ ᠳᠠᠭᠠᠭᠠᠵᠤ ᠥᠷᠨᠢᠭᠦᠯᠬᠦ ᠶᠢ | ᠶᠡᠬᠡᠪᠡᠷ ᠳᠡᠮᠵᠢᠬᠦ ᠬᠡᠷᠡᠭᠵᠢᠭᠦᠯᠬᠦ ᠲᠥᠰᠦᠯ ᠶᠣᠰᠣᠭᠠᠷ᠂ ᠠᠵᠢᠯᠴᠢᠨ ᠬᠡᠷᠡᠭᠯᠡᠬᠦ ᠳᠤ ᠬᠦᠴᠢᠷᠲᠡᠶ ᠪᠠ ᠪᠣᠯᠪᠠᠰᠤᠷᠠᠭᠤᠯᠤᠯ ᠤᠨ ᠬᠡᠷᠡᠭᠴᠡᠭᠡ ᠲᠠᠢ ᠠᠵᠤ ᠠᠬᠤᠶᠢᠯᠠᠯ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠰᠢᠨ᠎ᠡ ᠬᠡᠯᠪᠡᠷᠢ ᠶᠢᠨ ᠱᠠᠪᠢ ᠣᠷᠣᠬᠤ | ᠲᠦᠷᠢᠮ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠎ᠠ᠃ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠬᠤᠲᠠ ᠶᠢᠨ ᠬᠡᠪᠴᠢᠶᠡᠨ | ᠳᠣᠲᠣᠷᠠᠬᠢ ᠠᠵᠢᠯᠴᠢᠨ ᠬᠡᠷᠡᠭᠯᠡᠬᠦ ᠬᠡᠷᠡᠭᠴᠡᠭᠡ ᠪᠦᠬᠦᠢ ᠠᠵᠤ ᠠᠬᠤᠶᠢᠯᠠᠯ ᠪᠣᠯᠤᠨ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠶᠢ ᠲᠠᠪᠴᠠᠩ ᠤᠨ ᠬᠥᠳᠡᠯᠦᠩᠭᠦᠶ ᠬᠠᠮᠢᠶᠠᠷᠤᠯᠲᠠ ᠳᠤ ᠣᠷᠣᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠦᠴᠢᠷ ᠠᠰᠠᠭᠤᠳᠠᠯ ᠢ | ᠰᠢᠢᠳᠪᠦᠷᠢᠯᠡᠨ᠎ᠡ᠃ ᠡᠷᠭᠢᠨ ᠲᠣᠭᠤᠷᠢᠨ ᠤ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠬᠥᠳᠡᠯᠮᠦᠷᠢ | ᠦᠢᠯᠡᠴᠢᠯᠡᠭᠡ ᠶᠢ ᠣᠷᠣᠭᠤᠯᠬᠤ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ | ᠬᠠᠩᠭᠠᠬᠤ ᠬᠡᠷᠡᠭᠲᠡᠶ᠃ ᠠᠵᠢᠯᠲᠠᠨ ᠡᠯᠰᠡᠬᠦ ᠰᠢᠷᠢᠰ ᠴᠤᠭᠯᠠᠭᠠᠨ ᠢ ᠡᠷᠬᠢᠯᠡᠵᠦ᠂ ︽ᠭᠤᠷᠪᠠ ᠶᠢ ᠣᠷᠣᠭᠤᠯᠬᠤ ᠠᠵᠢᠯᠯᠠᠭ᠎ᠠ︾ ᠶᠢ ᠥᠷᠨᠢᠭᠦᠯᠵᠦ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠪᠥᠬᠦ ᠵᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠣᠮᠣ | ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ᠂ ᠠᠵᠢᠯᠲᠠᠨ ᠡᠯᠰᠡᠬᠦ ᠲᠤᠰᠬᠠᠶ ᠴᠤᠭᠯᠠᠭᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠶ | ᠴᠤᠭᠯᠠᠭᠠᠨ᠂ ᠰᠢᠭᠤᠳ ᠨᠡᠪᠲᠡᠷᠡᠭᠦᠯᠭᠡ ᠪᠠᠷ ᠬᠦᠮᠦᠨ ᠡᠯᠰᠡᠬᠦ ᠪᠠ ᠠᠵᠢᠯ ᠤᠨ ᠪᠠᠶᠢᠷᠢ ᠲᠠᠨᠢᠯᠴᠠᠭᠤᠯᠬᠤ ᠵᠡᠷᠭᠡ ᠠᠵᠢᠯᠲᠠᠨ ᠡᠯᠰᠡᠬᠦ ᠠᠵᠢᠯᠯᠠᠭ᠎ᠠ ᠶᠢ 12 ᠲᠠᠯᠠᠪᠤᠷ | ᠡᠷᠬᠢᠯᠡᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | ︵ᠶᠢᠰᠦ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠲᠤᠰᠬᠠᠶ ᠠᠵᠢᠯᠯᠠᠭ᠎ᠠ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠣᠨᠣᠪᠴᠢᠲᠠᠶ ᠡᠵᠡᠮᠰᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ | ᠲᠤᠭᠤᠰᠢᠯᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠢ ᠡᠷᠢᠬᠦ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ︾ ᠢ ᠰᠠᠶᠢᠲᠤᠷ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠢ ᠬᠠᠮᠲᠤᠪᠠᠷ ᠪᠠᠶᠢᠭᠤᠯᠬᠤ ᠶᠢ ᠳᠡᠮᠵᠢᠵᠦ᠂ ᠬᠠᠮᠲᠤᠷᠠᠨ ᠪᠣᠭᠤᠮᠲᠠ ᠰᠢᠪᠲᠤᠯᠬᠤ ᠵᠡᠷᠭᠡ ᠠᠷᠭ᠎ᠠ ᠬᠡᠯᠪᠡᠷᠢ ᠪᠠᠷ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ | ᠪᠡᠶ᠎ᠡ ᠪᠠᠨ ᠳᠠᠭᠠᠭᠠᠵᠤ ᠡᠵᠡᠮᠳᠡᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠨᠡᠮᠡᠭᠳᠡᠭᠦᠯᠦᠨ᠎ᠡ᠃ ᠵᠢᠯ ᠤᠨ ᠳᠣᠲᠣᠷ᠎ᠠ ᠠᠵᠤ | ᠠᠬᠤᠶᠢᠯᠠᠯ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠠᠳᠠᠭ ᠲᠠᠭᠠᠨᠨ300 ᠵᠦᠢᠯ ᠬᠡᠷᠡᠭᠵᠢᠭᠦᠯᠬᠦ ᠶᠢ | ᠳᠠᠮᠵᠢᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠥᠷᠢ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠰᠤᠳᠤᠯᠤᠨ | ᠨᠡᠭᠡᠭᠡᠬᠦ ᠪᠡᠯᠡ ᠮᠥᠩᠭᠦ ᠶᠢᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 230 ᠠᠴᠠ ᠳᠡᠭᠡᠭᠰᠢ ᠳᠤ ᠬᠦᠷᠦᠭᠦᠯᠵᠦ᠂ | ᠬᠥᠮᠥᠷᠭᠡ ᠳᠤ ᠣᠷᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 300 ᠠᠴᠠ ᠳᠡᠭᠡᠭᠰᠢ ᠳᠤ | ᠬᠦᠷᠦᠭᠦᠯᠦᠨ᠎ᠡ᠃( ᠲᠦᠷᠦᠭᠦᠯᠡᠬᠦ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ) | ︵ᠠᠷᠪᠠ︶ ᠨᠠᠷᠢᠯᠢᠭ ᠣᠨᠤᠪᠴᠢᠲᠠᠢ ᠦᠢᠯᠡᠴᠢᠯᠡᠬᠦ ᠲᠤᠰᠬᠠᠶ ᠠᠵᠢᠯᠯᠠᠭ᠎ᠠ᠃ ᠡᠯ᠎ᠡ ᠬᠤᠰᠢᠭᠤ ᠲᠣᠭᠤᠷᠢᠭ ᠠᠵᠢᠯ ᠳᠠᠭᠠᠨ ᠳᠠᠳᠮᠠᠭᠠᠢ ᠲᠤᠬᠠᠶᠢᠯᠠᠭᠰᠠᠨ | ᠠᠵᠢᠯ ᠤᠨ ᠠᠵᠢᠯᠲᠠᠨ ᠢ ᠰᠣᠩᠭᠤᠨ ᠲᠣᠬᠢᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠠᠵᠢᠯᠯᠠᠬᠤ ᠳᠤᠭᠤᠶᠢᠯᠠᠩ ᠢ ᠪᠦᠷᠢᠯᠳᠦᠭᠦᠯᠵᠦ᠂ ᠠᠵᠤ ᠠᠬᠤᠶᠢᠯᠠᠯ ᠳᠤ | ᠭᠦᠨᠵᠡᠭᠡᠶᠢᠷᠡᠨ ᠨᠠᠷᠢᠯᠢᠭ ᠣᠨᠣᠴᠠᠲᠠᠶ ᠦᠢᠯᠡᠴᠢᠯᠡᠭᠡ ᠦᠷᠨᠢᠬᠦᠯᠦᠨ᠎ᠡ᠃ ᠬᠠᠷᠢᠶ᠎ᠠ ᠣᠷᠣᠨ ᠤ ᠳᠣᠲᠣᠷᠠᠬᠢ ᠬᠦᠴᠢᠷᠳᠡᠯᠲᠡᠶ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠠᠴᠠ ᠳᠡᠭᠡᠭᠰᠢ ᠰᠠᠨᠠᠭᠠᠴᠢᠯᠠᠭ᠎ᠠ ᠠᠴᠠ ᠪᠠᠨ ᠭᠦᠨᠵᠡᠭᠡᠶ ᠦᠢᠯᠡᠴᠢᠯᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠵᠤ ᠠᠬᠤᠶᠢᠯᠠᠯ ᠳᠤ ᠲᠤᠰᠬᠠᠶᠢᠵᠢᠭᠰᠠᠨ᠂ ᠬᠠᠨᠳᠤᠯᠭᠠᠲᠤ ᠴᠢᠨᠠᠷᠲᠠᠶ ᠵᠢᠯᠣᠭᠤᠳᠬᠤ | ᠦᠢᠯᠡᠴᠢᠯᠡᠭᠡ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠷᠥ ᠶᠢᠨ | ᠪᠣᠳᠣᠯᠭ᠎ᠠ ᠶᠢ ᠠᠵᠤ ᠠᠬᠤᠶᠢᠯᠠᠯ ᠳᠤ ᠰᠢᠭᠤᠳ ᠬᠦᠷᠭᠡᠨ᠎ᠡ᠃ ᠠᠵᠤ ᠠᠬᠤᠶᠢᠯᠠᠯ ᠤᠨ ᠪᠠᠷᠠᠭ᠎ᠠ ᠵᠠᠬᠢᠶᠠᠯᠠᠨ ᠪᠣᠷᠤᠯᠠᠭᠤᠯᠬᠤ᠂ ᠦᠢᠯᠡᠳᠪᠦᠷᠢᠯᠡᠯ ᠤᠨ ᠵᠣᠬᠢᠶᠠᠨ | ᠪᠠᠶᠢᠭᠤᠯᠤᠯᠲᠠ᠂ ᠦᠢᠯᠡᠳᠬᠦᠨ ᠤ ᠲᠥᠷᠥᠯ ᠵᠦᠢᠯ ᠤᠨ ᠲᠠᠨᠢᠯᠴᠠᠭᠤᠯᠭ᠎ᠠ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠠᠵᠤ ᠠᠬᠤᠶᠢᠯᠠᠯ ᠢ ᠬᠠᠪᠰᠤᠷᠤᠨ | ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠠᠯᠠ ᠲᠣᠬᠢᠷᠠᠭᠤᠯᠭ᠎ᠠ᠂ ᠭᠠᠵᠠᠷ ᠬᠡᠷᠡᠭᠯᠡᠬᠦ᠂ ᠴᠠᠬᠢᠯᠭᠠᠨ᠂ ᠬᠡᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠣᠷᠤᠯᠠᠭᠤᠯᠭ᠎ᠠ᠂ | ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠪᠦᠬᠦ ᠦᠢᠯᠡᠳᠪᠦᠷᠢᠯᠡᠯ ᠤᠨ | ᠴᠢᠳᠠᠪᠤᠷᠢ ᠪᠠᠷ ᠦᠢᠯᠡᠳᠪᠦᠷᠢᠯᠡᠬᠦ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠰᠢᠢᠳᠪᠦᠷᠢᠯᠡᠬᠦ ᠠᠰᠠᠭᠤᠳᠠᠯ ᠳᠤ ᠬᠤᠯᠪᠤᠭᠳᠠᠪᠠᠯ᠂ ᠬᠤᠲᠠ ᠶᠢᠨ ᠰᠢᠭᠤᠳ ᠬᠠᠷᠢᠶ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠦᠷᠭᠡᠵᠦ᠂ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ | ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ᠂ ᠬᠠᠷᠢᠶ᠎ᠠ ᠭᠠᠵᠠᠷ ᠲᠤᠨᠢ ᠬᠠᠷᠢᠭᠤᠴᠠᠭᠤᠯᠬᠤ ᠵᠠᠷᠴᠢᠮ ᠶᠣᠰᠣᠭᠠᠷ᠂ ᠬᠤᠲᠠ ᠬᠤᠰᠢᠭᠤ ᠬᠤᠯᠪᠣᠭᠠᠯᠠᠨ | ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠬᠤᠲᠠ᠂ ᠬᠤᠰᠢᠭᠤ ᠬᠤᠶᠠᠷ ᠱᠠᠲᠤᠨ ᠤ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠦᠴᠦ ᠪᠠᠨ ᠬᠠᠮᠲᠤᠳᠬᠠᠨ ᠬᠦᠴᠢᠷᠳᠡᠯ ᠢ ᠨᠢ ᠰᠢᠢᠳᠪᠦᠷᠢᠯᠡᠵᠦ᠂ ᠰᠠᠷ᠎ᠠ ᠪᠠᠷ ᠳᠣᠭᠢᠷᠠᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠵᠣᠬᠢᠶᠠᠨ ᠪᠠᠶᠢᠭᠤᠯᠤᠨ ᠠᠬᠢᠭᠤᠯᠵᠤ᠂ ︽ᠲᠤᠰᠬᠠᠶ ᠠᠵᠢᠯᠯᠠᠭ᠎ᠠ︾ ᠶᠢ ᠱᠠᠭᠠᠷᠳᠠᠨ ᠥᠷᠨᠢᠭᠦᠯᠦᠨ᠎ᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠨ᠎ᠠ᠃ ᠡᠯ᠎ᠡ ︽ᠲᠤᠰᠬᠠᠶ ᠠᠵᠢᠯᠯᠠᠭ᠎ᠠ︾ ᠶᠢᠨ ᠲᠦᠷᠦᠭᠦᠯᠡᠬᠦ ᠰᠠᠯᠠᠭ᠎ᠠ ᠮᠥᠴᠢᠷ ᠤᠳ | ᠬᠠᠷᠢᠭᠤᠴᠠᠯᠭ᠎ᠠ ᠡᠭᠦᠷᠭᠡᠯᠡᠬᠦ ᠪᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠬᠠᠷᠠᠯᠲᠠ᠂ ᠠᠵᠢᠯ ᠤᠨ ᠱᠠᠭᠠᠷᠳᠠᠯᠭ᠎ᠠ᠂ | ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠬᠠᠷᠢᠴᠠᠭᠤᠯᠤᠨ᠂ ᠲᠣᠰ ᠲᠥᠰᠦᠯ ᠢ ᠳᠠᠷᠤᠮᠠᠯᠯᠠᠨ ᠲᠠᠷᠬᠠᠭᠠᠵᠤ 10 ᠠᠵᠢᠯᠯᠠᠬᠤ ᠡᠳᠦᠷ ᠤᠨ ᠳᠣᠲᠣᠷ᠎ᠠ | ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ︽ᠲᠤᠰᠬᠠᠶ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠬᠦᠴᠦ ᠪᠠᠨ | ᠬᠠᠮᠲᠤᠳᠬᠠᠨ ᠠᠬᠢᠭᠤᠯᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ︽ᠲᠤᠰᠬᠠᠶ ᠠᠵᠢᠯᠯᠠᠭ᠎ᠠ︾ ᠶᠢᠨ ᠲᠦᠷᠦᠭᠦᠯᠡᠬᠦ | ᠰᠠᠯᠠᠭ᠎ᠠ ᠮᠥᠴᠢᠷ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠤᠲᠠ ᠶᠢᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠂ ᠬᠠᠷᠢᠯᠴᠠᠬᠤ ᠤᠲᠠᠰᠤ᠄ 0477-8588142᠃ | ︵ᠬᠤᠶᠠᠷ︶ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠲᠤᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠵᠤ ᠠᠬᠤᠶᠢᠯᠠᠯ ᠤᠨ ᠲᠤᠰᠬᠠᠭᠠᠭᠰᠠᠨ ᠬᠦᠴᠢᠷ ᠠᠰᠠᠭᠤᠳᠠᠯ ᠢ ᠳᠠᠷᠤᠢ ᠳᠤᠨᠢ ᠬᠦᠯᠢᠶᠡᠨ ᠠᠪᠴᠤ ᠰᠢᠢᠳᠪᠦᠷᠢᠯᠡᠬᠦ᠂ | ᠪᠤᠳᠤᠯᠢᠶᠠᠨᠲᠠᠶ ᠠᠰᠠᠭᠤᠳᠠᠯ ᠢ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠬᠦ ᠲᠥᠰᠦᠯ ᠲᠣᠭᠲᠠᠭᠠᠬᠤ ᠶᠢᠨ ᠬᠠᠮᠲᠤ ᠡᠮᠬᠢ ᠵᠢᠷᠤᠮ ᠲᠠᠢ ᠲᠦᠷᠭᠡᠨ ᠠᠬᠢᠭᠤᠯᠬᠤ | ᠵᠠᠷᠴᠢᠮ ᠶᠣᠰᠣᠭᠠᠷ᠂ ᠠᠵᠤ ᠠᠬᠤᠶᠢᠯᠠᠯ ᠤᠨ ᠲᠤᠰᠬᠠᠭᠰᠠᠨ ᠬᠦᠴᠢᠷ ᠠᠰᠠᠭᠤᠳᠠᠯ ᠢ ᠴᠤᠭᠯᠠᠭᠤᠯᠬᠤ᠂ ᠡᠮᠬᠢᠯᠡᠬᠦ᠂ ᠰᠤᠳᠤᠯᠤᠨ ᠮᠠᠭᠠᠳᠯᠠᠬᠤ᠂ ᠲᠤᠰᠢᠶᠠᠨ | ᠰᠢᠢᠳᠪᠦᠷᠢᠯᠡᠭᠦᠯᠬᠦ᠂ ᠬᠠᠷᠢᠭᠤ ᠲᠤᠰᠬᠠᠬᠤ᠂ ᠦᠨᠡᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠦᠴᠢᠷ | ᠠᠰᠠᠭᠤᠳᠠᠯ ᠢ ᠰᠠᠯᠠᠭ᠎ᠠ ᠮᠥᠴᠢᠷ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠯᠤᠭ᠎ᠠ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠪᠠᠲᠤᠯᠠᠵᠤ᠂ ᠣᠯᠠᠨ ᠲᠠᠯ᠎ᠠ ᠠᠴᠠ | ᠰᠢᠢᠳᠪᠦᠷᠢᠯᠡᠬᠦ᠂ ᠳᠠᠬᠢᠨ ᠳᠠᠪᠲᠠᠨ ᠰᠢᠢᠳᠪᠦᠷᠢᠯᠡᠬᠦ ᠪᠤᠶᠤ ᠬᠠᠷᠢᠯᠴᠠᠨ ᠲᠦᠯᠬᠢᠯᠴᠡᠬᠦ ᠠᠴᠠ ᠵᠠᠶᠢᠯᠠᠵᠤ᠂ ᠠᠵᠤ ᠠᠬᠤᠶᠢᠯᠠᠯ ᠤᠨ ᠲᠤᠰᠬᠠᠭᠰᠠᠨ ᠬᠦᠴᠢᠷ ᠠᠰᠠᠭᠤᠳᠠᠯ ᠢ | ᠲᠡᠷᠡ ᠳᠠᠷᠤᠶ ᠳᠤᠨᠢ ᠪᠦᠲᠦᠮᠵᠢᠲᠡᠶ ᠬᠠᠷᠢᠭᠤ ᠲᠤᠰᠬᠠᠬᠤ ᠶᠢᠨ ᠬᠠᠮᠲᠤ ᠳᠠᠷᠠᠭᠠᠯᠠᠨ ᠴᠢᠨᠠᠷ ᠰᠠᠶᠢᠲᠠᠢ ᠪᠠᠷ ᠲᠣᠭᠲᠠᠭᠰᠠᠨ ᠬᠤᠭᠤᠴᠠᠭᠠᠨ ᠳᠤ ᠬᠠᠷᠢᠭᠤᠯᠲᠠ ᠥᠭᠬᠦ ᠶᠢ | ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠠᠷ᠎ᠠ ᠪᠦᠷᠢ ᠠᠵᠤ ᠠᠬᠤᠶᠢᠯᠠᠯ ᠤᠨ ᠲᠤᠰᠬᠠᠭᠰᠠᠨ | ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠴᠤᠭᠯᠠᠭᠤᠯᠤᠨ ᠳ᠋ᠦᠩᠨᠡᠬᠦ ᠶᠢᠨ ᠬᠠᠮᠲᠤ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ | ᠰᠢᠢᠳᠪᠦᠷᠢᠯᠡᠭᠰᠡᠨ ᠦᠷ᠎ᠡ ᠳ᠋ᠦᠩ ᠢ ᠨᠢᠭᠡᠳ ᠨᠢᠭᠡ ᠪᠠᠷ ᠮᠦᠷᠳᠡᠬᠦ ᠬᠡᠷᠡᠭᠲᠡᠶ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ | ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠬᠢᠭᠡᠳ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠ ᠤᠬᠠᠭᠤᠯᠭ᠎ᠠ ᠶᠢ ᠬᠦᠴᠦᠯᠡᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ᠂ ᠠᠷᠭ᠎ᠠ | ᠬᠡᠮᠵᠢᠶ᠎ᠡ ᠂ ᠦᠢᠯᠡᠴᠢᠯᠡᠭᠡ ᠪᠠ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠠᠵᠠᠷ ᠬᠡᠷᠡᠭᠯᠡᠬᠦ ᠲᠠᠯ᠎ᠠ ᠪᠠᠷ᠂ ᠡᠯ᠎ᠡ ᠬᠤᠰᠢᠭᠤ | ᠲᠣᠭᠤᠷᠢᠭ᠂ ᠨᠡᠭᠡᠭᠡᠯᠲᠡ ᠶᠢᠨ ᠲᠣᠭᠤᠷᠢᠭ ᠨᠢ ᠪᠠᠷᠢᠮᠵᠢᠶᠠᠲᠤ ᠭᠠᠵᠠᠷ ᠲᠤ ᠰᠢᠯᠵᠢᠭᠦᠯᠦᠨ ᠥᠭᠭᠦᠭᠰᠡᠨ ᠭᠠᠵᠠᠷ ᠰᠢᠷᠣᠶ ᠶᠢᠨ ᠨᠥᠭᠡᠴᠡᠯᠡᠯᠲᠡ ᠶᠢ ᠰᠠᠶᠢᠲᠤᠷ ᠬᠢᠵᠦ᠂ ︽ | ᠭᠠᠵᠠᠷ ᠠᠪᠤᠮᠠᠭᠴᠠ ᠳᠠᠷᠤᠶ ᠠᠵᠢᠯ ᠡᠬᠢᠯᠡᠭᠦᠯᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠬᠡᠷᠡᠭᠯᠡᠬᠦ ᠲᠠᠯ᠎ᠠ ᠪᠠᠷ᠂ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠭᠡᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠲᠤᠰ ᠭᠠᠵᠠᠷ ᠣᠷᠣᠨ ᠤ ᠠᠵᠤ | ᠦᠢᠯᠡᠳᠪᠦᠷᠢ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠬᠦ᠂ ᠬᠤᠳᠠᠯᠳᠤᠨ ᠠᠪᠬᠤ ᠦᠨ᠎ᠡ ᠵᠡᠷᠭᠡ ᠯᠠᠪᠯᠠᠯᠲᠠ ᠶᠢᠨ ᠦᠨ᠎ᠡ ᠬᠠᠩᠰᠢ ᠶᠢ ᠲᠣᠳᠣᠷᠬᠠᠶᠢᠯᠠᠵᠤ᠂ ᠠᠵᠤ | ᠠᠬᠤᠶᠢᠯᠠᠯ ᠳᠤ ᠪᠡᠯᠡ ᠣᠷᠣᠵᠤ ᠰᠠᠭᠤᠬᠤ ᠪᠠ ᠪᠦᠬᠦ ᠬᠡᠯᠬᠢᠶᠡᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠠᠷᠠᠳ ᠤᠨ ᠠᠮᠢᠳᠤᠷᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠨᠡᠩ ᠰᠢᠯᠢᠳᠡᠭ ᠪᠣᠯᠭᠠᠨ᠎ᠠ᠃ ᠤᠯᠤᠰ ᠤᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠭᠠᠵᠠᠷ ᠰᠢᠷᠣᠶ ᠶᠢ ᠲᠡᠭᠰᠢᠯᠡᠬᠦ᠂ ︽ᠶᠢᠰᠦ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠂ | ᠣᠯᠠᠨ ᠨᠡᠶᠢᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠪᠠᠲᠤᠯᠠᠭ᠎ᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠷᠣᠨ ᠨᠤᠲᠤᠭ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠳᠤ ᠱᠠᠩᠨᠠᠯ ᠨᠥᠬᠦᠪᠥᠷᠢ ᠣᠯᠭᠤᠬᠤ ᠵᠡᠷᠭᠡ ᠳᠡᠮᠵᠢᠯᠭᠡ ᠬᠠᠩᠭᠠᠨ᠎ᠠ᠃ | ︵ᠲᠦᠷᠪᠡ︶ ᠤᠳᠤᠷᠢᠳᠬᠤ ᠺᠠᠳ᠋ᠷ ᠪᠣᠯᠤᠨ ᠰᠠᠯᠠᠭ᠎ᠠ ᠮᠥᠴᠢᠷ ᠤᠨ ᠠᠵᠤ ᠠᠬᠤᠶᠢᠯᠠᠯ ᠢ ᠬᠤᠯᠪᠤᠭᠠᠯᠠᠨ ᠳᠠᠭᠠᠴᠢᠯᠠᠬᠤ ᠲᠣᠭᠲᠠᠴᠠ ᠶᠢ ᠴᠢᠩᠭᠠᠳᠬᠠᠨ᠎ᠠ᠃ ︽ | ᠣᠷᠳᠣᠰ ᠬᠤᠲᠠ ᠶᠢᠨ ᠱᠠᠲᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠬᠤᠯᠪᠤᠭᠠᠯᠠᠨ ᠳᠠᠭᠠᠴᠢᠯᠠᠬᠤ ᠠᠵᠢᠯ ᠤᠨ ᠲᠥᠰᠦᠯ︾( ᠣᠷᠳᠣᠰ ᠵᠠᠰᠠᠭ ᠠᠯᠪᠠᠨ ᠲᠠᠷᠬᠠᠭᠠᠭᠰᠠᠨ ﹇2022﹈ 65 ᠳ᠋ᠤᠭᠠᠷ ᠲᠣᠭᠠᠲᠤ︶ | ᠶᠣᠰᠤᠭᠠᠷ ᠬᠤᠲᠠ ᠶᠢᠨ ᠱᠠᠲᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠬᠤᠯᠪᠤᠭᠠᠯᠠᠨ ᠳᠠᠭᠠᠴᠢᠯᠠᠬᠤ ᠠᠵᠢᠯ ᠤᠨ ᠲᠣᠭᠲᠠᠴᠠ ᠶᠢ ᠭᠦᠢᠴᠡᠳ ᠪᠠᠳᠠᠷᠠᠭᠤᠯᠵᠤ᠂ ᠬᠤᠲᠠ ᠶᠢᠨ ᠱᠠᠲᠤᠨ ᠤ ᠬᠤᠯᠪᠤᠭᠠᠯᠠᠨ ᠳᠠᠭᠠᠭᠠᠴᠢᠯᠠᠭᠰᠠᠨ | ᠤᠳᠤᠷᠢᠳᠤᠯᠭ᠎ᠠ ᠰᠠᠷ᠎ᠠ ᠪᠦᠷᠢ ᠬᠤᠰᠢᠭᠤ ᠲᠣᠭᠤᠷᠢᠭ ᠲᠠᠢ ᠬᠠᠷᠢᠯᠴᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠤᠷᠠᠯ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠴᠢᠬᠤᠯᠠ ᠶᠡᠭᠡ ᠵᠦᠢᠯᠡᠰ ᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠤᠨ᠎ᠠ᠃ ᠬᠤᠲᠠ ᠶᠢᠨ ᠱᠠᠲᠤᠨ ᠤ ᠤᠳᠤᠷᠢᠳᠤᠯᠭ᠎ᠠ ᠲᠣᠬᠢᠷᠠᠭᠤᠯᠤᠯᠲᠠ ᠶᠢᠨ ᠬᠤᠷᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠢ ᠴᠤᠭᠯᠠᠭᠤᠯᠤᠨ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠨ᠎ᠡ᠃ | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 2 ᠳ᠋ᠤᠭᠠᠷ ᠰᠠᠷ᠎ᠠ ᠶᠢᠨ 23 ᠤ ᠡᠳᠦᠷ | |