ᠠᠯᠪᠠᠨ ᠪᠢᠴᠢᠭ ᠮᠠᠲ᠋ᠧᠷᠢᠶᠠᠯ ᠢ ᠭᠦᠢᠴᠡᠳᠭᠡᠬᠦ ᠪᠠ ᠬᠤᠷᠠᠯ ᠡᠷᠬᠢᠯᠡᠬᠦ ᠴᠢᠨᠠᠷᠵᠢᠯ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠪᠤᠳᠠᠲᠠᠢ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ      ᠤᠷᠳᠤᠰ ᠵᠠᠰᠠᠭ ᠠᠯᠪᠠᠨ ᠳᠠᠷᠬᠠᠭᠠᠭᠰᠠᠨ ﹇2023﹈ 11 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2024/1/12
ᠡᠯ᠎ᠡ ᠬᠤᠰᠢᠭᠤ ᠲᠤᠭᠤᠷᠢᠭ ‍ᠤᠨ‌ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄  ᠡᠳᠦᠭᠡ ︽ᠠᠯᠪᠠᠨ ᠪᠢᠴᠢᠭ ᠮᠠᠲ᠋ᠧᠷᠢᠶᠠᠯ ᠢ ᠭᠦᠢᠴᠡᠳᠬᠡᠬᠦ ᠪᠠ ᠬᠤᠷᠠᠯ ᠡᠷᠭᠢᠯᠡᠬᠦ ᠴᠢᠨᠠᠷᠵᠢᠯ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                     ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                           2023 ᠣᠨ ᠤ 2 ᠳ᠋ᠤᠭᠠᠷ ᠰᠠᠷ᠎ᠠ ᠶᠢᠨ15 ᠤ ᠡᠳᠦᠷᠠᠯᠪᠠᠨ ᠪᠢᠴᠢᠭ ᠮᠠᠲ᠋ᠧᠷᠢᠶᠠᠯ ᠢ ᠭᠦᠢᠴᠡᠳᠬᠡᠬᠦ ᠪᠠ ᠬᠤᠷᠠᠯ ᠡᠷᠬᠢᠯᠡᠬᠦ ᠴᠢᠨᠠᠷᠵᠢᠯ ᠦᠷ᠎ᠡᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠳᠥᠷᠪᠡ︾ ᠶᠢᠨ ᠲᠡᠮᠡᠴᠡᠬᠦ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠪᠠᠨ ᠪᠢᠴᠢᠭ ᠮᠠᠲ᠋ᠧᠷᠢᠶᠠᠯ ᠢ ᠭᠦᠢᠴᠡᠳᠬᠡᠬᠦ ᠬᠤᠷᠳᠤᠴᠠ ᠶᠢ ᠲᠦᠷᠭᠡᠳᠬᠡᠬᠦ᠂ ᠬᠤᠷᠠᠯ ᠤᠨ ᠶᠠᠰᠤ ᠴᠢᠨᠠᠷ ᠢ ᠪᠠᠲᠤᠯᠠᠬᠤ ᠳᠡᠭᠡᠷ᠎ᠡ ᠬᠦᠴᠦ ᠲᠠᠯᠪᠢᠵᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠠᠯᠪᠠᠯᠠᠬᠤ ᠰᠢᠰᠲ᠋ᠧᠮ ᠤᠨ ᠲᠡᠷᠢᠭᠦᠨ ᠤ ᠬᠢ ᠶᠢ ᠡᠭᠦᠳᠴᠦ᠂ ᠦᠯᠢᠭᠡᠷ ᠳᠠᠭᠤᠷᠢᠶᠠᠯ ᠪᠣᠯᠬᠤ ᠶᠢ ᠳᠠᠶᠢᠴᠢᠯᠠᠨ᠂ ᠬᠠᠨᠳᠤᠯᠭᠠᠲᠤ ᠴᠢᠨᠠᠷᠲᠠᠢ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃     ᠨᠢᠭᠡ᠂ ᠠᠯᠪᠠᠨ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠬᠦ ᠦᠷ᠎ᠡ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠲᠣᠭᠤᠷᠢᠭ᠂ ᠰᠠᠯᠠᠭ᠎ᠠ ᠮᠥᠴᠢᠷ ᠂ ᠨᠢᠭᠡᠴᠡ ᠨᠦᠭᠦᠳ ᠠᠮᠠ  ᠬᠡᠯᠡ ᠪᠠᠷ ᠵᠣᠬᠢᠴᠠᠭᠤᠯᠵᠤ ᠪᠣᠯᠬᠤ ᠡᠩ ᠤᠨ ᠵᠦᠢᠯᠡᠰ ︵ᠵᠢᠱᠢᠶᠡᠯᠡᠪᠡᠯ ᠬᠤᠰᠢᠭᠤ ᠲᠣᠭᠤᠷᠢᠭ ᠪᠤᠶᠤ ᠰᠠᠯᠠᠭ᠎ᠠ ᠮᠥᠴᠢᠷ ᠤᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠡᠪᠰᠢᠭᠦᠯᠦᠭᠰᠡᠨ ᠬᠦᠯᠢᠶᠡᠨ ᠠᠪᠴᠤ ᠵᠣᠴᠢᠯᠠᠬᠤ ᠶᠠᠪᠤᠳᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠯᠦᠭᠡ ᠵᠠᠰᠠᠭ ᠤᠨ ᠶᠠᠪᠤᠳᠠᠯ ᠤᠨ ᠠᠵᠢᠯᠯᠠᠭᠠᠨ ᠤ ᠵᠦᠢᠯᠡᠰ ᠢ ᠵᠣᠬᠢᠴᠠᠭᠤᠯᠬᠤ︶ ᠪᠠ ᠮᠡᠳᠡᠭᠡ ᠵᠠᠩᠭᠢ  ᠱᠠᠭᠠᠷᠳᠠᠨ ᠪᠠᠶᠢᠴᠠᠭᠠᠬᠤ ᠠᠷᠭ᠎ᠠ ᠵᠠᠮ ᠢᠶᠠᠷ ᠳᠠᠮᠵᠢᠭᠤᠯᠤᠨ ᠳᠡᠭᠡᠭᠰᠢ ᠮᠡᠳᠡᠭᠦᠯᠵᠦ ᠪᠣᠯᠬᠤ ᠵᠦᠢᠯᠡᠰ ︵ᠵᠢᠱᠢᠶᠡᠯᠡᠪᠡᠯ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ︶ ᠂ ᠳᠡᠭᠡᠭᠰᠢ ᠮᠡᠳᠡᠭᠦᠯᠬᠦ ᠴᠢᠬᠤᠯᠠ ᠦᠭᠡᠢ ᠠᠯᠪᠠᠨ ᠪᠢᠴᠢᠭ ᠤᠳ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠠᠯᠪᠠᠨ ᠪᠢᠴᠢᠭ ᠢ ᠴᠥᠮ ᠪᠤᠴᠠᠭᠠᠨ᠎ᠠ᠃ ᠵᠢᠱᠢᠶᠡᠯᠡᠪᠡᠯ᠂ ᠬᠤᠰᠢᠭᠤ ᠲᠣᠭᠤᠷᠢᠭ ᠪᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠠᠷᠢᠶᠠᠯᠠᠭᠳᠠᠬᠤ ᠬᠡᠪᠴᠢᠶᠡᠨ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠯᠡᠭᠦᠯᠦᠭᠰᠡᠨ᠂ ᠵᠥᠪᠰᠢᠶᠡᠷᠡᠭᠦᠯᠦᠭᠰᠡᠨ ᠵᠢᠴᠢ ᠳᠡᠪᠰᠢᠭᠦᠯᠦᠭᠰᠡᠨ ᠪᠢᠴᠢᠭ ᠮᠠᠲ᠋ᠧᠷᠢᠶᠠᠯ︔ ᠤᠳᠤᠷᠢᠳᠤᠯᠭ᠎ᠠ ᠶᠢᠨ ᠴᠣᠬᠤᠯᠠᠪᠤᠷᠢ ᠪᠤᠶᠤ ᠱᠠᠭᠠᠷᠳᠠᠯᠭ᠎ᠠ ᠦᠭᠡᠶ ᠪᠠᠷ ᠮᠡᠳᠡᠭᠦᠯᠦᠨ ᠬᠦᠷᠭᠡᠭᠰᠡᠨ ᠡᠩ ᠤᠨ ᠠᠵᠢᠯ ᠤᠨ ᠮᠡᠳᠡᠭᠦᠯᠦᠯᠲᠡ᠃     ᠬᠤᠶᠠᠷ᠂ ᠠᠯᠪᠠᠨ ᠪᠢᠴᠢᠭ ᠮᠠᠲ᠋ᠧᠷᠢᠶᠠᠯ ᠢ ᠭᠦᠢᠴᠡᠳᠬᠡᠬᠦ ᠬᠤᠷᠳᠤᠴᠠ ᠶᠢ ᠲᠦᠷᠭᠡᠳᠬᠡᠨ᠎ᠡ᠃ ᠴᠠᠭᠠᠰᠤ ᠬᠡᠷᠡᠭᠯᠡᠬᠦ ᠦᠭᠡᠢ ᠪᠠᠷ ᠠᠯᠪᠠᠯᠠᠬᠤ ᠶᠢ ᠶᠡᠬᠡᠪᠡᠷ ᠠᠬᠢᠭᠤᠯᠵᠤ᠂ ᠬᠡᠵᠢᠶ᠎ᠡ ᠬᠠᠮᠢᠭ᠎ᠠ ᠴᠤ ᠪᠢᠴᠢᠭ ᠮᠠᠲ᠋ᠧᠷᠢᠶᠠᠯ ᠢ ᠦᠵᠡᠵᠦ ᠴᠣᠬᠤᠪᠤᠷᠢᠯᠠᠵᠤ ᠪᠣᠯᠬᠤ ᠶᠢ ᠪᠡᠶᠡᠯᠡᠭᠦᠯᠦᠨ᠎ᠡ᠃ ᠠᠯᠪᠠᠨ ᠪᠢᠴᠢᠭ ᠮᠠᠲ᠋ᠧᠷᠢᠶᠠᠯ ᠢ ᠬᠦᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ  ᠶᠢ ᠬᠡᠷᠡᠭᠵᠢᠭᠦᠯᠵᠦ᠂ ᠳᠡᠭᠡᠳᠦ ᠱᠠᠲᠤᠨ ᠠᠴᠠ ᠢᠷᠡᠭᠦᠯᠦᠭᠰᠡᠨ ᠠᠯᠪᠠᠨ ᠪᠢᠴᠢᠭ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠪᠢᠴᠢᠭ ᠮᠠᠲ᠋ᠧᠷᠢᠶᠠᠯ ᠢ ᠬᠤᠷᠢᠶᠠᠨ ᠠᠪᠤᠭᠰᠠᠨ ᠤ ᠳᠠᠷᠠᠭ᠎ᠠ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠨ ᠳᠠᠭᠤᠰᠬᠠᠵᠤ᠂ ᠡᠩ ᠤᠨ ᠪᠠᠶᠢᠳᠠᠯ ᠳᠣᠣᠷ᠎ᠠ ᠳᠣᠣᠷᠠᠳᠤ ᠱᠠᠲᠤᠨ ᠠᠴᠠ ᠢᠷᠡᠭᠦᠯᠦᠭᠰᠡᠨ ᠠᠯᠪᠠᠨ ᠪᠢᠴᠢᠭ  ᠢ ᠵᠠᠷᠴᠢᠮ ᠳᠡᠭᠡᠷ᠎ᠡ ᠪᠠᠨ ᠪᠢᠴᠢᠭ ᠮᠠᠲ᠋ᠧᠷᠢᠶᠠᠯ ᠢ ᠬᠤᠷᠢᠶᠠᠨ ᠠᠪᠤᠭᠰᠠᠨ ᠤ ᠳᠠᠷᠠᠭ᠎ᠠ 2 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠨ ᠲᠠᠷᠬᠠᠭᠠᠨ ᠳᠠᠭᠤᠰᠬᠠᠬᠤ ᠶᠢᠨ ᠬᠠᠮᠲᠤ ᠪᠢᠴᠢᠭ ᠮᠠᠲ᠋ᠧᠷᠢᠶᠠᠯ ᠮᠡᠳᠡᠭᠦᠯᠦᠭᠰᠡᠨ ᠪᠠᠶᠢᠭᠤᠯᠭ᠎ᠠ ᠳᠤ ᠭᠦᠢᠴᠡᠳᠬᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ᠃ ᠠᠯᠪᠠᠨ ᠪᠢᠴᠢᠭ ᠮᠠᠲ᠋ᠧᠷᠢᠶᠠᠯ ᠢ ᠲᠠᠷᠬᠠᠭᠠᠨ ᠶᠠᠪᠤᠭᠤᠯᠬᠤ  ᠳᠤ ᠬᠦᠯᠢᠶᠡᠨ ᠠᠪᠤᠭᠰᠠᠨ ᠳᠠᠷᠤᠢ ᠳᠤᠨᠢ ᠬᠢᠨᠠᠨ ᠬᠠᠷᠭᠤᠭᠤᠯᠬᠤ ᠶᠢ ᠬᠡᠷᠡᠭᠵᠢᠭᠦᠯᠵᠦ᠂ ᠡᠩ ᠤᠨ ᠪᠠᠶᠢᠳᠠᠯ ᠳᠤ ᠠᠯᠪᠠᠨ ᠪᠢᠴᠢᠭ ᠮᠠᠲ᠋ᠧᠷᠢᠶᠠᠯ ᠶᠠᠪᠤᠭᠤᠯᠬᠤ ᠳᠤ ᠵᠠᠷᠴᠢᠮ ᠳᠡᠭᠡᠷ᠎ᠡ ᠪᠠᠨ ᠡᠬᠡ ᠨᠣᠣᠷᠠᠭ ᠢ ᠣᠯᠣᠭᠰᠠᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠦᠢᠯᠡᠳᠦᠨ ᠲᠠᠷᠬᠠᠭᠠᠵᠤ ᠶᠠᠪᠤᠭᠤᠯᠬᠤ ᠬᠡᠷᠡᠭᠲᠡᠶ᠃     ᠭᠤᠷᠪᠠ᠂ ᠰᠠᠨᠠᠯ ᠬᠤᠷᠢᠶᠠᠬᠤ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠭᠡᠭᠰᠢ ᠮᠡᠳᠡᠭᠦᠯᠦᠭᠰᠡᠨ ᠬᠠᠮᠢᠶ᠎ᠠ ᠪᠦᠬᠦᠢ ᠬᠤᠰᠢᠭᠤ ᠲᠣᠭᠤᠷᠢᠭ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠴᠢᠬᠤᠯᠠᠲᠠᠶ ᠠᠯᠪᠠᠨ ᠪᠢᠴᠢᠭ ᠮᠠᠲ᠋ᠧᠷᠢᠶᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠬᠤᠷᠢᠶᠠᠨ᠎ᠠ︔ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠬᠠᠮᠢᠶ᠎ᠠ ᠪᠦᠬᠦᠢ ᠬᠤᠰᠢᠭᠤ ᠲᠣᠭᠤᠷᠢᠭ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠴᠢᠬᠤᠯᠠᠲᠠᠶ ᠠᠯᠪᠠᠨ ᠪᠢᠴᠢᠭ ᠮᠠᠲ᠋ᠧᠷᠢᠶᠠᠯ ᠢ ᠲᠦᠷ ᠴᠠᠭ ᠬᠠᠰᠢᠯᠠ ᠪᠢᠴᠢᠭ ᠮᠠᠲ᠋ᠧᠷᠢᠶᠠᠯ ᠢ ᠳᠡᠪᠰᠢᠭᠦᠯᠦᠭᠰᠡᠨ ᠰᠠᠯᠠᠭ᠎ᠠ ᠮᠥᠴᠢᠷ ᠠᠴᠠ ᠥᠪᠡᠰᠦᠪᠡᠨ ᠰᠠᠨᠠᠯ ᠬᠤᠷᠢᠶᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠰᠠᠨᠠᠯ ᠬᠤᠷᠢᠶᠠᠯᠭᠠᠬᠤ ᠴᠢᠬᠤᠯᠠᠲᠠᠶ ᠪᠣᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠬᠤ ᠨᠠᠷᠢᠨ ᠪᠢᠴᠢᠭ ᠤᠨ ᠳᠡᠳ᠋ ᠳᠠᠷᠤᠭ᠎ᠠ ︵ᠠᠯᠪᠠᠨ ᠭᠡᠷ ᠤᠨ ᠳᠡᠳ᠋ ᠡᠷᠬᠢᠯᠡᠭᠴᠢ︶ ᠲᠠᠢ ᠤᠷᠢᠳᠴᠢᠯᠠᠨ ᠨᠡᠪᠲᠡᠷᠡᠯᠴᠡᠨ ᠵᠣᠯᠭᠠᠭᠤᠯᠬᠤ ᠶᠢᠨ ᠬᠠᠮᠲᠤ ᠪᠢᠴᠢᠭ ᠮᠠᠲ᠋ᠧᠷᠢᠶᠠᠯ ᠢ ᠳᠡᠭᠡᠭᠰᠢ ᠮᠡᠳᠡᠬᠦᠯᠬᠦ ᠳᠤ ᠠᠰ ᠲᠤᠨᠢ ᠲᠣᠳᠣᠷᠬᠠᠶᠢᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠰᠢᠭᠤ ᠲᠣᠭᠤᠷᠢᠭ᠂ ᠰᠠᠯᠠᠭ᠎ᠠ ᠮᠥᠴᠢᠷ᠂ ᠨᠢᠭᠡᠴᠡ ᠳᠤ ᠰᠢᠯᠵᠢᠭᠦᠯᠦᠭᠰᠡᠨ ᠰᠠᠨᠠᠯ ᠬᠤᠷᠢᠶᠠᠬᠤ ᠠᠯᠪᠠᠨ ᠪᠢᠴᠢᠭ ᠤᠨ ᠠᠰᠲᠠᠭᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠪᠠᠶᠢᠬᠤ ᠠᠴᠠ ᠭᠠᠳᠠᠨ᠎ᠠ᠂ ᠲᠤᠰᠬᠠᠢ ᠳᠡᠪᠰᠢᠭᠦᠯᠦᠭᠰᠡᠨ ᠪᠤᠶᠤ ᠣᠨᠴᠠᠭᠠᠢ ᠪᠠᠴᠢᠮ ᠪᠢᠴᠢᠭ ᠮᠠᠲ᠋ᠧᠷᠢᠶᠠᠯ ᠢ ᠢᠷᠡᠮᠡᠭᠴᠡ ᠭᠦᠢᠴᠡᠳᠬᠡᠵᠦ ᠬᠠᠷᠢᠭᠤᠯᠲᠠ ᠥᠭᠴᠦ᠂ ᠪᠠᠴᠢᠮ ᠪᠢᠴᠢᠭ ᠮᠠᠲ᠋ᠧᠷᠢᠶᠠᠯ ᠢ ᠰᠢᠯᠵᠢᠭᠦᠯᠦᠨ ᠭᠦᠢᠴᠡᠳᠬᠡᠭᠦᠯᠬᠦ ᠱᠠᠭᠠᠷᠳᠠᠯᠭ᠎ᠠ ᠶᠣᠰᠣᠭᠠᠷ ᠬᠠᠷᠢᠭᠤ ᠥᠭᠴᠦ᠂ ᠡᠩ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ  ᠤᠨ ᠰᠠᠨᠠᠯ  ᠢ ᠬᠤᠷᠢᠶᠠᠬᠤ ᠳᠠᠭᠠᠨ᠂ ᠬᠤᠰᠢᠭᠤ ᠲᠣᠭᠤᠷᠢᠭ ᠰᠠᠯᠠᠭ᠎ᠠ ᠮᠥᠴᠢᠷ ᠨᠢᠭᠡᠴᠡ 1 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠬᠠᠷᠢᠭᠤ ᠲᠤᠰᠬᠠᠵᠤ᠂ ᠠᠵᠢᠯ ᠤᠨ ᠮᠡᠳᠡᠭᠦᠯᠦᠯᠲᠡ ᠶᠢᠨ ᠲᠥᠷᠥᠯ ᠪᠣᠯ 2 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠬᠠᠷᠢᠭᠤ ᠲᠤᠰᠬᠠᠵᠤ᠂ ᠠᠵᠢᠯ ᠤᠨ ᠲᠥᠰᠦᠯ᠂ ᠰᠠᠨᠠᠯ ‍ᠤᠨ‌‍ᠲ᠋ᠥ᠋ᠷᠥᠯ ᠪᠣᠯ 5 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠬᠠᠷᠢᠭᠤ ᠲᠤᠰᠬᠠᠬᠤ ᠬᠡᠷᠡᠭᠲᠡᠶ᠃ ᠬᠡᠷᠪᠡ ᠤᠨᠴᠠᠭᠠᠢ ᠪᠠᠶᠢᠳᠠᠯ ᠠᠴᠠ ᠪᠤᠯᠵᠤ ᠬᠤᠭᠤᠴᠠᠭ᠎ᠠ ᠶᠤᠰᠤᠭᠠᠷ ᠬᠠᠷᠢᠭᠤ ᠦᠭᠴᠦ ᠲᠡᠶᠢᠯᠬᠦ ᠦᠭᠡᠢ ᠪᠤᠯ᠂ ᠬᠠᠮᠢᠶ᠎ᠠ ᠪᠦᠬᠦᠢ ᠬᠤᠰᠢᠭᠤ ᠲᠤᠭᠤᠷᠢᠭ ᠰᠠᠯᠠᠭ᠎ᠠ ᠮᠦᠴᠢᠷ ᠨᠢᠭᠡᠴᠡ ᠴᠠᠭ ᠲᠤᠬᠠᠢ ᠳᠤᠨᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠲᠤ ᠪᠠᠶᠢᠳᠠᠯ ᠢ ᠪᠢᠴᠢᠭ ᠢᠶᠠᠷ ᠲᠤᠳᠤᠷᠬᠠᠶᠢᠯᠠᠬᠤ ᠶᠢᠨ ᠬᠠᠮᠳᠤ ᠬᠠᠷᠢᠭᠤᠯᠬᠤ ᠴᠠᠭ ᠬᠤᠭᠤᠴᠠᠭ᠎ᠠ ᠪᠠᠨ ᠲᠣᠳᠤᠷᠬᠠᠶᠢᠯᠠᠬᠤ ᠬᠡᠷᠡᠭᠲᠡᠢ᠃     ᠳᠥᠷᠪᠡ᠂ ᠵᠥᠪᠯᠡᠬᠦ ᠵᠦᠢᠯ ᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠎ᠡ ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠥᠪᠯᠡᠬᠦ ᠵᠦᠢᠯ  ᠢ ᠮᠡᠳᠡᠬᠦᠯᠬᠦ ᠳᠤ ᠬᠤᠶᠠᠷ ᠲᠠᠯ᠎ᠠ ᠪᠠᠷ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠪᠢᠴᠢᠭ ᠮᠠᠲ᠋ᠧᠷᠢᠶᠠᠯ ᠤᠨ ᠵᠥᠪᠰᠢᠶᠡᠷᠡᠭᠦᠯᠦᠨ ᠭᠦᠢᠴᠡᠳᠬᠡᠬᠦ ᠪᠠ ᠬᠤᠷᠠᠯ ᠤᠨ ᠭᠤᠶᠤᠴᠢᠯᠠᠨ ᠮᠡᠳᠡᠭᠦᠯᠬᠦ ᠬᠠᠭᠤᠳᠠᠰᠤ ᠶᠢ ᠴᠥᠮ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠥᠪᠯᠡᠬᠦ ᠵᠦᠢᠯ ᠳᠤ ᠣᠷᠣᠭᠤᠯᠬᠤ ᠦᠨᠳᠦᠰᠦᠯᠡᠯ ᠪᠣᠯᠭᠠᠵᠤ ᠪᠣᠯᠤᠨ᠎ᠠ᠃ ᠡᠯ᠎ᠡ ᠬᠤᠰᠢᠭᠤ ᠲᠣᠭᠤᠷᠢᠭ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠵᠦ ᠰᠤᠳᠤᠯᠬᠤ ᠬᠠᠮᠢᠶ᠎ᠠ ᠪᠥᠬᠦᠶ ᠵᠦᠢᠯᠡᠰ ᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ ᠢᠶᠠᠷ ᠰᠤᠳᠤᠯᠤᠭᠰᠠᠨ ᠤ ᠳᠠᠷᠠᠭ᠎ᠠ᠂ ᠵᠥᠪᠯᠡᠬᠦ ᠵᠦᠢᠯ ᠤᠨ ᠬᠠᠮᠢᠶ᠎ᠠ ᠪᠥᠬᠦᠶ ᠮᠠᠲ᠋ᠧᠷᠢᠶᠠᠯ ᠵᠡᠷᠭᠡ ᠶᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠰᠤᠳᠤᠯᠬᠤ ᠪᠠᠷ ᠪᠠᠶᠢᠭ᠎ᠠ ᠵᠥᠪᠯᠡᠬᠦ ᠵᠦᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠲᠤ ᠳᠡᠪᠰᠢᠭᠦᠯᠦᠨ ᠲᠤᠰᠢᠶᠠᠬᠤ ᠬᠡᠷᠡᠭᠲᠡᠢ᠃     ᠲᠠᠪᠤ᠂ ᠬᠤᠷᠠᠯ ᠡᠷᠭᠢᠯᠡᠬᠦ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ ᠬᠤᠷᠠᠯ ᠤᠨ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠠᠭᠠᠰᠤ ᠬᠡᠷᠡᠭᠯᠡᠬᠦ ᠦᠭᠡᠢ ᠬᠤᠷᠠᠯ ᠤᠨ ᠰᠢᠰᠲ᠋ᠧᠮ ᠢ ᠡᠷᠬᠢᠯᠡᠨ ᠬᠡᠷᠡᠭᠵᠢᠬᠦᠯᠬᠦ ᠠᠵᠢᠯ ᠢ ᠲᠦᠷᠭᠡᠳᠬᠡᠨ ᠠᠬᠢᠭᠤᠯᠵᠤ᠂ ᠰᠠᠯᠠᠭ᠎ᠠ ᠮᠥᠴᠢᠷ ᠪᠣᠯᠤᠨ ᠬᠤᠷᠠᠯ ᠤᠨ ᠨᠢᠭᠲᠠᠴᠠ ᠬᠡᠮᠵᠢᠶ᠎ᠡ ᠲᠠᠢ ᠤᠶᠠᠯᠳᠤᠭᠤᠯᠤᠨ᠂ ᠵᠥᠪᠯᠡᠬᠦ ᠵᠦᠢᠯ ᠤᠨ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠷᠠᠯ ᠳᠤ ᠣᠷᠣᠯᠴᠠᠭᠰᠠᠳ ᠤᠨ ᠬᠡᠪᠴᠢᠶ᠎ᠡ ᠶᠢ ᠪᠠᠭᠠᠰᠬᠠᠵᠤ᠂ ᠬᠤᠷᠠᠯ ᠳᠤ ᠣᠷᠣᠯᠴᠠᠭᠰᠠᠳ ᠤᠨ ᠬᠤᠷᠠᠯ ᠬᠦᠯᠢᠶᠡᠬᠦ ᠴᠠᠭ ᠢ ᠠᠯᠢ ᠴᠢᠳᠠᠬᠤ ᠪᠠᠷ ᠪᠠᠭᠠᠰᠬᠠᠵᠤ᠂ ᠬᠤᠷᠠᠯ ᠡᠷᠬᠢᠯᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃     ᠵᠢᠷᠭᠤᠭ᠎ᠠ᠂ ᠬᠤᠷᠠᠯ ᠤᠨ ᠲᠣᠪᠴᠢ ᠶᠢ ᠲᠦᠷᠭᠡᠨ ᠳᠠᠷᠤᠮᠠᠯᠯᠠᠨ ᠲᠠᠷᠬᠠᠭᠠᠨ᠎ᠠ ᠃ ᠬᠤᠷᠠᠯ ᠤᠨ ᠲᠣᠪᠴᠢ ᠶᠢ ᠵᠠᠷᠴᠢᠮ ᠳᠡᠭᠡᠷ᠎ᠡ ᠪᠠᠨ ᠬᠤᠷᠠᠯ ᠤᠨ ᠳᠠᠷᠠᠭ᠎ᠠ 1 ᠠᠵᠢᠯᠯᠠᠬᠤ ᠡᠳᠦᠷ ᠤᠨ ᠳᠣᠲᠣᠷ᠎ᠠ ᠲᠤᠭᠤᠷᠪᠢᠵᠤ ᠳᠠᠭᠤᠰᠬᠠᠭᠠᠳ᠂ 3 ᠠᠵᠢᠯᠯᠠᠬᠤ ᠡᠳᠦᠷ ᠤᠨ ᠳᠣᠲᠣᠷ᠎ᠠ ᠦᠢᠯᠡᠳᠦᠨ ᠲᠠᠷᠬᠠᠭᠠᠵᠤ ᠳᠠᠭᠤᠰᠬᠠᠬᠤ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠢ ᠬᠤᠷᠠᠯ ᠲᠡᠭᠦᠰᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠦᠢᠯᠡᠳᠦᠨ ᠲᠠᠷᠬᠠᠭᠠᠵᠤ ᠳᠠᠭᠤᠰᠬᠠᠬᠤ ᠬᠡᠷᠡᠭᠲᠡᠢ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠤᠭᠰᠠᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠰᠠᠨᠠᠯ ᠦᠭᠡᠢ ᠪᠣᠯ ᠲᠦᠷᠦᠭᠦᠯᠡᠨ ᠨᠣᠣᠷᠠᠭᠯᠠᠬᠤ ᠰᠠᠯᠠᠭ᠎ᠠ ᠮᠥᠴᠢᠷ ᠡᠷᠬᠡᠪᠰᠢ ᠬᠤᠷᠠᠯ ᠳᠠᠭᠤᠰᠤᠭᠰᠠᠨ ᠤ ᠳᠠᠷᠠᠭ᠎ᠠ ᠳᠠᠷᠤᠢ ᠳᠤᠨᠢ ᠳᠡᠰ ᠳᠠᠷᠠᠭᠠᠯᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠬᠦ ᠬᠡᠷᠡᠭᠲᠡᠢ︔ ᠴᠢᠬᠤᠯᠠ ᠶᠡᠭᠡ ᠵᠠᠰᠠᠪᠤᠷᠢ ᠣᠷᠣᠭᠤᠯᠬᠤ ᠰᠠᠨᠠᠯ ᠲᠠᠢ ᠪᠠᠶᠢᠵᠤ ᠵᠣᠬᠢᠴᠠᠭᠤᠯᠬᠤ ᠴᠢᠬᠤᠯᠠᠲᠠᠢ ᠪᠣᠯ᠂ ᠬᠤᠷᠠᠯ ᠤᠨ ᠳᠠᠷᠠᠭ᠎ᠠ 3 ᠡᠳᠦᠷ ᠤᠨ ᠳᠣᠲᠣᠷ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠢᠴᠢᠭ ᠮᠠᠲ᠋ᠧᠷᠢᠶᠠᠯ ᠪᠠ ᠵᠠᠰᠠᠪᠤᠷᠢ ᠣᠷᠤᠭᠤᠯᠤᠭᠰᠠᠨ ᠲᠣᠳᠣᠷᠬᠠᠶᠢᠯᠠᠯᠲᠠ ᠲᠠᠢ ᠬᠠᠮᠲᠤ ᠳᠤ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ