ᠣᠷᠳᠣᠰ ᠬᠤᠲᠠ ᠶᠢᠨ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠮᠰᠢᠭ ᠢ ᠲᠡᠰ ᠬᠤᠪᠢᠶᠠᠨ ᠠᠷᠭᠠᠴᠠᠭᠠᠬᠤ ᠬᠡᠷᠡᠭᠵᠢᠭᠦᠯᠬᠦ ᠨᠠᠷᠢᠨ ᠳᠦᠷᠢᠮ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ      ᠤᠷᠳᠤᠰ ᠵᠠᠰᠠᠭ ᠠᠯᠪᠠᠨ ᠲᠠᠷᠬᠠᠭᠠᠭᠰᠠᠨ  ﹇2023﹈ 16 ᠳ᠋ᠤᠭᠠᠷ ᠲᠤ᠋
ᠨᠡᠶᠢᠲᠡᠯᠡᠭᠰᠡᠨ ᠴᠠᠭ᠄
2024/1/12
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠬᠡᠳ᠂ ︽ᠣᠷᠳᠣᠰ ᠬᠤᠲᠠ ᠶᠢᠨ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠮᠰᠢᠭ ᠢ ᠲᠡᠰ ᠬᠤᠪᠢᠶᠠᠨ ᠠᠷᠭᠠᠴᠠᠭᠠᠬᠤ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                                                                                                          ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                       2023 ᠣᠨ ᠤ 2 ᠳ᠋ᠤᠭᠠᠷ ᠰᠠᠷ᠎ᠠ ᠶᠢᠨ 22 ᠤᠨ ᠡᠳᠦᠷᠣᠷᠳᠣᠰ ᠬᠤᠲᠠ ᠶᠢᠨ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠮᠰᠢᠭ ᠢ ᠲᠡᠰᠬᠤᠪᠢᠶᠡᠨ ᠠᠷᠭᠠᠴᠠᠭᠠᠬᠤ ᠭᠡᠷᠡᠭᠵᠢᠬᠦᠯᠬᠦ ᠨᠠᠷᠢᠨ ᠳᠥᠷᠢᠮ ︵ᠲᠣᠷᠰᠢᠨ ᠭᠡᠷᠡᠭᠵᠢᠬᠦᠯᠬᠦ︶ᠨᠢᠭᠡᠳᠦᠭᠡᠷ ᠪᠦᠯᠦᠭ     ᠶᠡᠷᠦᠩᠬᠡᠶ ᠳᠦᠷᠢᠮ     ᠨᠢᠭᠡᠳᠦᠭᠡᠷ ᠵᠦᠢᠯ   ᠮᠠᠨ ᠤ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠮᠰᠢᠭ ︵ᠳᠣᠷᠣᠭᠰᠢ ᠭᠠᠮᠰᠢᠭ ᠪᠠ ᠡ᠊ᠨᠳᠡᠯ ᠭᠡᠵᠦ ᠲᠣᠪᠴᠢᠯᠠᠨ᠎ᠠ︶ ᠢ ᠲᠡᠰ ᠬᠤᠪᠢᠶᠠᠨ ᠠᠷᠭᠠᠴᠠᠭᠠᠬᠤ ᠡᠷᠬᠡ ᠬᠠᠷᠢᠭᠤᠴᠠᠯᠭ᠎ᠠ ᠶᠢᠨ ᠳᠦᠷᠢᠮ ᠢ ᠲᠣᠲᠤᠷᠬᠠᠶᠢᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠪᠠ ᠡ᠊ᠨᠳᠡᠯ ᠤᠨ ᠭᠠᠮᠰᠢᠭ ᠢ ᠲᠡᠰ ᠬᠤᠪᠢᠶᠠᠨ ᠠᠷᠭᠠᠴᠠᠭᠠᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ   ᠲᠤᠰ ᠨᠠᠷᠢᠨ ᠳᠦᠷᠢᠮ ᠳᠤ ᠵᠢᠭᠠᠵᠤ ᠪᠠᠶᠢᠭ᠎ᠠ ᠪᠠᠶᠢᠭᠠᠯᠢ ᠶᠢᠨ ᠭᠠᠮᠰᠢᠭ ᠲᠤ ᠭᠤᠤᠯᠳᠠᠭᠤ ᠦᠶᠡᠷ ᠭᠠᠩ ᠬᠠᠭᠰᠠᠷᠠᠭᠠᠨ ᠤ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠭᠸᠦᠯᠦᠭᠢ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠳᠡᠯ ᠵᠡᠷᠭᠡ  ᠶᠢ ᠪᠠᠭᠲᠠᠭᠠᠨ᠎ᠠ︔ ᠵᠢᠭᠠᠵᠤ ᠪᠠᠶᠢᠭ᠎ᠠ ᠡ᠊ᠨᠳᠡᠯ ᠤᠨ ᠭᠠᠮᠰᠢᠭ ᠲᠤ ᠭᠤᠤᠯᠳᠠᠭᠤ ᠠᠵᠤ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠡᠯ᠎ᠡ ᠲᠥᠷᠥᠯ ᠤᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠡ᠊ᠨᠳᠡᠯ ᠵᠡᠷᠭᠡ ᠶᠢ ᠪᠠᠭᠲᠠᠭᠠᠨ᠎ᠠ᠃     ᠭᠤᠷᠪᠠᠳᠤᠭᠠᠷ ᠵᠦᠢᠯ   ᠲᠤᠰ ᠨᠠᠷᠢᠨ ᠳᠦᠷᠢᠮ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠮᠰᠢᠭ ᠪᠠ ᠠᠳᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠴᠤᠤᠷᠢᠶᠠᠳᠤᠨ ᠳᠠᠭᠠᠵᠦ ᠰᠢᠢᠳᠪᠦᠷᠢᠯᠡᠬᠦ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠠᠵᠢᠯ ᠳᠤ ᠲᠤᠬᠢᠷᠠᠨ᠎ᠠ᠃     ᠳᠥᠷᠪᠡᠳᠦᠭᠡᠷ ᠵᠦᠢᠯ   ᠭᠠᠮᠰᠢᠭ ᠪᠠ ᠡ᠊ᠨᠳᠡᠯ ᠢ ᠠᠷᠭᠠᠴᠠᠭᠠᠬᠤ ᠳᠤ ᠨᠠᠮ ᠤᠨ ᠬᠤᠷᠢᠶ᠎ᠠ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠬᠠᠮᠢᠶᠠᠷᠬᠤ᠂ ᠲᠥᠷᠥᠯ ᠬᠤᠪᠢᠶᠠᠨ ᠠᠷᠭᠠᠴᠠᠭᠠᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ᠃ ︽ᠠᠵᠢᠯ ᠲᠥᠷᠥᠯ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠶᠢ ᠪᠠᠷᠢᠮᠲᠠᠯᠠᠨ᠎ᠠ᠃ ᠰᠡᠷᠭᠡᠶᠢᠯᠡᠬᠦ ᠪᠠᠷ ᠭᠤᠤᠯ ᠪᠣᠯᠭᠠᠵᠤ᠂ ᠲᠥᠰᠦᠯ ᠢᠶᠠᠷ ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ᠂ ᠲᠤᠰᠬᠠᠶ ᠵᠦᠢᠯ ᠤᠨ ᠪᠡᠯᠡᠳᠬᠡᠯ ᠲᠥᠰᠦᠯ᠂ ᠰᠠᠯᠠᠭ᠎ᠠ ᠮᠥᠴᠢᠷ ᠤᠨ ᠪᠡᠯᠡᠳᠬᠡᠯ ᠲᠥᠰᠦᠯ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠬᠢᠭᠡᠳ ᠨᠢᠭᠡᠴᠡ ᠶᠢᠨ ᠪᠡᠯᠡᠳᠬᠡᠯ ᠲᠥᠰᠦᠯ ᠢᠶᠠᠷ ᠭᠤᠤᠯ ᠪᠣᠯᠭᠠᠭᠰᠠᠨ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠠᠵᠢᠯ ᠲᠥᠷᠥᠯ ︵ᠬᠦᠷᠢᠶ᠎ᠡ ᠬᠡᠪᠴᠢᠶ᠎ᠡ︶ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠪᠣᠳᠠᠲᠠᠶᠢᠵᠢᠭᠤᠯᠤᠨ᠎ᠠ᠃   ᠬᠤᠶᠠᠳᠤᠭᠠᠷ ᠪᠦᠯᠦᠭ   ᠲᠡᠰ ᠬᠤᠪᠢᠶᠠᠨ ᠬᠠᠷᠢᠭᠤᠴᠠᠬᠤ     ᠲᠠᠪᠤᠳᠤᠭᠠᠷ ᠵᠦᠢᠯ   ᠭᠠᠮᠰᠢᠭ ᠪᠠ ᠡ᠊ᠨᠳᠡᠯ ᠠᠴᠠ ᠪᠣᠯᠤᠭᠰᠠᠨ ᠬᠥᠮᠦᠨ ᠤ ᠠᠳᠡᠯ ᠰᠢᠷᠬᠠᠳᠤᠯ᠂ ᠡᠳ᠋ ᠬᠥᠷᠥᠩᠭᠡ ᠶᠢᠨ ᠬᠤᠬᠢᠷᠠᠯ᠂ ᠨᠥᠯᠥᠭᠡᠯᠡᠬᠦ ᠬᠡᠪᠴᠢᠶ᠎ᠡ᠂ ᠬᠥᠨᠥᠭᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠵᠦ ᠭᠠᠢ ᠭᠠᠮᠰᠢᠭ ᠪᠠ ᠡ᠊ᠨᠳᠡᠯ ᠢ ᠣᠨᠴᠠ ᠬᠦᠨᠳᠦ ᠨᠣᠴᠢᠲᠠᠢ᠂ ᠬᠦᠨᠳᠦ ᠨᠣᠴᠢᠲᠠᠢ᠂ ᠨᠡᠯᠢᠶᠡᠳ ᠶᠡᠭᠡ ᠂ ᠡᠩ ᠤᠨ ᠭᠡᠵᠦ ᠳᠥᠷᠪᠡᠨ ᠳᠡᠰ ᠬᠤᠪᠢᠶᠠᠨ᠎ᠠ᠃ ᠪᠣᠳᠠᠲᠠᠶ ᠳᠡᠰ ᠬᠤᠪᠢᠶᠠᠬᠤ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠶᠢᠨ ᠬᠠᠮᠲᠤ ᠵᠣᠬᠢᠴᠠᠩᠭᠤᠢ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ᠂ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠲᠣᠲᠤᠷᠬᠠᠶᠢᠯᠠᠨ᠎ᠠ᠃     ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠨᠴᠠ ᠬᠦᠨᠳᠦ ᠨᠣᠴᠢᠲᠠᠢ ᠪᠠ ᠬᠦᠨᠳᠦ ᠨᠣᠴᠢᠲᠠᠢ ᠭᠠᠮᠰᠢᠭ ᠪᠠ ᠡ᠊ᠨᠳᠡᠯ ᠢ ᠠᠷᠭᠠᠴᠠᠭᠠᠬᠤ ᠶᠢ ᠵᠣᠬᠢᠶᠠᠨ ᠪᠠᠶᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠵᠣᠬᠢᠴᠠᠩᠭᠤᠢ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠬᠦ ᠶᠢᠨ ᠬᠠᠮᠲᠤ ᠤᠷᠢᠳᠠᠪᠠᠷ ᠰᠢᠢᠳᠪᠦᠷᠢᠯᠡᠬᠦ ᠶᠢ ᠬᠠᠷᠢᠭᠤᠴᠠᠨ᠎ᠠ᠃     ᠳᠣᠯᠣᠳᠤᠭᠠᠷ ᠵᠦᠢᠯ   ᠨᠡᠯᠢᠶᠡᠳ ᠶᠡᠭᠡ ᠭᠠᠮᠰᠢᠭ ᠪᠠ ᠡ᠊ᠨᠳᠡᠯ ᠭᠠᠷᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠠᠷᠭᠠᠴᠠᠭᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠭᠠᠮᠰᠢᠭ ᠪᠠ ᠡ᠊ᠨᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ᠃ ᠡ᠊ᠨᠳᠡᠯ ᠡᠭᠦᠰᠦᠭᠰᠡᠨ ᠭᠠᠵᠠᠷ ᠤᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠣᠬᠢᠴᠠᠭᠰᠠᠨ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠵᠦ᠂ ᠤᠷᠢᠳ ᠢᠶᠠᠷ ᠰᠢᠢᠳᠪᠦᠷᠢᠯᠡᠬᠦ ᠶᠢ ᠬᠠᠷᠢᠭᠤᠴᠠᠨ᠎ᠠ᠃     ᠨᠠᠢᠮᠠᠳᠤᠭᠠᠷ ᠵᠦᠢᠯ   ᠡᠩ ᠤᠨ ᠭᠠᠮᠰᠢᠭ ᠪᠠ ᠡ᠊ᠨᠳᠡᠯ ᠭᠠᠷᠪᠠᠯ᠂ ᠡ᠊ᠨᠳᠡᠯ ᠡᠭᠦᠰᠦᠭᠰᠡᠨ ᠭᠠᠵᠠᠷ ᠤᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠠᠷᠭᠠᠴᠠᠭᠠᠨ᠎ᠠ᠃ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠭᠠᠮᠰᠢᠭ ᠪᠠ ᠡ᠊ᠨᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ᠃ ᠬᠤᠰᠢᠭᠤ ᠲᠣᠭᠤᠷᠢᠭ ᠠᠯᠤᠰᠯᠠᠭᠰᠠᠨ ᠵᠠᠰᠠᠭ ᠵᠠᠬᠢᠷᠭᠠᠨ ᠤ ᠣᠷᠣᠨ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠭᠠᠴᠠᠭᠠᠬᠤ ᠴᠢᠳᠠᠪᠤᠷᠢ ᠠᠴᠠ ᠭᠡᠲᠦᠷᠡᠭᠰᠡᠨ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠠᠮᠰᠢᠭ ᠪᠠ ᠡ᠊ᠨᠳᠡᠯ ᠤᠨ ᠬᠥᠭᠵᠢᠯᠲᠡ ᠶᠢᠨ ᠪᠠᠶᠢᠳᠠᠯ ᠪᠠ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ ᠵᠣᠬᠢᠴᠠᠭᠰᠠᠨ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠦᠨ ᠰᠢᠢᠳᠪᠦᠷᠢᠯᠡᠨ᠎ᠡ᠃     ᠶᠢᠰᠦᠳᠦᠭᠡᠷ ᠵᠦᠢᠯ   ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠥᠷᠥᠯ ᠤᠨ ᠭᠠᠮᠰᠢᠭ ᠪᠠ ᠡ᠊ᠨᠳᠡᠯ ᠢ ᠠᠷᠭᠠᠴᠠᠭᠠᠬᠤ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠷᠢᠭᠤᠴᠠᠵᠤ᠂ ᠭᠠᠮᠰᠢᠭ ᠪᠠ ᠡ᠊ᠨᠳᠡᠯ ᠢ ᠠᠷᠭᠠᠴᠠᠭᠠᠬᠤ ᠪᠠ ᠤᠷᠢᠳᠠᠪᠠᠷ ᠰᠢᠢᠳᠪᠦᠷᠢᠯᠡᠬᠦ ᠠᠵᠢᠯ ᠢ ᠪᠡᠶ᠎ᠡ ᠪᠠᠨ ᠳᠠᠭᠠᠭᠠᠵᠤ ᠬᠠᠷᠢᠭᠤᠴᠠᠨ᠎ᠠ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠣᠬᠢᠴᠠᠩᠭᠤᠢ ᠪᠦᠬᠦᠢ ᠰᠠᠯᠠᠭ᠎ᠠ ᠮᠥᠴᠢᠷ ᠤᠳ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠣᠬᠢᠴᠠᠩᠭᠤᠶ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠠᠷᠭᠠᠴᠠᠭᠠᠬᠤ ᠠᠵᠢᠯ ᠢ ᠥᠷᠨᠢᠭᠦᠯᠦᠨ᠎ᠡ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠬᠠᠶ ᠶᠢᠨ ᠭᠠᠵᠠᠷ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠤᠭᠳᠠᠭᠰᠠᠨ ᠤ ᠳᠠᠷᠠᠭ᠎ᠠ᠂ ᠳᠣᠤᠷᠠᠳᠤ ᠱᠠᠲᠤᠨ ᠤ ᠵᠢᠯᠣᠭᠤᠳᠬᠤ ᠪᠠᠶᠢᠭᠤᠯᠤᠮᠵᠢ ᠠᠴᠠ ᠲᠡᠭᠦᠨ ᠳᠤ ᠵᠢᠯᠣᠭᠤᠳᠬᠤ ᠡᠷᠬᠡ ᠪᠠᠨ ᠰᠢᠯᠵᠢᠭᠦᠯᠦᠨ ᠲᠤᠰᠢᠶᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠷᠭᠠᠴᠠᠭᠠᠵᠤ ᠰᠢᠢᠳᠪᠦᠷᠢᠯᠡᠬᠦ ᠶᠠᠪᠤᠴᠠ ᠳᠤ ᠲᠤᠬᠠᠶ ᠶᠢᠨ ᠲᠠᠯᠠᠪᠠᠶ ᠳᠤ ᠤᠷᠤᠭᠰᠠᠨ ᠪᠤᠶ ᠪᠦᠬᠦᠢ ᠠᠪᠤᠷᠠᠨ ᠲᠤᠰᠠᠯᠠᠬᠤ ᠬᠦᠴᠦᠨ ᠪᠣᠯᠤᠨ ᠡᠬᠢ ᠪᠠᠶᠠᠯᠢᠭ ᠨᠢ ᠲᠤᠬᠠᠶ ᠶᠢᠨ ᠲᠠᠯᠠᠪᠠᠶ ᠶᠢᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠬᠠᠮᠢᠶ᠎ᠠ ᠪᠦᠬᠦᠢ ᠠᠪᠤᠷᠠᠨ ᠲᠤᠰᠠᠯᠠᠬᠤ ᠡᠩᠨᠡᠭᠡ ᠨᠦᠭᠦᠳ ᠲᠣᠭᠲᠠᠭᠠᠭᠰᠠᠨ ᠵᠢᠯᠣᠭᠤᠳᠬᠤ ᠬᠠᠷᠢᠴᠠᠭ᠎ᠠ ᠪᠣᠯᠤᠨ ᠵᠢᠯᠣᠭᠤᠳᠬᠤ ᠡᠷᠬᠡ ᠮᠡᠳᠡᠯ ᠤᠨ ᠶᠣᠰᠣᠭᠠᠷ ᠠᠵᠢᠯᠯᠠᠭ᠎ᠠ ᠬᠢᠨ᠎ᠡ᠃   ᠭᠤᠷᠪᠠᠳᠤᠭᠠᠷ ᠪᠦᠯᠦᠭ   ᠲᠡᠰ ᠬᠤᠪᠢᠶᠠᠨ ᠰᠡᠷᠡᠮᠵᠢᠯᠡᠭᠦᠯᠬᠦ     ᠠᠷᠪᠠᠳᠤᠭᠠᠷ ᠵᠦᠢᠯ   ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠡᠷᠡᠮᠵᠢᠯᠡᠭᠦᠯᠵᠦ ᠪᠣᠯᠬᠤ ᠭᠠᠮᠰᠢᠭ ᠪᠠ ᠠᠳᠡᠯ ᠳᠤ ᠡᠭᠦᠰᠦᠭᠰᠡᠨ ᠪᠠᠴᠢᠮ ᠤᠨ ᠬᠡᠮᠵᠢᠶ᠎ᠡ᠂ ᠬᠥᠭᠵᠢᠯᠲᠡ ᠶᠢᠨ ᠪᠠᠶᠢᠳᠠᠯ ᠪᠣᠯᠤᠨ ᠤᠴᠠᠷᠠᠭᠤᠯᠵᠤ ᠮᠡᠳᠡᠬᠦ ᠬᠤᠤᠷ ᠬᠥᠨᠥᠭᠡᠯ ᠤᠨ ᠬᠡᠮᠵᠢᠶ᠎ᠡ ᠪᠠᠷ ᠳᠥᠷᠪᠡᠨ ᠳᠡᠰ ᠬᠤᠪᠢᠶᠠᠵᠤ᠂ ᠤᠯᠠᠭᠠᠨ᠂ ᠤᠯᠠᠪᠤᠷ᠂ ᠰᠢᠷ᠎ᠠ᠂ ᠬᠥᠬᠡ ᠥᠩᠭᠡ ᠪᠠᠷ ᠢᠯᠡᠷᠬᠡᠶᠢᠯᠡᠵᠦ᠂ ᠬᠠᠮᠤᠭ ᠤᠨ ᠳᠡᠭᠡᠳᠦ ᠲᠠᠰ ᠨᠢ ᠤᠯᠠᠭᠠᠨ ᠥᠩᠭᠡ ᠪᠣᠯᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠤᠰ ᠤᠨ ᠲᠦᠷᠦᠭᠦᠯᠡᠬᠦ ᠰᠠᠯᠠᠭ᠎ᠠ ᠮᠥᠴᠢᠷ ᠤᠨ ᠲᠣᠭᠲᠠᠭᠠᠭᠰᠠᠨ ᠰᠡᠷᠡᠮᠵᠢᠯᠡᠭᠦᠯᠬᠦ ᠲᠡᠰ ᠤᠨ ᠪᠠᠷᠢᠮᠵᠢᠶ᠎ᠠ ᠶᠢ ᠦᠨᠳᠦᠰᠦᠯᠡᠵᠦ ᠡᠯ᠎ᠡ ᠲᠥᠷᠥᠯ ᠤᠨ ᠪᠡᠯᠡᠳᠬᠡᠯ ᠲᠥᠰᠦᠯ ᠳᠤ ᠲᠣᠳᠣᠷᠬᠠᠶᠢᠯᠠᠬᠤ ᠬᠡᠷᠡᠭᠲᠡᠶ᠃     ᠠᠷᠪᠠᠨ ᠨᠢᠭᠡᠳᠦᠭᠡᠷ ᠵᠦᠢᠯ   ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠠᠵᠠᠷ ᠬᠥᠳᠡᠯᠦᠯᠲᠡ᠂ ᠭᠸᠦᠯᠦᠭᠢ᠂ ᠴᠠᠭ ᠠᠭᠤᠷ ᠂ ᠦᠶᠡᠷ ᠭᠠᠩ ᠬᠠᠭᠰᠠᠷᠭᠠᠨ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠠᠳᠡᠯ ᠵᠡᠷᠭᠡ ᠭᠠᠮᠰᠢᠭ ᠪᠠ ᠡ᠊ᠨᠳᠡᠯ ᠤᠨ ᠲᠦᠭᠰᠢᠭᠦᠷᠢ ᠶᠢ ᠬᠢᠨᠠᠨ ᠬᠡᠮᠵᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠬᠢᠨᠠᠨ ᠬᠡᠮᠵᠢᠬᠦ ᠣᠷᠣᠨ ᠪᠦᠰᠡ ᠶᠢ ᠬᠤᠪᠢᠶᠠᠷᠢᠯᠠᠵᠤ᠂ ᠬᠢᠨᠠᠨ ᠬᠡᠮᠵᠢᠬᠦ ᠴᠡᠭ ᠢ ᠲᠣᠭᠲᠠᠭᠠᠵᠤ᠂ ᠬᠢᠨᠠᠨ ᠬᠡᠮᠵᠢᠬᠦ ᠲᠥᠷᠥᠯ ᠵᠦᠢᠯ ᠢ ᠲᠣᠳᠣᠷᠬᠠᠶᠢᠯᠠᠵᠤ᠂ ᠭᠠᠷᠴᠤ ᠮᠡᠳᠡᠬᠦ ᠭᠠᠮᠰᠢᠭ ᠪᠠ ᠡ᠊ᠨᠳᠡᠯ ᠢ ᠬᠢᠨᠠᠨ ᠬᠡᠮᠵᠢᠨ᠎ᠡ᠃ ᠡᠯ᠎ᠡ ᠱᠠᠲᠤᠨ ᠤ ᠬᠢᠨᠠᠨ ᠬᠡᠮᠵᠢᠬᠦ ᠰᠠᠯᠠᠭ᠎ᠠ ᠮᠥᠴᠢᠷ ᠤᠳ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠮᠡᠳᠡᠭᠡ ᠵᠠᠩᠭᠢ ᠴᠤᠭᠯᠠᠭᠤᠯᠬᠤ ᠶᠢᠨ ᠬᠠᠮᠲᠤ ᠬᠠᠮᠲᠤᠪᠠᠷ ᠡᠳ᠋ᠯᠡᠵᠦ᠂ ᠭᠠᠮᠰᠢᠭ ᠪᠠ ᠡ᠊ᠨᠳᠡᠯ ᠢ ᠡᠭᠦᠰᠭᠡᠬᠦ ᠪᠣᠯᠤᠮᠵᠢ ᠲᠠᠢ ᠴᠤᠬᠤᠶᠢᠯᠲᠠ ᠶᠢᠨ ᠴᠢᠨᠠᠷᠲᠠᠶ ᠮᠡᠳᠡᠭᠡ ᠵᠠᠩᠭᠢ ᠶᠢ ᠲᠤᠰ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ ᠶᠡᠷᠦᠩᠬᠡᠶᠢᠯᠡᠨ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠬᠦ ᠪᠠ ᠳᠠᠭᠠᠯᠲᠠ ᠬᠢᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠶᠢ ᠨᠡᠶᠢᠲᠡᠯᠡᠬᠦ ᠲᠡᠰ ᠳᠠᠷᠠᠭᠠᠯᠠᠯ ᠢ ᠡᠬᠢᠯᠡᠭᠦᠯᠦᠨ᠎ᠡ᠃ ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠮᠰᠢᠭ ᠪᠠ ᠡ᠊ᠨᠳᠡᠯ ᠢ ᠰᠡᠷᠭᠡᠶᠢᠯᠡᠨ ᠠᠷᠭᠠᠴᠠᠭᠠᠬᠤ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠵᠤ ᠨᠤᠲᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠪᠠ ᠡ᠊ᠨᠳᠡᠯ ᠤᠨ ᠲᠤᠰᠬᠠᠶ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠭᠠᠮᠰᠢᠭ ᠪᠠ ᠡ᠊ᠨᠳᠡᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠠᠪᠤᠴᠠ ᠳᠤ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃     ᠠᠷᠪᠠᠨ ᠬᠤᠶᠠᠳᠤᠭᠠᠷ ᠵᠦᠢᠯ   ᠤᠷᠢᠳᠴᠢᠯᠠᠨ ᠰᠡᠷᠡᠮᠵᠢᠯᠡᠭᠦᠯᠵᠦ ᠪᠣᠯᠬᠤ ᠭᠠᠮᠰᠢᠭ ᠪᠠ ᠡ᠊ᠨᠳᠡᠯ ︵ᠭᠠᠵᠠᠷ ᠬᠥᠳᠡᠯᠦᠯᠲᠡ ᠶᠢᠨ ᠭᠠᠮᠰᠢᠭ ᠢ ᠪᠠᠭᠲᠠᠭᠠᠬᠤ ᠦᠭᠡᠶ︶ ᠤᠳᠠᠯ ᠦᠭᠡᠶ ᠡᠭᠦᠰᠬᠦ ᠭᠡᠵᠦ ᠪᠠᠶᠢᠭ᠎ᠠ ᠪᠤᠶᠤ ᠡᠭᠦᠰᠬᠦ ᠪᠣᠯᠤᠮᠵᠢ ᠨᠡᠮᠡᠭᠳᠡᠬᠦ ᠦᠶ᠎ᠡ ᠳᠤ᠂ ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠮᠡᠳᠡᠯ ᠤᠨ ᠳᠡᠰ ᠳᠠᠷᠠᠭᠠᠯᠠᠯ ᠢ ᠦᠨᠳᠦᠰᠦᠯᠡᠵᠦ᠂ ᠵᠣᠬᠢᠴᠠᠭᠰᠠᠨ ᠲᠠᠰ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠰᠡᠷᠡᠮᠵᠢᠯᠡᠬᠦ ᠬᠤᠭᠤᠴᠠᠭᠠᠨ ᠳᠤ ᠤᠷᠤᠭᠰᠠᠨ ᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠤᠯᠠᠭᠠᠨ᠂ ᠤᠯᠠᠪᠤᠷ ᠦᠩᠭᠡ ᠶᠢᠨ ᠰᠡᠷᠡᠮᠵᠢᠯᠡᠭᠦᠯᠦᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠰᠡᠷᠡᠮᠵᠢᠯᠡᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ︔ ᠰᠢᠷ᠎ᠠ ᠪᠠ ᠬᠥᠬᠡ ᠥᠩᠭᠡ ᠶᠢᠨ  ᠰᠡᠷᠡᠮᠵᠢᠯᠡᠭᠦᠯᠦᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠰᠡᠷᠡᠮᠵᠢᠯᠡᠬᠦ ᠬᠤᠭᠤᠴᠠᠭᠠᠨ ᠳᠤ ᠣᠷᠤᠭᠰᠠᠨ ᠢ ᠨᠡᠶᠢᠲᠡᠯᠡᠨ᠎ᠡ᠃ ᠭᠡᠨᠡᠳᠲᠡ ᠶᠢᠨ ᠬᠡᠷᠡᠭ ᠤᠨ ᠰᠦᠷᠳᠡᠭᠦᠯᠭᠡ ᠨᠢᠭᠡᠨᠲᠡ ᠠᠷᠢᠯᠤᠭᠰᠠᠨ ᠪᠣᠯ ᠨᠡᠶᠢᠲᠡᠯᠡᠬᠦ ᠡᠷᠬᠡ ᠮᠡᠳᠡᠯ ᠤᠨ ᠶᠣᠰᠣᠭᠠᠷ ᠰᠡᠷᠡᠮᠵᠢᠯᠡᠯ ᠢ ᠴᠠᠭ ᠲᠤᠬᠠᠶ ᠳᠤᠨᠢ ᠬᠦᠴᠦᠨ ᠦᠭᠡᠶ ᠪᠣᠯᠭᠠᠵᠤ᠂ ᠰᠡᠷᠡᠮᠵᠢᠯᠡᠬᠦ ᠬᠤᠭᠤᠴᠠᠭ᠎ᠠ ᠪᠠᠨ ᠵᠣᠭᠰᠤᠭᠠᠨ᠎ᠠ᠃     ᠠᠷᠪᠠᠨ ᠭᠤᠷᠪᠠᠳᠤᠭᠠᠷ ᠵᠦᠢᠯ   ᠰᠢᠷ᠎ᠠ ᠪᠠ ᠬᠥᠬᠡ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠡᠷᠡᠮᠵᠢᠯᠡᠬᠦ ᠣᠷᠣᠨ ᠪᠦᠰᠡ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠬᠦ᠂ ᠬᠢᠨᠠᠨ ᠬᠡᠮᠵᠢᠬᠦ ᠤᠳᠠᠭ᠎ᠠ ᠲᠤᠭ᠎ᠠ ᠶᠢ ᠨᠢᠬᠳᠠᠷᠠᠭᠤᠯᠬᠤ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠴᠢᠩᠭᠠᠳᠬᠠᠬᠤ᠂ ᠵᠠᠳᠠᠯᠤᠨ  ᠮᠠᠭᠠᠳᠯᠠᠬᠤ ᠶᠢ ᠵᠣᠬᠢᠶᠠᠨ ᠪᠠᠶᠢᠭᠤᠯᠬᠤ᠂ ᠴᠠᠭ ᠲᠤᠬᠠᠶ ᠳᠤᠨᠢ ᠨᠡᠶᠢᠭᠡᠮ ᠳᠤ ᠬᠠᠮᠢᠶ᠎ᠠ ᠪᠦᠬᠦᠢ ᠬᠥᠳᠡᠯᠦᠩᠭᠦᠶ ᠮᠡᠳᠡᠭᠡ ᠵᠠᠩᠭᠢ ᠶᠢ ᠨᠡᠶᠢᠲᠡᠯᠡᠬᠦ᠂ ᠬᠤᠤᠷ ᠬᠥᠨᠥᠭᠡᠯ ᠢ ᠪᠠᠭᠠᠰᠬᠠᠬᠤ ᠶᠡᠷᠦ ᠶᠢᠨ ᠮᠡᠳᠡᠯᠭᠡ ᠶᠢ ᠤᠬᠠᠭᠤᠯᠬᠤ ᠪᠠ ᠭᠤᠤᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠦᠷ ᠬᠢᠬᠦ ᠬᠡᠷᠡᠭᠲᠡᠢ᠃ ᠤᠯᠠᠭᠠᠨ᠂ ᠤᠯᠠᠪᠤᠷ ᠦᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠢᠷ᠎ᠠ ᠪᠠ ᠬᠥᠬᠡ ᠥᠩᠭᠡ ᠶᠢᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ ᠰᠡᠷᠡᠮᠵᠢᠯᠡᠬᠦ ᠣᠷᠣᠨ ᠤ ᠬᠥᠮᠦᠰ ᠢ ᠰᠢᠯᠵᠢᠭᠦᠯᠦᠨ ᠲᠠᠷᠬᠠᠭᠠᠬᠤ᠂ ᠠᠪᠤᠷᠠᠨ ᠲᠤᠰᠠᠯᠠᠬᠤ ᠡᠩᠨᠡᠭᠡ ᠶᠢ ᠤᠷᠢᠳᠴᠢᠯᠠᠨ ᠲᠣᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠲᠣᠬᠢᠷᠠᠭᠤᠯᠤᠨ ᠲᠥᠪᠯᠡᠷᠡᠭᠦᠯᠬᠦ᠂ ᠭᠤᠣᠯᠳᠠᠯᠭ᠎ᠠ ᠲᠠᠢ ᠬᠠᠷᠠᠯᠲᠠ ᠶᠢ ᠬᠠᠮᠠᠭᠠᠯᠠᠬᠤ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠠᠶᠤᠯᠭᠦᠢ ᠪᠠᠷ ᠠᠵᠢᠯᠯᠠᠬᠤ ᠶᠢ ᠪᠠᠲᠤᠯᠠᠬᠤ᠂ ᠭᠠᠮᠰᠢᠭ ᠪᠠ ᠡ᠊ᠨᠳᠡᠯ ᠳᠤ ᠠᠮᠠᠷᠬᠠᠨ ᠬᠤᠬᠢᠷᠠᠯ ᠤᠴᠠᠷᠠᠵᠤ ᠮᠡᠳᠡᠬᠦ ᠲᠠᠯᠠᠪᠤᠷ ᠭᠠᠵᠠᠷ ᠢ ᠬᠠᠭᠠᠬᠤ ᠪᠤᠶᠤ ᠬᠡᠷᠡᠭᠯᠡᠬᠦ ᠶᠢ ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠴᠢᠬᠤᠯᠠᠲᠠᠢ ᠦᠶ᠎ᠡ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯᠯᠠᠬᠤ ᠳᠤᠭᠤᠶᠢᠯᠠᠩ ᠲᠣᠮᠢᠯᠠᠨ ᠰᠡᠷᠡᠮᠵᠢᠯᠡᠬᠦ ᠣᠷᠣᠨ ᠳᠤ ᠵᠢᠯᠣᠭᠤᠳᠣᠯᠭ᠎ᠠ ᠪᠠ ᠪᠠᠶᠢᠴᠠᠭᠠᠯᠲᠠ ᠬᠢᠵᠦ ᠪᠣᠯᠤᠨ᠎ᠠ᠃ᠳᠥᠷᠪᠡᠳᠦᠭᠡᠷ ᠪᠦᠯᠦᠭ   ᠲᠡᠰ ᠬᠤᠪᠢᠶᠠᠨ ᠳᠠᠭᠠᠯᠲᠠ ᠬᠢᠬᠦ     ᠠᠷᠪᠠᠨ ᠳᠥᠷᠪᠡᠳᠦᠭᠡᠷ ᠵᠦᠢᠯ   ᠭᠠᠮᠰᠢᠭ ᠪᠠ ᠡ᠊ᠨᠳᠡᠯ ᠤᠨ ᠤᠷᠢᠳᠴᠢᠯᠠᠨ ᠰᠡᠷᠡᠮᠵᠢᠯᠡᠭᠦᠯᠬᠦ ᠲᠠᠰ᠂ ᠵᠢᠱᠢᠭᠰᠡᠨ ᠨᠥᠯᠥᠭᠡ ᠪᠣᠯᠤᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ ᠬᠤᠪᠢᠶᠠᠵᠤ᠂ ᠨᠢᠭᠡᠳᠦᠭᠡᠷ ᠳᠡᠰ ᠨᠢ ᠬᠠᠮᠤᠭ ᠤᠨ ᠳᠡᠭᠡᠳᠦ ᠳᠡᠰ ᠪᠣᠯᠤᠨ᠎ᠠ᠃ ᠬᠤᠲᠠ ᠵᠢᠴᠢ ᠬᠤᠰᠢᠭᠤ ᠲᠣᠭᠤᠷᠢᠭ ᠤᠨ ᠳᠠᠭᠠᠯᠲᠠ ᠶᠢᠨ ᠵᠡᠷᠭᠡ ᠲᠡᠰ ᠤᠨ ᠬᠤᠪᠢᠶᠠᠷᠢᠯᠠᠬᠤ ᠪᠠᠷᠢᠮᠵᠢᠶ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠪᠠᠷ ᠯᠠᠪᠯᠠᠯᠲᠠ ᠪᠤᠯᠭᠠᠨ ᠪᠠᠶᠢᠷᠢᠯᠠᠭᠤᠯᠬᠤ ᠶᠢᠨ ᠬᠠᠮᠳᠤ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠲᠥᠷᠥᠯ ᠤᠨ ᠪᠡᠯᠡᠳᠬᠡᠯ ᠲᠥᠰᠦᠯ ᠳᠤ ᠲᠣᠲᠤᠷᠬᠠᠶᠢᠯᠠᠬᠤ ᠬᠡᠷᠡᠭᠲᠡᠢ᠃     ᠠᠷᠪᠠᠨ ᠲᠠᠪᠤᠳᠤᠭᠠᠷ ᠵᠦᠢᠯ   ᠨᠢᠭᠡᠳᠦᠭᠡᠷ᠂ ᠬᠤᠶᠠᠳᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠬᠦ ᠳᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ᠂ ᠶᠡᠷᠦᠩᠬᠡᠶ ᠵᠢᠯᠣᠭᠤᠳᠤᠭᠴᠢ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠵᠢᠭᠠᠨ ᠲᠣᠭᠲᠠᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠡᠭᠦᠷᠭᠡᠯᠡᠨ᠎ᠡ᠃ ᠭᠤᠷᠪᠠᠳᠤᠭᠠᠷ᠂ ᠳᠥᠷᠪᠡᠳᠦᠭᠡᠷ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠶᠢ ᠡᠬᠢᠯᠡᠭᠦᠯᠬᠦ ᠳᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠲᠦᠷᠦᠭᠦᠯᠡᠨ ᠰᠢᠢᠳᠪᠦᠷᠢᠯᠡᠬᠦ ᠰᠠᠯᠠᠭ᠎ᠠ ᠮᠥᠴᠢᠷ ᠠᠴᠠ ᠲᠣᠭᠲᠠᠭᠠᠵᠤ᠂ ᠶᠡᠷᠦᠩᠬᠡᠶ ᠵᠢᠯᠣᠭᠤᠳᠤᠭᠴᠢ ᠶᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠤᠶᠤ ᠬᠤᠪᠢᠶᠠᠨ ᠬᠠᠮᠢᠶᠠᠷᠬᠤ ᠬᠠᠷᠢᠭᠤᠴᠠᠯᠭᠠᠲᠠᠨ ᠠᠴᠠ ᠡᠭᠦᠷᠭᠡᠯᠡᠨ᠎ᠡ᠃ ᠭᠠᠮᠰᠢᠭ ᠪᠠ ᠡ᠊ᠨᠳᠡᠯ ᠨᠢ ᠬᠤᠪᠢ ᠳᠠᠭᠠᠨ ᠨᠡᠯᠢᠶᠡᠳ ᠰᠡᠷᠭᠡᠭ᠂ ᠶᠠᠷᠢᠶ᠎ᠠ ᠬᠡᠯᠡᠯᠴᠡᠭᠡ ᠶᠢᠨ ᠬᠠᠯᠠᠮᠰᠢᠯ ᠢ ᠡᠭᠦᠰᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠪᠤᠶᠤ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠷᠠᠯ ᠵᠢᠴᠢ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠭᠠᠷᠤᠭᠰᠠᠨ ᠪᠠᠶᠢᠪᠠᠯ ᠪᠠᠶᠢᠳᠠᠯ ᠢ ᠨᠢ ᠦᠵᠡᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠶᠢ ᠡᠬᠢᠯᠡᠭᠦᠯᠬᠦ ᠶᠢ ᠵᠡᠷᠭᠡ ᠲᠡᠪᠰᠢᠭᠦᠯᠦᠨ ᠮᠡᠳᠡᠭᠦᠯᠦᠨ ᠵᠥᠪᠰᠢᠶᠡᠷᠡᠭᠦᠯᠵᠦ ᠪᠣᠯᠤᠨ᠎ᠠ᠃     ᠠᠷᠪᠠᠨ ᠵᠢᠷᠭᠤᠳᠤᠭᠠᠷ ᠵᠦᠢᠯ   ᠭᠠᠮᠰᠢᠭ ᠪᠠ ᠡ᠊ᠨᠳᠡᠯ ᠭᠠᠷᠤᠭᠰᠠᠨ ᠤ ᠳᠠᠷᠠᠭ᠎ᠠ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠬᠢᠭᠡᠳ ᠪᠡᠯᠡᠳᠭᠡᠯ ᠲᠥᠰᠦᠯ ᠤᠨ ᠶᠣᠰᠣᠭᠠᠷ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠠᠶ ᠶᠢᠨ ᠮᠡᠳᠡᠭᠡ ᠴᠢᠮᠡᠭᠡ ᠶᠢ ᠣᠯᠬᠤ᠂ ᠬᠠᠰᠢᠭᠳᠠᠭᠰᠠᠨ ᠬᠥᠮᠦᠰ ᠢ ᠠᠪᠤᠷᠠᠬᠤ᠂ ᠰᠢᠷᠬᠠᠳᠤᠭᠰᠠᠳ ᠡᠪᠡᠳᠴᠢᠯᠡᠭᠰᠡᠳ ᠢ ᠡᠮᠨᠡᠨ ᠠᠪᠤᠷᠠᠬᠤ᠂ ᠲᠦᠭᠰᠢᠭᠦᠷᠢ ᠶᠢᠨ ᠡᠬᠢ ᠶᠢ ᠡᠵᠡᠮᠳᠡᠬᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠵᠠᠪᠳᠤᠨ ᠵᠠᠰᠠᠬᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠥᠷᠨᠢᠭᠦᠯᠬᠦ᠂ ᠬᠥᠮᠦᠨ ᠣᠯᠠᠨ ᠴᠤᠭᠯᠠᠷᠠᠬᠤ ᠠᠵᠢᠯᠯᠠᠭ᠎ᠠ ᠶᠢ ᠵᠣᠭᠰᠣᠭᠠᠬᠤ᠂ ᠪᠠᠴᠢᠮ ᠬᠡᠷᠡᠭᠰᠡᠬᠦ ᠡᠳ᠋ ᠪᠠᠷᠠᠭ᠎ᠠ ᠲᠥᠬᠦᠭᠡᠷᠦᠮᠵᠢ ᠶᠢ ᠬᠤᠳᠠᠯᠳᠤᠨ ᠠᠪᠬᠤ ᠪᠤᠶᠤ ᠲᠠᠲᠠᠪᠤᠷᠢᠯᠠᠨ ᠬᠡᠷᠡᠭᠯᠡᠬᠦ᠂ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠢᠢᠳᠪᠦᠷᠢᠯᠡᠬᠦ᠂ ᠠᠳᠡᠭᠰᠡᠳ ᠤᠨ ᠬᠤᠶᠢᠨᠠᠬᠢ ᠶᠠᠪᠤᠳᠠᠯ ᠢ ᠰᠢᠢᠳᠪᠦᠷᠢᠯᠡᠬᠦ᠂ ᠭᠠᠮᠰᠢᠭ ᠠᠴᠠ ᠠᠪᠤᠷᠠᠬᠤ ᠬᠠᠨᠳᠢᠪᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠡᠭᠦᠰᠦᠮᠡᠯ ᠭᠠᠮᠰᠢᠭ ᠪᠠ ᠳᠠᠭᠠᠯᠲᠠ ᠭᠠᠮᠰᠢᠭ ᠭᠠᠷᠬᠤ ᠶᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃ ᠲᠡᠷᠡᠴᠢᠯᠡᠨ ᠭᠠᠮᠰᠢᠭ ᠪᠠ ᠡ᠊ᠨᠳᠡᠯ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠵᠦ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠤᠨ ᠰᠢᠢᠳᠪᠦᠷᠢᠯᠡᠬᠦ ᠠᠵᠢᠯ ᠳᠤ ᠣᠷᠣᠯᠴᠠᠭᠤᠯᠵᠤ᠂ ᠭᠠᠮᠰᠢᠭ ᠪᠠ ᠠᠳᠡᠯ ᠢ ᠰᠡᠷᠭᠡᠶᠢᠯᠡᠨ ᠠᠷᠭᠠᠴᠠᠭᠠᠬᠤ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠬᠠᠩᠭᠠᠨ᠎ᠠ᠃     ᠠᠷᠪᠠᠨ ᠳᠣᠯᠣᠳᠤᠭᠠᠷ ᠵᠦᠢᠯ   ᠬᠤᠲᠠ ᠵᠢᠴᠢ ᠬᠤᠰᠢᠭᠤ ᠲᠣᠭᠤᠷᠢᠭ ᠲᠤᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠬᠦ ᠪᠠᠷᠢᠮᠵᠢᠶ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠳᠠᠯᠢ ᠲᠥᠷᠥᠯ ᠤᠨ ᠭᠠᠮᠰᠢᠭ ᠪᠠ ᠡ᠊ᠨᠳᠡᠯ ᠤᠨ ᠳᠡᠭᠡᠳᠦ ᠳᠣᠤᠷᠠᠳᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠪᠠᠷᠢᠮᠵᠢᠶ᠎ᠠ ᠶᠢ ᠰᠠᠶᠢᠲᠤᠷ ᠵᠣᠯᠭᠠᠭᠤᠯᠤᠨ᠎ᠠ᠃ ᠵᠠᠷᠴᠢᠮ ᠳᠡᠭᠡᠷ᠎ᠡ ᠪᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠯᠢᠶᠡᠳ ᠳᠡᠭᠡᠳᠦ ᠲᠠᠰ ᠤᠨ ᠳᠠᠭᠠᠯᠲᠠ ᠬᠢᠬᠦ ᠪᠠᠷᠢᠮᠵᠢᠶ᠎ᠠ ᠶᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠯᠢᠶᠡᠳ ᠳᠣᠣᠷᠠᠲᠤ ᠲᠠᠰ ᠤᠨ ᠳᠠᠭᠠᠯᠲᠠ ᠬᠢᠬᠦ ᠪᠠᠷᠢᠮᠵᠢᠶ᠎ᠠ ᠯᠤᠭ᠎ᠠ ᠵᠣᠬᠢᠴᠠᠯᠳᠤᠭᠤᠯᠤᠨ ᠵᠣᠯᠭᠠᠭᠤᠯᠬᠤ ᠬᠡᠷᠡᠭᠲᠡᠶ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠯᠢᠶᠡᠳ ᠳᠣᠣᠷᠠᠳᠤ ᠲᠠᠰ ᠤᠨ ᠳᠠᠭᠠᠯᠲᠠ ᠬᠢᠬᠦ ᠪᠠᠷᠢᠮᠵᠢᠶ᠎ᠠ ᠶᠢ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠯᠢᠶᠡᠳ ᠳᠡᠭᠡᠳᠦ ᠲᠠᠰ ᠤᠨ ᠳᠠᠭᠠᠯᠲᠠ ᠬᠢᠬᠦ ᠪᠠᠷᠢᠮᠵᠢᠶ᠎ᠠ ᠯᠤᠭ᠎ᠠ ᠵᠣᠬᠢᠴᠠᠯᠳᠤᠭᠤᠯᠤᠨ ᠵᠣᠯᠭᠠᠭᠤᠯᠬᠤ ᠬᠡᠷᠡᠭᠲᠡᠶ᠃ ᠳᠠᠭᠠᠯᠲᠠ ᠬᠢᠬᠦ ᠶᠢ ᠡᠬᠢᠯᠡᠭᠦᠯᠦᠨ ᠭᠡᠷᠡᠭᠵᠢᠬᠦᠯᠥᠭᠰᠡᠨ ᠤ ᠳᠡᠷᠠᠭ᠎ᠠ ᠭᠡᠷᠩ ᠭᠠᠷᠣᠠᠠᠰᠠᠨ ᠭᠠᠵᠡᠷ ᠣᠷᠣᠨ ᠤ ᠠᠷᠡᠳ ᠤᠨ ᠵᠠᠰᠠᠭ ᠤᠨ ᠣᠷᠳᠣᠨ ᠤ ᠳᠠᠭᠠᠯᠲᠠ ᠬᠢᠬᠦ ᠳᠡᠰ ᠶᠢ ᠳᠡᠭᠡᠳᠦ ᠱᠠᠳᠣᠨ ᠤ ᠠᠷᠡᠳ ᠤᠨ ᠵᠠᠰᠠᠭ ᠤᠨ ᠣᠷᠳᠣᠨ ᠤ ᠳᠠᠭᠠᠯᠲᠠ ᠬᠢᠬᠦ ᠳᠡᠰ ᠵᠡᠷᠭᠡ ᠠᠴᠠ ᠲᠣᠣᠷ᠎ᠠ ᠪᠠᠶᠢᠯᠭᠠᠵᠤ ᠪᠤᠯᠬᠤ ᠦᠭᠡᠢ᠃ᠲᠠᠪᠤᠳᠤᠭᠠᠷ ᠪᠦᠯᠦᠭ   ᠲᠡᠰ ᠬᠤᠪᠢᠶᠠᠨ ᠠᠪᠤᠷᠠᠨ ᠲᠤᠰᠠᠯᠠᠬᠤ     ᠠᠷᠪᠠᠨ ᠨᠠᠢᠮᠠᠳᠤᠭᠠᠷ ᠵᠦᠢᠯ   ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠤ ᠱᠠᠲᠤ ᠬᠤᠪᠢᠶᠠᠨ ᠡᠭᠦᠷᠭᠡᠯᠡᠬᠦ᠂ ᠨᠥᠭᠡᠴᠡᠯᠡᠬᠦ᠂ ᠬᠠᠮᠢᠶᠠᠷᠬᠤ ᠪᠠ ᠬᠠᠷᠢᠶ᠎ᠠ ᠭᠠᠵᠠᠷ ᠢᠶᠠᠷ ᠭᠤᠤᠯ ᠪᠣᠯᠭᠠᠬᠤ ᠵᠠᠷᠴᠢᠮ ᠢ ᠪᠠᠷᠢᠮᠲᠠᠯᠠᠨ᠎ᠠ᠃ ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠯᠠ ᠮᠥᠩᠭᠦ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠬᠠᠤ ᠭᠤᠤᠯ ᠪᠣᠯᠬᠤ ᠡᠳ᠋ ᠪᠣᠳᠠᠰ ᠤᠨ ᠨᠥᠭᠡᠴᠡᠯᠡᠮᠵᠢ ᠨᠢ ᠲᠣᠰ ᠵᠠᠰᠠᠭ ᠵᠠᠬᠢᠷᠭᠠᠨ ᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠬᠡᠷᠡᠭᠵᠢᠭᠦᠯᠵᠦ ᠳᠡᠶᠢᠯᠬᠦ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠬᠡᠷᠡᠭᠲᠡᠢ᠃     ᠠᠷᠪᠠ ᠶᠢᠰᠦᠳᠦᠭᠡᠷ ᠵᠦᠢᠯ   ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠪᠠᠶᠢᠭᠠᠯᠢ ᠶᠢᠨ ᠭᠠᠮᠰᠢᠭ ᠤᠨ ᠪᠠᠶᠢᠳᠠᠯ ᠢ ᠪᠦᠷᠢᠳᠬᠡᠨ ᠪᠠᠶᠢᠴᠠᠭᠠᠬᠤ ᠳᠦᠷᠢᠮ︾ ᠤᠨ ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠮᠰᠢᠭ ᠲᠤ ᠬᠤᠯᠪᠣᠭᠳᠠᠬᠤ ᠬᠠᠮᠢᠶ᠎ᠠ ᠪᠦᠬᠦᠢ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠠᠵᠢᠯ ᠢ ᠱᠠᠲᠤ ᠳᠠᠷᠠᠭᠠᠯᠠᠨ ᠰᠠᠶᠢᠲᠤᠷ ᠬᠢᠨ᠎ᠡ᠃ ᠦᠨᠳᠦᠰᠦᠨ ᠱᠠᠲᠤᠨ ᠤ ᠭᠠᠮᠰᠢᠭ ᠤᠨ ᠮᠡᠳᠡᠭᠡ ᠵᠠᠩᠭᠢᠴᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠭᠠᠮᠰᠢᠭ ᠤᠨ ᠮᠡᠳᠡᠭᠡ ᠵᠠᠩᠭᠢᠴᠢ ᠶᠢ ᠨᠡᠶᠢᠳᠡᠮ ᠳᠤᠨᠢ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠴᠠᠭ ᠤᠨ ᠬᠢᠵᠠᠭᠠᠷ ᠳᠣᠲᠣᠷ᠎ᠠ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠦᠨᠡᠨ ᠪᠣᠳᠠᠲᠠᠶ ᠪᠠᠷ ᠳᠡᠭᠡᠭᠰᠢ ᠮᠡᠳᠡᠭᠦᠯᠵᠦ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠣᠷᠬᠢᠭᠳᠠᠭᠤᠯᠤᠨ ᠮᠡᠳᠡᠭᠦᠯᠬᠦ ᠪᠤᠶᠤ ᠣᠷᠣᠶᠢᠲᠠᠭᠤᠯᠤᠨ ᠮᠡᠳᠡᠭᠦᠯᠵᠦ ᠪᠣᠯᠬᠤ ᠦᠭᠡᠶ᠃     ᠬᠤᠷᠢᠳᠤᠭᠠᠷ ᠵᠦᠢᠯ   ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ ᠳᠠᠷᠦ᠋ᠢᠬᠠᠨ ᠬᠥᠮᠦᠰ ᠢ ᠵᠣᠬᠢᠶᠠᠨ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠲᠦᠰᠢᠭᠯᠡᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭ ᠲᠤ ᠬᠤᠯᠪᠣᠭᠳᠠᠭᠰᠠᠨ ᠠᠳᠡᠵᠦ ᠰᠢᠷᠬᠠᠲᠤᠭᠰᠠᠨ᠂ ᠬᠤᠬᠢᠷᠠᠭᠰᠠᠨ᠂ ᠨᠥᠯᠦᠭᠡ ᠬᠦᠷᠲᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ 5 ᠠᠵᠢᠯᠯᠠᠬᠤ ᠡᠳᠦᠷ ᠤᠨ ᠳᠣᠲᠣᠷ᠎ᠠ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ ᠪᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠪᠡᠶᠡᠯᠡᠭᠦᠯᠦᠨ᠎ᠡ᠃ ᠭᠠᠮᠰᠢᠭ ᠤᠨ ᠪᠠᠶᠢᠳᠠᠯ ᠤᠨ ᠵᠡᠷᠭᠡ ᠳᠡᠰ ᠢᠶᠠᠷ ᠨᠡᠯᠢᠶᠡᠳ ᠥᠨᠳᠥᠷ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ ᠳᠠᠷᠦ᠋ᠢᠬᠠᠨ ᠭᠠᠮᠰᠢᠭ ᠤᠨ ᠪᠠᠶᠢᠳᠠᠯ ᠢ ᠬᠢᠨᠠᠨ ᠠᠵᠢᠯᠯᠠᠬᠤ ᠳᠤᠭᠤᠶᠢᠯᠠᠩ ᠲᠣᠮᠢᠯᠠᠵᠤ᠂ 10% ᠠᠴᠠ ᠳᠣᠤᠷ᠎ᠠ ᠦᠭᠡᠶ ᠬᠠᠷᠢᠴᠠᠯ ᠢᠶᠠᠷ ᠲᠤᠬᠠᠶ ᠶᠢᠨ ᠲᠠᠯᠠᠪᠠᠢ ᠳᠤ ᠰᠤᠭᠤᠴᠢᠨ ᠪᠠᠶᠢᠴᠠᠭᠠᠵᠤ ᠦᠨᠡᠯᠡᠨ ᠵᠢᠱᠢᠯᠲᠡ ᠬᠢᠬᠦ ᠬᠡᠷᠡᠭᠲᠡᠶ᠃     ᠬᠤᠷᠢᠨ ᠨᠢᠭᠡᠳᠦᠭᠡᠷ ᠵᠦᠢᠯ   ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠶᠢ ᠡᠬᠢᠯᠡᠭᠦᠯᠦᠭᠰᠡᠨ ᠤ ᠳᠠᠷᠠᠭ᠎ᠠ ᠬᠤᠲᠠ ᠵᠢᠴᠢ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠭᠠᠭᠠᠬᠤ ᠵᠡᠷᠭᠡ ᠲᠠᠰ᠂ ᠭᠠᠮᠰᠢᠭᠳᠠᠭᠰᠠᠨ ᠭᠠᠵᠠᠷ ᠣᠷᠣᠨ ᠤ ᠭᠤᠶᠤᠴᠢᠯᠠᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠵᠦ᠂ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ᠂ ᠭᠠᠮᠰᠢᠭᠳᠠᠭᠰᠠᠨ ᠣᠷᠣᠨ ᠳᠤ ᠠᠮᠢᠳᠤᠷᠠᠯ ᠤᠨ ᠲᠥᠷᠥᠯ ᠤᠨ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠮᠦᠩᠭᠦ ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠳᠠᠭᠤᠰᠤᠭᠰᠠᠨ ᠤ ᠳᠠᠷᠠᠭ᠎ᠠ᠂ ᠭᠠᠮᠰᠢᠭ ᠭᠠᠷᠤᠭᠰᠠᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠠᠮᠰᠢᠭᠳᠠᠭᠰᠠᠨ ᠣᠷᠣᠨ ᠤ ᠠᠪᠤᠷᠠᠨ ᠲᠤᠰᠠᠯᠠᠬᠤ ᠬᠡᠷᠡᠭᠴᠡᠭᠡ ᠶᠢ ᠦᠨᠡᠯᠡᠨ ᠵᠢᠱᠢᠵᠦ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠳᠡᠭᠡᠳᠦ ᠱᠠᠲᠤᠨ ᠤ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠶ ᠪᠠᠷ ᠭᠤᠶᠤᠴᠢᠯᠠᠵᠤ᠂ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠥᠩᠭᠦ᠂ ᠡᠪᠦᠯ ᠬᠠᠪᠤᠷ ᠤᠨ ᠠᠪᠤᠷᠠᠨ ᠲᠤᠰᠠᠯᠠᠬᠤ ᠪᠡᠯᠡ ᠮᠥᠩᠭᠦ᠂ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠳᠣᠷᠣᠭᠰᠢ ᠪᠠᠭᠤᠯᠭᠠᠵᠤ᠂ ᠪᠡᠯᠡ ᠮᠥᠩᠭᠦ ᠲᠠᠷᠬᠠᠭᠠᠬᠤ ᠵᠡᠷᠭᠡ ᠠᠵᠢᠯ ᠢ ᠱᠠᠯᠠᠪᠳᠠᠭᠤᠯᠤᠨ ᠰᠠᠶᠢᠲᠤᠷ ᠬᠢᠨ᠎ᠡ᠃ᠵᠢᠷᠭᠤᠳᠤᠭᠠᠷ ᠪᠦᠯᠦᠭ   ᠳᠠᠭᠠᠯᠳᠤᠭᠤᠯᠤᠯ ᠳᠦᠷᠢᠮ     ᠬᠤᠷᠢᠨ ᠬᠤᠶᠠᠳᠤᠭᠠᠷ ᠵᠦᠢᠯ   ᠲᠤᠰ ᠨᠠᠷᠢᠨ ᠳᠦᠷᠢᠮ ᠳᠤ ᠲᠣᠳᠣᠷᠬᠠᠶᠢᠯᠠᠭᠰᠠᠨ ᠦᠭᠡᠢ ᠪᠤᠰᠤᠳ ᠭᠠᠮᠰᠢᠭ ᠪᠠ ᠡ᠊ᠨᠳᠡᠯ ᠢ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠤᠶᠤ ᠲᠤᠰᠬᠠᠶ ᠵᠦᠢᠯ ᠤᠨ ᠪᠡᠯᠡᠳᠬᠡᠯ ᠲᠥᠰᠦᠯ ᠶᠣᠰᠣᠭᠠᠷ ᠠᠷᠭᠠᠴᠠᠭᠠᠨ᠎ᠠ᠃ᠬᠤᠷᠢᠨ ᠭᠤᠷᠪᠠᠳᠤᠭᠠᠷ ᠵᠦᠢᠯ   ᠲᠤᠰ ᠨᠠᠷᠢᠨ ᠳᠦᠷᠢᠮ ᠤᠨ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠥᠪᠯᠡᠯ ᠤᠨ ᠠᠯᠪᠠᠨ ᠭᠡᠷ᠂ ᠬᠤᠲᠠ ᠶᠢᠨ ᠭᠠᠮᠰᠢᠭ ᠢ ᠪᠠᠭᠠᠰᠬᠠᠬᠤ ᠠᠵᠢᠯ ᠤᠨ ᠵᠥᠪᠯᠡᠯ ᠤᠨ ᠠᠯᠪᠠᠨ ᠭᠡᠷ ︵ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ︶ ᠠᠴᠠ ᠬᠠᠷᠢᠭᠤᠴᠠᠨ ᠲᠠᠶᠢᠯᠪᠤᠷᠢᠯᠠᠨ᠎ᠠ᠃     ᠬᠤᠷᠢᠨ ᠳᠥᠷᠪᠡᠳᠦᠭᠡᠷ ᠵᠦᠢᠯ   ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ