2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/1/17
—   2024 ᠣᠨ ᠤ 1 ᠰᠠᠷ᠎ᠠ ᠶᠢᠨ 17 ᠤ ᠡᠳᠦᠷ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                         ᠬᠤᠳᠠ ᠶᠢᠨ ᠳᠠᠷᠤᠭ᠎ᠠ   ᠳ᠋ᠦ᠋ ᠬᠤᠢ ᠯᠢᠶᠠᠩᠲᠥᠯᠥᠭᠡᠯᠡᠭᠴᠢᠳ ᠠ᠋᠄       ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2023 ᠣᠨ ᠤ ᠠᠵᠢᠯ ᠤᠨ ᠳ᠋ᠦᠩᠨᠡᠯᠲᠡ       ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠪᠦᠬᠦ ᠬᠤᠲᠠ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠵᠤ᠂ ᠬᠠᠳᠠᠭᠤ ᠪᠡᠷᠬᠡᠰᠢᠶᠡᠯ ᠢ ᠲᠤᠭᠤᠯᠤᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂  ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠡᠬᠦᠷᠭᠡ ᠪᠠᠨ ᠨᠢᠭᠡᠲᠦᠯᠲᠠᠢ ᠲᠦᠯᠦᠪᠯᠡᠨ ᠠᠬᠢᠭᠤᠯᠵᠤ᠂ ᠴᠢᠨᠠᠷ ᠰᠠᠶᠢᠲᠠᠢ ᠬᠦᠭᠵᠢᠯᠲᠡ ᠰᠢᠨ᠎ᠡ ᠠᠯᠬᠤᠮ ᠢ ᠠᠯᠬᠤᠵᠤ᠂ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠪᠠ᠃      ᠬᠥᠮᠥᠰ ᠤᠨ ᠤᠷᠮ᠎ᠠ ᠵᠣᠷᠢᠭ ᠢ ᠬᠥᠭᠵᠢᠭᠡᠭᠰᠡᠨ ᠶᠠᠪᠤᠳᠠᠯ ᠭᠡᠪᠡᠯ᠂ ᠰᠢ ᠶᠢᠨ ᠫᠢᠩ ᠶᠡᠷᠦᠩᠬᠡᠢ ᠱᠦᠵᠢ ᠳᠥᠷᠪᠡᠳᠡᠬᠢ ᠤᠳᠠᠭ᠎ᠠ ᠪᠡᠶ᠎ᠡ ᠪᠠᠷ ᠢᠶᠠᠨ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠬᠤ ᠶᠢᠨ ᠬᠠᠮᠲᠤ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠡᠯᠭᠡ ᠲᠡᠮᠳᠡᠭ ᠤᠨ ᠴᠢᠨᠠᠷᠲᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯᠯᠠᠭᠠᠨ ᠤ ᠵᠦᠭᠯᠡᠭᠦᠷ ᠬᠠᠩᠭᠠᠵᠤ᠂ ᠪᠦᠬᠦ ᠬᠤᠲᠠ ᠶᠢᠨ ᠺᠠᠳ᠋ᠷ ᠤᠯᠠᠨ ᠲᠦᠮᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ︽ᠰᠢᠨ᠎ᠡ ᠵᠠᠮ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ︾ ᠣᠮᠤᠭ ᠵᠣᠷᠢᠭ ᠢ ᠲᠤᠶᠢᠯ ᠤᠨ ᠶᠡᠭᠡ ᠪᠠᠷ ᠬᠥᠭᠵᠢᠭᠡᠵᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠢ ᠨᠡᠶᠢᠲᠡᠯᠡᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠰᠢᠨ᠎ᠡ ᠠᠰᠢᠭ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠪᠠ᠃ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠯᠠᠪᠳᠠᠭᠤᠨ ᠪᠣᠳᠠᠲᠠᠢ ᠠᠵᠢᠯᠯᠠᠵᠤ ᠰᠢᠨ᠎ᠡ ᠪᠠᠶᠢᠳᠠᠯ ᠢ ᠨᠡᠭᠡᠭᠡᠵᠤ᠂ ᠵᠢᠱᠢᠯᠲᠡ ᠪᠠᠷ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 6.3% ᠪᠠᠷ ᠨᠡᠮᠡᠭᠳᠡᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 27% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠪᠠᠨ ᠲᠦᠷᠦᠬᠦᠯᠡᠵᠤ᠂ 25 ᠰᠠᠷ᠎ᠠ ᠳᠠᠷᠠᠭᠠᠯᠠᠨ 25% ᠠᠴᠠ ᠳᠡᠭᠡᠭᠰᠢ ᠪᠠᠶᠢᠬᠤ ᠶᠢ ᠪᠠᠲᠤᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 9% ᠪᠠᠷ ᠨᠡᠮᠡᠭᠳᠡᠵᠦ᠂ 11 ᠵᠢᠯ ᠤᠨ ᠲᠤᠷᠰᠢᠬᠢ ᠬᠠᠮᠤᠭ ᠤᠨ ᠥᠨᠳᠥᠷ ᠬᠡᠮᠵᠢᠶᠡᠨ ᠳᠤ ᠬᠦᠷᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 8% ᠪᠠᠷ ᠨᠡᠮᠡᠭᠳᠡᠵᠦ᠂ ᠠᠩᠬ᠎ᠠ ᠤᠳᠠᠭ᠎ᠠ 900 ᠳ᠋ᠦᠩᠰᠢᠭᠤᠷ ᠲᠥᠭᠦᠷᠢᠭ ᠢ ᠲᠠᠪᠠᠪᠠ᠃ ᠦᠨᠳᠦᠷ ᠰᠠᠭᠤᠷᠢ ᠲᠤᠭᠠᠨ ᠳᠡᠭᠡᠷᠡᠬᠢ ᠥᠨᠳᠥᠷ ᠬᠤᠷᠳᠤᠴᠠ᠂ ᠴᠢᠨᠠᠷ ᠰᠠᠶᠢᠲᠠᠢ ᠨᠡᠮᠡᠭᠳᠡᠯ ᠢ ᠪᠡᠶᠡᠯᠡᠭᠦᠯᠵᠦ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠲᠡ ᠶᠢᠨ ︽ᠲᠤᠯᠭᠠᠭᠤᠷᠢ ᠬᠦᠴᠦᠨ ᠂ ᠬᠤᠰᠢᠭᠤᠴᠢ ᠴᠡᠷᠢᠭ︾ ᠤᠨ ᠠᠮᠢᠳᠤᠯᠢᠭ ᠬᠠᠷᠢᠭᠤᠯᠲᠠ ᠶᠢᠨ ᠬᠠᠭᠤᠳᠠᠰᠣ ᠶᠢ ᠲᠤᠰᠢᠶᠠᠪᠠ᠃      ᠬᠥᠮᠥᠰ ᠢ ᠲᠤᠶᠢᠯ ᠢᠶᠠᠷ ᠵᠣᠷᠢᠭᠵᠢᠭᠤᠯᠤᠭᠰᠠᠨ ᠶᠠᠪᠤᠳᠠᠯ ᠬᠡᠪᠡᠯ᠂ ︽ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠮᠠᠨ ᠤ ᠬᠤᠲᠠ ᠤᠯᠤᠰ ᠤᠨ ᠲᠦᠷᠦᠬᠦᠤ ᠪᠦᠯᠦᠭ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠬᠡᠬᠦ ᠲᠤᠷᠰᠢᠯᠲᠠ ᠶᠢᠨ ᠬᠤᠲᠠ ᠪᠣᠯᠵᠤ᠂ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠭᠤᠷᠢᠶᠠᠯ ᠦᠵᠡᠭᠦᠯᠬᠦ ᠣᠷᠣᠨ ᠢᠶᠠᠷ ᠦᠨᠡᠯᠡᠭᠳᠡᠪᠡ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠲᠣᠣᠷ ᠨᠡᠶᠢᠯᠡᠭᠦᠯᠬᠦ ᠬᠡᠪᠴᠢᠶ᠎ᠡ 1000 ᠲᠦᠮᠡᠨ ᠺᠢᠯᠣᠸᠠᠲ ᠢ ᠳᠠᠪᠠᠵᠤ᠂ ᠪᠦᠬᠦ ᠲᠡᠯᠡᠬᠡᠢ ᠶᠢᠨ ᠬᠠᠮᠤᠭ ᠤᠨ ᠶᠡᠭᠡ ᠨᠣᠭᠤᠭᠠᠨ ᠤᠰᠤᠲᠥ᠋ᠷᠥᠭᠴᠢ ᠶᠢ ᠡᠪᠴᠡᠯᠳᠦᠬᠦᠯᠦᠨ ᠨᠡᠭᠦᠷᠡᠰᠦ ᠪᠠᠷ ᠠᠯᠺᠸᠠ ᠦᠢᠯᠡᠳᠬᠦ ᠲᠦᠷᠦᠯ ᠵᠦᠢᠯ ᠢ ᠡᠬᠢᠯᠡᠬᠦᠯᠦᠨ ᠪᠦᠲᠦᠭᠡᠨ ᠪᠠᠶᠢᠭᠤᠯᠵᠤ᠂ ᠠᠩᠬᠠᠳᠠᠭᠴᠢ ᠲᠦᠮᠡᠨ ᠲᠣᠨ ᠤ ᠲᠡᠰ ᠤᠨ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ ᠲᠦᠷᠦᠯ ᠵᠦᠢᠯ︽ᠨᠣᠭᠤᠭᠠᠨ ᠤᠰᠤᠲᠥ᠋ᠷᠥᠭᠴᠢ︾ ᠶᠢ ᠦᠢᠯᠡᠳᠪᠦᠷᠢᠯᠡᠨ ᠭᠠᠷᠭᠠᠵᠤ᠂ ᠤᠶᠤᠨᠴᠢ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ᠂ ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠨᠢᠭᠡ ᠪᠦᠯᠦᠭ ᠰᠢᠨ᠎ᠡ ᠦᠢᠯᠡᠳᠬᠦᠨ ᠬᠤᠭᠤᠰᠤᠨ ᠢ ᠨᠦᠬᠦᠵᠤ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠬᠠᠯᠠᠮᠰᠢᠯ ᠤᠨ ᠲᠥᠪᠯᠡᠷᠡᠯ ᠤᠨ ᠬᠦᠢᠴᠡᠳᠬᠡᠯ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠵᠢᠭᠰᠠᠭᠠᠭᠳᠠᠪᠠ᠃  ᠠᠩᠬ᠎ᠠ ᠤᠳᠠᠭ᠎ᠠ ᠪᠦᠬᠦ ᠤᠯᠤᠰ ᠤᠨ ᠬᠤᠳᠠ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠳᠤ ᠳᠠᠪᠰᠢᠨ ᠣᠷᠣᠪᠠ᠃ ᠠᠮᠤ ᠪᠤᠳᠠᠭᠠᠨ ᠤ ᠤᠨᠠᠯᠲᠠ 43 ᠳ᠋ᠦᠩᠰᠢᠭᠤᠷ ᠵᠢᠩ ᠢ ᠳᠠᠪᠠᠪᠠ᠃ ᠠᠩᠬᠠᠳᠠᠭᠴᠢ ᠵᠤᠷᠪᠤᠰ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠵᠢᠩᠬᠢᠨᠢ ᠪᠠᠷ ᠨᠠᠪᠲᠠᠷᠡᠭᠦᠯᠵᠦ᠂ ᠠᠩᠬᠠᠳᠠᠭᠴᠢ ︽ᠭᠤᠣᠯ ᠮᠥᠷᠡᠨ ᠢ ᠲᠤᠭᠤᠯᠤᠨ ᠳᠠᠯᠠᠢ ᠲᠠᠩᠭᠢᠰ ᠲᠤ ᠬᠦᠷᠬᠦ︾ ᠵᠠᠮ ᠤᠨ ᠨᠡᠭᠦᠷᠡᠰᠦᠨ ᠤ ᠪᠤᠰᠤ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢ ᠠᠮᠵᠢᠯᠲᠠ ᠲᠠᠢ ᠪᠠᠷ ᠶᠠᠪᠤᠭᠤᠯᠪᠠ᠃ ᠨᠢᠭᠡᠨ ᠪᠠᠶᠢᠬᠤ ᠦᠭᠡᠢ ᠠᠴᠠ ᠪᠠᠨ ᠪᠠᠶᠢᠬᠤ ᠪᠣᠯᠵᠤ᠂ ᠪᠠᠶᠢᠭᠰᠠᠨ ᠠᠴᠠ ᠪᠠᠨ ᠰᠢᠯᠢᠳᠡᠭ ᠪᠣᠯᠵᠤ᠂ ᠰᠢᠯᠢᠳᠡᠭ ᠠᠴᠠ ᠪᠠᠨ ᠬᠦᠴᠦᠷᠬᠡᠭ ᠪᠣᠯᠵᠤ ᠪᠠᠶᠢᠭ᠎ᠠ ᠪᠠᠶᠢᠳᠠᠯ ᠨᠢ᠂ ᠡᠨᠡᠬᠦ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ᠂ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠪᠣᠯᠣᠨ ᠭᠠᠶᠢᠬᠠᠮᠰᠢᠭᠲᠤ  ᠬᠤᠪᠢᠷᠠᠯᠲᠠ ᠶᠢ  ᠬᠡᠷᠡᠴᠢᠯᠡᠪᠡ︕       ᠬᠥᠮᠥᠰ ᠢ ᠲᠤᠶᠢᠯ ᠢᠶᠠᠷ ᠣᠮᠣᠭᠰᠢᠭᠤᠯᠤᠭᠰᠠᠨ ᠶᠠᠪᠤᠳᠠᠯ ᠬᠡᠪᠡᠯ᠂ ᠪᠢᠳᠡ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠡᠬᠢᠯᠡᠯᠲᠡ ᠪᠠ ᠲᠡᠭᠦᠰᠬᠦ ᠶᠣᠰᠣᠯᠠᠯ ᠲᠦᠮᠡᠨ ᠤ ᠬᠠᠷᠠᠭ᠎ᠠ ᠶᠢ ᠬᠢᠯᠠᠰᠤᠭᠤᠯᠵᠤ᠂ ᠤᠷᠤᠯᠳᠤᠭᠠᠨ ᠤ ᠠᠵᠢᠯᠯᠠᠭ᠎ᠠ ᠶᠢ ᠡᠷᠴᠢᠮᠲᠠᠢ ᠰᠠᠶᠢᠬᠠᠨ ᠶᠠᠪᠤᠭᠳᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠠᠷᠢᠨ ᠨᠢᠭᠲᠠ ᠡᠮᠬᠢ ᠵᠢᠷᠤᠮ ᠲᠠᠢ ᠬᠢᠵᠦ᠂ ᠥᠪᠥᠷ ᠮᠣᠩᠭᠤᠯ ᠤᠨ ᠬᠢᠷᠢ ᠲᠦᠪᠰᠢᠨ᠂ ᠰᠢᠨ᠎ᠡ ᠴᠠᠭ ᠦᠶ᠎ᠡ ᠶᠢᠨ ᠬᠢᠷᠢ ᠲᠦᠪᠰᠢᠨ ᠢ ᠭᠠᠷᠭᠠᠵᠤ᠂ ᠪᠥᠬᠦ ᠣᠷᠣᠨ ᠤ ᠣᠯᠠᠨ ᠲᠦᠮᠡᠨ ᠳᠤ ᠶᠡᠬᠡᠪᠡᠷ ᠱᠠᠭᠰᠢᠭᠳᠠᠵᠤ᠂ ᠪᠥᠬᠦ ᠰᠦᠯᠵᠢᠶᠡᠨ ᠳᠠᠯᠭᠡᠴᠡ ᠳᠡᠭᠡᠷ᠎ᠡ 3 ᠳ᠋ᠦᠩᠰᠢᠭᠤᠷ ᠭᠠᠷᠤᠢ ᠬᠥᠮᠥᠨ ᠤᠳᠠᠭ᠎ᠠ ᠰᠤᠨᠢᠷᠬᠠᠨ ᠦᠵᠡᠵᠤ ᠬᠠᠯᠠᠭᠤᠨ ᠶᠠᠷᠢᠯᠴᠠᠭ᠎ᠠ ᠦᠷᠨᠢᠬᠦᠯᠪᠡ᠃ ᠪᠢᠳᠡ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ 2023 ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠶᠡᠭᠡ ᠬᠤᠷᠠᠯ᠂ ᠶᠢᠰᠦᠳᠦᠭᠡᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ᠂ ︽ᠪᠣᠷᠣᠳᠣᠬᠤᠢ ᠶᠢᠨ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠵᠡᠷᠭᠡ ᠤᠯᠠᠨ ᠤᠯᠤᠰ ᠤᠨ ᠴᠢᠨᠠᠷᠲᠠᠢ ᠲᠣᠮᠣ ᠬᠡᠯᠪᠡᠷᠢ ᠶᠢᠨ ᠠᠵᠢᠯᠯᠠᠭ᠎ᠠ ᠶᠢ ᠨᠠᠷᠢᠨ ᠨᠢᠮᠪᠠᠢ ᠡᠷᠬᠢᠯᠡᠵᠤ᠂ ︽ᠣᠷᠳᠣᠰ ᠢ ᠬᠡᠷᠡᠯᠳᠦᠬᠦᠯᠦᠶ᠎ᠡ︾ ᠬᠡᠬᠦ ᠳ᠋ᠧᠩ ᠤᠨ ᠬᠡᠷᠡᠯ  ᠤᠨ ᠦᠵᠡᠬᠦᠯᠬᠡ ᠤᠯᠤᠰ ᠤᠨ ᠳᠣᠲᠣᠭᠠᠳᠤ ᠭᠠᠳᠠᠭᠠᠳᠤ ᠶᠢᠨ 100 ᠭᠠᠷᠤᠢ ᠲᠣᠮᠣ ᠬᠤᠲᠠ ᠶᠢᠨ ᠠᠩᠬᠠᠷᠤᠯ ᠢ ᠲᠠᠲᠠᠵᠤ᠂ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠮᠤᠭ ᠤᠨ ᠶᠡᠭᠡ ᠲᠠᠲᠠᠬᠤ ᠬᠦᠴᠦᠨ ᠲᠠᠢ ᠬᠤᠲᠠ᠂ ᠠᠵᠤ ᠠᠬᠤᠶᠢᠯᠠᠯᠲᠠᠨ ᠤ ᠵᠣᠯ  ᠵᠢᠷᠭᠠᠯᠲᠤ ᠲᠦᠷᠦᠭᠳᠡᠯ ᠢᠶᠠᠷ ᠬᠠᠮᠤᠭ ᠤᠨ ᠴᠢᠩᠭ᠎ᠠ ᠬᠤᠲᠠ᠂ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠦᠷᠦᠭᠳᠡᠯ ᠲᠠᠢ ᠬᠤᠲᠠ᠂ ᠲᠤᠮᠳᠠᠳᠣ ᠣᠯᠣᠰ ᠤᠨ ᠴᠢᠨᠠᠷ ᠰᠠᠶᠢᠲᠠᠢ ᠭᠦᠭᠵᠢᠯᠲᠡ ᠶᠢᠨ ᠠᠷᠪᠠᠨ ᠶᠡᠭᠡ ᠬᠡᠪ ᠲᠠᠭᠤᠷᠢᠶᠠᠯᠲᠤ ᠬᠤᠲᠠ ᠵᠡᠷᠭᠡ ᠰᠢᠨ᠎ᠡ ᠨᠡᠷ᠎ᠡ ᠶᠢᠨ ᠬᠠᠭᠤᠳᠠᠰᠤ ᠶᠢ ᠣᠯᠪᠠ᠃  ︽ᠳᠤᠯᠠᠭᠠᠨ ᠬᠤᠲᠠ︾ IP ᠨᠢ ᠲᠠᠶᠠᠭᠠᠷ ᠤᠯᠠᠨ ᠤ ᠬᠠᠯᠠᠭᠤᠨ ᠬᠦᠷᠢᠶᠡᠯᠡᠯ ᠢ ᠣᠯᠵᠤ᠂  ᠪᠠᠭ᠋ᠠᠷᠬᠠᠯ ᠢ ᠲᠠᠳᠠᠭᠰᠠᠨ ᠲᠤᠯᠠᠭᠠᠨ ᠤᠷᠳᠤᠰ ᠤᠨ ᠲᠦᠷᠢ ᠲᠦᠷᠬᠦ ᠬᠦᠮᠦᠰ ᠤᠨ ᠰᠡᠳᠬᠢᠯ ᠳᠤ ᠬᠦᠨ ᠬᠠᠳᠠᠩᠰᠢᠪᠠ︕       ᠨᠢᠭᠡ ᠵᠢᠯ ᠤᠨ ᠲᠤᠷᠰᠢ᠂ ᠪᠥᠬᠦ ᠬᠤᠲᠠ ᠪᠠᠷ ᠢᠶᠠᠨ ᠲᠠᠪᠰᠢᠯᠲᠠ ᠲᠠᠢ ᠪᠤᠯᠬᠤ ᠪᠠᠷ ᠴᠢᠷᠮᠠᠶᠢᠵᠤ᠂ ᠠᠵᠢᠯ ᠬᠢᠵᠦ ᠦᠢᠯᠡᠰ ᠴᠣᠭᠴᠠᠯᠠᠬᠤ ᠤᠷᠮ᠎ᠠ ᠵᠣᠷᠢᠭ ᠣᠷᠭᠢᠯᠤᠨ ᠪᠠᠳᠠᠷᠠᠵᠤ᠂ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠃       ᠨᠢᠭᠡ ᠳᠤ ᠠᠵᠤ ᠠᠬᠤᠢ ᠶᠢᠨ ᠶᠡᠭᠡ ᠪᠠᠶᠢᠳᠠᠯ ᠢ ᠪᠦᠬᠦ ᠬᠦᠴᠦᠨ ᠢᠶᠠᠷ ᠢᠶᠠᠨ ᠲᠤᠭᠳᠠᠪᠤᠷᠢᠵᠢᠭᠤᠯᠤᠨ ᠪᠠᠬᠢᠵᠢᠬᠦᠯᠪᠡ᠃ ᠪᠥᠬᠦ ᠵᠢᠯ ᠢᠶᠠᠷ ᠪᠥᠬᠦ ᠬᠡᠪᠴᠢᠶᠡᠨ ᠳᠤ ᠪᠥᠬᠦ ᠠᠵᠢᠯᠲᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠢ ᠤᠳᠤᠷᠢᠳᠤᠯᠭ᠎ᠠ ᠬᠤᠯᠪᠤᠭᠠᠯᠠᠨ ᠲᠠᠭᠠᠭᠠᠴᠢᠯᠠᠬᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠣᠭᠤᠷᠢᠨ ᠦᠵᠡᠵᠦ ᠮᠥᠷᠥᠶᠢᠴᠡᠬᠦ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠲᠣᠭᠲᠠᠴᠠ ᠶᠢ ᠭᠦᠨᠵᠡᠭᠡᠶᠢᠷᠡᠭᠦᠯᠦᠨ᠂ 472 ᠭᠤᠣᠯᠳᠠᠯᠭ᠎ᠠ ᠲᠠᠢ ᠲᠥᠷᠥᠯ ᠵᠦᠢᠯ 1544 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠣᠰ ᠲᠣᠰ 174.5%᠂ 265.7% ᠪᠠ 158% ᠪᠠᠷ ᠨᠡᠮᠡᠭᠳᠡᠪᠡ᠃ ᠠᠬᠤᠢ ᠲᠠᠯᠠᠪᠠᠶ ᠶᠢᠨ ᠠᠷᠠᠯᠵᠢᠶᠠᠴᠢᠨ ᠤᠷᠢᠬᠤ ᠲᠥᠷᠥᠯ ᠵᠦᠢᠯ ᠤᠨ ᠨᠠᠷᠢᠨ ᠲᠠᠩᠰᠠ ᠶᠢ ᠨᠡᠶᠢᠲᠡᠯᠡᠵᠦ᠂ ︽ᠬᠡᠯᠬᠢᠶᠡᠨ︾ ᠳᠡᠭᠡᠷᠡᠬᠢ ᠳᠤᠯᠠᠭᠠᠨ ᠬᠤᠲᠠ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠶᠢ 23 ᠲᠠᠯᠠᠪᠤᠷ ᠡᠷᠭᠢᠯᠡᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 76 ᠣᠷᠣᠭᠤᠯᠤᠨ ᠠᠪᠴᠢᠷᠠᠵᠤ ᠬᠡᠷᠡᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠪᠣᠳᠠᠲᠠᠶᠢᠵᠢᠭᠤᠯᠤᠭᠰᠠᠨ ᠪᠡᠯᠡ ᠮᠥᠩᠭᠦ 30% ᠪᠠᠷ ᠨᠡᠮᠡᠭᠳᠡᠵᠤ᠂ 721 ᠳ᠋ᠦᠩᠰᠢᠭᠤᠷ ᠲᠥᠭᠦᠷᠢᠭ ᠲᠤ ᠬᠦᠷᠪᠡ᠃ ᠬᠡᠷᠡᠭᠯᠡᠭᠡᠨ ᠤ ᠲᠥᠪ ᠬᠤᠲᠠ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 29 ︽ᠠᠷᠪᠠᠨ ᠲᠠᠪᠤᠨ ᠮᠢᠨᠦ᠋ᠲ︾ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠤᠭᠤᠷᠢᠭ ᠢ ᠪᠠᠶᠢᠭᠤᠯᠵᠤ ᠂ ᠳ᠋ᠦᠩᠱᠧᠩ ᠤᠨ 1980 ᠵᠡᠬᠡᠯᠢ᠂ ᠵᠡᠭᠦᠨᠭᠠᠷ ᠤᠨ ᠦᠳᠡᠰᠢ ᠵᠡᠷᠭᠡ ᠨᠢᠭᠡ ᠪᠦᠯᠦᠭ ᠣᠨᠴᠠᠯᠢᠭᠲᠤ ᠵᠡᠭᠡᠯᠢ ᠲᠣᠭᠤᠷᠢᠭ ᠪᠠ ᠦᠳᠡᠰᠢ ᠶᠢᠨ ᠠᠵᠤ ᠠᠬᠤᠢ ᠶᠢᠨ ᠲᠥᠪᠯᠡᠷᠡᠭᠰᠡᠨ ᠭᠠᠵᠠᠷ ᠢ ᠪᠠᠶᠢᠭᠤᠯᠵᠤ᠂ ᠠᠯᠢ ᠤᠯᠠᠨ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠵᠦ᠂ ᠬᠡᠷᠡᠭᠯᠡᠭᠡ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠪᠠ︔ ᠣᠷᠳᠣᠰ ᠨᠤᠮᠧᠷᠲᠦ ᠪᠤᠳᠤᠭᠲᠤ ᠵᠢᠷᠤᠭᠲᠦ ᠨᠢᠰᠬᠡᠯ᠂ ᠰᠢ ᠠᠨ — ᠣᠷᠳᠣᠰ ᠬᠤᠳᠠ ᠬᠦᠷᠬᠦ ᠳᠤᠯᠠᠭᠠᠨ ᠬᠤᠳᠠ ᠶᠢᠨ ᠭᠠᠯᠲᠤ ᠲᠡᠷᠭᠡ ᠶᠢ  ᠨᠡᠪᠳᠡᠷᠡᠬᠦᠯᠵᠤ᠂ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ ᠪᠠ ᠵᠤᠭᠠᠴᠠᠯ ᠤᠨ ᠣᠷᠣᠯᠭ᠎ᠠ ᠲᠤᠰ ᠲᠤᠰ 199% ᠪᠠ 314% ᠪᠠᠷ ᠨᠡᠮᠡᠭᠳᠡᠵᠦ᠂ ᠪᠦᠬᠦ ᠤᠯᠤᠰ ᠤᠨ ᠰᠣᠶᠣᠯ ᠪᠠ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠤᠳᠠ ᠶᠢᠨ ᠢᠷᠠᠭᠤ ᠠᠯᠳᠠᠷ ᠢ ᠬᠦᠷᠳᠡᠪᠡ᠃ ᠰᠢᠨ᠎ᠡ ᠴᠠᠭ ᠦᠶ᠎ᠡ ᠶᠢᠨ ︽ᠬᠤᠶᠠᠷ ᠡᠷᠡᠭᠦᠯ︾ ᠢ ᠠᠬᠢᠭᠤᠯᠬᠤ 30 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠠᠷᠪᠠᠨ ᠶᠡᠭᠡ ᠠᠵᠢᠯᠯᠠᠭ᠎ᠠ ᠶᠢ ᠬᠡᠷᠡᠭᠵᠢᠭᠦᠯᠦᠨ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠤ ᠰᠦᠢᠳᠬᠡᠯ ᠢ ᠬᠤᠶᠢᠰᠢᠯᠠᠭᠤᠯᠬᠤ ᠶᠢ ᠰᠢᠨ᠎ᠡ ᠪᠠᠷ 58 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ︽ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ︾ ᠠᠵᠢᠯᠯᠠᠭ᠎ᠠ ᠪᠠᠷ ᠳᠠᠮᠵᠢᠨ 124 ᠳ᠋ᠦᠩᠰᠢᠭᠤᠷ ᠲᠦᠬᠦᠷᠢᠭ ᠤᠨ ᠵᠠᠬᠢᠶᠠᠯᠠᠭ᠎ᠠ ᠲᠤᠭᠳᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠵᠢᠭᠡᠯᠡᠯᠭᠡ 35.9% ᠪᠠᠷ ᠨᠡᠮᠡᠭᠳᠡᠨ᠂ 2 ᠠᠵᠤ ᠠᠬᠤᠶᠢᠯᠠᠯ ︽ᠭᠤᠷᠪᠠᠳᠠᠬᠢ ᠲᠦᠷᠦᠯ ᠤᠨ ᠬᠤᠪᠢᠴᠠᠭᠠᠨ ᠤ ᠵᠠᠬ᠎ᠠ︾ ᠳᠤ ᠫᠠᠶᠢᠰᠠ ᠡᠯᠭᠦᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 75 ᠡᠷᠦᠬᠡ ᠴᠡᠪᠡᠷ ᠨᠡᠮᠡᠭᠳᠡᠨ᠂ 610 ᠡᠷᠦᠬᠡ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.3% ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 11.5% ᠪᠠᠷ ᠨᠡᠮᠡᠭᠳᠡᠵᠤ᠂ 31.8 ᠲᠦᠮᠡᠨ ᠡᠷᠦᠬᠡ ᠬᠦᠷᠪᠡ᠃ ︽1+7︾ ᠶᠢᠨ ᠥᠷᠢ ᠥᠭᠴᠡᠭᠡ ᠶᠢ ᠢᠯᠭᠠᠷᠠᠭᠤᠯᠬᠤ ᠲᠥᠰᠥᠯ ᠢ ᠲᠣᠭᠲᠠᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠯᠭᠠᠷᠠᠭᠤᠯᠬᠤ ᠣᠨ ᠤ ᠬᠠᠷᠠᠯᠲᠠ ᠶᠢ 288.6% ᠪᠠᠷ ᠪᠡᠶᠡᠯᠡᠭᠦᠯᠵᠦ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤᠨ ᠤ ᠳᠠᠯᠳᠠ ᠥᠷᠢ ᠥᠭᠴᠡᠭᠡ ᠶᠢ ᠢᠯᠭᠠᠷᠠᠭᠤᠯᠵᠤ᠂ ᠬᠢᠶ᠎ᠠ ᠪᠠᠭᠰᠢ ᠲᠤᠭᠤᠷᠢᠭ ᠲᠦᠭᠰᠢᠭᠦᠷᠢ ᠶᠡᠬᠡᠲᠡᠢ ᠭᠠᠵᠠᠷ ᠣᠷᠣᠨ ᠤ ᠡᠩᠨᠡᠭᠡ ᠠᠴᠠ ᠤᠬᠤᠷᠢᠨ ᠭᠠᠷᠴᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 16.6% ᠪᠠᠷ ᠨᠡᠮᠡᠭᠳᠡᠵᠦ᠂ ᠠᠩᠬ᠎ᠠ ᠤᠳᠠᠭ᠎ᠠ 4000 ᠳ᠋ᠦᠩᠰᠢᠭᠤᠷ ᠲᠥᠭᠦᠷᠢᠭ ᠢ ᠳᠠᠪᠠᠵᠤ᠂ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠲᠤᠭ᠎ᠠ ᠪᠠ ᠡᠷᠡᠭᠦᠯ ᠪᠤᠰᠤ ᠨᠣᠷᠮ᠎ᠠ ᠦᠷᠭᠦᠯᠵᠢᠯᠡᠨ ︽ᠬᠤᠤᠰ ᠢᠶᠠᠷ ᠪᠠᠭᠤᠷᠠᠪᠠ︾᠃       ᠬᠤᠶᠠᠷ ᠲᠤ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠢ ᠪᠦᠬᠦ ᠬᠦᠴᠦᠨ ᠢᠶᠠᠷ ᠴᠢᠩᠭᠠᠷᠠᠭᠤᠯᠪᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ 19 ᠳ᠋ᠦᠩᠰᠢᠭᠤᠷ ᠲᠥᠭᠦᠷᠢᠭ ᠲᠤ ᠬᠦᠴᠦ᠂ 55.7% ᠪᠠᠷ ᠨᠡᠮᠡᠭᠳᠡᠵᠤ᠂ ︽ᠭᠤᠷᠪᠠ ᠶᠢ ᠦᠭᠡᠶᠢᠰᠬᠡᠬᠦ︾ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 231 ᠬᠦᠷᠴᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠲᠣᠰ ᠲᠣᠰ 33% ᠪᠠ 60% ᠪᠠᠷ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠪᠥᠬᠦ ᠣᠷᠣᠨ ᠳᠤ ᠪᠠᠨ ᠲᠦᠷᠦᠬᠦᠯᠡᠵᠤ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠪᠤᠯᠪᠠ᠃ ᠤᠯᠤᠰ ᠤᠨ ᠦᠷᠬᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠲᠠᠭᠤᠷᠢᠶᠠᠯ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠡᠮᠵᠢᠯᠬᠡ ᠶᠢ ᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠯᠤᠰ ᠤᠨ ᠳᠣᠲᠣᠭᠠᠳᠤ ᠶᠢᠨ ᠠᠩᠬᠠᠳᠠᠭᠴᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠨᠤᠲᠤᠭᠰᠢᠭᠤᠯᠤᠨ ᠪᠠᠶᠢᠭᠤᠯᠵᠤ᠂ ᠣᠷᠳᠣᠰ ᠤᠨ ᠲᠤᠷᠰᠢᠯᠲᠠ ᠶᠢᠨ ᠲᠠᠰᠤᠭ ᠨᠢ ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ  ᠢᠶᠠᠷ ᠵᠦᠪᠰᠢᠶᠡᠷᠡᠭᠳᠡᠭᠰᠡᠨ ᠪᠦᠭᠡᠳ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠥᠷᠥᠯ ᠵᠦᠢᠯ  ᠢ ᠨᠡᠪᠴᠢᠬᠦᠯᠦᠨ ᠨᠤᠲᠤᠭᠰᠢᠭᠤᠯᠵᠤ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠪᠥᠬᠦ ᠤᠯᠤᠰ ᠤᠨ ᠠᠩᠬᠠᠳᠠᠭᠴᠢ ᠢᠵᠢ ᠠᠭᠤᠷᠬᠠᠢ ᠶᠢᠨ ᠤᠶᠤᠨᠴᠢ ᠲᠡᠭᠡᠭᠡᠪᠦᠷᠢ ᠶᠢᠨ ᠮᠠᠰᠢᠨ ᠬᠥᠮᠥᠨ ᠢ ᠰᠤᠳᠤᠯᠤᠨ ᠨᠡᠭᠡᠭᠡᠵᠦ ᠠᠰᠢᠭᠯᠠᠯᠲᠠ ᠳᠤ ᠤᠷᠤᠭᠤᠯᠵᠤ᠂ ᠯᠢᠶᠣᠤᠨᠢᠩ ᠤᠨ ᠢᠨᠵᠧᠨᠧᠷᠢᠩ ᠤᠨ ᠮᠡᠷᠭᠡᠵᠢᠯ ᠤᠨ ᠶᠡᠭᠡ ᠰᠤᠷᠭᠠᠭᠤᠯᠢ ᠶᠢᠨ ᠣᠷᠳᠣᠰ ᠤᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠦᠬᠠᠨ︶ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠫᠠᠶᠢᠰᠠ ᠡᠯᠭᠦᠨ ᠠᠵᠢᠯᠯᠠᠵᠤ᠂ ᠹᠢᠱᠧᠷ ᠲᠷᠤᠫᠱ ᠤᠨ ᠨᠡᠶᠢᠯᠡᠮᠡᠯ α— ᠠᠯᠺᠧᠨ᠂ ᠨᠡᠭᠦᠷᠡᠰᠦ ᠪᠠᠷ ᠰᠠᠭᠤᠷᠢ ᠪᠣᠯᠭᠠᠭᠰᠠᠨ ᠣᠨᠴᠠ ᠲᠥᠷᠥᠯ ᠤᠨ ᠯᠡ᠂ PVC ᠶᠢ ᠮᠦᠩᠬᠦᠨ ᠣᠰᠣ ᠦᠬᠡᠶᠢᠵᠢᠬᠦᠯᠦᠨ ᠦᠢᠯᠡᠳᠪᠦᠷᠢᠯᠡᠬᠦ ᠵᠡᠷᠭᠡ ᠨᠢᠭᠡ ᠪᠦᠯᠦᠭ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠲᠥᠷᠥᠯ ᠤᠨ ᠬᠤᠭᠤᠰᠤᠨ ᠢ ᠨᠥᠬᠦᠪᠦᠷᠢᠯᠡᠪᠡ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠢ 3 ᠵᠦᠪᠰᠢᠶᠡᠷᠡᠬᠦᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 15 ᠲᠦᠷᠦᠯ ᠭᠥᠷᠳᠡᠵᠦ᠂ 324 ᠪᠦᠲᠦᠮᠵᠢᠲᠡᠶ ᠡᠭᠦᠳᠦᠯᠲᠡ ᠶᠢᠨ ᠲᠤᠰᠬᠠᠢ ᠠᠰᠢᠭ ᠢ ᠰᠢᠨ᠎ᠡ ᠪᠠᠷ ᠨᠡᠮᠡᠭᠳᠡᠭᠦᠯᠵᠦ᠂ ᠭᠠᠳᠠᠭᠰᠢ ᠭᠠᠷᠭᠠᠬᠤ ᠮᠡᠷᠭᠡᠵᠢᠯ ᠤᠨ ᠠᠷᠠᠯᠵᠢᠶ᠎ᠠ ᠶᠢᠨ  ᠬᠡᠮᠵᠢᠶ᠎ᠡ 26.5% ᠪᠠᠷ ᠨᠡᠮᠡᠭᠳᠡᠪᠡ᠃ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 2 . 0 ᠬᠡᠪᠯᠡᠯ ᠢ ᠰᠢᠨᠡᠳᠭᠡᠨ ᠨᠡᠶᠢᠲᠡᠯᠡᠵᠦ᠂ ᠬᠤᠲᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠬᠦ ᠲᠥᠪ ᠪᠣᠯᠣᠨ ᠪᠡᠭᠡᠵᠢᠩ᠂ ᠱᠧᠨᠵᠧᠨ ᠤ ᠴᠢᠳᠠᠪᠤᠷᠢᠲᠠᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠤᠭᠤᠷᠴᠠᠭ ᠬᠠᠷᠢᠶ᠎ᠠ ᠭᠠᠵᠠᠷ ᠢ ᠪᠠᠶᠢᠭᠤᠯᠵᠤ᠂ ᠪᠥᠬᠦ ᠳᠡᠯᠡᠬᠡᠢ ᠳᠤ ᠬᠠᠨᠳᠤᠭᠤᠯᠤᠨ ᠠᠩᠬᠠᠳᠤᠭᠠᠷ ᠬᠤᠭᠤᠴᠠᠭᠠᠨ ᠤ ︽ᠣᠷᠳᠣᠰ ᠨᠡᠷᠡᠮᠵᠢᠲᠦ︾ ᠰᠢᠨ᠎ᠡ ᠶᠢ  ᠡᠬᠦᠳᠴᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠵᠦ᠂ ︽ᠲᠤᠯᠠᠭᠠᠨ ᠬᠤᠲᠠ ᠶᠢᠨ ᠤᠷᠢᠯᠭ᠎ᠠ︾ ᠶᠢᠨ ᠴᠢᠳᠠᠪᠤᠷᠢᠲᠠᠨ ᠡᠯᠰᠡᠬᠦ ᠠᠵᠢᠯᠯᠠᠭ᠎ᠠ ᠶᠢ 29 ᠲᠠᠯᠠᠪᠤᠷ ᠥᠷᠨᠢᠭᠦᠯᠵᠦ᠂ ᠬᠤᠶᠠᠷ ᠬᠦᠷᠢᠶᠡᠯᠡᠩ ᠤᠨ ᠠᠺᠠᠳᠧᠮᠢᠴᠢ ᠵᠡᠷᠭᠡ ᠳᠡᠭᠡᠳᠦ ᠲᠠᠰ ᠤᠨ ᠴᠢᠳᠠᠪᠤᠷᠢᠲᠠᠨ ᠢ 19 ᠨᠡᠷ᠎ᠡ᠂ ᠳ᠋ᠣᠺᠲ᠋ᠣᠷᠠᠨᠲ ᠢ 1291 ᠨᠡᠷ᠎ᠡ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠪᠠᠶᠢᠭᠤᠯᠤᠭᠰᠠᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠠᠩᠬ᠎ᠠ ᠤᠳᠠᠭ᠎ᠠ ᠰᠣᠷᠣᠭᠴᠢ ᠡᠯᠰᠡᠵᠤ᠂ ᠴᠢᠳᠠᠪᠤᠷᠢᠲᠠᠨ ᠤ ᠲᠠᠲᠠᠬᠤ ᠬᠦᠴᠦᠨ ᠪᠥᠬᠦ ᠤᠯᠤᠰ ᠤᠨ ᠲᠤᠰᠬᠠᠢ ᠣᠷᠣᠨ ᠤ ᠲᠠᠰ ᠤᠨ ᠬᠤᠲᠠ ᠶᠢᠨ 37 ᠳ᠋ᠤᠭᠠᠷ ᠲᠤ ᠲᠠᠪᠰᠢᠨ ᠤᠷᠤᠪᠠ᠃       ᠭᠤᠷᠪᠠ ᠳᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠤᠯᠠᠮᠵᠢᠯᠠᠯᠲᠤ ᠡᠨᠧᠷᠭᠢ ᠶᠢᠨ ᠬᠡᠮᠵᠢᠶ᠎ᠡ ᠶᠢ ᠥᠷᠭᠡᠳᠬᠡᠨ ᠲᠡᠰ ᠳᠡᠪᠰᠢᠭᠦᠯᠵᠦ᠂ 11 ᠨᠡᠭᠦᠷᠡᠰᠦᠨ ᠠᠭᠤᠷᠬᠠᠢ ᠶᠢᠨ ᠪᠠᠷᠢᠯᠭ᠎ᠠ ᠶᠢ ᠲᠠᠭᠤᠰᠬᠠᠨ ᠲᠤᠷᠰᠢᠨ ᠠᠵᠢᠯᠯᠠᠭᠤᠯᠵᠤ᠂ ᠱᠠᠩᠬᠠᠢ ᠶᠢᠨ ᠰᠦᠮ᠎ᠡ ᠠᠴᠠ ᠱᠠᠨᠳᠦ᠋ᠩ ᠬᠦᠷᠬᠦ᠂ ᠮᠧᠩ ᠰᠢ ᠠᠴᠠ ᠲᠢᠶᠠᠨᠵᠢᠨ ᠤ ᠡᠮᠦᠨ᠎ᠡ ᠬᠦᠷᠬᠦ ᠴᠠᠬᠢᠯᠭᠠᠨ ᠬᠦᠴᠦᠨ ᠤ ᠨᠡᠪᠲᠡᠷᠡᠬᠦ ᠵᠠᠮ ᠤᠨ ᠢᠵᠢ ᠪᠦᠷᠢᠳᠦᠭᠦᠯᠬᠦ ᠢᠯᠴᠢ ᠶᠢᠨ ᠴᠠᠬᠢᠯᠭᠠᠨ ᠤ ᠲᠦᠷᠦᠯ ᠵᠦᠢᠯ ᠢ ᠪᠦᠬᠦᠨ ᠢ ᠲᠣᠣᠷ ᠨᠡᠶᠢᠯᠡᠭᠦᠯᠵᠦ᠂ 432 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠂ ᠨᠡᠭᠦᠷᠡᠰᠦᠨ ᠤ ᠪᠣᠷᠤᠯᠠᠭᠤᠯᠭ᠎ᠠ᠂ ᠴᠠᠬᠢᠯᠭᠠᠨ ᠭᠠᠷᠭᠠᠬᠤ ᠬᠡᠮᠵᠢᠶ᠎ᠡ ᠪᠠ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠲᠤᠰ ᠲᠤᠰ 8.5 ᠳ᠋ᠦᠩᠰᠢᠭᠤᠷ ᠲᠣᠨ᠂ 1857 ᠳ᠋ᠦᠩᠰᠢᠭᠤᠷ ᠺᠢᠯᠣᠸᠠᠲ ᠴᠠᠭ᠂ 308 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ 22 ᠲᠥᠷᠥᠯ ᠵᠦᠢᠯ ᠢ ᠬᠡᠷᠡᠭᠵᠢᠭᠦᠯᠵᠦ᠂ ᠦᠦᠰᠢᠨ ᠬᠤᠰᠢᠭᠤᠨ ᠤ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠠᠭᠤᠷᠢᠶᠠᠯ ᠦᠵᠡᠭᠦᠯᠬᠦ ᠰᠠᠭᠤᠷᠢᠨ ᠭᠠᠵᠠᠷ ᠤᠨ ᠭᠤᠣᠯ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠪᠠᠷ ᠡᠭᠦᠳᠦᠭᠰᠡᠨ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ ᠵᠡᠷᠭᠡ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠲᠦᠷᠭᠡᠨ ᠬᠥᠭᠵᠢᠵᠦ᠂ ᠤᠯᠤᠰ ᠤᠨ ᠲᠦᠷᠦᠬᠦᠤ ᠪᠦᠯᠦᠭ ᠤᠨ ᠲᠣᠮᠣ ᠰᠠᠭᠤᠷᠢᠨ ᠭᠠᠵᠠᠷ ᠢ ᠪᠦᠬᠦᠨ ᠢ  ᠪᠠᠶᠢᠭᠤᠯᠤᠨ ᠲᠠᠭᠤᠰᠬᠠᠵᠤ᠂ ᠬᠥᠪᠴᠢ ᠶᠢᠨ ᠡᠯᠡᠰᠦᠨ ᠤ ᠳᠤᠮᠳᠠ ᠬᠤᠶᠢᠲᠤ ᠬᠡᠰᠡᠭ ᠤᠨ ᠰᠠᠭᠤᠷᠢᠨ ᠭᠠᠵᠠᠷ ᠤᠨ 100 ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠢ ᠲᠣᠣᠷ ᠨᠡᠶᠢᠯᠡᠭᠦᠯᠦᠨ᠂ ᠡᠮᠦᠨᠡᠲᠦ ᠬᠡᠰᠡᠭ ᠤᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠢ ᠠᠵᠢᠯ ᠡᠬᠢᠯᠡᠭᠦᠯᠵᠦ᠂ ᠵᠢᠩ ᠤᠣ ᠭᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶᠡᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠭᠤᠷᠢᠶᠠᠯ ᠦᠵᠡᠭᠦᠯᠬᠦ᠂ ᠷᠦᠨ ᠶᠠᠩ ᠭᠡᠷᠡᠯ ᠴᠡᠨᠡᠭ ᠤᠨ ᠲᠣᠨᠣᠭᠯᠠᠯ ᠦᠢᠯᠡᠳᠬᠦ ᠪᠥᠬᠦ ᠠᠵᠤ ᠦᠢᠯᠡᠰ ᠤᠨ ᠬᠡᠯᠬᠢᠶ᠎ᠡ᠂ ᠷᠦᠩ ᠯᠢ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠠᠵᠢᠯ ᠡᠬᠢᠯᠡᠭᠦᠯᠵᠦ᠂  ᠶᠤᠸᠠᠨ ᠵᠢᠩ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ᠂ ᠯᠦᠩ ᠵᠢᠢ ᠲᠠᠩ ᠲᠠᠯᠠᠰᠲᠤ ᠰᠢᠳᠠᠮᠯᠢᠭ ᠬᠡᠷᠴᠢᠮᠡᠯ ᠵᠢᠴᠢ ᠴᠡᠨᠡᠭ ᠤᠨ ᠢᠯᠳᠠᠰᠤ᠂ ᠬᠤᠸᠠ ᠵᠢᠩ ᠠᠷᠭ᠎ᠠ ᠲᠤᠶᠢᠯ ᠤᠨ ᠮᠠᠲ᠋ᠧᠷᠢᠶᠠᠯ ᠵᠡᠷᠭᠡ 23 ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠲᠣᠭᠠᠴᠢᠯᠠᠭᠰᠠᠨ ᠠᠵᠤ‌ᠠᠬᠤᠢ ᠶᠢᠨ ᠰᠢᠨ᠎ᠡ ᠶᠢ ᠡᠭᠦᠳᠬᠦ ᠨᠡᠪᠴᠢᠭᠦᠯᠬᠦ ᠲᠥᠪ᠂ ᠤᠶᠤᠨᠴᠢ ᠪᠤᠳᠤᠯᠲᠠ ᠶᠢᠨ ᠲᠥᠪ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠮᠢᠩᠭᠠᠨ ᠮᠧᠭ᠎ᠠ ᠬᠤᠳᠠ︾ ᠪᠠᠷ ᠰᠣᠩᠭᠤᠭᠳᠠᠵᠤ᠂ ᠤᠯᠤᠰ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠠᠭᠤᠷᠢᠶᠠᠯ ᠦᠵᠡᠭᠦᠯᠬᠦ ᠤᠷᠤᠨ ᠤ ᠪᠦᠲᠦᠭᠡᠨ ᠪᠠᠶᠢᠭᠤᠯᠤᠯᠲᠠ ᠶᠢᠨ ᠰᠢᠯᠢᠳᠡᠭ ᠬᠤᠳᠠ ᠪᠠᠷ ᠦᠨᠡᠯᠡᠭᠳᠡᠪᠡ᠃       ᠳᠥᠷᠪᠡ ᠳᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠪᠠᠬᠢᠵᠢᠬᠦᠯᠪᠡ᠃ ᠬᠠᠲᠤᠨ ᠭᠤᠣᠯ ᠤᠨ ᠲᠤᠬᠤᠢ ᠶᠢᠨ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠵᠦ᠂   ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ 484 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠣᠨ ᠤ ᠡᠭᠦᠷᠭᠡ ᠪᠠᠨ ᠲᠣᠰ ᠲᠣᠰ 162% ᠪᠠᠷ ᠪᠡᠶᠡᠯᠡᠭᠦᠯᠪᠡ᠃ ᠪᠠᠷᠠᠭᠤᠨ ᠯᠢᠦ ᠭᠧᠦ ᠭᠤᠤᠯ ᠤᠨ ᠡᠯᠡᠰᠦ ᠶᠢ ᠵᠠᠰᠠᠬᠤ᠂ ᠡᠯᠡᠰᠦ ᠶᠢ ᠲᠤᠭᠳᠠᠪᠤᠷᠢᠵᠢᠭᠤᠯᠵᠤ ᠤᠰᠤ ᠰᠣᠯᠢᠬᠤ ᠲᠤᠷᠰᠢᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠳᠠᠭᠤᠰᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠭᠰᠠᠨ ᠲᠠᠯᠠᠪᠠᠢ ᠶᠢ 1480 ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠬᠠᠩᠭᠢᠨ ᠬᠤᠰᠢᠭᠤ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠲᠠᠭᠤᠷᠢᠶᠠᠯ ᠦᠵᠡᠭᠦᠯᠬᠦ ᠬᠤᠰᠢᠭᠤ ᠰᠢᠶᠠᠨ ᠪᠣᠯᠪᠠ᠃ ︽14 · 5︾ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠠᠳᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ ︽ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠵᠦ᠂ ᠰᠤᠯᠠ ᠪᠠᠶᠢᠭ᠎ᠠ ᠬᠦᠢᠴᠡᠳᠬᠡᠯ ᠲᠤᠭ᠎ᠠ ᠶᠢ 3175 ᠲᠦᠮᠡᠨ ᠪᠣᠰᠤᠭ᠎ᠠ ᠳᠥᠷᠪᠡᠯᠵᠢᠨ ᠮᠧᠲᠷ ᠬᠤᠷᠢᠶᠠᠨ ᠠᠪᠴᠤ᠂ ᠪᠦᠬᠦ ᠤᠯᠤᠰ ᠤᠨ ᠳᠠᠬᠢᠯᠲᠠ ᠤᠰᠤ ᠶᠢ ᠠᠰᠢᠭᠯᠠᠨ ᠲᠣᠬᠢᠷᠠᠭᠤᠯᠬᠤ ᠰᠢᠯᠢᠳᠡᠭ ᠲᠤᠷᠰᠢᠯᠲᠠ ᠶᠢᠨ ᠬᠤᠳᠠ ᠪᠣᠯᠵᠤ᠂ ᠰᠢᠷᠬᠤᠰᠤᠨ ᠭᠤᠤᠯ ᠨᠢ ᠪᠦᠬᠦ ᠤᠯᠤᠰ ᠤᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ ᠵᠢᠱᠢᠶ᠎ᠡ ᠪᠣᠯᠪᠠ᠃ ᠬᠠᠲᠤᠨ ᠭᠤᠣᠯ ᠤᠨ ᠰᠠᠪᠠ ᠭᠠᠵᠠᠷ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠠᠭᠤᠷᠢᠶᠠᠯ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 40.7 ᠲᠡᠭᠰᠢ ᠳᠥᠷᠪᠡᠯᠵᠢᠨ ᠺᠢᠯᠣᠮᠧᠲᠷ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠪᠡ᠃ 1476 ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ ᠬᠡᠷᠡᠭᠵᠢᠭᠦᠯᠵᠦ᠂ ᠬᠠᠲᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ 425 ᠠᠮᠠᠰᠠᠷ ᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠪᠦᠬᠦ ᠬᠤᠲᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠥᠳᠡᠯᠭᠡᠬᠦ ᠬᠦᠴᠦᠨ ᠤ ᠬᠦᠸᠧᠯᠦ᠂ ᠴᠢ ᠫᠠᠨ ᠵᠢᠩ ᠮᠧᠩ ᠰᠢ ᠭᠠᠵᠠᠷ ᠣᠷᠣᠨ ᠤ ᠬᠡᠦᠷᠰᠢᠭᠦᠯᠬᠦ ᠠᠵᠢᠯ ᠲᠦᠷᠦᠯ ᠪᠦᠬᠦ ᠲᠠᠯ᠎ᠠ ᠪᠠᠷ ᠬᠡᠳᠦ ᠳᠣᠣᠷ᠎ᠠ ᠭᠠᠳᠠᠭᠰᠢᠯᠠᠭᠤᠯᠬᠤ ᠶᠢ ᠪᠡᠶᠡᠯᠡᠭᠦᠯᠵᠦ᠂ ᠱᠠᠩᠬᠠᠢ ᠶᠢᠨ ᠰᠦᠮ᠎ᠡ ᠶᠢᠨ ᠠᠵᠤ ᠠᠬᠤᠢ ᠶᠢᠨ  ᠨᠡᠬᠡᠬᠡᠯᠲᠡ ᠶᠢᠨ ᠤᠷᠤᠨ ᠪᠦᠬᠦ ᠤᠯᠤᠰ ᠤᠨ ᠠᠩᠬᠠᠳᠠᠭᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠪᠣᠯᠪᠠ᠃ ᠪᠦᠬᠦ ᠣᠷᠣᠨ ᠤ ᠠᠩᠬᠠᠳᠠᠭᠴᠢ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠤᠨ ᠰᠠᠯᠪᠤᠷᠢ ᠪᠠᠶᠢᠭᠤᠯᠤᠮᠵᠢ ᠶᠢ ᠪᠠᠶᠢᠭᠤᠯᠵᠤ᠂︽ᠨᠡᠭᠦᠷᠡᠰᠦᠲᠥ᠋ᠷᠥᠭᠴᠢ ᠠᠷᠠᠯᠵᠢᠶᠠᠯᠠᠬᠤ︾ ᠲᠠᠪᠴᠠᠩ ᠢ ᠰᠤᠳᠤᠯᠤᠨ ᠨᠡᠭᠡᠭᠡᠵᠦ ᠬᠡᠷᠡᠭᠯᠡᠨ᠂ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠩᠬᠠᠨ ᠤ ᠠᠷᠠᠯᠵᠢᠶ᠎ᠠ ᠪᠠ ᠲᠦᠷᠦᠭᠦᠸ ᠪᠦᠯᠦᠭ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠡᠶᠡᠯᠡᠭᠦᠯᠵᠦ᠂  ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠣᠨ ᠤ ᠬᠠᠷᠠᠯᠲᠠᠲᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠲᠦᠷᠦᠭᠦᠸ ᠪᠦᠯᠦᠭ ᠤᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ ᠶᠢᠨ ᠬᠤᠲᠠ ᠪᠤᠯᠪᠠ᠃      ᠲᠠᠪᠤ ᠳᠤ ᠥᠭᠡᠷᠡᠴᠢᠯᠡᠯᠲᠡ ᠨᠡᠭᠡᠭᠡᠯᠲᠡ ᠶᠢ ᠪᠦᠬᠦ ᠬᠦᠴᠦᠨ ᠢᠶᠠᠷ ᠢᠶᠠᠨ ᠭᠦᠨᠵᠡᠭᠡᠶᠢᠷᠡᠭᠦᠯᠪᠡ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ  ᠬᠠᠩᠭᠠᠭᠠᠳᠤᠢ ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ 5.14 ᠲᠦᠮᠡᠨ ᠮᠦ ᠠᠰᠢᠭᠯᠠᠵᠤ᠂︽ᠬᠠᠭᠠᠰ ᠳᠤᠲᠠᠭᠤ ᠤᠷᠬᠢᠭᠰᠠᠨ︾ 45 ᠪᠠᠷᠢᠯᠭ᠎ᠠ ᠶᠢ ᠪᠦᠬᠦᠨ ᠢ ᠳ᠋ᠣᠭᠠᠷ ᠠᠴᠠ ᠬᠠᠰᠣᠵᠤ᠂ ᠵᠠᠯᠭᠠᠪᠠᠷ ᠠᠮᠢᠳᠤᠯᠢᠭᠵᠢᠭᠤᠯᠤᠨ ᠠᠰᠢᠭᠯᠠᠵᠤ᠂ ᠨᠡᠬᠡᠬᠡᠯᠲᠡ ᠶᠢᠨ ᠤᠷᠤᠨ ᠤ ᠲᠤᠶᠢᠯᠪᠤᠷᠢᠲᠠᠢ ᠪᠠᠶᠢᠴᠠᠭᠠᠬᠤ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠪᠠ᠃ ᠪᠦᠬᠦ ᠤᠯᠤᠰ ᠤᠨ ᠲᠡᠷᠢᠭᠦᠨ ᠤ  ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠬᠦᠳᠬᠦ 300 ᠵᠤᠷᠪᠤᠰ ᠡᠭᠦᠷᠭᠡ ᠶᠢ ᠰᠢᠨᠡᠳᠭᠡᠨ ᠳᠡᠰ ᠳᠡᠪᠰᠢᠭᠦᠯᠵᠦ᠂ ︽ᠬᠤᠶᠠᠷ ᠢ ᠰᠢᠯᠢᠳᠡᠭᠵᠢᠬᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠭᠦᠢᠴᠡᠳᠬᠡᠬᠦ ᠭᠤᠭᠴᠤᠭ᠎ᠠ᠂ ᠭᠦᠢᠴᠡᠳᠬᠡᠬᠦ ᠴᠠᠭ ᠤᠨ ᠬᠢᠵᠠᠭᠠᠷ ᠢ ᠲᠣᠰ ᠲᠣᠰ 34.7% ᠪᠠ 72.8% ᠪᠠᠷ ᠪᠠᠭᠠᠰᠬᠠᠵᠤ᠂ ︽ᠨᠢᠭᠡ ᠤᠳᠠᠭ᠎ᠠ ᠳᠤ ᠬᠦᠢᠴᠡᠳᠬᠡᠬᠦ︾ ᠵᠦᠢᠯᠡᠰ ᠤᠨ ᠬᠠᠷᠢᠴᠠᠯ ᠢ 99.97% ᠪᠣᠯᠲᠠᠯ᠎ᠠ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠯᠤᠭ᠎ᠠ ᠬᠠᠮᠲᠤ ᠪᠥᠬᠦ ᠤᠯᠤᠰ ᠤᠨ ᠬᠤᠲᠠ ᠶᠢᠨ ᠲᠤᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠰᠢᠯᠢᠳᠡᠭ ᠬᠡᠷᠡᠭ ᠤᠨ ᠵᠢᠱᠢᠶ᠎ᠡ ᠪᠣᠯᠵᠤ᠂ ︽ᠮᠦᠩᠬᠡ ᠰᠤᠪᠠᠭ · ᠣᠷᠳᠣᠰ ᠰᠤᠪᠠᠭ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠱᠠᠩᠨᠠᠯ ᠢ ᠭᠥᠷᠳᠡᠵᠦ᠂ ᠲᠤᠯᠠᠭᠠᠨ ᠬᠤᠲᠠ ᠶᠢᠨ ︽ᠲᠠᠪᠤᠨ ᠬᠠᠨᠤᠮᠵᠢᠲᠠᠢ︾ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠨᠠᠷᠠᠲᠤ ᠲᠥᠷᠥᠯ ᠲᠡᠮᠳᠡᠭᠲᠦ  ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠰᠢᠯᠢᠳᠡᠭ ᠬᠡᠷᠡᠭ ᠤᠨ ᠵᠢᠱᠢᠶ᠎ᠡ ᠪᠤᠯᠵᠤ᠂ ᠪᠥᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠶᠠᠰᠤ ᠴᠢᠨᠠᠷ ᠤᠨ ᠠᠷᠪᠠᠨ ᠰᠢᠯᠢᠳᠡᠭ ᠬᠤᠲᠠ ᠪᠠ ᠰᠢᠨ᠎ᠡ ᠶᠢ ᠡᠬᠦᠳᠬᠦ ᠲᠠᠭᠤᠷᠢᠶᠠᠯ ᠬᠤᠲᠠ ᠪᠠᠷ ᠦᠨᠡᠯᠡᠭᠳᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠠᠬᠢᠭᠤᠯᠵᠤ᠂ ᠬᠤᠳᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠰᠢᠭ ᠤᠷᠤᠯᠭ᠎ᠠ  ᠶᠢᠨ ᠶᠡᠷᠦᠩᠬᠡᠢ ᠲᠤᠭ᠎ᠠ 15% ᠪᠠᠷ ᠨᠡᠮᠡᠭᠳᠡᠪᠡ᠃ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠦᠷᠨᠢᠬᠦᠯᠵᠤ᠂  ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠰᠢᠨ᠎ᠡ ᠪᠠᠷ 31 ᠨᠡᠮᠡᠭᠳᠡᠬᠦᠯᠪᠡ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠣᠭᠤᠮᠲᠠ ᠶᠢᠨ ᠬᠢᠯᠢ ᠪᠠᠷ ᠣᠷᠣᠭᠤᠯᠤᠭᠰᠠᠨ ᠵᠢᠮᠢᠰ᠂ ᠢᠳᠡᠰᠢᠨ ᠤ ᠤᠰᠤᠨ ᠤ ᠠᠮᠢᠲᠠᠨ ᠪᠠ ᠮᠥᠰᠥᠲᠦᠯᠭᠡ ᠶᠢᠨ ᠰᠢᠨ᠎ᠡ ᠰᠣᠷᠭᠤᠭ ᠤᠰᠤᠨ ᠤ ᠭᠠᠷᠤᠯᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠢ ᠪᠠᠶᠢᠭᠤᠯᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 184 ᠳ᠋ᠦᠩᠰᠢᠭᠤᠷ ᠲᠥᠭᠦᠷᠢᠭ ᠲᠤ ᠬᠦᠷᠴᠦ᠂ 13% ᠪᠠᠷ ᠨᠡᠮᠡᠭᠳᠡᠨ᠂ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ 230 ᠳᠠᠬᠢᠨ ᠢᠶᠠᠷ ᠨᠡᠮᠡᠭᠳᠡᠪᠡ᠃       ᠵᠢᠷᠭᠤᠭ᠎ᠠ ᠳᠤ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠪᠥᠬᠦ ᠴᠠᠷᠠᠭᠠᠨ ᠤ ᠴᠡᠴᠡᠷᠯᠢᠭᠵᠢᠬᠦᠯᠦᠭᠰᠡᠨ ᠬᠤᠲᠠ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠪᠢᠴᠢᠯ ᠴᠡᠴᠡᠷᠯᠢᠭ᠂ ᠪᠢᠴᠢᠯ ᠨᠣᠭᠤᠭᠠᠨ ᠭᠠᠵᠠᠷ ᠢ 56 ᠪᠦᠲᠦᠭᠡᠨ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 110 ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠂ ᠡᠯ᠎ᠡ ᠲᠦᠷᠦᠯ ᠤᠨ ᠬᠤᠭᠤᠯᠠᠢ ᠲᠣᠣᠷ ᠢ 324.6 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ 237 ᠬᠠᠭᠤᠴᠢᠨ ᠵᠢᠵᠢᠭ ᠰᠠᠭᠤᠭᠠᠯᠢ ᠲᠤᠭᠤᠷᠢᠭ ᠢ ᠥᠭᠡᠷᠡᠴᠢᠯᠡᠨ ᠪᠠᠶᠢᠭᠤᠯᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 137 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠤᠶᠤᠨᠴᠢ ᠬᠤᠲᠠ ᠶᠢᠨ ᠴᠤᠭᠴᠠ ᠶᠢᠨ ᠨᠢᠭᠡᠳᠦᠭᠡᠷ ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ᠃ ᠦᠦᠰᠢᠨ ᠬᠤᠰᠢᠭᠤ᠂ ᠣᠲᠤᠭ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠵᠦ᠂ ᠣᠲᠤᠭ ᠤᠨ ᠡᠮᠦᠨᠡᠲᠦ ᠬᠤᠰᠢᠭᠤᠨ ᠤ ᠨᠢᠰᠬᠡᠯ ᠤᠨ ᠪᠠᠭᠤᠳᠠᠯ ᠨᠢ ᠪᠥᠬᠦ ᠣᠷᠣᠨ ᠤ ᠠᠩᠬᠠᠳᠠᠭᠴᠢ 3C ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠵᠤ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂  ᠤᠲᠤᠭ ᠤᠨ ᠡᠮᠦᠨᠡᠲᠦ ᠬᠤᠰᠢᠭᠤ  ᠠᠴᠠ ᠱᠠᠩᠬᠠᠢ ᠶᠢᠨ ᠰᠦᠮ᠎ᠡ ᠬᠦᠷᠬᠦ ᠲᠡᠮᠦᠷ ᠵᠠᠮ ᠪᠥᠬᠦ ᠱᠤᠭᠤᠮ ᠢᠶᠠᠷ   ᠠᠵᠢᠯ ᠢᠶᠠᠨ ᠡᠬᠢᠯᠡᠭᠦᠯᠵᠦ᠂ ᠣᠶᠤᠨᠴᠢ ᠰᠦᠯᠵᠢᠶᠡᠨ ᠤ ᠮᠠᠰᠢᠨ ᠲᠡᠷᠭᠡᠨ ᠤ ᠲᠠᠭᠤᠷᠢᠶᠠᠯ ᠦᠵᠡᠭᠦᠯᠦᠨ ᠬᠡᠷᠡᠭᠯᠡᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠪᠠ᠃ ᠪᠥᠬᠦ ᠣᠷᠣᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠠᠴᠠ ᠵᠦᠷᠢᠶᠡᠴᠢᠯᠡᠨ ᠰᠦᠢᠳᠬᠡᠯ ᠬᠤᠷᠢᠶᠠᠬᠤ ᠶᠢ ᠤᠷᠢᠳᠠᠪᠠᠷ ᠬᠡᠷᠡᠭᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠰᠢᠨ᠎ᠡ ᠪᠠᠷ 5016 ᠨᠡᠮᠡᠭᠳᠡᠭᠦᠯᠵᠦ᠂ ᠤᠯᠤᠰ ᠤᠨ ᠲᠦᠷᠦᠭᠦᠸ ᠪᠦᠯᠦᠭ ᠣᠯᠠᠨ ᠨᠡᠶᠢᠲᠡ ᠶᠢᠨ ᠭᠡᠪᠴᠢᠶᠡᠨ ᠤ ᠲᠡᠷᠭᠡ ᠬᠥᠰᠬᠡ ᠶᠢ ᠪᠥᠬᠦ ᠲᠠᠯ᠎ᠠ ᠪᠠᠷ ᠴᠠᠬᠢᠯᠭᠠᠨᠵᠢᠭᠤᠯᠬᠤ ᠤᠷᠢᠳᠠᠪᠠᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠴᠡᠭ ᠤᠨ ᠬᠤᠲᠠ ᠪᠤᠯᠪᠠ᠃ ᠨᠢᠭᠡᠳᠦᠭᠡᠷ ᠠᠵᠤ ᠦᠢᠯᠡᠰ ᠢ ᠲᠠᠬᠢᠨ ᠴᠤᠭᠴᠠᠯᠠᠬᠤ ᠶᠢ ᠭᠦᠨᠵᠡᠭᠡᠢ ᠬᠡᠷᠡᠭᠵᠢᠭᠦᠯᠵᠦ᠂ 4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠣᠷᠳᠣᠰ ᠤᠨ ᠲᠤᠷᠰᠢᠯᠲᠠ ᠶᠢᠨ ᠥᠷᠲᠡᠭᠡ ᠶᠢ ᠪᠠᠶᠢᠭᠤᠯᠤᠨ᠂ ︽ᠠᠮᠤ ᠪᠤᠳᠠᠭ᠎ᠠ᠂  ᠨᠤᠤᠯᠤᠭᠤᠷ᠂ ᠦᠬᠡᠷ᠂ ᠬᠤᠨᠢ᠂ ᠰᠦ ᠰᠠᠭᠠᠯᠢ︾ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 500 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ 13 ᠨᠡᠮᠡᠭᠳᠡᠬᠦᠯᠪᠡ᠃ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ︾ ᠶᠢ ᠠᠬᠢᠭᠤᠯᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠨᠤᠲᠤᠭ ᠣᠷᠣᠨ ᠤ ᠡᠨᠧᠷᠭᠢ ᠶᠢᠨ ᠠᠵᠤ ᠠᠬᠤᠶᠢᠯᠠᠯ 25 ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠳᠤ ᠪᠡᠯᠡ ᠣᠷᠣᠭᠤᠯᠵᠤ᠂ ᠤᠯᠤᠰ ᠤᠨ ᠲᠠᠰ ᠤᠨ 1 ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠦᠬᠦᠨ ᠢᠶᠠᠷ ᠢᠶᠠᠨ 20 ᠲᠦᠮᠡᠨ ᠲᠥᠭᠦᠷᠢᠭ ᠠᠴᠠ ᠳᠡᠭᠡᠭᠰᠢ ᠳᠤ ᠬᠥᠷᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ᠂ ᠬᠥᠳᠡᠭᠡ ᠲᠣᠰᠬᠤᠨ ᠤ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ 1704 ᠡᠷᠦᠬᠡ ᠶᠢᠨ ᠵᠣᠷᠯᠣᠩ᠂ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 24 ᠭᠠᠵᠠᠷ ᠲᠤ ᠤᠤᠭᠤᠬᠤ ᠤᠰᠤᠨ ᠤ ᠠᠮᠤᠷ ᠲᠦᠪᠰᠢᠨ᠂ ᠤᠰᠤᠨ ᠤ ᠴᠢᠨᠠᠷ ᠢ ᠰᠠᠶᠢᠵᠢᠷᠠᠭᠤᠯᠤᠨ ᠪᠠᠲᠤᠯᠠᠬᠤ ᠢᠨᠵᠧᠨᠧᠷᠢᠩ ᠢ ᠬᠡᠷᠡᠭᠵᠢᠬᠦᠯᠵᠤ᠂ ᠬᠥᠳᠡᠭᠡ ᠲᠣᠰᠬᠤᠨ ᠤ 1668 ᠺᠢᠯᠣᠮᠧᠲᠷ ᠴᠠᠬᠢᠯᠭᠠᠨ ᠤ ᠲᠣᠣᠷ ᠢ ᠲᠠᠰ ᠳᠡᠪᠰᠢᠭᠦᠯᠵᠦ᠂  ᠮᠠᠯᠵᠢᠬᠤ ᠲᠠᠷᠢᠶᠠᠯᠠᠬᠤ ᠣᠷᠣᠨ ᠤ 622 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠠᠶᠢᠭᠤᠯᠤᠯᠲᠠᠲᠤ ᠪᠠᠯᠭᠠᠰᠤ ᠪᠦᠬᠦᠨ ᠳᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠦᠬᠦᠬᠡᠷᠦᠮᠵᠢ ᠶᠢ ᠤᠷᠤᠭᠤᠯᠵᠤ᠂ 4 ᠭᠠᠴᠠᠭ᠎ᠠ ᠲᠣᠰᠬᠤᠨ ᠪᠥᠬᠦ ᠤᠯᠤᠰ ᠤᠨ ᠬᠥᠳᠡᠭᠡ ᠲᠣᠰᠬᠤᠨ ᠢ ᠴᠡᠭᠴᠡᠯᠡᠨ ᠵᠠᠰᠠᠬᠤ ᠲᠠᠭᠤᠷᠢᠶᠠᠯ ᠦᠵᠡᠭᠦᠯᠬᠦ ᠲᠣᠰᠬᠤᠨ ᠢᠶᠠᠷ ᠰᠤᠩᠭᠤᠭᠳᠠᠵᠤ᠂ ᠲᠠᠯᠠᠳ ᠬᠤᠰᠢᠭᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠠᠭᠤᠷᠢᠶᠠᠯ ᠦᠵᠡᠭᠦᠯᠬᠦ  ᠬᠤᠰᠢᠭᠤ ᠰᠢᠶᠠᠨ ᠢ ᠡᠭᠦᠳᠦᠨ ᠪᠠᠶᠢᠭᠤᠯᠬᠤ ᠵᠥᠪᠰᠢᠶᠡᠷᠡᠯ ᠢ ᠣᠯᠪᠠ᠃       ᠲᠤᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠰᠠᠶᠢᠲᠤᠷ ᠬᠢᠪᠡ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ 17.1% ᠪᠠᠷ ᠨᠡᠮᠡᠭᠳᠡᠵᠦ᠂ ᠬᠤᠳᠠ ᠶᠢᠨ ᠱᠠᠲᠤᠨ ᠤ ᠠᠷᠠᠳ ᠤᠨ ᠠᠮᠢᠳᠤᠷᠠᠯ ᠤᠨ 10  ᠪᠣᠳᠠᠲᠤ ᠶᠠᠪᠤᠳᠠᠯ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠤᠰ ᠲᠤᠰ 5% ᠪᠠ 7% ᠪᠠᠷ ᠨᠡᠮᠡᠭᠳᠡᠨ᠎ᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠥᠬᠦᠪᠦᠷᠢ ᠮᠥᠩᠭᠦ ᠶᠢ 6.9 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠳᠠ ᠪᠠᠯᠭᠠᠰᠤᠨ ᠤ 3.3 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠦᠬᠦ ᠤᠯᠤᠰ ᠤᠨ ᠬᠠᠮᠤᠭ ᠤᠨ ᠰᠢᠯᠢᠳᠡᠭ ᠠᠵᠢᠯ ᠣᠯᠭᠤᠯᠲᠠ ᠶᠢ ᠠᠬᠢᠭᠤᠯᠬᠤ ᠬᠤᠳᠠ  ᠶᠢᠨ ᠢᠷᠠᠭᠤ ᠠᠯᠳᠠᠷ ᠢ ᠬᠦᠷᠳᠡᠪᠡ᠃ ᠰᠤᠷᠭᠠᠨ ᠬᠥᠮᠦᠵᠢᠯ ᠤᠨ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 38 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ 600 ᠬᠤᠪᠢ ᠶᠢ ᠳᠠᠪᠠᠭᠰᠠᠨ ᠬᠥᠮᠥᠨ ᠤ ᠲᠤᠭ᠎ᠠ ᠪᠥᠬᠦ ᠣᠷᠣᠨ ᠤ 22.6% ᠶᠢ ᠡᠵᠡᠯᠡᠵᠤ᠂ ᠬᠢᠶ᠎ᠠ ᠪᠠᠭᠰᠢ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠦᠢᠴᠡᠳᠬᠡᠯ ᠲᠤᠭ᠎ᠠ ᠪᠥᠬᠦ ᠤᠯᠤᠰ ᠤᠨ ᠲᠦᠷᠦᠭᠦᠸ ᠲᠠᠪᠤ ᠳᠤ ᠣᠷᠣᠵᠤ᠂ ᠳ᠋ᠦᠩᠱᠧᠩ ᠲᠣᠭᠤᠷᠢᠭ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠳᠤ ᠣᠯᠠᠨ ᠵᠦᠢᠯ ᠤᠨ ᠭᠦᠢᠴᠡᠳᠬᠡᠯ ᠲᠤᠭ᠎ᠠ ᠨᠢ 10 ᠣᠲᠣ ᠪᠠᠷ ᠦᠨᠡᠯᠡᠭᠳᠡᠪᠡ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠪ᠂ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠤᠷᠤᠭᠤᠯᠵᠤ᠂ 2 ᠬᠤᠰᠢᠭᠤ ᠲᠣᠭᠤᠷᠢᠭ ᠤᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠠᠵᠢᠯᠯᠠᠵᠤ᠂ ᠬᠤᠲᠠ ᠶᠢᠨ ᠭᠤᠤᠯᠳᠠᠯᠭᠠᠲᠤ ᠡᠮᠨᠡᠯᠬᠡ ᠶᠢᠨ ᠬᠤᠷᠢᠶ᠎ᠠ ᠪᠦᠬᠦ ᠤᠯᠤᠰ  ᠤᠨ ᠭᠤᠷᠪᠠᠳᠤᠭᠠᠷ ᠵᠡᠷᠭᠡ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠳᠤ ᠪᠦᠬᠦ ᠤᠷᠤᠨ ᠳᠤ  ᠪᠠᠨ ᠲᠡᠷᠢᠬᠦᠯᠡᠵᠤ᠂  ᠵᠡᠭᠦᠨᠭᠠᠷ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠭᠤᠷᠪᠠᠳᠤᠭᠠᠷ ᠵᠡᠷᠭᠡ ᠶᠢᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠪᠡ᠃ ᠦᠷᠡᠵᠢᠯ ᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠵᠤ ᠰᠠᠭᠠᠳᠠᠭᠤᠯᠬᠤ ᠦᠢᠯᠡᠴᠢᠯᠡᠭᠡᠨ ᠤ ᠲᠠᠭᠤᠷᠢᠶᠠᠯ ᠦᠵᠡᠭᠦᠯᠬᠦ ᠬᠤᠳᠠ ᠪᠠᠷ ᠦᠨᠡᠯᠡᠭᠳᠡᠪᠡ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ 2 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ 9 ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 200 ᠲᠤᠰᠬᠤᠨ ᠤ ᠳᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ ᠨᠡᠮᠡᠭᠳᠡᠬᠦᠯᠪᠡ᠃ ᠬᠤᠳᠠ ᠬᠥᠳᠡᠭᠡ ᠶᠢᠨ ᠠᠮᠢᠲᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 5.5% ᠪᠠ 10.7% ᠪᠠᠷ ᠳᠡᠭᠡᠭᠰᠢᠯᠡᠭᠦᠯᠪᠡ᠃ ᠣᠷᠳᠣᠰ ᠤᠨ ᠤᠷᠠᠨ ᠵᠢᠷᠤᠭ ᠤᠨ ᠣᠷᠳᠣᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠤᠷᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠢ ᠳᠠᠭᠠᠭᠠᠴᠢᠯᠠᠨ ᠡᠷᠭᠢᠯᠡᠵᠦ᠂ ︽ᠮᠣᠷᠢᠨ ᠬᠤᠩᠬᠤ ᠵᠣᠯ ᠵᠢᠷᠭᠠᠯ ᠤᠨ ᠲᠠᠭᠤᠤ  ᠶᠢ ᠬᠠᠩᠬᠢᠨᠠᠭᠤᠯᠤᠨ᠎ᠠ︾ ᠭᠡᠬᠦ ᠪᠦᠵᠢᠭ ᠨᠢ ᠳᠤᠮᠳᠠᠳᠤ ᠤᠯᠤᠰ ᠤᠨ ᠪᠥᠵᠢᠭ ᠤᠨ ︽ᠯᠢᠩᠬᠤᠸ᠎ᠠ ᠱᠠᠩᠨᠠᠯ︾ ᠤᠨ ᠦᠨᠳᠦᠰᠦᠲᠡᠨ ᠤ ᠠᠷᠠᠳ ᠤᠨ ᠪᠥᠵᠢᠭ ᠤᠨ ᠨᠢᠭᠡᠳᠦᠭᠡᠷ ᠲᠤ ᠣᠷᠣᠪᠠ᠃  ︽ᠠᠨᠠᠷ ᠤᠨ ᠦᠷ᠎ᠡ +︾᠂ ᠤᠶᠤᠨ ᠰᠠᠨᠠᠭᠠᠨ ᠤ ᠬᠡᠷ ᠤᠷᠤᠨ ᠢ ᠬᠠᠮᠲᠤᠪᠠᠷ ᠴᠤᠭᠴᠠᠯᠠᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠬᠦᠨᠵᠬᠡᠢ ᠬᠡᠷᠡᠭᠵᠢᠬᠦᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠡᠩ ᠥᠷᠭᠡᠨ ᠳᠡᠯᠭᠡᠷ ᠭᠦᠨ ᠭᠦᠨᠵᠡᠭᠡᠢ ᠪᠣᠯᠪᠠ᠃ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽12345︾ ᠬᠠᠯᠠᠮᠰᠢᠯ ᠤᠲᠠᠰᠤ ᠪᠠᠷ ᠠᠵᠤ ᠠᠬᠤᠶᠢᠯᠠᠯ ᠪᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ 81. 9 ᠲᠦᠮᠡᠨ ᠬᠤᠪᠢ ᠰᠢᠢᠳᠪᠦᠷᠢᠯᠡᠨ ᠳᠠᠭᠤᠰᠬᠠᠵᠤ᠂ ᠬᠠᠨᠤᠮᠵᠢᠲᠠᠶ ᠨᠤᠷᠮ᠎ᠠ 99.7% ᠳᠤ ᠬᠦᠷᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠴᠡᠭᠴᠡᠯᠡᠨ ᠵᠠᠰᠠᠯᠲᠠ᠂ ᠬᠢᠨᠠᠨ ᠬᠠᠮᠢᠶᠠᠷᠤᠯᠲᠠ  ᠪᠠ ᠰᠡᠷᠬᠡᠶᠢᠯᠡᠯᠲᠡ ᠶᠢᠨ ᠲᠤᠭᠳᠠᠯᠴᠠᠭ᠎ᠠ ᠶᠢ ᠪᠦᠬᠦ ᠲᠠᠯ᠎ᠠ ᠪᠠᠷ ᠳᠠᠬᠢᠨ ᠴᠤᠭᠴᠠᠯᠠᠵᠤ᠂ ᠮᠥᠨ ᠴᠢᠨᠠᠷ ᠤᠨ ᠠᠮᠤᠷ ᠲᠦᠪᠰᠢᠨ ᠤ  ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠪᠡ᠃       ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ ᠬᠠᠯᠠᠭᠳᠠᠭᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠲᠡᠮᠳᠡᠭᠯᠡᠯ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ ᠰᠢᠨ᠎ᠡ ᠲᠠᠪᠰᠢᠯᠳᠠ ᠲᠠᠢ ᠪᠣᠯᠪᠠ᠃      ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠬᠦᠯᠵᠤ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠨᠢ ᠨᠡᠩ ᠡᠷᠡᠰ ᠪᠠᠲᠤ ᠪᠤᠯᠵᠤ᠂ ᠴᠢᠨᠠᠷ ᠰᠠᠶᠢᠲᠠᠢ ᠬᠥᠭᠵᠢᠯᠲᠡ᠂ ᠤᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ  ᠰᠢᠨ᠎ᠡ ᠳᠡᠭᠡᠭᠰᠢᠯᠡᠯᠲᠡ ᠲᠠᠢ ᠪᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠱᠠᠯᠠᠪᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ ᠰᠡᠬᠦᠯ ᠬᠤᠷᠢᠶᠠᠬᠤ ᠱᠠᠲᠤᠨ ᠳᠤ ᠣᠷᠣᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ᠢ ᠬᠢᠨᠠᠨ ᠵᠦᠪᠯᠡᠬᠦᠯᠬᠦ ᠪᠠᠷ ᠲᠡᠪᠰᠢᠬᠦᠯᠦᠨ ᠲᠤᠰᠢᠶᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 181 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠤᠨ 201 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠨ ᠳᠠᠭᠤᠰᠬᠠᠵᠤ᠂ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠭᠤᠷᠢᠶᠠᠯ ᠦᠵᠡᠬᠦᠯᠬᠦ ᠬᠤᠲᠠ ᠪᠠᠷ ᠦᠨᠡᠯᠡᠭᠳᠡᠪᠡ᠃ ︽ᠲᠦᠷᠪᠡᠨ ᠰᠤᠷᠲᠠᠯ︾ ᠢ ᠡᠷᠡᠰ ᠴᠢᠩᠭ᠎ᠠ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠤᠯᠭᠠᠵᠤ᠂ ︽ᠪᠠᠷᠢᠮᠵᠢᠶ᠎ᠠ ᠂ ᠬᠤᠷᠳᠤᠴᠠ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠲᠤᠰ ᠱᠠᠲᠤᠨ ᠤ ᠭᠤᠣᠯᠳᠠᠯᠭ᠎ᠠ ᠲᠠᠢ ᠪᠤᠰᠤ᠂ ᠬᠠᠲᠠᠭᠤ ᠪᠤᠰᠤ ᠴᠢᠨᠠᠷᠲᠠᠢ ᠵᠠᠷᠤᠯᠭ᠎ᠠ ᠶᠢᠨ ᠲᠥᠰᠥᠪ ᠢ ᠶᠡᠷᠦᠩᠬᠡᠶᠢᠯᠡᠨ ᠪᠠᠭᠠᠰᠬᠠᠭᠰᠠᠨ ᠨᠤᠷᠮ᠎ᠠ27. 5% ᠳᠤ ᠬᠦᠷᠴᠦ᠂ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ︽ᠵᠠᠭᠤᠨ ᠥᠨᠳᠥᠷ ᠬᠤᠳᠠ︾ ᠶᠢᠨ ᠢᠷᠠᠭᠤ ᠠᠯᠳᠠᠷ ᠤᠨ ᠨᠡᠷᠡᠰ ᠤᠨ ᠵᠢᠭᠰᠠᠭᠠᠯᠲᠠ ᠳᠤ ᠣᠷᠣᠪᠠ᠃       ᠲᠥᠯᠥᠭᠡᠯᠡᠭᠴᠢᠳ ᠠ᠋︕ ᠤᠨ ᠰᠠᠷ᠎ᠠ ᠶᠢ ᠬᠦᠰᠡᠷᠳᠡᠭᠦᠯᠦᠭᠰᠡᠨ ᠦᠬᠡᠢ ᠤᠯᠵᠠ ᠤᠮᠤᠭ ᠤᠨ ᠬᠦᠷᠳᠡᠭᠡᠯ ᠰᠢᠩᠭᠡᠭᠰᠡᠨ ᠨᠢᠬᠡᠨ ᠵᠢᠯ᠃ ᠨᠢᠭᠡ ᠵᠢᠯ ᠤᠨ ᠲᠤᠷᠰᠢ ᠪᠢᠳᠡ ᠡᠳᠦᠷ ᠲᠤᠵᠢ ᠦᠬᠡᠢ ᠠᠵᠢᠯ ᠢᠶᠠᠨ ᠦᠷᠬᠦᠯᠵᠢᠯᠡᠬᠦᠯᠵᠤ᠂ ᠤᠴᠢᠷ ᠶᠠᠪᠤᠳᠠᠯ ᠢ  ᠬᠤᠶᠢᠨ᠎ᠠ ᠬᠤᠶᠢᠨ᠎ᠠ ᠠᠴᠠ ᠨᠢ ᠣᠰᠣᠯᠳᠤᠭᠤᠯᠤᠯ ᠦᠬᠡᠢ ᠬᠦᠢᠴᠡᠳᠬᠡᠵᠤ᠂ ᠠᠯᠬᠤᠭ᠎ᠠ ᠨᠢᠭᠡᠪᠦᠷᠢ ᠨᠢ ᠴᠥᠮ ᠢᠳᠡᠷᠡᠭᠦᠨ ᠳᠣᠷᠪᠢᠲᠠᠢ ᠪᠠᠶᠢᠵᠤ᠂ ᠣᠯᠣᠭᠰᠠᠨ ᠳᠠᠪᠰᠢᠯᠲᠠ ᠨᠢᠭᠡᠪᠦᠷᠢ ᠨᠢ ᠴᠥᠮ ᠲᠤᠶᠢᠯ ᠤᠨ ᠡᠷᠬᠢᠮ ᠨᠠᠨᠳᠢᠨ ᠪᠠᠶᠢᠵᠤ᠂ ᠬᠥᠭᠵᠢᠯᠲᠡ ᠶᠢᠨ ᠠᠮᠵᠢᠯᠲᠠ ᠪᠦᠲᠦᠮᠵᠢ ᠨᠢ ᠬᠥᠮᠥᠰ ᠢ ᠵᠤᠷᠢᠭᠵᠢᠭᠤᠯᠵᠤ᠂ ᠲᠡᠮᠡᠴᠡᠯ ᠤᠨ ᠥᠩᠭᠡᠷᠡᠯᠲᠡ ᠨᠢ ᠮᠠᠷᠲᠠᠭᠳᠠᠰᠢ ᠦᠭᠡᠢ ᠶᠤᠮ᠃ ᠡᠨᠡ ᠪᠣᠯ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠭᠰᠠᠨ ᠤ ᠦᠷ᠎ᠡ ᠳ᠋ᠦᠩ ᠮᠦᠨ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠠ ᠬᠦᠴᠦᠲᠡᠢ ᠵᠢᠯᠣᠭᠤᠳᠤᠯᠭ᠎ᠠ ᠶᠢᠨ ᠦᠷ᠎ᠡ ᠳ᠋ᠦᠩ ᠮᠦᠨ︔ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠲᠡᠮᠵᠢᠯᠬᠡ᠂ ᠪᠦᠲᠦᠮᠵᠢᠲᠡᠢ ᠬᠢᠨᠠᠯᠲᠠ ᠶᠢ ᠬᠦᠯᠢᠶᠡᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠭᠰᠡᠨ ᠦᠷ᠎ᠡ ᠳ᠋ᠦᠩ ᠮᠦᠨ︔ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠣᠷᠳᠣᠰ ᠤᠨ ᠥᠭᠡᠷᠡᠴᠢᠯᠡᠯᠲᠡ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠳᠠ ᠶᠢᠨ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕        ᠲᠡᠷᠡᠴᠢᠯᠡᠨ ᠪᠢᠳᠡ ᠣᠷᠳᠣᠰ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠬᠦᠨ ᠲᠠᠨᠢᠪᠠ᠄ ᠵᠠᠬ᠎ᠠ ᠳᠡᠯᠭᠡᠭᠦᠷ ᠤᠨ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠦᠷᠭᠡᠨ ᠬᠡᠷᠡᠭᠴᠡᠭᠡᠨ ᠤ ᠲᠠᠸᠠᠷ ᠤᠨ ᠦᠨ᠎ᠡ ᠪᠠᠭᠤᠷᠠᠵᠤ᠂ ᠴᠥᠭᠡᠨ ᠪᠤᠰᠤ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠤ᠂ ᠲᠣᠭᠲᠠᠭᠤᠨ ᠢᠶᠠᠷ ᠨᠡᠮᠡᠭᠳᠡᠭᠦᠯᠬᠦ ᠳᠠᠷᠤᠯᠲᠠ ᠮᠥᠨ ᠬᠦ ᠨᠡᠯᠢᠶᠡᠳ ᠶᠡᠭᠡ ᠪᠠᠶᠢᠨ᠎ᠠ︔ ᠰᠢᠨ᠎ᠡ ᠡᠨᠧᠷᠭᠢ ᠶᠢᠨ ᠠᠵᠤ ᠦᠢᠯᠡᠰ ᠨᠢ  ᠬᠦᠴᠦᠨ ᠨᠦᠬᠡᠴᠡᠯᠡᠬᠦ ᠡᠬᠢᠨ ᠤ ᠱᠠᠲᠤᠨ ᠳᠤ ᠣᠷᠣᠰᠢᠵᠤ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠪᠠᠷ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠬᠤ ᠳᠤ ᠮᠥᠨ ᠬᠦᠴᠦᠨ ᠨᠡᠮᠡᠷᠢᠯᠡᠬᠦ ᠴᠢᠬᠤᠯᠠᠲᠠᠢ ᠪᠠᠶᠢᠨ᠎ᠠ︔ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠵᠤ᠂ ᠪᠦᠲᠦᠴᠡ ᠨᠢ ᠰᠢᠯᠢᠳᠡᠭ ᠪᠣᠰᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠ ᠲᠠᠢ ᠪᠠᠶᠢᠨ᠎ᠠ︔ ᠬᠤᠲᠠ ᠬᠥᠳᠡᠭᠡ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠠᠰᠠ ᠡᠪᠡᠷᠰᠢᠶᠡᠯ ᠲᠠᠢ᠂ ᠲᠦᠭᠵᠢᠷᠡᠯ ᠲᠠᠢ ᠭᠠᠵᠠᠷ ᠣᠷᠣᠰᠢᠵᠤ ᠪᠠᠶᠢᠨ᠎ᠠ︔ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠵᠠᠷᠢᠮ ᠬᠦᠷᠢᠶᠡᠨ ᠳᠤ ᠪᠠᠰᠠ ᠴᠥᠭᠡᠨ ᠪᠤᠰᠤ ᠠᠶᠤᠯ ᠲᠦᠭᠰᠢᠭᠦᠷᠢ ᠶᠢᠨ ᠲᠠᠯᠳᠠ ᠭᠡᠮ ᠣᠷᠣᠰᠢᠵᠤ ᠪᠠᠶᠢᠨ᠎ᠠ᠃ ᠵᠠᠷᠢᠮ ᠰᠠᠯᠠᠭ᠎ᠠ ᠮᠥᠴᠢᠷ ᠪᠣᠯᠣᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠪᠣᠭᠤᠮᠲᠠ ᠰᠢᠪᠲᠤᠯᠬᠤ ᠴᠢᠳᠠᠪᠤᠷᠢ᠂ ᠲᠡᠮᠡᠴᠡᠬᠦ ᠴᠢᠳᠠᠪᠤᠷᠢ ᠴᠢᠩᠭ᠎ᠠ ᠪᠤᠰᠤ ᠪᠠᠶᠢᠵᠤ᠂ ᠵᠠᠰᠠᠯᠲᠠ ᠶᠢᠨ ᠲᠤᠭᠳᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠶᠠᠮᠠᠷ ᠴᠦ ᠬᠦᠴᠢᠷ ᠪᠡᠷᠬᠡᠰᠢᠶᠡᠯ ᠪᠠ ᠰᠠᠭᠠᠳ ᠲᠤᠤᠬᠠᠷ ᠠᠴᠠ ᠡᠮᠢᠶᠡᠯ ᠦᠬᠡᠢ᠂ ᠨᠤᠭᠤᠷᠠᠯ ᠪᠦᠳᠦᠷᠢᠯ ᠪᠠ ᠳᠠᠪᠲᠠᠯᠲᠠ ᠠᠴᠠ ᠨᠡᠩ ᠡᠷᠡᠰ ᠪᠠᠲᠤᠵᠢᠵᠤ᠂  ᠪᠢᠳᠡ ᠢᠲᠡᠭᠡᠯ ᠵᠣᠷᠢᠭ ᠢᠶᠠᠨ ᠪᠠᠲᠤᠳᠬᠠᠨ᠂  ᠵᠠᠮ ᠨᠡᠭᠡᠭᠡᠨ ᠤᠷᠤᠭᠰᠢᠯᠠᠵᠤ᠂ ᠰᠢᠪᠲᠤᠯᠤᠯᠲᠠ ᠲᠠᠭᠠᠷᠢᠵᠤ᠂ ᠤᠯᠠᠨ ᠤ ᠬᠦᠰᠡᠯ ᠨᠠᠶᠢᠲᠠᠯᠠᠭ᠎ᠠ ᠶᠢ ᠬᠥᠰᠡᠷᠳᠡᠭᠦᠯᠬᠦ ᠦᠭᠡᠢ ᠶᠤᠮ︕       ᠬᠤᠶᠠᠷ᠂ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ       2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠨ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃      ᠡᠨᠡ ᠵᠢᠯ ᠤᠨ ᠪᠦᠬᠦ ᠬᠤᠲᠠ ᠶᠢᠨ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 5.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠪᠠᠶᠢᠯᠭᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠤ ᠪᠠᠨ ᠠᠯᠬᠤᠮ ᠨᠢᠭᠡᠲᠡᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠲᠠᠢ ᠨᠡᠶᠢᠴᠡᠵᠦ᠂ ᠬᠥᠭᠵᠢᠯᠲᠡ ᠶᠢᠨ ᠬᠡᠷᠡᠭᠴᠡᠭᠡ ᠪᠣᠯᠣᠨ ᠪᠣᠳᠠᠲᠤ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠵᠤ᠂ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢ ᠠᠳᠬᠤᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠳᠠᠶᠢᠴᠢᠯᠠᠬᠤ ᠳᠤ ᠠᠰᠢᠭᠲᠠᠢ ᠶᠤᠮ᠃      ᠥᠨᠥ ᠵᠢᠯ ᠤᠨ ᠠᠵᠢᠯ ᠢ ᠰᠠᠶᠢᠲᠤᠷ ᠬᠢᠬᠦ ᠳᠤ᠄ ᠨᠢᠭᠡ ᠳᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ ᠡᠷᠡᠯᠬᠡᠭᠯᠡᠨ ᠤᠷᠤᠭᠰᠢᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ  ᠥᠪᠥᠷ ᠮᠣᠩᠭᠤᠯ ᠳᠤ ᠲᠠᠯᠪᠢᠵᠤ ᠪᠠᠶᠢᠭ᠎ᠠ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠡᠷᠡᠭᠴᠡᠭᠡ ᠱᠠᠭᠠᠷᠳᠠᠯᠭ᠎ᠠ᠂ ᠣᠷᠳᠣᠰ ᠤᠨ ᠴᠢᠳᠠᠪᠤᠷᠢ᠂ ᠠᠷᠠᠳ ᠤᠯᠠᠨ ᠤ ᠬᠦᠰᠡᠯ ᠡᠷᠡᠮᠡᠯᠵᠡᠯ᠂ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠡᠮᠦᠨ᠎ᠡ ᠨᠢ ᠶᠠᠪᠤᠵᠤ᠂ ᠳᠠᠭᠤᠷᠢᠶᠠᠯ ᠦᠵᠡᠭᠦᠯᠵᠦ᠂ ᠨᠤᠲᠤᠭ ᠣᠷᠣᠨ ᠤ ᠢᠷᠠᠭᠤ ᠠᠯᠳᠠᠷ ᠢ ᠲᠡᠮᠡᠴᠡᠨ ᠣᠯᠵᠤ᠂ ᠪᠦᠬᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠶᠢ ᠪᠡᠶᠡᠯᠡᠭᠦᠯᠦᠨ᠎ᠡ᠃ ᠬᠤᠶᠠᠷ ᠲᠤ ᠭᠤᠣᠯ ᠱᠤᠭᠤᠮ ᠢ ᠴᠢᠩᠭ᠎ᠠ ᠡᠵᠡᠮᠳᠡᠨ᠂ ᠠᠩᠬᠠᠷᠤᠯ ᠬᠦᠴᠦᠨ ᠢᠶᠠᠨ ᠲᠥᠪᠯᠡᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠵᠠᠰᠠᠭ ᠤᠨ ᠣᠷᠳᠣᠨ ᠤ ᠠᠯᠢᠪᠠ ᠠᠵᠢᠯ ᠢ ᠴᠥᠮ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠲᠡᠭᠦᠨ ᠠᠴᠠ ᠥᠴᠥᠬᠡᠨ ᠰᠠᠯᠭᠠᠯ ᠦᠭᠡᠢ ᠪᠠᠶᠢᠯᠭᠠᠬᠤ ᠶᠢ ᠠᠬᠢᠭᠤᠯᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦ ᠶᠢᠨ ᠪᠣᠳᠣᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠭᠤᠰᠢᠯᠠᠭᠤᠯᠵᠤ᠂ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠳᠡᠭᠡᠷ᠎ᠡ ᠬᠠᠷᠢᠭᠤᠴᠠᠯᠭ᠎ᠠ ᠪᠠ ᠡᠭᠦᠷᠭᠡᠯᠡᠯ ᠢ ᠦᠨᠡᠨ ᠬᠦ ᠢᠯᠡᠷᠡᠭᠦᠯᠦᠨ᠎ᠡ᠃ ᠭᠤᠷᠪᠠ ᠳᠤ ᠲᠡᠷᠢᠭᠦᠨ ᠤ ᠬᠢ ᠲᠠᠢ ᠬᠠᠷᠢᠴᠠᠭᠤᠯᠵᠤ᠂ ᠰᠢᠨ᠎ᠡ ᠥᠨᠳᠥᠷ ᠲᠦᠪᠰᠢᠨ ᠳᠤ ᠬᠦᠷᠬᠦ ᠪᠠᠷ ᠵᠣᠷᠢᠭᠲᠠᠢ ᠪᠠᠷ ᠴᠢᠷᠮᠠᠶᠢᠨ᠎ᠠ᠃ ᠪᠥᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ︽ᠲᠤᠯᠭᠠᠭᠤᠷᠢ ᠬᠦᠴᠦᠨ᠂ ᠬᠤᠰᠢᠭᠤᠴᠢ ᠴᠡᠷᠢᠭ︾ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠵᠦ᠂ ︽ᠰᠢᠨ᠎ᠡ ᠵᠠᠮ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ︾ ᠬᠠᠷᠠᠯᠲᠠ ᠶᠢ ᠪᠠᠷᠢᠮᠲᠠᠯᠠᠨ᠂ ᠲᠡᠷᠢᠭᠦᠨ ᠳᠤ ᠣᠷᠤᠵᠤ ᠣᠷᠣᠨ ᠳᠠᠪᠰᠢᠬᠤ᠂ ᠬᠥᠲᠥᠯᠥᠨ ᠳᠠᠭᠠᠭᠤᠯᠵᠤ ᠳᠠᠭᠤᠷᠢᠶᠠᠯ ᠦᠵᠡᠭᠦᠯᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠠᠵᠢᠯᠯᠠᠪᠠᠯ ᠲᠡᠷᠢᠭᠦᠯᠡᠵᠦ᠂ ᠲᠦᠷᠦᠭᠦᠯᠡᠬᠦ ᠪᠠᠷ ᠲᠡᠮᠡᠴᠡᠬᠦ ᠠᠤᠭ᠎ᠠ ᠵᠣᠷᠢᠭ ᠣᠮᠤᠭ ᠰᠦᠷ ᠢᠶᠠᠷ ᠨᠠᠩ ᠶᠡᠭᠡ ᠬᠦᠷᠢᠶ᠎ᠡ ᠬᠡᠪᠴᠢᠶ᠎ᠡ᠂ ᠨᠠᠩ ᠶᠡᠭᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠶᠢᠨ ᠰᠢᠪᠲᠤᠯᠤᠯᠲᠠ ᠶᠢ ᠠᠬᠢᠭᠤᠯᠤᠨ᠎ᠠ᠃ ᠳᠥᠷᠪᠡ ᠳᠤ ᠰᠢᠰᠲ᠋ᠧᠮ ᠲᠠᠢ ᠪᠠᠷ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠠᠷᠢᠯᠢᠭ ᠣᠨᠤᠴᠠᠲᠠᠢ ᠪᠠᠷ ᠬᠦᠴᠦᠯᠡᠨ᠎ᠡ᠃ ︽ᠲᠠᠪᠤᠨ ᠡᠷᠬᠡᠪᠰᠢ︾ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠳᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠲᠣᠭᠲᠠᠭᠠᠵᠤ ᠳᠠᠷᠠᠭ᠎ᠠ ᠨᠢ ᠰᠢᠨᠡᠳᠭᠡᠬᠦ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠵᠤ᠂ ᠲᠤᠭ᠎ᠠ ᠬᠡᠮᠵᠢᠶ᠎ᠡ ᠪᠠ ᠶᠠᠰᠤ ᠴᠢᠨᠠᠷ᠂ ᠬᠤᠲᠠ ᠪᠠ ᠬᠥᠳᠡᠭᠡ ᠲᠤᠰᠬᠤᠨ᠂ ᠥᠭᠡᠷᠡᠴᠢᠯᠡᠯᠲᠡ ᠪᠠ ᠨᠡᠭᠡᠭᠡᠯᠲᠡ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠵᠦ᠂ ᠣᠷᠳᠣᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠬᠥᠭᠵᠢᠭᠦᠯᠬᠦ ᠶᠢ ᠪᠡᠶᠡᠯᠡᠭᠦᠯᠦᠨ᠎ᠡ᠃ ᠲᠠᠪᠤ ᠳᠤ ᠪᠦᠯᠬᠦᠮᠳᠡᠨ ᠲᠡᠮᠡᠴᠡᠵᠦ᠂ ᠢᠷᠡᠭᠡᠳᠦᠢ ᠪᠠᠨ ᠬᠠᠮᠲᠤ ᠪᠠᠷ ᠴᠤᠭᠴᠠᠯᠠᠨ᠎ᠠ᠃ ᠳᠤᠯᠠᠭᠠᠨ ᠬᠤᠳᠠ ᠶᠢ ᠰᠠᠶᠢᠲᠤᠷ ᠪᠦᠲᠦᠭᠡᠨ ᠪᠠᠶᠢᠭᠤᠯᠬᠤ ᠬᠥᠭᠵᠢᠭᠦᠯᠬᠦ ᠨᠢ ᠪᠦᠬᠦ ᠬᠤᠳᠠ ᠶᠢᠨ ᠠᠷᠠᠳ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠪᠢᠳᠡ ᠪᠦᠯᠬᠦᠮᠳᠡᠨ ᠨᠢᠭᠡᠳᠴᠦ ᠪᠠᠶᠢᠭᠠᠳ ᠳᠤᠯᠠᠭᠠᠨ ᠠᠵᠢᠯᠯᠠᠭ᠎ᠠ ᠪᠠᠷ ᠢᠷᠡᠭᠡᠳᠦᠢ ᠪᠠᠨ ᠴᠤᠭᠴᠠᠯᠠᠵᠤ᠂ ᠢᠯᠴᠢ ᠳᠤᠯᠠᠭᠠᠨ ᠢ ᠬᠤᠷᠠᠮᠳᠤᠭᠤᠯᠤᠨ ᠬᠥᠭᠵᠢᠭᠡᠵᠦ᠂ ᠳᠤᠯᠠᠭᠠᠨ ᠤ ᠬᠥᠭᠵᠢᠯᠲᠡ ᠶᠢᠨ ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠳᠤᠯᠠᠭᠠᠨ ᠤ ᠠᠵᠤ ᠦᠢᠯᠡᠰ ᠤᠨ ᠬᠥᠭᠵᠢᠯ ᠢ ᠵᠤᠵᠠᠭᠠᠳᠬᠠᠬᠤ᠂ ᠳᠤᠯᠠᠭᠠᠨ ᠤ ᠬᠥᠳᠡᠯᠭᠡᠬᠦ ᠬᠦᠴᠦᠨ ᠰᠢᠨ᠎ᠡ ᠶᠢᠨ ᠬᠡᠮᠵᠢᠶ᠎ᠡ ᠶᠢ ᠨᠡᠮᠡᠭᠳᠡᠭᠦᠯᠵᠦ᠂ ᠳᠤᠯᠠᠭᠠᠨ ᠤ ᠪᠠᠭᠲᠠᠭᠠᠮᠵᠢ ᠲᠠᠢ ᠬᠤᠳᠠ ᠶᠢᠨ ᠴᠢᠨᠠᠷ ᠲᠡᠰ ᠢ ᠳᠡᠭᠡᠭᠰᠢᠯᠡᠭᠦᠯᠵᠦ᠂ ᠳᠤᠯᠠᠭᠠᠨ ᠤ ᠦᠢᠯᠡᠴᠢᠯᠡᠭᠡᠨ ᠤ ᠬᠡᠮᠵᠢᠶ᠎ᠡ ᠶᠢ ᠲᠡᠰ ᠳᠡᠪᠰᠢᠭᠦᠯᠵᠦ᠂ ᠳᠤᠯᠠᠭᠠᠨ ᠬᠤᠳᠠ ᠶᠢᠨ ᠳᠤᠯᠠᠭᠠᠨ ᠤ ᠪᠣᠳᠠᠲᠤ ᠬᠦᠴᠦᠨ ᠢ ᠪᠦᠬᠦ ᠲᠠᠯ᠎ᠠ ᠪᠠᠷ ᠪᠤᠢ ᠪᠣᠯᠭᠠᠨ᠎ᠠ᠃       ︵ᠨᠢᠭᠡ︶ ᠬᠥᠭᠵᠢᠯᠲᠡ ᠶᠢᠨ ᠳᠤᠯᠠᠭᠠᠨ ᠪᠠᠶᠢᠳᠠᠯ ᠢ ᠪᠠᠷᠢᠮᠲᠠᠯᠠᠵᠤ᠂ ᠣᠷᠣᠨ ᠪᠦᠰᠡ ᠶᠢᠨ ᠠᠵᠤ ᠠᠬᠤᠢ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠥᠲᠥᠯᠥᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃       ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠦᠴᠦᠲᠡᠢ ᠪᠠᠶᠢᠳᠠᠯ ᠢ ᠪᠠᠲᠤᠯᠠᠨ᠎ᠠ᠃ ᠪᠡᠯᠡ ᠣᠷᠣᠭᠤᠯᠤᠯᠲᠠ ᠶᠢᠨ ᠲᠣᠭᠲᠠᠪᠤᠷᠢᠵᠢᠭᠤᠯᠤᠭᠴᠢ ᠪᠠ ᠲᠤᠯᠭᠠᠭᠤᠷᠢᠯᠠᠭᠴᠢ ᠶᠢᠨ ᠦᠢᠯᠡᠳᠦᠯ ᠢ ᠴᠢᠩᠭᠠᠳᠬᠠᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠭᠡᠳᠦᠭᠡᠷ ᠤᠯᠠᠷᠢᠯ ᠳᠤ 404 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠶᠢ 40% ᠠᠴᠠ ᠳᠠᠪᠠᠭᠤᠯᠵᠤ᠂ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ ᠪᠥᠬᠦ ᠵᠢᠯ ᠳᠤ 1700 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠬᠤᠲᠠ ᠶᠢᠨ ᠬᠡᠪᠴᠢᠶ᠎ᠡ ᠶᠢ ᠨᠢᠭᠡᠳᠦᠯᠲᠡᠢ ᠲᠥᠯᠥᠪᠯᠡᠵᠦ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ︾ ᠠᠷᠠᠯᠵᠢᠶᠠᠴᠢᠨ ᠤᠷᠢᠬᠤ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠰᠢᠯᠵᠢᠭᠦᠯᠬᠦ ᠠᠵᠠ ᠲᠣᠬᠢᠶᠠᠯ ᠢ ᠠᠳᠬᠤᠵᠤ᠂ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠥᠯᠢᠭᠡᠷ ᠳᠠᠭᠤᠷᠢᠶᠠᠯ ᠤᠨ ᠬᠡᠯᠪᠡᠷᠢ᠂ ᠳᠠᠭᠠᠭᠤᠯᠤᠭᠴᠢ ᠬᠡᠯᠪᠡᠷᠢ᠂ ᠰᠠᠭᠤᠷᠢᠨ ᠭᠠᠵᠠᠷ ᠤᠨ ᠬᠡᠯᠪᠡᠷᠢ ᠪᠠ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠵᠥᠪᠳᠡᠯᠴᠡᠭᠡᠷ ᠲᠣᠭᠲᠠᠬᠤ ᠨᠡᠮᠡᠭᠳᠡᠯ ᠢ 10% ᠠᠴᠠ ᠳᠡᠭᠡᠭᠰᠢ ᠨᠡᠮᠡᠭᠳᠡᠭᠦᠯᠦᠨ᠎ᠡ︔ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠦᠢᠯᠡᠴᠢᠯᠡᠭᠡᠨ ᠤ ᠪᠠᠲᠤᠯᠠᠭ᠎ᠠ ᠪᠠ ᠰᠢᠯᠭᠠᠨ ᠬᠢᠨᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠂ ᠲᠥᠷᠥᠯ ᠵᠦᠢᠯ ᠪᠠᠶᠢᠭᠤᠯᠬᠤ᠂ ᠠᠵᠢᠯ ᠡᠬᠢᠯᠡᠭᠦᠯᠬᠦ᠂ ᠠᠵᠢᠯ ᠳᠠᠭᠤᠰᠬᠠᠬᠤ ᠨᠣᠷᠮ᠎ᠠ ᠶᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠤᠳᠠᠲᠠᠶᠢᠵᠢᠭᠤᠯᠬᠤ ᠪᠡᠯᠡ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠦᠨ᠎ᠡ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ᠂ ᠲᠤᠰᠬᠠᠢ ᠵᠢᠭᠡᠯᠡᠯᠭᠡ ᠶᠢᠨ ᠲᠡᠮᠲᠡᠭᠲᠦ ᠵᠡᠷᠭᠡ ᠠᠵᠠ ᠲᠣᠬᠢᠶᠠᠯ ᠢ ᠡᠵᠡᠮᠳᠡᠵᠦ᠂ ᠲᠥᠷᠥᠯ ᠵᠦᠢᠯ ᠢ ᠦᠷᠭᠦᠯᠵᠢᠯᠡᠨ ᠤᠬᠠᠭᠠᠯᠠᠨ ᠨᠥᠭᠡᠴᠡᠯᠡᠬᠦ ᠲᠣᠭᠲᠠᠴᠠ ᠶᠢ ᠪᠦᠷᠢᠨᠰᠢᠭᠦᠯᠦᠨ᠂ ᠲᠡᠷᠢᠭᠦᠨ ᠤ ᠦᠢᠯᠡᠳᠬᠦ ᠦᠢᠯᠡᠰ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 800 ᠠᠴᠠ ᠳᠡᠭᠡᠭᠰᠢ ᠨᠥᠭᠡᠴᠡᠯᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠠᠬᠢᠭᠤᠯᠵᠤ᠂ ᠠᠷᠠᠳ ᠤᠨ ᠬᠥᠷᠥᠩᠭᠡ ᠳᠤ ᠬᠠᠨᠳᠤᠭᠤᠯᠤᠭᠰᠠᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠳᠠᠩᠰᠠ ᠶᠢ ᠨᠡᠶᠢᠲᠡᠯᠡᠵᠦ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠬᠤᠯᠠ ᠶᠡᠭᠡ ᠢᠨᠵᠧᠨᠧᠷᠢᠩ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠨ᠎ᠡ᠃ ᠪᠡᠯᠡ ᠣᠷᠣᠭᠤᠯᠤᠯᠲᠠ ᠪᠣᠯ ᠮᠠᠨ ᠤ ᠬᠤᠲᠠ ᠶᠢᠨ ᠬᠥᠭᠵᠢᠯᠲᠡ ᠶᠢᠨ ︽ᠭᠤᠷᠪᠠᠨ ᠭᠤᠣᠯ ᠪᠣᠯᠬᠤ ᠬᠥᠳᠡᠯᠭᠡᠬᠦ ᠬᠦᠴᠦᠨ︾ ᠤ ᠬᠠᠮᠤᠭ ᠤᠨ ᠴᠢᠩᠭ᠎ᠠ ᠬᠥᠳᠡᠯᠭᠡᠬᠦ ᠬᠦᠴᠦᠨ ᠮᠥᠨ᠂ ᠲᠥᠷᠥᠯ ᠵᠦᠢᠯ ᠢ ᠰᠤᠯᠠᠷᠠᠭᠤᠯᠤᠯ ᠦᠭᠡᠢ᠂ ᠴᠠᠯᠠᠭᠠᠶᠢᠷᠠᠯ ᠦᠭᠡᠢ ᠠᠳᠬᠤᠬᠤ ᠶᠢ ᠢᠮᠠᠭᠲᠠ ᠪᠠᠷᠢᠮᠲᠠᠯᠠᠵᠤ᠂ ᠵᠠᠯᠭᠠᠭ᠎ᠠ ᠵᠠᠯᠭᠠᠭ᠎ᠠ ᠪᠠᠷ ᠢᠷᠡᠬᠦ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢᠶᠠᠷ ᠲᠣᠮᠣ ᠠᠵᠤ ᠦᠢᠯᠡᠰ ᠢ ᠲᠤᠯᠭᠠᠭᠤᠷᠢᠯᠠᠵᠤ᠂ ᠲᠣᠮᠣ ᠬᠥᠭᠵᠢᠯᠲᠡ ᠶᠢ ᠳᠠᠶᠢᠴᠢᠯᠠᠨ᠎ᠠ᠃       ᠬᠡᠷᠡᠭᠯᠡᠭᠡᠨ ᠤ ᠠᠮᠢᠵᠢᠷᠠᠯ ᠤᠨ ᠬᠦᠴᠦᠨ ᠤ ᠰᠠᠶᠢᠵᠢᠷᠠᠬᠤ ᠬᠠᠨᠳᠤᠰᠢ ᠶᠢ ᠥᠷᠭᠡᠳᠭᠡᠨ᠎ᠡ᠃ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠭᠡᠯᠲᠡ ᠠᠴᠠ ᠦᠷᠭᠦᠯᠵᠢᠯᠡᠨ ᠥᠷᠭᠡᠳᠬᠡᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠬᠡᠷᠡᠭᠯᠡᠭᠡ ᠶᠢᠨ ᠠᠬᠤᠢ ᠪᠠᠶᠢᠳᠠᠯ ᠤᠨ ᠰᠢᠨ᠎ᠡ ᠶᠢ ᠡᠭᠦᠳᠴᠦ᠂ ᠬᠡᠷᠡᠭᠯᠡᠭᠡ ᠶᠢᠨ ᠲᠤᠷᠰᠢᠯᠭ᠎ᠠ ᠶᠢ ᠪᠠᠶᠠᠯᠢᠭᠵᠢᠭᠤᠯᠤᠨ᠂ ᠬᠡᠷᠡᠭᠯᠡᠭᠡ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠲᠠᠰ ᠳᠡᠪᠰᠢᠬᠦ ᠶᠢ ᠠᠬᠢᠭᠤᠯᠵᠤ᠂ ᠬᠠᠭᠤᠴᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠠ ᠣᠳᠣᠨ ᠲᠠᠰ ᠤᠨ ᠪᠠᠭᠤᠳᠠᠯ ᠢ 5 ᠪᠠᠶᠢᠭᠤᠯᠵᠤ᠂ ᠨᠡᠷᠡᠲᠦ ᠲᠡᠮᠲᠡᠭᠲᠦ ᠶᠢᠨ ᠠᠩᠬᠠᠨ ᠤ ᠳᠡᠯᠭᠡᠭᠦᠷ᠂ ᠨᠠᠷᠠᠲᠤ ᠲᠡᠮᠳᠡᠭᠲᠦ ᠳᠡᠯᠭᠡᠭᠦᠷ᠂ ᠬᠤᠰᠢᠭᠤᠴᠢ ᠳᠡᠯᠭᠡᠭᠦᠷ ᠢ 30 ᠣᠷᠣᠭᠤᠯᠤᠨ᠎ᠠ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠭᠡᠷ ᠤᠨ ᠴᠢᠮᠡᠭᠯᠡᠯ ᠬᠡᠷᠡᠭᠰᠡᠯ᠂ ᠡᠯᠧᠺᠲᠷᠣᠨ ᠦᠢᠯᠡᠳᠬᠦᠨ ᠵᠡᠷᠭᠡ ᠥᠷᠭᠡᠨ ᠬᠡᠷᠡᠭᠴᠡᠭᠡᠨ ᠤ ᠬᠡᠷᠡᠭᠯᠡᠭᠡ ᠶᠢ ᠲᠣᠭᠲᠠᠪᠤᠷᠢᠵᠢᠭᠤᠯᠤᠨ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠰᠣᠶᠣᠯ ᠴᠡᠩᠬᠡᠯ ᠪᠡᠶ᠎ᠡ ᠶᠢᠨ ᠲᠠᠮᠢᠷ᠂ ᠡᠷᠡᠭᠦᠯ ᠮᠡᠨᠳᠦ ᠵᠡᠷᠭᠡ ᠦᠢᠯᠡᠴᠢᠯᠡᠭᠡ ᠬᠡᠷᠡᠭᠯᠡᠭᠡ ᠶᠢ ᠥᠷᠭᠡᠳᠭᠡᠵᠦ᠂ ᠲᠣᠭᠠᠴᠢᠯᠠᠭᠰᠠᠨ᠂ ᠪᠣᠬᠢᠷᠲᠤᠯ ᠦᠭᠡᠢ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠬᠡᠷᠡᠭᠯᠡᠭᠡ ᠪᠠ ᠲᠠᠪᠴᠠᠩ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠦᠨ᠎ᠡ᠃ ᠨᠢᠭᠡ ᠪᠦᠯᠦᠭ ᠣᠨᠴᠠᠯᠢᠭᠲᠤ ᠵᠡᠭᠡᠯᠢ ᠲᠣᠭᠤᠷᠢᠭ ᠢ ᠦᠷᠭᠦᠯᠵᠢᠯᠡᠨ ᠪᠦᠲᠦᠭᠡᠨ ᠪᠠᠶᠢᠭᠤᠯᠵᠤ᠂ 2 ᠲᠦᠮᠡᠨ ᠳᠡᠯᠭᠡᠭᠦᠷ ᠤᠨ ᠣᠷᠣᠨ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠂ ᠦᠳᠡᠰᠢ ᠶᠢᠨ ᠢᠳᠡᠭᠡᠨ ᠤᠮᠳᠠᠭᠠᠨ ᠰᠣᠨᠢᠷᠬᠠᠨ ᠵᠤᠭᠠᠴᠠᠬᠤ ᠬᠤᠳᠠᠯᠳᠤᠭᠠᠯᠠᠬᠤ ᠶᠢ ᠠᠭᠤᠰᠤᠯᠴᠠᠭᠤᠯᠤᠭᠰᠠᠨ ᠦᠳᠡᠰᠢ ᠶᠢᠨ ᠠᠵᠤ ᠠᠬᠤᠢ ᠶᠢᠨ ᠳᠡᠰ ᠳᠡᠪᠰᠢᠭᠰᠡᠨ ᠵᠠᠭᠪᠤᠷ ᠢ ᠪᠤᠢ ᠪᠣᠯᠭᠠᠨ᠎ᠠ᠃ ᠮᠠᠨ ᠤ ᠬᠤᠲᠠ ᠶᠢᠨ ᠬᠡᠷᠡᠭᠯᠡᠭᠡᠨ ᠤ ᠳᠠᠯᠳᠠ ᠬᠦᠴᠦᠨ ᠯᠤᠲᠤ ᠶᠡᠭᠡ ᠪᠣᠯᠬᠤᠷ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠮᠥᠰ ᠤᠨ ᠠᠩᠬᠠᠷᠤᠯ ᠢ ᠲᠠᠲᠠᠵᠤ᠂ ᠠᠷᠠᠯᠵᠢᠶ᠎ᠠ ᠮᠠᠶᠢᠮᠠᠢ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠯ᠎ᠡ ᠲᠥᠷᠥᠯ ᠤᠨ ᠬᠡᠷᠡᠭᠯᠡᠭᠡ ᠶᠢ ᠦᠨᠡᠨ ᠬᠦ ᠠᠮᠢᠳᠤᠯᠢᠭ᠂ ᠬᠥᠭᠵᠢᠭᠡᠨ ᠲᠠᠢ ᠪᠣᠯᠭᠠᠨ᠎ᠠ᠃       ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠶᠡᠨᠲᠦ ᠪᠠᠶᠢᠳᠠᠯ ᠢ ᠬᠥᠭᠵᠢᠭᠡᠨ᠎ᠡ᠃ ︽ᠬᠤᠶᠠᠷ ᠤᠭᠲᠤ ᠭᠤᠶᠢᠪᠢᠰᠢ ᠦᠭᠡᠢ︾ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠨᠡᠩ ᠠᠰᠢᠭᠲᠠᠢ ᠨᠥᠬᠦᠴᠡᠯ ᠢ ᠡᠭᠦᠳᠴᠦ ᠥᠭᠭᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠪᠴᠢᠶᠡᠵᠢᠯ ᠳᠤ ᠬᠦᠷᠬᠦ᠂ ᠵᠠᠬ᠎ᠠ ᠳᠡᠯᠭᠡᠭᠦᠷ ᠲᠤ ᠭᠠᠷᠬᠤ᠂ ᠨᠡᠷᠡᠰ ᠤᠨ ᠵᠢᠭᠰᠠᠭᠠᠯᠲᠠ ᠳᠤ ᠣᠷᠣᠬᠤ ᠶᠢ ᠶᠡᠬᠡᠪᠡᠷ ᠠᠬᠢᠭᠤᠯᠵᠤ᠂ ︽ᠬᠡᠪᠴᠢᠶᠡᠵᠢᠯ ᠠᠴᠠ ᠳᠡᠭᠡᠭᠰᠢᠬᠢ ᠳᠥᠷᠪᠡᠨ ᠲᠥᠷᠥᠯ︾ ᠤᠨ ᠠᠵᠤ ᠠᠬᠤᠶᠢᠯᠠᠯ ᠢ 50᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢ 2᠂ ᠤᠯᠤᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ︽ᠵᠢᠵᠢᠭ ᠠᠪᠤᠷᠭᠤ︾ ᠠᠵᠤ ᠠᠬᠤᠶᠢᠯᠠᠯ ᠢ 3 ᠨᠡᠮᠡᠭᠳᠡᠭᠦᠯᠵᠦ᠂ ᠨᠠᠩ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠥᠬᠦ ᠤᠯᠤᠰ ᠤᠨ 500 ᠬᠦᠴᠦᠷᠬᠡᠭ ᠲᠤ ᠣᠷᠣᠬᠤ ᠶᠢ ᠳᠡᠮᠵᠢᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠨ ᠤ ᠬᠤᠲᠠ ᠳᠤ ᠦᠢᠯᠡᠳᠪᠦᠷᠢᠯᠡᠯ ᠤᠨ ᠶᠡᠷᠦᠩᠬᠡᠢ ᠭᠠᠵᠠᠷ᠂ ᠣᠷᠣᠨ ᠪᠦᠰᠡ ᠶᠢᠨ ᠶᠡᠷᠦᠩᠬᠡᠢ ᠭᠠᠵᠠᠷ ᠪᠠ ᠰᠤᠳᠤᠯᠤᠨ ᠨᠡᠭᠡᠭᠡᠬᠦ ᠲᠠᠪᠴᠠᠩ ᠵᠡᠷᠭᠡ ᠴᠢᠳᠠᠮᠵᠢ ᠶᠢᠨ ᠴᠢᠨᠠᠷᠲᠠᠢ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ︾ ᠶᠢ ᠳᠡᠰ ᠳᠡᠪᠰᠢᠭᠦᠯᠦᠭᠰᠡᠨ ᠵᠠᠭᠪᠤᠷ ᠢ ᠪᠤᠢ ᠪᠣᠯᠭᠠᠵᠤ᠂ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠪᠠ ᠦᠢᠯᠡᠳᠬᠦᠨ ᠢ ᠲᠡᠭᠡᠭᠡᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠳᠤ ᠭᠠᠷᠭᠠᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠪᠠᠳᠠᠷᠠᠭᠤᠯᠵᠤ᠂ ᠦᠢᠯᠡᠳᠬᠦᠨ ᠤ ᠥᠷᠲᠡᠭ ᠪᠠ ᠨᠡᠮᠡᠭᠳᠡᠯ ᠥᠷᠲᠡᠭ ᠤᠨ ᠶᠡᠭᠡ ᠬᠡᠮᠵᠢᠶ᠎ᠡ ᠪᠠᠷ ᠳᠡᠭᠡᠭᠰᠢᠯᠡᠬᠦ ᠶᠢ ᠳᠠᠶᠢᠴᠢᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠨᠡᠶᠢᠳᠡᠮ ᠠᠰᠢᠭ ᠬᠦᠷᠲᠡᠭᠡᠬᠦ ᠵᠢᠵᠢᠭ ᠪᠢᠴᠢᠯ ᠠᠵᠤ ᠠᠬᠤᠶᠢᠯᠠᠯ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠵᠦ᠂ ᠰᠠᠭᠤᠷᠢ ᠮᠥᠩᠭᠦ ᠶᠢᠨ ᠬᠤᠪᠢ ᠣᠷᠣᠭᠤᠯᠬᠤ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠠᠵᠤ ᠠᠬᠤᠶᠢᠯᠠᠯ ᠤᠨ ᠬᠥᠭᠵᠢᠯᠲᠡ ᠪᠣᠯ ᠳᠠᠷᠤᠢ ᠣᠷᠳᠣᠰ ᠤᠨ ᠬᠥᠭᠵᠢᠯᠲᠡ ᠮᠥᠨ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠠᠵᠤ ᠠᠬᠤᠶᠢᠯᠠᠯ ᠳᠤ ︽ᠲᠦᠰᠢᠭ︾ ᠪᠣᠯᠵᠤ᠂ ᠣᠮᠤᠭ ᠵᠣᠷᠢᠭ ᠲᠡᠭᠦᠯᠳᠡᠷ ᠢᠶᠠᠷ ᠠᠵᠤ ᠠᠬᠤᠶᠢᠯᠠᠯ ᠳᠤ︽ᠲᠠᠪᠴᠠᠩ︾ ᠪᠣᠯᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯ ᠳᠤ ᠲᠦᠰᠢᠯᠭᠡ ᠪᠣᠯᠵᠤ᠂ ᠥᠷᠭᠡᠨ ᠣᠯᠠᠨ ᠠᠵᠤ ᠠᠬᠤᠶᠢᠯᠠᠯ ᠢ ᠨᠠᠩ ᠳᠤᠯᠠᠭᠠᠴᠠᠭᠤᠯᠵᠤ᠂ ᠨᠠᠩ ᠢᠯᠡᠭᠦᠦ ᠬᠥᠭᠵᠢᠯᠲᠡ ᠶᠢᠨ ᠢᠲᠡᠭᠡᠯ ᠲᠠᠢ ᠪᠣᠯᠭᠠᠨ᠎ᠠ᠃       ᠰᠢᠶᠠᠨ ᠤ ᠬᠡᠪᠴᠢᠶᠡᠨ ᠤ ᠠᠵᠤ ᠠᠬᠤᠢ ᠶᠢᠨ ᠥᠭᠡᠳᠡᠯᠡᠬᠦ ᠬᠠᠨᠳᠤᠰᠢ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠳ᠋ᠦᠩᠱᠧᠩ ᠲᠣᠭᠤᠷᠢᠭ ᠤᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠬᠤ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠳᠠᠭᠤᠷᠢᠶᠠᠯ ᠦᠵᠡᠭᠦᠯᠬᠦ ᠣᠷᠣᠨ ᠢ ᠡᠩ ᠲᠡᠷᠢᠭᠦᠨ ᠳᠤ ᠪᠦᠲᠦᠭᠡᠨ ᠪᠠᠶᠢᠭᠤᠯᠬᠤ ᠶᠢ ᠳᠡᠮᠵᠢᠵᠦ᠂ ᠳᠠᠯᠠᠳ ᠬᠤᠰᠢᠭᠤ ᠶᠢᠨ ᠵᠥᠩ ᠳ᠋ᠧ ᠳᠠᠯᠳᠠ ᠮᠠᠩᠯᠠᠢ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠶᠢ ᠳᠡᠮᠵᠢᠵᠦ᠂ ᠵᠡᠭᠦᠨᠭᠠᠷ ᠬᠤᠰᠢᠭᠤ ᠶᠢᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠳᠡᠰ ᠲᠡᠪᠰᠢᠭᠦᠯᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠡᠵᠡᠨ ᠬᠤᠷᠤᠭ᠎ᠠ ᠬᠤᠰᠢᠭᠤ ᠶᠢᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠬᠡᠷᠡᠭᠯᠡᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠦᠦᠰᠢᠨ ᠬᠤᠰᠢᠭᠤ ᠶᠢᠨ ᠰᠢᠨ᠎ᠡ ᠮᠠᠲ᠋ᠧᠷᠢᠶᠠᠯ ︵ᠵᠠᠳᠠᠷᠠᠭᠤᠯᠵᠤ ᠪᠣᠯᠬᠤ ᠮᠠᠲ᠋ᠧᠷᠢᠶᠠᠯ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠶᠢ ᠳᠡᠮᠵᠢᠵᠦ᠂ ᠬᠠᠩᠭᠢᠨ ᠬᠤᠰᠢᠭᠤ ᠶᠢᠨ ᠪᠣᠬᠢᠷᠳᠤᠯ ᠦᠭᠡᠢ ᠴᠠᠬᠢᠯᠭᠠᠨ ᠢ ᠴᠠᠬᠢᠯᠭᠠᠨ ᠬᠦᠴᠦᠨ ᠤ ᠰᠢᠰᠲ᠋ᠧᠮ ᠳᠤ ᠣᠷᠤᠭᠤᠯᠬᠤ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠣᠲᠤᠭ ᠬᠤᠰᠢᠭᠤ ᠶᠢᠨ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠲᠣᠭᠤᠷᠢᠭ ᠢ ᠪᠠᠶᠢᠭᠤᠯᠬᠤ ᠶᠢ ᠳᠡᠮᠵᠢᠵᠦ᠂ ᠣᠲᠤᠭ ᠤᠨ ᠡᠮᠦᠨᠡᠲᠦ ᠬᠤᠰᠢᠭᠤ ᠶᠢᠨ ᠮᠢᠩᠭᠠᠨ ᠲᠦᠮᠡᠨ ᠲᠣᠨ ᠤ ᠲᠠᠰ ᠤᠨ ᠬᠡᠦᠷᠰᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠨ᠎ᠡ᠃ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠳ᠋ᠦᠩᠱᠧᠩ ᠲᠣᠭᠤᠷᠢᠭ᠂ ᠣᠲᠤᠭ ᠬᠤᠰᠢᠭᠤ ᠪᠥᠬᠦ ᠤᠯᠤᠰ ᠤᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠪᠠᠨ ᠤᠷᠤᠭᠰᠢ ᠳᠡᠪᠰᠢᠭᠦᠯᠬᠦ ᠶᠢ ᠠᠬᠢᠭᠤᠯᠵᠤ᠂ ᠦᠦᠰᠢᠨ ᠬᠤᠰᠢᠭᠤ᠂ ᠳᠠᠯᠠᠳ ᠬᠤᠰᠢᠭᠤ ᠪᠥᠬᠦ ᠤᠯᠤᠰ ᠤᠨ ᠵᠠᠭᠤᠨ ᠬᠦᠴᠦᠷᠬᠡᠭ ᠲᠤ ᠳᠠᠪᠰᠢᠨ ᠣᠷᠤᠵᠤ᠂ ᠣᠲᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤ᠂ ᠬᠢᠶ᠎ᠠ ᠪᠠᠭᠰᠢ ᠲᠣᠭᠤᠷᠢᠭ ᠪᠥᠬᠦ ᠣᠷᠣᠨ ᠤ 50 ᠬᠦᠴᠦᠷᠬᠡᠭ ᠤᠨ ᠳᠤᠮᠳᠠ ᠳᠡᠭᠡᠳᠦ ᠲᠦᠪᠰᠢᠨ ᠳᠤ ᠳᠠᠪᠰᠢᠨ ᠣᠷᠤᠬᠤ ᠶᠢ ᠲᠥᠷᠭᠡᠳᠭᠡᠨ᠎ᠡ᠃ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠦᠷᠢᠶᠡᠯᠡᠩ ᠲᠣᠭᠤᠷᠢᠭ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠥᠷᠭᠡᠳᠬᠡᠵᠦ ᠲᠠᠰ ᠳᠡᠪᠰᠢᠭᠦᠯᠬᠦ ᠶᠢ ᠳᠡᠮᠵᠢᠵᠦ᠂ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠣᠷᠣᠭᠤᠯᠤᠯᠲᠠ ᠶᠢᠨ ᠬᠦᠴᠦᠯᠡᠴᠡ᠂ ᠭᠠᠷᠭᠠᠯᠲᠠ ᠶᠢᠨ ᠦᠷ᠎ᠡ ᠠᠰᠢᠭ ᠢ ᠲᠣᠰ ᠲᠣᠰ 10% ᠠᠴᠠ ᠳᠡᠭᠡᠭᠰᠢ ᠨᠡᠮᠡᠭᠳᠡᠭᠦᠯᠦᠨ᠎ᠡ᠃      ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠮᠥᠨ᠂ ᠴᠢᠨᠠᠷ ᠰᠠᠶᠢᠲᠠᠢ ᠬᠥᠭᠵᠢᠯᠲᠡ ᠪᠣᠯ ᠪᠦᠬᠦ ᠲᠠᠯ᠎ᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠮᠥᠨ᠃ ᠪᠢᠳᠡ ᠬᠦᠴᠦᠨ ᠴᠢᠳᠠᠯ ᠢᠶᠠᠨ ᠬᠠᠮᠲᠤᠳᠬᠠᠵᠤ᠂ ᠵᠠᠰᠠᠭ ᠠᠵᠤ ᠠᠬᠤᠶᠢᠯᠠᠯ ᠰᠡᠳᠬᠢᠯ ᠢᠶᠠᠨ ᠨᠢᠭᠡᠳᠬᠡᠵᠦ᠂ ᠪᠦᠬᠦ ᠬᠦᠴᠦᠨ ᠢᠶᠠᠨ ᠲᠥᠪᠯᠡᠷᠡᠭᠦᠯᠦᠨ ᠠᠵᠤ ᠠᠬᠤᠢ ᠶᠢ ᠬᠥᠭᠵᠢᠭᠦᠯᠵᠦ ᠲᠡᠷᠢᠭᠦᠨ ᠳᠤ ᠣᠷᠤᠬᠤ ᠪᠠᠷ ᠡᠷᠡᠯᠬᠡᠭᠯᠡᠨ ᠲᠡᠮᠡᠴᠡᠵᠦ  ᠬᠦᠨᠳᠦ ᠡᠭᠦᠷᠭᠡ ᠶᠢ ᠡᠭᠦᠷᠭᠡᠯᠡᠵᠦ᠂ ᠠᠵᠤ ᠠᠬᠤᠢ ᠶᠢᠨ ᠳᠤᠯᠠᠭᠠᠨ ᠤ ᠪᠣᠳᠠᠲᠤ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠬᠠᠲᠠᠭᠤ ᠪᠣᠳᠠᠲᠤ ᠬᠦᠴᠦᠨ ᠳᠤ ᠬᠦᠴᠦᠨ ᠣᠯᠭᠤᠶ᠎ᠠ︕       ︵ᠬᠤᠶᠠᠷ︶ ᠬᠡᠯᠪᠡᠷᠢ ᠪᠠᠨ ᠬᠤᠪᠢᠷᠠᠭᠤᠯᠤᠨ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠲᠣᠭᠲᠠᠯᠴᠠᠭ᠎ᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠪᠦᠲᠦᠴᠡ ᠶᠢ ᠶᠡᠭᠡ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠣᠨᠴᠠᠯᠢᠭᠲᠤ ᠠᠵᠤ ᠦᠢᠯᠡᠰ ᠢ ᠲᠥᠷᠭᠡᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠬᠦᠷᠢᠶ᠎ᠡ ᠴᠠᠷᠠᠭ᠎ᠠ ᠶᠢ ᠢᠳᠡᠪᠬᠢᠲᠡᠢ ᠪᠠᠷ ᠨᠡᠭᠡᠭᠡᠵᠦ᠂ ᠰᠢᠨ᠎ᠡ ᠤᠷᠤᠯᠳᠤᠭᠠᠨ ᠤ ᠵᠠᠮ ᠳᠤ ᠢᠯᠠᠵᠤ᠂ ᠣᠨᠴᠠᠯᠢᠭ ᠨᠢ ᠲᠣᠪᠣᠶᠢᠮ᠎ᠠ᠂ ᠪᠦᠲᠦᠴᠡ ᠨᠢ ᠵᠦᠢ ᠵᠣᠬᠢᠰᠲᠠᠢ᠂ ᠬᠥᠳᠡᠯᠭᠡᠭᠴᠢ ᠬᠦᠴᠦᠨ ᠨᠢ ᠦᠷᠭᠦᠯᠵᠢᠯᠡᠭᠰᠡᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠤᠢ ᠪᠣᠯᠭᠠᠨ᠎ᠠ᠃       ᠶᠡᠷᠦᠩᠬᠡᠶᠢᠯᠡᠭᠰᠡᠨ ᠴᠢᠨᠠᠷᠲᠠᠢ ᠡᠨᠧᠷᠭᠢ ᠶᠢᠨ ᠬᠠᠩᠭᠠᠯᠭ᠎ᠠ ᠶᠢ ᠴᠢᠩᠭᠠᠳᠬᠠᠨ᠎ᠠ᠃ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠩ ᠲᠠᠨ ᠵᠡᠷᠭᠡ ᠨᠡᠭᠦᠷᠡᠰᠦᠨ ᠠᠭᠤᠷᠬᠠᠢ ᠶᠢᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ᠂ ᠤᠯᠤᠰ ᠤᠨ ᠬᠤᠭᠤᠯᠠᠢ ᠲᠣᠣᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠬᠡᠪ ᠤᠨ ᠪᠤᠰᠤ ᠪᠠᠷ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠢ ᠡᠬᠢᠯᠡᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ᠭᠦᠨ ᠰᠢᠢᠳᠪᠦᠷᠢᠯᠡᠬᠦ ᠶᠡᠷᠦᠩᠬᠡᠢ ᠦᠢᠯᠡᠳᠪᠦᠷᠢ ᠶᠢᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠾᠧᠯᠢ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳ᠋᠊ ᠤ ᠣᠷᠣᠭᠤᠯᠬᠤ ᠶᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠡᠨᠧᠷᠭᠢ ᠶᠢᠨ ᠨᠥᠭᠡᠴᠡ ᠶᠢ ᠦᠷᠭᠦᠯᠵᠢᠯᠡᠨ ᠨᠡᠮᠡᠭᠳᠡᠭᠦᠯᠵᠦ ᠦᠢᠯᠡᠳᠪᠦᠷᠢᠯᠡᠯ ᠳᠤ ᠣᠷᠤᠭᠤᠯᠬᠤ ᠶᠢ ᠠᠬᠢᠭᠤᠯᠤᠨ᠎ᠠ᠃ ᠤᠯᠤᠰ ᠤᠨ ᠬᠤᠶᠠᠳᠤᠭᠠᠷ ᠪᠦᠯᠦᠭ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠠᠶᠢᠭᠤᠯᠵᠤ ᠲᠣᠣᠷ ᠨᠡᠶᠢᠯᠡᠭᠦᠯᠬᠦ ᠶᠢ ᠠᠬᠢᠭᠤᠯᠵᠤ᠂ ᠬᠥᠪᠴᠢ ᠶᠢᠨ ᠡᠯᠡᠰᠦᠨ ᠴᠥᠯ ᠤᠨ ᠳᠤᠮᠳᠠ ᠬᠤᠶᠢᠲᠤ ᠬᠡᠰᠡᠭ᠂ ᠡᠮᠦᠨᠡᠲᠦ ᠬᠡᠰᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠵᠦ᠂ ᠮᠧᠩ ᠰᠢ ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ ᠳᠤᠮᠳᠠ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠡᠪᠴᠢᠶ᠎ᠡ᠂ ᠶᠠᠰᠤ ᠴᠢᠨᠠᠷ᠂ ᠦᠷ᠎ᠡ ᠠᠰᠢᠭ ᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠣᠷᠣᠨ ᠪᠠ ᠨᠡᠭᠦᠷᠡᠰᠦ ᠪᠠᠷ ᠲᠣᠰᠣ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠦ ᠹᠧᠩ ᠤᠨ ᠨᠡᠭᠦᠷᠡᠰᠦ ᠪᠠᠷ ᠠᠯᠺᠧᠨ ᠦᠢᠯᠡᠳᠬᠦ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠠᠯᠺᠧᠨ᠂ ᠷᠦᠩ ᠰᠢᠨ ᠤ ᠠᠯᠺᠧᠨ᠂ ᠬᠤᠢ ᠨᠧᠩ ᠤᠨ ᠵᠥᠸᠧ ᠵᠧᠩ ᠺᠤᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠶᠢᠨ ᠡᠲ᠋ᠡᠨ ᠡᠲ᠋ᠧᠨ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠵᠦ᠂ ᠤᠯᠤᠰ ᠤᠨ ᠡᠨᠧᠷᠭᠢ ᠶᠢᠨ ᠺᠤᠮᠫᠠᠨᠢ ᠶᠢᠨ ᠨᠡᠭᠦᠷᠡᠰᠦ ᠶᠢ ᠰᠢᠭᠤᠳ ᠰᠢᠩᠭᠡᠨᠵᠢᠭᠦᠯᠬᠦ᠂ ᠷᠦᠩ ᠱᠧᠩ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ᠂ ᠢ ᠲᠠᠢ ᠪᠣᠯᠣᠨ ᠸᠠᠨ ᠸᠧᠢ ᠪᠥᠯᠥᠭᠯᠡᠯ ᠤᠨ PVA ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠳᠡᠭᠡᠳᠦ ᠲᠠᠰ ᠤᠨ ᠤᠯᠠᠷᠢᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠷᠢᠰᠢᠭᠤᠯᠤᠨ ᠬᠡᠷᠡᠭᠵᠢᠭᠦᠯᠦᠨ᠎ᠡ᠃       ᠲᠡᠷᠢᠭᠦᠨ ᠤ ᠦᠢᠯᠡᠳᠬᠦ ᠦᠢᠯᠡᠰ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠬᠦ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠦᠷᠢᠯᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠵᠤᠵᠠᠭᠠᠳᠬᠠᠨ᠎ᠠ᠃ ᠪᠦᠦ ᠹᠧᠩ ᠤᠨ ᠯᠢᠲ᠋ᠢ ᠴᠠᠬᠢᠯᠭᠠᠨ ᠴᠡᠨᠡᠭ᠂ ᠲᠦᠩ ᠸᠧᠢ ᠶᠢᠨ ᠣᠯᠠᠨ ᠲᠠᠯᠠᠰᠲᠤ ᠴᠠᠬᠢᠭᠤᠷ᠂ ᠴᠢ ᠷᠦᠢ ᠶᠢᠨ ᠰᠢᠨ᠎ᠡ ᠡᠨᠧᠷᠭᠢ ᠶᠢᠨ ᠣᠶᠤᠨᠴᠢ ᠰᠦᠯᠵᠢᠶᠡᠨ ᠤ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠵᠢᠩ ᠤᠣ ᠶᠢᠨ ᠭᠡᠷᠡᠯ ᠴᠡᠨᠡᠭ ᠤᠨ ᠲᠣᠨᠣᠭᠯᠠᠯ᠂ ᠯᠦᠩ ᠵᠢᠢ ᠶᠢᠨ ᠲᠣᠨᠣᠭᠯᠠᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠵᠤ᠂ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ ᠨᠢᠭᠡ ᠪᠦᠯᠦᠭ ︽ᠬᠤᠭᠤᠰᠤᠨ ᠢ ᠨᠥᠬᠦᠪᠦᠷᠢᠯᠡᠵᠦ᠂ ᠬᠡᠯᠬᠢᠶ᠎ᠡ ᠶᠢ ᠤᠷᠲᠤᠳᠬᠠᠬᠤ︾ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠪᠣᠬᠢᠷᠲᠤᠯ ᠦᠭᠡᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠬᠤᠲᠠ ᠶᠢ ᠪᠠᠶᠢᠭᠤᠯᠤᠨ᠎ᠠ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠪᠥᠬᠦ ᠬᠡᠯᠬᠢᠶᠡᠵᠢᠭᠦᠯᠦᠨ᠂ ᠦᠵᠦᠭᠦᠷᠴᠢᠯᠡᠨ ᠪᠠᠶᠢᠷᠢᠰᠢᠭᠤᠯᠵᠤ᠂ ᠪᠥᠬᠦ ᠤᠯᠤᠰ ᠤᠨ ᠤᠰᠤᠲᠥ᠋ᠷᠥᠭᠴᠢ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠳᠠᠭᠤᠷᠢᠶᠠᠯ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠢᠭᠡᠳ ᠰᠢᠨ᠎ᠡ ᠡᠨᠧᠷᠭᠢ ᠶᠢ ᠡᠪᠴᠡᠯᠳᠦᠭᠦᠯᠦᠨ ᠬᠥᠭᠵᠢᠭᠦᠯᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠥᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠤᠨᠳᠠᠭ ᠨᠡᠭᠦᠷᠡᠰᠦᠨ ᠤ ᠦᠨᠡᠰᠦ ᠠᠴᠠ ᠬᠥᠩᠭᠡᠨ ᠴᠠᠭᠠᠨ ᠤ ᠢᠰᠦᠯ ᠢ ᠭᠠᠷᠭᠠᠨ ᠠᠪᠴᠤ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃       ᠲᠣᠭᠠᠴᠢᠯᠠᠭᠰᠠᠨ ᠠᠵᠤ ᠠᠬᠤᠢ ᠶᠢᠨ ᠠᠭᠤᠰᠤᠯᠴᠠᠭᠰᠠᠨ ᠬᠥᠭᠵᠢᠯᠲᠡ ᠶᠢ ᠲᠦᠷᠭᠡᠳᠬᠡᠨ᠎ᠡ᠃ ᠤᠯᠠᠮᠵᠢᠯᠠᠯᠲᠤ ᠠᠵᠤ ᠦᠢᠯᠡᠰ ᠤᠨ ᠰᠠᠭᠤᠷᠢ ᠶᠢ ᠳᠠᠬᠢᠨ ᠴᠤᠭᠴᠠᠯᠠᠬᠤ ᠢᠨᠵᠧᠨᠧᠷᠢᠩ ᠢ ᠡᠬᠢᠯᠡᠭᠦᠯᠵᠦ᠂ ᠦᠢᠯᠡᠳᠬᠦ ᠦᠢᠯᠡᠰ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠦᠨ᠂ ᠬᠢᠮᠢ ᠶᠢᠨ ᠠᠵᠤ ᠦᠢᠯᠡᠳᠪᠦᠷᠢ ᠶᠢᠨ ᠣᠶᠤᠨᠴᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ 50 ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠢ ᠴᠢᠷᠮᠠᠶᠢᠨ ᠣᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠯᠲᠠ ᠪᠠᠷ ᠬᠦᠴᠦᠨ ᠨᠡᠮᠡᠷᠢᠯᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ + ᠬᠦᠷᠢᠶᠡᠯᠡᠩ ᠲᠣᠭᠤᠷᠢᠭ︾᠂ 5G ᠶᠢᠨ ᠪᠦᠷᠢᠨ ᠵᠠᠯᠭᠠᠯᠲᠠ ᠶᠢᠨ ᠦᠢᠯᠡᠳᠪᠦᠷᠢ᠂ ᠲᠡᠷᠢᠭᠦᠨ ᠤ ᠮᠡᠷᠭᠡᠵᠢᠯ ᠤᠨ ᠠᠵᠤ ᠦᠢᠯᠡᠳᠪᠦᠷᠢ ᠶᠢ ᠪᠠᠶᠢᠭᠤᠯᠤᠨ᠎ᠠ᠃ ᠢᠨᠲ᠋ᠧᠷ ᠰᠦᠯᠵᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠬᠤᠸᠠ ᠸᠧᠢ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠤᠸᠠᠩ ᠬᠤᠩ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠠᠲᠠᠭᠤ ᠲᠣᠨᠤᠭ᠂ ᠵᠥᠭᠡᠯᠡᠨ ᠲᠣᠨᠤᠭ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠪᠠ ᠵᠥᠭᠡᠯᠡᠨ ᠲᠣᠨᠤᠭ ᠤᠨ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠪᠣᠷᠣᠯᠠᠭᠤᠯᠬᠤ ᠪᠥᠬᠦ ᠶᠠᠪᠤᠴᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︽ᠵᠡᠭᠦᠨᠲᠡᠬᠢ ᠲᠣᠭᠠᠵᠢᠭᠤᠯᠤᠯᠲᠠ ᠪᠠᠷᠠᠭᠤᠨᠲᠠᠬᠢ ᠪᠣᠳᠤᠯᠲᠠ︾ ᠶᠢᠨ ᠵᠠᠩᠭᠢᠯᠠᠭ᠎ᠠ ᠶᠢᠨ ᠴᠡᠭ ᠤᠨ ᠬᠤᠲᠠ ᠳᠤ ᠣᠷᠣᠭᠤᠯᠬᠤ ᠪᠠᠷ ᠴᠢᠷᠮᠠᠶᠢᠵᠤ᠂ ᠣᠷᠳᠣᠰ ᠤᠨ ᠣᠶᠤᠨᠴᠢ ᠪᠣᠳᠣᠯᠲᠠ ᠶᠢᠨ ᠲᠥᠪ ᠢ ᠲᠥᠷᠭᠡᠯᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠠᠷᠠᠯᠵᠢᠶᠠᠯᠠᠬᠤ ᠵᠡᠷᠭᠡ ᠳ᠋ᠠᠶᠢᠲ᠋ᠠ ᠠᠷᠠᠯᠵᠢᠶ᠎ᠠ ᠶᠢᠨ ᠭᠦᠢᠯᠭᠡᠭᠡᠨ ᠤ ᠲᠠᠪᠴᠠᠩ ᠢ ᠪᠠᠶᠢᠭᠤᠯᠵᠤ᠂ ︽ᠤᠮᠠᠷᠠᠲᠤ ᠶᠢᠨ ᠡᠨᠧᠷᠭᠢ ᠶᠢᠨ ᠣᠶᠤᠨ ᠤ ᠰᠠᠭᠤᠷᠢᠨ ᠭᠠᠵᠠᠷ︾ ᠪᠠ ᠪᠥᠬᠦ ᠤᠯᠤᠰ ᠲᠤ ᠬᠠᠨᠳᠤᠭᠤᠯᠤᠭᠰᠠᠨ ᠪᠣᠳᠤᠯᠲᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠵᠣᠬᠢᠶᠠᠮᠠᠯ ᠤᠶᠤᠨ ᠴᠢᠳᠠᠪᠤᠷᠢ ᠂ ᠭᠤᠷᠪᠠᠳᠤᠭᠠᠷ ᠦᠶ᠎ᠡ ᠶᠢᠨ ᠬᠠᠭᠠᠰ ᠳᠠᠮᠵᠢᠭᠤᠯᠤᠭᠴᠢ᠂ ᠡᠯᠧᠺᠲᠷᠣᠨ ᠰᠢᠨ᠎ᠡ ᠮᠠᠲ᠋ᠧᠷᠢᠶᠠᠯ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃       ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠦᠨᠳᠦᠷᠯᠢᠭ ᠭᠠᠵᠠᠷ ᠢ ᠪᠠᠶᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠲᠥᠪᠯᠡᠷᠡᠭᠰᠡᠨ ᠣᠷᠣᠨ ᠤ ᠬᠥᠮᠥᠷᠭᠡ ᠶᠢ ᠲᠡᠭᠦᠯᠳᠡᠷᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ᠎ᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠦᠯᠵᠢᠶᠡᠨ ᠤ ᠪᠠᠷᠠᠭ᠎ᠠ ᠲᠡᠭᠡᠭᠡᠪᠦᠷᠢ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠰᠢᠯᠭᠠᠨ ᠪᠠᠶᠢᠴᠠᠭᠠᠵᠤ ᠬᠢᠨᠠᠨ ᠬᠡᠮᠵᠢᠬᠦ᠂ ᠮᠥᠩᠭᠦᠨ ᠭᠦᠢᠯᠭᠡᠭᠡᠨ ᠤ ᠮᠡᠳᠡᠭᠡ ᠵᠠᠩᠭᠢ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠡᠰ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠢ ᠣᠷᠣᠨ ᠪᠦᠰᠡ ᠠᠯᠤᠰᠯᠠᠨ ᠬᠤᠯᠪᠤᠭᠠᠯᠠᠨ ᠬᠥᠭᠵᠢᠭᠦᠯᠬᠦ ᠶᠢ ᠴᠢᠩᠭᠠᠳᠬᠠᠵᠤ᠂ ᠬᠤᠲᠠ ᠶᠢᠨ ᠳᠦᠷᠢ ᠲᠥᠷᠬᠦ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ᠂ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠵᠡᠷᠭᠡ ᠶᠢᠨ ᠰᠢᠰᠲ᠋ᠧᠮ ᠲᠠᠢ ᠲᠥᠯᠥᠪᠯᠡᠬᠦ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ᠂ ᠬᠤᠲᠠ ᠶᠢᠨ ᠵᠢᠭᠤᠯᠴᠢᠯᠠᠯ᠂ ᠠᠵᠤ ᠦᠢᠯᠡᠰ ᠤᠨ ᠵᠢᠭᠤᠯᠴᠢᠯᠠᠯ ᠢ ᠠᠭᠤᠰᠤᠯᠴᠠᠭᠤᠯᠤᠨ ᠠᠬᠢᠭᠤᠯᠵᠤ᠂ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠥᠯᠦ ᠭᠠᠳᠠᠭᠰᠢᠯᠠᠭᠤᠯᠬᠤ ᠠᠵᠤ ᠦᠢᠯᠡᠰ᠂ ᠢᠮᠠᠭᠠᠨ ᠨᠣᠣᠯᠤᠭᠤᠷ ᠬᠤᠨᠢᠨ ᠨᠣᠣᠰᠤ ᠵᠡᠷᠭᠡ ᠦᠵᠡᠭᠦᠯᠦᠯᠭᠡ ᠶᠢᠨ ᠴᠤᠭᠯᠠᠭᠠᠨ ᠳᠠᠪᠴᠠᠩ ᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠠᠵᠤ ᠦᠢᠯᠡᠰ ᠤᠨ ᠪᠥᠯᠦᠭᠵᠢᠯ ᠪᠠ ᠴᠢᠨᠠᠷ ᠰᠠᠶᠢᠲᠠᠢ ᠬᠥᠭᠵᠢᠯᠲᠡ ᠶᠢ ᠲᠠᠶᠢᠴᠢᠯᠠᠨ᠎ᠠ᠃       ᠨᠢᠭᠡᠳᠦᠭᠡᠷ ᠠᠵᠤ ᠦᠢᠯᠡᠰ ᠤᠨ ᠪᠥᠬᠦ ᠬᠡᠯᠬᠢᠶᠡᠨ ᠤ ᠳᠡᠭᠡᠭᠰᠢᠯᠡᠯᠲᠡ ᠶᠢ ᠠᠬᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠯᠡᠳ ᠬᠤᠰᠢᠭᠤᠨ ᠤ ᠪᠦᠬᠦᠯᠢ ᠰᠢᠶᠠᠨ ᠤ ᠳᠦᠷᠢᠮᠲᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠬᠠᠩᠭᠢᠨ ᠬᠤᠰᠢᠭᠤᠨ ᠤ ᠬᠠᠲᠤᠨ ᠭᠤᠣᠯ ᠳᠠᠭᠠᠤ ᠶᠢᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠳᠠᠭᠤᠷᠢᠶᠠᠯ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 45 ᠲᠦᠮᠡᠨ ᠮᠦ ᠪᠦᠲᠦᠭᠡᠨ ᠪᠠᠶᠢᠭᠤᠯᠵᠤ᠂ ᠬᠤᠵᠢᠷᠯᠢᠭ ᠭᠠᠵᠠᠷ ᠢ 5 ᠲᠦᠮᠡᠨ ᠮᠦ ᠥᠭᠡᠷᠡᠴᠢᠯᠡᠨ ᠰᠠᠶᠢᠵᠢᠷᠠᠭᠤᠯᠵᠤ᠂ 1.6 ᠲᠦᠮᠡᠨ ᠮᠦ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ ᠨᠥᠬᠦᠪᠦᠷᠢᠯᠡᠨ᠎ᠡ᠃ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠯᠠᠳ ᠬᠤᠰᠢᠭᠤᠨ ᠤ ᠤᠯᠤᠰ ᠤᠨ ᠲᠠᠷᠢᠶᠠᠯᠠᠩ ᠤᠨ ᠣᠳᠣᠬᠢᠴᠢᠯᠠᠭᠰᠠᠨ ᠳᠠᠭᠤᠷᠢᠶᠠᠯ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠦᠦᠰᠢᠨ ᠬᠤᠰᠢᠭᠤᠨ ᠤ ᠴᠢᠨᠠᠷ ᠰᠠᠶᠢᠲᠠᠢ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠴᠤᠭᠴᠠᠯᠠᠵᠤ᠂ ᠠᠷᠪᠠᠰ ᠤᠨ ᠨᠣᠣᠯᠤᠭᠤᠷ ᠤᠨ  ᠢᠮᠠᠭᠠᠨ ᠤ ᠡᠭᠦᠯᠳᠡᠷ ᠤᠨ ᠢᠷᠡᠯᠲᠡ ᠶᠢ ᠬᠠᠮᠠᠭᠠᠯᠠᠬᠤ ᠶᠢ ᠴᠢᠩᠭᠠᠳᠬᠠᠵᠤ᠂ ᠢᠮᠠᠭᠠᠨ ᠨᠣᠣᠯᠤᠭᠤᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠠᠷᠠᠲᠤ ᠲᠡᠮᠳᠡᠭᠲᠦ ᠶᠢ ᠡᠭᠦᠳᠬᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠵᠤ᠂  ᠡᠭᠦᠯᠲᠡᠷ ᠪᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ 16᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠰᠤᠳᠤᠯᠭᠠᠨ ᠤ ᠭᠠᠵᠠᠷ ᠢ 3 ᠡᠭᠦᠳᠴᠦ᠂ 20 ᠵᠦᠢᠯ ᠤᠨ ᠴᠢᠬᠤᠯᠠ ᠶᠡᠭᠡ ᠮᠡᠷᠭᠡᠵᠢᠯ ᠢ ᠲᠥᠪᠯᠡᠷᠡᠭᠦᠯᠦᠨ ᠳᠠᠭᠤᠷᠢᠶᠠᠯ ᠦᠵᠡᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ᠂ ᠪᠥᠬᠦ ᠤᠯᠤᠰ ᠤᠨ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ︽ᠳᠤᠯᠠᠭᠠᠨ ᠬᠤᠲᠠ ᠶᠢᠨ ᠠᠮᠲᠠᠲᠤ ᠢᠳᠡᠭᠡᠨ︾ ᠤ ᠬᠤᠲᠠ ᠶᠢᠨ ᠲᠠᠰ ᠤᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠲᠥᠪᠯᠡᠷᠡᠭᠦᠯᠦᠨ ᠪᠣᠶ ᠪᠣᠯᠭᠠᠵᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢ 10 ᠰᠢᠨ᠎ᠡ ᠪᠠᠷ ᠪᠣᠶᠢᠵᠢᠭᠤᠯᠤᠨ᠎ᠠ᠃ ᠮᠠᠯᠴᠢᠨ ᠲᠠᠷᠢᠶᠠᠴᠢᠨ ᠤ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠣᠭᠲᠠᠴᠠ ᠶᠢ ᠪᠦᠷᠢᠨᠰᠢᠭᠦᠯᠵᠦ᠂ ︽ᠨᠢᠭᠡ ᠠᠵᠤ ᠠᠬᠤᠶᠢᠯᠠᠯ ᠨᠢᠭᠡ ᠲᠣᠰᠬᠤᠨ ᠢ ᠬᠠᠪᠰᠤᠷᠬᠤ︾ ᠪᠠᠷ ᠣᠷᠣᠯᠭ᠎ᠠ ᠪᠠᠭᠠᠲᠠᠢ ᠲᠣᠰᠬᠤᠨ ᠤ ᠬᠠᠮᠲᠤ ᠶᠢᠨ ᠠᠵᠤ ᠠᠬᠤᠢ ᠶᠢ ᠳᠡᠮᠵᠢᠨ ᠪᠠᠶᠢᠭᠤᠯᠤᠨ᠎ᠠ᠃       ᠠᠵᠤ ᠦᠢᠯᠡᠰ ᠪᠣᠯ ᠬᠤᠳᠠ ᠪᠠᠨ ᠪᠠᠶᠢᠭᠤᠯᠬᠤ ᠶᠢᠨ ᠦᠨᠳᠦᠰᠦ᠂ ᠬᠤᠳᠠ ᠪᠠᠨ ᠬᠦᠴᠦᠷᠬᠡᠭᠵᠢᠭᠦᠯᠬᠦ ᠶᠢᠨ ᠰᠠᠭᠤᠷᠢ ᠮᠥᠨ᠃ ᠣᠷᠳᠣᠰ ᠬᠤᠳᠠ ᠪᠣᠳᠠᠲᠤ ᠠᠵᠤ ᠦᠢᠯᠡᠰ ᠲᠤ ᠲᠦᠰᠢᠭᠯᠡᠨ ᠬᠥᠭᠵᠢᠨ ᠪᠤᠵᠠᠭᠠᠶᠢᠷᠠᠵᠤ᠂ ᠠᠵᠤ ᠦᠢᠯᠡᠰ ᠲᠤ ᠲᠦᠰᠢᠭᠯᠡᠨ ᠬᠡᠯᠪᠡᠷᠢ ᠪᠠᠨ ᠬᠤᠪᠢᠷᠠᠭᠤᠯᠵᠤ᠂ ᠮᠥᠨ ᠴᠦ ᠠᠵᠤ ᠦᠢᠯᠡᠰ ᠤᠨ ᠰᠢᠪᠲᠤᠯᠤᠯᠲᠠ ᠶᠢᠨ ᠴᠢᠨᠠᠷᠲᠠᠢ ᠬᠥᠭᠵᠢᠯᠲᠡ ᠳᠤ ᠲᠦᠰᠢᠭᠯᠡᠨ ᠢᠷᠡᠭᠡᠳᠦᠢ ᠲᠡᠰᠢ ᠤᠷᠤᠭᠰᠢᠯᠠᠨ ᠳᠠᠪᠰᠢᠬᠤ ᠶᠤᠮ᠃ ᠪᠢᠳᠡ ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ ᠢ ᠪᠠᠶᠢᠭᠤᠯᠬᠤ ᠬᠠᠷᠠᠯᠲᠠ ᠳᠤ ᠴᠢᠭᠯᠡᠭᠦᠯᠦᠨ᠂ ᠴᠠᠭ ᠮᠥᠴᠡ ᠶᠢ ᠲᠠᠯᠠᠭᠠᠷᠳᠠᠭᠤᠯᠤᠯ ᠦᠭᠡᠢ ᠪᠠᠷ ᠡᠷᠡᠮᠡᠬᠡᠶᠢᠯᠡᠨ ᠳᠠᠪᠰᠢᠵᠤ᠂ ᠳᠤᠯᠠᠭᠠᠨ ᠦᠢᠯᠡᠰ ᠤᠨ ᠥᠷᠢᠰᠦᠯᠳᠦᠬᠦ ᠬᠦᠴᠦᠨ ᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠬᠦᠴᠦᠷᠬᠡᠭ ᠲᠤᠯᠭᠠᠭᠤᠷᠢᠯᠠᠯ ᠪᠣᠯᠭᠠᠨ᠎ᠠ︕      ︵ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠶᠤᠨ ᠢᠶᠠᠨ ᠬᠤᠷᠴᠠᠯᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠤ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠪᠠᠶᠢᠷᠢ ᠰᠠᠭᠤᠷᠢ ᠶᠢ ᠪᠠᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠳᠬᠠᠨ᠎ᠠ᠃       ᠬᠦᠴᠦᠨ ᠴᠢᠳᠠᠯ ᠢᠶᠠᠨ ᠲᠥᠪᠯᠡᠷᠡᠭᠦᠯᠦᠨ ᠥᠨᠳᠥᠷ ᠴᠢᠨᠠᠷ ᠲᠡᠰ ᠤᠨ ᠲᠠᠪᠴᠠᠩ ᠢ ᠪᠠᠶᠢᠭᠤᠯᠤᠨ᠎ᠠ᠃ ᠤᠯᠤᠰ ᠤᠨ ᠦᠷᠭᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠢ ᠭᠤᠶᠤᠴᠢᠯᠠᠨ ᠪᠠᠶᠢᠭᠤᠯᠬᠤ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠳᠡᠪᠰᠢᠬᠦ ᠶᠢ ᠠᠬᠢᠭᠤᠯᠵᠤ᠂ ᠵᠡᠭᠦᠨᠭᠠᠷ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠤᠨ ᠲᠤᠷᠰᠢᠯᠲᠠ ᠶᠢᠨ ᠲᠠᠰᠤᠭ ᠤᠨ ᠪᠠᠶᠢᠷᠢᠯᠠᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠣᠮᠣ ᠬᠡᠯᠪᠡᠷᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠤ ᠲᠣᠨᠣᠭᠯᠠᠯ ᠢ ᠭᠤᠶᠤᠴᠢᠯᠠᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠬᠤᠪᠢᠰᠬᠠᠯ ᠤᠨ ᠳᠠᠭᠤᠷᠢᠶᠠᠯ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ︽ᠰᠢᠨ᠎ᠡ ᠡᠨᠧᠷᠭᠢ ᠶᠢᠨ ᠮᠠᠰᠢᠨ ᠲᠡᠷᠭᠡ ᠣᠶᠤᠨᠴᠢ ᠵᠠᠰᠠᠮᠠᠯ ᠵᠠᠮ ᠡᠭᠦᠯᠡᠨ ᠪᠣᠳᠤᠯᠲᠠ︾ ᠶᠢᠨ ᠪᠥᠬᠦ ᠲᠠᠯᠠᠪᠤᠷ ᠪᠠᠶᠢᠳᠠᠯ ᠢ ᠳᠠᠭᠤᠷᠢᠶᠠᠯ ᠦᠵᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠨᠢᠩ ᠳ᠋ᠧ ᠱᠢ ᠳ᠋ᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠤᠭᠤᠯᠤᠭᠰᠠᠨ ᠬᠢᠵᠠᠭᠠᠷᠲᠤ ᠺᠤᠮᠫᠠᠨᠢ ᠲᠠᠢ ᠬᠠᠮᠲᠤᠪᠠᠷ ᠵᠠᠭᠤᠨ ᠲᠦᠮᠡᠨ ᠺᠢᠯᠣᠸᠠᠲ ᠤᠨ ᠳᠡᠰ ᠤᠨ ᠰᠢᠨ᠎ᠡ ᠡᠨᠧᠷᠭᠢ ᠶᠢᠨ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠳᠡᠰ ᠠᠴᠠ ᠳᠠᠪᠠᠭᠰᠠᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ︾ ᠶᠢ ᠰᠤᠳᠤᠯᠤᠨ ᠨᠡᠭᠡᠭᠡᠬᠦ ᠪᠠ ᠢᠨᠵᠧᠨᠧᠷᠢᠩ ᠤᠨ ᠳᠠᠭᠤᠷᠢᠶᠠᠯ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠣᠷᠳᠣᠰ ᠤᠨ ᠲᠤᠷᠰᠢᠯᠲᠠ ᠶᠢᠨ ᠲᠠᠰᠤᠭ ᠢ ᠪᠥᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠭᠠᠨ ᠭᠤᠶᠤᠴᠢᠯᠠᠨ ᠪᠠᠶᠢᠭᠤᠯᠬᠤ ᠶᠢ ᠳᠡᠮᠵᠢᠵᠦ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠡᠩᠨᠡᠭᠡ᠂ ᠲᠠᠪᠴᠠᠩ᠂ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢ ᠠᠬᠢᠭᠤᠯᠵᠤ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠵᠦ᠂ ᠰᠢᠨ᠎ᠡ ᠬᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠬᠡᠷᠡᠭᠯᠡᠯᠲᠡ ᠪᠠ ᠰᠢᠨ᠎ᠡ ᠶᠢ ᠡᠭᠦᠳᠬᠦ ᠬᠤᠲᠠ ᠶᠢ ᠪᠤᠢ ᠪᠣᠯᠭᠠᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠴᠢᠩᠭᠠᠳᠬᠠᠵᠤ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠲ᠋ᠧᠷ ᠤᠨ ᠴᠣᠯᠠᠯᠠᠬᠤ ᠴᠡᠭ ᠢ ᠪᠣᠶᠢᠵᠢᠭᠤᠯᠤᠨ ᠪᠦᠲᠦᠭᠡᠨ ᠪᠠᠶᠢᠭᠤᠯᠬᠤ ᠶᠢ ᠳᠡᠮᠵᠢᠵᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠣᠷᠳᠣᠰ ᠤᠨ ᠬᠤᠪᠢᠶᠠᠷᠢ ᠳᠡᠭᠡᠲᠦ ᠰᠤᠷᠭᠠᠭᠤᠯᠢ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢ ᠲᠦᠷᠭᠡᠳᠬᠡᠨ ᠪᠠᠶᠢᠭᠤᠯᠤᠨ᠎ᠠ᠃      ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠲᠥᠪᠯᠡᠷᠡᠭᠦᠯᠦᠨ ᠪᠣᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠱᠠᠲᠤᠯᠵᠢᠨ ᠡᠩᠨᠡᠭᠡ ᠶᠢ ᠪᠣᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠣᠮᠬᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ︽ᠭᠤᠷᠪᠠ ᠶᠢ ᠦᠭᠡᠶᠢᠰᠭᠡᠬᠦ︾ ᠠᠵᠤ ᠠᠬᠤᠶᠢᠯᠠᠯ ᠢ 50 ᠰᠢᠨ᠎ᠡ ᠪᠠᠷ ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠤᠰ ᠲᠤᠰ 300 ᠪᠠ 500 ᠠᠴᠠ ᠳᠠᠪᠠᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠲᠥᠪᠯᠡᠷᠡᠭᠦᠯᠦᠨ ᠳᠡᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠢᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠠᠵᠤ ᠦᠢᠯᠡᠰ ᠤᠨ  ᠮᠡᠷᠭᠡᠵᠢᠯ ᠤᠨ ᠬᠤᠯᠪᠣᠭ᠎ᠠ ᠪᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠠᠵᠤ ᠠᠬᠤᠶᠢᠯᠠᠯ ᠲᠡᠰᠢ ᠴᠤᠭᠯᠠᠷᠠᠭᠤᠯᠬᠤ ᠶᠢ ᠠᠬᠢᠭᠤᠯᠵᠤ᠂ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠳᠠᠭᠡᠲᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠴᠢᠳᠠᠪᠤᠷᠢᠲᠠᠨ ᠮᠥᠩᠭᠦᠨ ᠭᠦᠢᠯᠭᠡᠭᠡᠨ ᠵᠠᠭᠤᠴᠢ ᠦᠢᠯᠡᠴᠢᠯᠡᠭᠡ ᠤᠯᠠᠷᠢᠭᠤᠯᠤᠨ ᠬᠡᠷᠡᠭᠯᠡᠬᠦ︾ ᠶᠢ ᠬᠠᠮᠵᠢᠯᠴᠠᠭᠤᠯᠤᠭᠰᠠᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ  ᠪᠠᠶᠢᠭᠤᠯᠵᠤ᠂ ᠥᠷᠭᠡᠨ ᠤᠯᠠᠨ ᠠᠵᠤ ᠠᠬᠤᠶᠢᠯᠠᠯ ᠢ ᠰᠢᠨ᠎ᠡ ᠶᠢ ᠡᠭᠦᠳᠬᠦ ᠪᠣᠳᠣᠯ ᠲᠠᠢ᠂ ᠰᠢᠨ᠎ᠡ ᠶᠢ ᠡᠭᠦᠳᠬᠦ ᠵᠣᠷᠢᠭ ᠲᠠᠢ ᠪᠠ ᠰᠢᠨ᠎ᠡ ᠶᠢ ᠡᠭᠦᠳᠬᠦ ᠴᠢᠳᠠᠪᠤᠷᠢ ᠲᠠᠢ ᠪᠣᠯᠭᠠᠨ᠎ᠠ᠃       ᠠᠵᠤ ᠦᠢᠯᠡᠰ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠤᠭᠴᠠᠯᠠᠬᠤ ᠪᠦᠬᠦ ᠬᠡᠯᠬᠢᠶ᠎ᠡ ᠶᠢᠨ ᠠᠭᠤᠰᠤᠯᠴᠠᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠵᠦᠩ ᠭᠤᠸᠠᠨ ᠼᠦᠨ ᠲᠠᠢ ᠬᠤᠯᠪᠤᠭᠠᠯᠠᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠪᠡᠭᠡᠵᠢᠩ᠂ ᠱᠧᠨᠵᠧᠨ ᠤ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠭᠤᠷᠴᠤᠭ ᠬᠠᠷᠢᠶ᠎ᠠ ᠭᠠᠵᠠᠷ ᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂  ᠱᠠᠩᠬᠠᠢ᠂ ᠰᠢᠶᠥ᠋ᠩ ᠠᠨ ᠰᠢᠨ᠎ᠡ ᠲᠣᠭᠤᠷᠢᠭ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠥᠷᠭᠡᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠩ ᠤᠯᠠᠨ ᠰᠢᠨ᠎ᠡ ᠶᠢ ᠡᠭᠦᠳᠬᠦ ᠡᠬᠢ ᠪᠠᠶᠠᠯᠢᠭ ᠢ ᠵᠠᠯᠭᠠᠨ ᠨᠠᠪᠲᠠᠷᠡᠭᠦᠯᠵᠦ ᠰᠠᠶᠢᠲᠤᠷ ᠠᠰᠢᠭᠯᠠᠨ᠎ᠠ᠃ ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ ᠤ ᠭᠠᠷ ᠬᠤᠯᠪᠤᠭᠠᠯᠠᠨ ᠬᠠᠮᠲᠤᠷᠠᠯᠴᠠᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠵᠦᠢᠯ ᠪᠠ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠥᠷᠥᠯ ᠵᠦᠢᠯ ᠢ ᠵᠠᠯᠭᠠᠪᠠᠷ ᠭᠠᠷᠭᠠᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ᠂ ᠨᠤᠨᠳᠠᠭ ᠨᠡᠭᠦᠷᠡᠰᠦᠨ ᠤ ᠦᠨᠡᠰᠦ ᠠᠴᠠ ᠬᠥᠩᠭᠡᠨ ᠴᠠᠭᠠᠨ ᠤ ᠢᠰᠦᠯ ᠢ ᠭᠠᠷᠭᠠᠨ ᠠᠪᠬᠤ ᠵᠡᠷᠭᠡ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠣᠯᠠᠨ ᠨᠡᠶᠢᠲᠡ ᠶᠢᠨ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ︾ ᠤᠨ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠢ ᠴᠢᠨᠠᠷ ᠰᠠᠶᠢᠲᠠᠢ ᠪᠠᠶᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾  ᠠᠴᠠ ︽ᠲᠣᠮᠣ ᠵᠠᠬ᠎ᠠ ᠳᠡᠯᠭᠡᠭᠦᠷ︾ ᠲᠤ ᠣᠷᠣᠭᠤᠯᠵᠤ᠂ ︽ᠦᠢᠯᠡᠳᠪᠦᠷᠢᠯᠡᠯ ᠤᠨ ᠱᠤᠭᠤᠮ︾ ᠳᠤ ᠣᠷᠤᠭᠤᠯᠬᠤ ᠶᠢ ᠠᠬᠢᠭᠤᠯᠤᠨ᠎ᠠ᠃       ᠴᠢᠳᠠᠪᠤᠷᠢᠲᠠᠨ ᠤ ᠨᠥᠬᠦᠷᠰᠡᠭ ᠬᠡᠯᠪᠡᠷᠢ ᠶᠢᠨ ᠬᠤᠳᠠ ᠶᠢ ᠪᠠᠶᠢᠭᠤᠯᠤᠨ᠎ᠠ᠃ ︽ᠳᠤᠯᠠᠭᠠᠨ ᠬᠤᠲᠠ ᠶᠢᠨ ᠤᠷᠢᠯᠭ᠎ᠠ︾ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠤᠯᠤᠰ ᠲᠤ ᠬᠠᠨᠳᠤᠭᠤᠯᠤᠨ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠠᠵᠢᠯ ᠤᠨ ᠥᠷᠲᠡᠭᠡ ᠶᠢ ᠪᠠᠶᠢᠭᠤᠯᠵᠤ᠂ ︽ᠲᠠᠯ᠎ᠠ ᠨᠤᠲᠤᠭ ᠤᠨ ᠴᠢᠳᠠᠪᠤᠷᠢᠲᠠᠨ︾ ᠤ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠴᠤᠭᠯᠠᠭᠠᠨ ᠪᠠ ︽ᠳᠤᠯᠠᠭᠠᠨ ᠬᠤᠲᠠ ᠶᠢᠨ ᠴᠢᠳᠠᠪᠤᠷᠢᠲᠠᠨ ᠤ ᠭᠠᠷᠠᠭ︾ ᠢ ᠨᠠᠷᠢᠨ ᠨᠢᠮᠪᠠᠢ ᠡᠷᠭᠢᠯᠡᠵᠦ᠂ ᠵᠠᠯᠠᠭᠤ ᠴᠢᠳᠠᠪᠤᠷᠢᠲᠠᠨ ᠢ ᠬᠥᠮᠥᠵᠢᠭᠦᠯᠦᠨ ᠲᠤᠰᠠᠯᠠᠬᠤ᠂ ᠠᠰᠫᠢᠷᠠᠨᠲ ᠪᠠ ᠳ᠋ᠣᠺᠲ᠋ᠣᠷᠠᠨᠲ ᠤᠨ ᠰᠤᠳᠤᠯᠬᠤ ᠰᠣᠷᠣᠭᠴᠢ ᠶᠢ ︽ᠤᠷᠢᠳᠴᠢᠯᠠᠨ ᠣᠷᠣᠭᠤᠯᠤᠨ ᠠᠪᠴᠢᠷᠠᠬᠤ︾᠂ ᠰᠤᠳᠤᠯᠤᠨ ᠨᠡᠭᠡᠭᠡᠬᠦ ᠴᠢᠳᠠᠪᠤᠷᠢᠲᠠᠨ ᠢ ︽ᠵᠠᠰᠠᠭ ᠤᠨ ᠣᠷᠳᠣᠨ ᠡᠯᠰᠡᠵᠦ ᠠᠵᠤ ᠠᠬᠤᠶᠢᠯᠠᠯ ᠬᠡᠷᠡᠭᠯᠡᠬᠦ︾ ᠵᠡᠷᠭᠡ ᠣᠷᠣᠭᠤᠯᠤᠨ ᠬᠥᠮᠥᠵᠢᠭᠦᠯᠬᠦ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠣᠷᠣᠶᠢᠯᠠᠭᠰᠠᠨ ᠴᠢᠳᠠᠪᠤᠷᠢᠲᠠᠨ ᠢ ᠰᠢᠨ᠎ᠡ ᠪᠠᠷ 3 ᠠᠴᠠ ᠢᠯᠡᠭᠦᠦ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠦᠯᠬᠦᠮ ᠢ 10᠂ ᠠᠰᠫᠢᠷᠠᠨᠲ ᠪᠠ ᠳ᠋ᠣᠺᠲ᠋ᠣᠷᠠᠨᠲ ᠤᠨ ᠰᠤᠳᠤᠯᠬᠤ ᠰᠣᠷᠣᠭᠴᠢ ᠶᠢ 1500 ᠡᠯᠰᠡᠵᠦ᠂ ᠪᠠᠴᠢᠮ ᠬᠡᠷᠡᠭᠰᠡᠬᠦ ᠪᠠ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 3000 ᠰᠢᠨ᠎ᠡ ᠪᠠᠷ ᠣᠷᠣᠭᠤᠯᠤᠨ᠎ᠠ᠃ ᠴᠢᠳᠠᠪᠤᠷᠢᠲᠠᠨ ᠤ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠬᠤᠳᠠ ᠶᠢᠨ ᠴᠢᠳᠠᠪᠤᠷᠢᠲᠠᠨ ᠤ ᠬᠥᠭᠵᠢᠯᠲᠡ ᠶᠢᠨ ᠺᠣᠮᠫᠠᠨᠢ ᠶᠢ ᠪᠠᠶᠢᠭᠤᠯᠵᠤ᠂ ︽ᠨᠢᠭᠡ ᠥᠷᠲᠡᠭᠡᠴᠢᠯᠡᠭᠰᠡᠨ ᠮᠠᠶ᠋ᠢᠭ︾᠂ ︽ᠴᠢᠳᠠᠪᠤᠷᠢᠲᠠᠨ ᠤ ᠺᠣᠳ᠋︾ ᠵᠡᠷᠭᠡ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠣᠷᠣᠨ ᠨᠤᠲᠤᠭ ᠤᠨ ᠴᠢᠳᠠᠪᠤᠷᠢᠲᠠᠨ᠂ ᠠᠵᠤ ᠠᠬᠤᠶᠢᠯᠠᠯᠲᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠢ ᠦᠨᠡᠨ ᠰᠡᠳᠬᠢᠯ ᠠᠴᠠ ᠨᠠᠨᠳᠢᠩᠨᠠᠵᠤ᠂ ᠪᠦᠬᠦ ᠰᠡᠳᠬᠢᠯ ᠢᠶᠠᠷ ᠢᠶᠠᠨ ᠬᠥᠮᠦᠵᠢᠭᠦᠯᠵᠦ᠂ ᠠᠯᠢᠪᠠ ᠶᠢ ᠵᠣᠷᠢᠭᠵᠢᠭᠤᠯᠤᠨ ᠴᠢᠳᠠᠪᠤᠷᠢᠲᠠᠨ ᠢ ᠣᠷᠤᠭᠤᠯᠤᠨ ᠠᠪᠴᠢᠷᠠᠵᠤ᠂ ᠨᠠᠷᠢᠨ ᠨᠢᠮᠪᠠᠢ ᠪᠠᠷ ᠬᠡᠷᠡᠭᠯᠡᠬᠦ ᠶᠢ ᠦᠨᠡᠨ ᠬᠦ ᠪᠡᠶᠡᠯᠡᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠵᠤ ᠠᠪᠴᠢᠷᠠᠵᠤ ᠴᠢᠳᠠᠬᠤ ᠪᠥᠭᠡᠳ ᠦᠯᠡᠳᠡᠭᠡᠵᠦ ᠳᠡᠶᠢᠯᠵᠦ᠂ ᠰᠠᠶᠢᠲᠤᠷ ᠬᠡᠷᠡᠭᠯᠡᠨ᠎ᠡ᠃       ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠃ ᠪᠢᠳᠡ ᠠᠭᠤᠴᠢ ᠪᠠᠭᠲᠠᠭᠠᠮᠵᠢᠲᠠᠢ ᠪᠠᠶᠢᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠭᠤᠷᠢ ᠪᠠᠨ ᠪᠠᠲᠤᠳᠬᠠᠵᠤ᠂ ᠭᠠᠪᠢᠶ᠎ᠠ ᠵᠢᠳᠬᠦᠯ ᠭᠠᠷᠭᠠᠬᠤ ᠪᠠᠷ ᠶᠠᠭᠠᠷᠠᠯ ᠦᠭᠡᠢ᠂ ᠯᠠᠪᠳᠠᠭᠤᠨ ᠪᠠᠲᠤᠲᠠᠢ ᠰᠢᠷᠭᠠᠭᠤ ᠲᠡᠮᠡᠴᠡᠬᠦ ᠰᠤᠷᠲᠠᠯ ᠢᠶᠠᠷ ᠰᠢᠨ᠎ᠡ ᠶᠢ ᠡᠭᠦᠳᠬᠦ ᠠᠵᠢᠯ ᠳᠤ ᠬᠦᠴᠦᠨ ᠴᠢᠳᠠᠯ ᠢᠶᠠᠨ ᠵᠣᠷᠢᠭᠤᠯᠵᠤ᠂ ᠳᠤᠯᠠᠭᠠᠨ ᠬᠤᠳᠠ ᠶᠢᠨ ᠬᠥᠳᠡᠯᠭᠡᠬᠦ ᠬᠦᠴᠦᠨ ᠢ ᠢᠷᠡᠭᠡᠳᠦᠢ ᠲᠡᠰᠢ ᠤᠷᠤᠭᠰᠢᠯᠠᠬᠤ ᠬᠦᠴᠦᠷᠬᠡᠭ ᠶᠡᠭᠡ ᠳᠠᠶᠢᠴᠢᠯᠠᠬᠤ ᠬᠦᠴᠦᠨ ᠪᠣᠯᠭᠠᠶ᠎ᠠ︕       ︵ᠳᠥᠷᠪᠡ︶ ᠠᠮᠢ ᠠᠬᠤᠢ ᠶᠢᠨ ᠨᠣᠭᠤᠭᠠᠨ ᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠠᠵᠢᠯᠯᠠᠭᠠᠨ ᠤ ᠬᠦᠴᠦᠨ ᠢ ᠳᠡᠭᠡᠭᠰᠢᠯᠡᠭᠦᠯᠦᠨ᠎ᠡ᠃ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠭᠤᠶᠢᠳᠠ ᠰᠠᠶᠢᠬᠠᠨ ᠵᠢᠷᠤᠭ ᠢ ᠦᠷᠭᠦᠯᠵᠢᠯᠡᠨ ᠵᠢᠷᠤᠭᠯᠠᠨ᠎ᠠ᠃       ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠠᠬᠤ ᠳᠠᠢᠯᠠᠯᠳᠤᠭᠠᠨ ᠢ ᠪᠦᠬᠦ ᠲᠠᠯ᠎ᠠ ᠪᠠᠷ ᠠᠬᠢᠭᠤᠯᠤᠨ᠎ᠠ᠃ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠭᠦᠨᠵᠡᠭᠡᠢ ᠬᠡᠷᠡᠭᠵᠢᠭᠦᠯᠵᠤ᠂ ᠬᠥᠪᠴᠢ ᠶᠢᠨ ᠡᠯᠡᠰᠦᠨ ᠤ ᠡᠯᠡᠰᠦ ᠶᠢ ᠰᠡᠷᠭᠡᠶᠢᠯᠡᠨ ᠵᠠᠰᠠᠬᠤ ︽ᠭᠡᠷᠡᠯ ᠴᠡᠨᠡᠭ ᠤᠨ ᠤᠷᠲᠤ ᠴᠠᠭᠠᠨ ᠬᠡᠷᠡᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠪᠴᠢ ᠶᠢᠨ ᠡᠯᠡᠰᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠢ ᠲᠥᠪᠯᠡᠷᠡᠭᠦᠯᠦᠨ ᠵᠠᠯᠭᠠᠯᠳᠤᠭᠤᠯᠤᠨ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠢ 500 ᠲᠦᠮᠡᠨ ᠮᠦ ᠵᠠᠰᠠᠨ᠎ᠠ᠃ ᠡᠯᠡᠰᠦ ᠶᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠲᠠᠰ ᠤᠨ ᠡᠯᠡᠰᠦ ᠶᠢ ᠰᠡᠷᠭᠡᠶᠢᠯᠡᠨ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠭᠤᠣᠯ ᠢ ᠵᠠᠰᠠᠬᠤ ᠢᠨᠵᠧᠨᠧᠷᠢᠩ ᠢ ᠡᠬᠢᠯᠡᠭᠦᠯᠦᠨ᠎ᠡ᠃ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠪᠦᠰᠡ ᠶᠢ ᠥᠨᠳᠥᠷ ᠪᠠᠷᠢᠮᠵᠢᠶ᠎ᠠ ᠪᠠᠷ ᠴᠤᠭᠴᠠᠯᠠᠵᠤ᠂  ᠮᠠᠭᠤᠪᠤᠯᠠᠭ ᠬᠦᠨᠳᠡᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠤ᠂ ᠬᠥᠷᠥᠰᠥ ᠰᠢᠷᠣᠶ ᠶᠢᠨ ᠢᠳᠡᠭᠳᠡᠯ ᠤᠨ ᠵᠠᠰᠠᠯᠲᠠ ᠶᠢ 800 ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 30 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠦᠨ᠎ᠡ᠃ ᠨᠤᠭᠤ ᠭᠠᠵᠠᠷ ᠤᠨ ᠡᠬᠢ ᠪᠠᠶᠠᠯᠢᠭ ᠤᠨ ᠪᠤᠳᠠᠳᠤ ᠠᠬᠤᠢ ᠶᠢᠨ ᠪᠠᠶᠢᠴᠠᠭᠠᠯᠲᠠ ᠶᠢ ᠥᠷᠨᠢᠭᠦᠯᠵᠦ᠂ ᠪᠦᠬᠦ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ  ᠰᠢᠯᠢᠳᠡᠭᠵᠢᠭᠦᠯᠬᠦ ᠶᠢ ᠪᠡᠶᠡᠯᠡᠭᠦᠯᠦᠨ᠎ᠡ᠃      ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠡᠪ ᠳᠠᠭᠤᠷᠢᠶᠠᠯ ᠢ ᠴᠤᠭᠴᠠᠯᠠᠨ ᠪᠠᠶᠢᠭᠤᠯᠤᠨ᠎ᠠ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠳᠠᠭᠤᠷᠢᠶᠠᠯ ᠦᠵᠡᠭᠦᠯᠬᠦ ᠣᠷᠣᠨ ᠤ  ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ 1307 ᠵᠦᠢᠯ ᠬᠡᠷᠡᠭᠵᠢᠭᠦᠯᠵᠦ᠂ ᠬᠦᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ ᠠᠭᠤᠷᠬᠠᠶ ᠶᠢᠨ ᠣᠷᠣᠨ᠂ ᠬᠦᠷᠢᠶᠡᠯᠡᠩ ᠲᠣᠭᠤᠷᠢᠭ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠢ ᠫᠠᠨ ᠵᠢᠩ  ᠮᠧᠩ ᠰᠢ ᠭᠠᠵᠠᠷ ᠣᠷᠣᠨ ᠢ ᠲᠣᠭᠤᠷᠢᠭ ᠬᠤᠪᠢᠶᠠᠨ ᠠᠷᠭ᠎ᠠ ᠪᠣᠳᠣᠯᠭ᠎ᠠ ᠬᠤᠪᠢᠶᠠᠨ ᠵᠠᠰᠠᠬᠤ ᠶᠢ ᠬᠡᠷᠡᠭᠵᠢᠭᠦᠯᠵᠤ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠲᠥᠪᠯᠡᠷᠡᠭᠦᠯᠦᠨ ᠵᠠᠯᠭᠠᠯᠳᠤᠭᠤᠯᠤᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠠᠯ ᠤᠨ ᠣᠷᠣᠨ ᠤ ᠭᠠᠯ ᠤᠨ ᠴᠡᠭ ᠢ ᠬᠥᠳᠡᠯᠦᠩᠭᠦᠶ ᠪᠠᠷ ᠠᠷᠢᠯᠭᠠᠨ ᠦᠭᠡᠶᠢᠰᠬᠡᠬᠦ ᠶᠢ ᠠᠬᠢᠭᠤᠯᠵᠤ᠂ ᠰᠢᠨ᠎ᠡ ᠨᠢᠭᠡᠨ ᠡᠭᠡᠯᠵᠢ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢᠨ ᠪᠣᠭᠤᠮᠲᠠ ᠰᠢᠪᠲᠤᠯᠤᠯᠲᠠ ᠶᠢ ᠬᠡᠷᠡᠭᠵᠢᠭᠦᠯᠵᠦ᠂ 50 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠤᠨ᠎ᠠ᠃ ᠠᠭᠤᠷ ᠠᠮᠢᠰᠬᠤᠯ ᠲᠤᠬᠢᠷᠠᠮᠵᠢᠲᠠᠢ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ᠂ ᠤᠯᠤᠰ ᠤᠨ ︽ᠬᠠᠶᠠᠭᠳᠠᠮᠠᠯ ᠪᠤᠳᠠᠰ ᠥᠬᠡᠶ ᠬᠤᠲᠠ︾᠂ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ᠂ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃      ᠪᠣᠬᠢᠷᠲᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠲᠦ ᠠᠷᠪᠢᠯᠠᠨ ᠭᠠᠮᠨᠠᠬᠤ ᠬᠥᠭᠵᠢᠯᠲᠡ ᠶᠢᠨ ᠬᠡᠪ ᠳᠠᠭᠤᠷᠢᠶᠠᠯ ᠢ ᠴᠤᠭᠴᠠᠯᠠᠨ ᠪᠠᠶᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠢ ᠰᠢᠭᠤᠢ ᠶᠢᠨ ᠨᠡᠭᠦᠷᠡᠰᠦᠲᠥ᠋ᠷᠥᠭᠴᠢ ᠰᠢᠩᠭᠡᠭᠡᠬᠦ ᠪᠢᠯᠧᠲ ᠠᠷᠠᠯᠵᠢᠶᠠᠯᠠᠬᠤ ᠲᠤᠷᠰᠢᠯᠲᠠ ᠶᠢᠨ ᠴᠡᠭ ᠤᠨ ᠠᠵᠢᠯ ᠢ ᠬᠡᠷᠡᠭᠵᠢᠭᠦᠯᠵᠦ᠂ ᠥᠪᠥᠷ ᠮᠣᠩᠭᠤᠯ ᠤᠨ ᠪᠣᠳᠠ ᠮᠣᠳᠣᠨ ᠤ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠬᠡᠮᠵᠢᠯᠲᠡ ᠶᠢᠨ ᠲᠥᠪ ᠢ ᠪᠦᠲᠦᠭᠡᠨ ᠪᠠᠶᠢᠭᠤᠯᠤᠨ᠎ᠠ᠃ ᠪᠤᠬᠢᠷᠳᠤᠯ ᠦᠭᠡᠢ ᠴᠠᠬᠢᠯᠭᠠᠨ ᠢᠶᠠᠷ ᠤᠷᠤᠯᠠᠭᠤᠯᠤᠨ ᠰᠢᠩᠭᠡᠭᠡᠬᠦ ᠶᠢ ᠶᠡᠭᠡᠪᠡᠷ ᠠᠬᠢᠭᠤᠯᠵᠤ᠂ ᠳᠠᠯᠠᠳ ᠤᠨ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠰᠢᠨ᠎ᠡ ᠪᠠᠷ ᠨᠡᠮᠡᠭᠳᠡᠭᠰᠡᠨ ᠴᠠᠬᠢᠯᠭᠠᠨ ᠲᠦᠭᠡᠭᠡᠬᠦ ᠲᠣᠤᠷ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠴᠡᠭ ᠢ ᠥᠷᠨᠢᠭᠦᠯᠵᠤ᠂ ᠮᠧᠩ ᠰᠦ᠋ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠣᠬᠢᠷᠳᠤᠯ ᠦᠭᠡᠢ ᠪᠢᠴᠢᠯ ᠴᠠᠬᠢᠯᠭᠠᠨ ᠲᠣᠣᠷ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠬᠦ ᠲᠡᠮᠦᠷ ᠤᠨ ᠬᠠᠶᠢᠯᠤᠰᠢ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠬᠡᠦᠷᠰᠢᠭᠦᠯᠬᠦ ᠵᠡᠷᠭᠡ ᠡᠨᠧᠷᠭᠢ ᠶᠢᠨ ᠬᠤᠷᠤᠭᠳᠠᠯ ᠢᠶᠠᠷ ᠶᠡᠭᠡ᠂ ᠨᠡᠭᠦᠷᠡᠰᠦᠲᠥ᠋ᠷᠥᠭᠴᠢ ᠶᠡᠭᠡ ᠭᠠᠳᠠᠭᠰᠢᠯᠠᠭᠤᠯᠬᠤ ᠠᠵᠤ ᠦᠢᠯᠡᠰ ᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠳᠥᠪᠰᠢᠨ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ ᠢ ᠵᠠᠬ᠎ᠠ ᠳᠡᠯᠭᠡᠭᠦᠷᠴᠢᠯᠡᠨ ᠰᠢᠩᠬᠡᠬᠡᠬᠦ ᠶᠢ 400 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠡᠷᠭᠡ ᠬᠥᠰᠬᠡ ᠶᠢ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠴᠡᠪᠡᠷ ᠲᠡᠭᠡᠭᠡᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠤᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠦᠪᠰᠢᠶᠡᠷᠡᠭᠰᠡᠨ ᠪᠤᠯᠪᠠᠴᠦ ᠬᠠᠩᠭᠠᠭᠠᠳᠦᠢ᠂ ᠰᠤᠯᠠ ᠲᠠᠯᠪᠢᠵᠤ ᠪᠠᠶᠢᠭ᠎ᠠ ᠭᠠᠵᠠᠷ ᠢ ᠠᠰᠢᠭᠯᠠᠬᠤ ᠡᠷᠴᠢᠮ ᠢ ᠴᠢᠩᠭᠠᠷᠠᠭᠤᠯᠵᠤ᠂ ᠤᠷᠲᠤ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠰᠢᠯᠵᠢᠭᠦᠯᠵᠤ ᠥᠭᠬᠦ ᠵᠢᠯ ᠬᠤᠭᠤᠴᠠᠭ᠎ᠠ ᠶᠢ ᠬᠠᠷᠢᠮᠬᠠᠢ ᠴᠢᠨᠠᠷᠲᠠᠢ ᠲᠤᠭᠲᠠᠭᠠᠬᠤ ᠵᠡᠷᠭᠡ ᠭᠠᠵᠠᠷ ᠰᠢᠷᠣᠢ ᠶᠢᠨ ᠬᠠᠩᠭᠠᠯᠭ᠎ᠠ ᠶᠢᠨ ᠳᠦᠷᠢᠮ ᠢ ᠰᠦᠪᠡᠭᠴᠢᠯᠡᠨ ᠲᠡᠭᠦᠯᠳᠡᠷᠵᠢᠭᠦᠯᠦᠨ᠎ᠡ︔ ᠤᠰᠤ ᠶᠢ ᠰᠠᠶᠢᠲᠤᠷ ᠠᠷᠪᠢᠯᠠᠨ ᠭᠠᠮᠨᠠᠵᠤ ᠤᠰᠤ ᠬᠡᠷᠡᠭᠯᠡᠬᠦ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡᠴᠢ GDP ᠶᠢᠨ ᠤᠰᠤ ᠬᠡᠷᠡᠭᠯᠡᠬᠦ ᠬᠡᠮᠵᠢᠶ᠎ᠡ ᠶᠢ 2% ᠠᠴᠠ ᠳᠡᠭᠡᠭᠰᠢ ᠪᠠᠭᠤᠷᠠᠭᠤᠯᠤᠨ᠎ᠠ᠃      ᠪᠤᠬᠢᠷᠳᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠲᠤ ᠬᠥᠭᠵᠢᠯᠲᠡ ᠳᠤ ᠥᠷᠢᠰᠦᠯᠳᠦᠭᠡᠨ ᠪᠤᠯᠤᠨ ᠠᠵᠠ ᠲᠤᠬᠢᠶᠠᠯ ᠵᠡᠷᠭᠡᠪᠡᠷ ᠤᠷᠤᠰᠢᠵᠤ ᠪᠤᠢ᠃ ᠪᠢᠳᠠ ᠲᠡᠦᠬᠡᠲᠦ ᠡᠭᠦᠷᠭᠡ ᠶᠢ ᠡᠭᠦᠷᠭᠡᠯᠡᠵᠤ᠂ ᠴᠠᠭ ᠦᠶ᠎ᠡ ᠶᠢᠨ ᠱᠠᠭᠠᠷᠳᠠᠯᠭ᠎ᠠ ᠶᠢ ᠡᠵᠡᠮᠳᠡᠵᠤ᠂ ᠥᠨᠳᠦᠷ ᠳᠥᠪᠰᠢᠨ ᠪᠦᠬᠦᠢ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠴᠦᠬᠦᠷᠡᠰᠢ ᠦᠭᠡᠢ ᠪᠠᠷᠢᠮᠲᠠᠯᠠᠵᠤ᠂ ᠬᠥᠭᠵᠢᠯᠲᠡ ᠶᠢᠨ ︽ᠨᠤᠭᠤᠭᠠᠨ ᠠᠭᠤᠯᠤᠭᠳᠠᠴᠠ︾ ᠶᠢ ᠤᠷᠲᠤ ᠬᠤᠭᠤᠴᠠᠭ᠎ᠠ  ᠪᠠᠷ ᠬᠦᠴᠦᠯᠡᠨ ᠳᠡᠭᠡᠭᠰᠢᠯᠡᠬᠦᠯᠵᠤ᠂ ᠨᠤᠭᠤᠭᠠᠨ ᠥᠩᠭᠡ ᠶᠢ ᠳᠤᠯᠠᠭᠠᠨ ᠬᠤᠲᠠ ᠶᠢᠨ ᠬᠠᠮᠤᠭ ᠤᠨ ᠳᠤᠯᠠᠭᠠᠨ ᠥᠩᠭᠡ ᠪᠤᠯᠤᠨ ᠬᠠᠮᠤᠭ ᠤᠨ ᠠᠩᠬᠠᠷᠤᠯ ᠢ ᠳᠠᠲᠠᠬᠤ ᠳᠡᠪᠢᠰᠭᠡᠷ ᠥᠩᠭᠡ ᠪᠤᠯᠭᠠᠨ᠎ᠠ︕      ︵ᠲᠠᠪᠤ︶ ᠦᠢᠯᠡᠴᠢᠯᠡᠭᠡ ᠪᠠᠷ ᠠᠵᠤ ᠠᠬᠤᠶᠢᠯᠠᠯ ᠢ ᠬᠠᠯᠠᠮᠵᠢᠯᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠬᠦ ᠦᠶᠡᠯᠡᠯ ᠤᠨ ᠬᠤᠭᠤᠴᠠᠭᠠᠨ ᠤ ᠲᠣᠭᠤᠷᠢᠨ ᠳᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ ᠪᠠ ᠴᠢᠯᠦᠭᠡᠲᠡᠢ ᠣᠷᠴᠢᠨ ᠲᠣᠭᠤᠷᠢᠨ ᠢᠶᠠᠷ ︽ᠲᠠᠪᠤᠨ ᠬᠠᠨᠤᠮᠵᠢᠲᠠᠢ︾ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠦᠷᠦᠯ ᠲᠡᠮᠳᠡᠭ ᠢ ᠭᠡᠷᠡᠯᠳᠦᠭᠦᠯᠵᠦ᠂ ᠬᠤᠯᠠ ᠣᠶᠢᠷ᠎ᠠ ᠶᠢᠨ ᠬᠦᠮᠦᠨ ᠤ ᠤᠷᠮ᠎ᠠ ᠶᠢ ᠲᠠᠲᠠᠭᠰᠠᠨ ︽ᠴᠢᠩᠭ᠎ᠠ ᠰᠣᠷᠢᠨᠵᠢᠨ ᠣᠷᠣᠨ︾ ᠢ ᠴᠣᠭᠴᠠᠯᠠᠨ᠎ᠠ᠃      ᠨᠡᠩ ᠰᠢᠯᠢᠳᠡᠭ  ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠴᠤᠭᠴᠠᠯᠠᠨ᠎ᠠ᠃ ᠳᠡᠯᠡᠬᠡᠢ ᠶᠢᠨ ᠪᠠᠩᠬᠢ ᠶᠢᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠦᠨᠡᠯᠡᠯᠲᠡ ᠶᠢᠨ ᠲᠤᠭᠲᠠᠯᠴᠠᠭ᠎ᠠ ᠯᠤᠭ᠎ᠠ ᠪᠦᠬᠦ ᠲᠠᠯ᠎ᠠ ᠪᠠᠷ ᠬᠠᠷᠭᠤᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠨᠠᠩ ᠣᠯᠠᠨ ᠦᠨᠡᠯᠡᠬᠦ ᠭᠦᠢᠴᠡᠳᠬᠡᠯ ᠲᠤᠭ᠎ᠠ ᠶᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠬᠤ ᠶᠢ ᠠᠬᠢᠭᠤᠯᠵᠤ᠂ ᠨᠡᠩ ᠤᠯᠠᠨ ︽ᠭᠠᠭᠴᠠ ᠵᠦᠢᠯ ᠤᠨ ᠮᠠᠩᠯᠠᠢ︾ ᠶᠢ ᠬᠤᠷᠠᠮᠳᠤᠭᠤᠯᠤᠭᠠᠳ ︽ᠪᠦᠷᠢᠨ ᠴᠢᠳᠠᠪᠤᠷᠢ ᠶᠢᠨ ᠮᠠᠩᠯᠠᠢ︾ ᠪᠤᠯᠭᠠᠨ᠎ᠠ᠃ ᠥᠨᠳᠥᠷ ᠪᠦᠲᠦᠮᠵᠢᠲᠡᠶ ᠪᠠᠷ︽ᠨᠢᠭᠡ ᠶᠠᠪᠤᠳᠠᠯ︾ ᠢ ᠪᠦᠲᠦᠭᠡᠬᠦ ᠶᠢᠨ ᠲᠣᠭᠤᠷᠢᠨ ᠳᠤ᠂ ᠨᠡᠩ ᠥᠨᠳᠥᠷ ᠬᠢᠷᠢ ᠲᠦᠪᠰᠢᠨ ᠪᠥᠬᠦᠶ ︽ᠮᠦᠩᠭᠡ ᠰᠣᠪᠠᠭ · ᠣᠷᠳᠣᠰ ᠰᠤᠪᠠᠭ︾ ᠢ ᠡᠭᠦᠳᠴᠦ᠂ ︽ᠳᠥᠷᠪᠡ ᠶᠢ ᠭᠦᠢᠴᠡᠳᠬᠡᠬᠦ︾ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠡᠩ ᠤᠯᠠᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠬᠡᠷᠡᠭᠯᠡᠯᠲᠡ ᠶᠢ ᠭᠠᠷᠭᠠᠵᠤ᠂ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ ᠤᠲᠠᠰᠤ ᠶᠢ ᠰᠢᠯᠢᠳᠡᠭᠵᠢᠭᠦᠯᠦᠨ᠂ 12345 ᠳᠤᠯᠠᠭᠠᠨ ᠬᠤᠲᠠ ᠶᠢᠨ ᠵᠤᠴᠢᠳ ᠤᠨ ᠶᠡᠷᠦᠩᠬᠡᠢ ᠦᠢᠯᠡᠴᠢᠯᠡᠭᠡᠨ ᠤ ᠦᠢᠯᠡᠴᠢᠯᠡᠭᠡ ᠶᠢ ᠪᠣᠳᠠᠲᠠᠶᠢᠵᠢᠭᠤᠯᠤᠨ᠎ᠠ᠃ ︽ᠭᠡᠷᠡᠴᠢᠯᠡᠯ ᠠᠪᠬᠤ ᠥᠬᠡᠶ ᠬᠤᠲᠠ︾ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠨᠢᠭᠡ ᠪᠦᠯᠦᠭ ︽ᠭᠡᠷᠡᠴᠢᠯᠡᠯ ᠦᠭᠡᠢ ᠪᠠᠷ ᠰᠢᠢᠳᠪᠦᠷᠢᠯᠡᠬᠦ︾ ︽ᠬᠢᠨᠠᠨ ᠵᠥᠪᠰᠢᠶᠡᠷᠡᠭᠦᠯᠬᠦ ᠦᠭᠡᠢ ᠪᠠᠷ ᠰᠢᠭᠤᠳ ᠬᠦᠷᠲᠡᠬᠦ︾ ᠵᠦᠢᠯᠡᠰ ᠢ ᠬᠡᠷᠡᠭᠵᠢᠭᠦᠯᠵᠦ᠂ ᠪᠡᠶ᠎ᠡ ᠶᠢᠨ ᠦᠨᠡᠮᠯᠡᠯ ᠤᠨ ︽ᠡᠯᠧᠺᠲᠷᠣᠨ ᠺᠣᠳ᠋︾ ᠤᠨ ᠬᠡᠷᠡᠭᠯᠡᠭᠡᠨ ᠤ ᠠᠬᠤᠶ ᠪᠠᠶᠢᠳᠠᠯ ᠢ ᠥᠷᠭᠡᠳᠬᠡᠵᠤ᠂ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠪᠠ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠬᠡᠪᠴᠢᠶ᠎ᠡ ᠶᠢ ᠥᠷᠭᠡᠳᠬᠡᠨ᠎ᠡ᠃ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠵᠡᠷᠭᠡ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠢᠶᠠᠨ ᠠᠪᠤᠮᠠᠭᠴᠠ ᠠᠵᠢᠯ ᠡᠬᠢᠯᠡᠭᠦᠯᠬᠦ︾ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃      ᠨᠡᠩ ᠭᠦᠨ ᠳᠡᠰ ᠳᠠᠪᠬᠤᠷᠭ᠎ᠠ ᠶᠢᠨ ᠥᠭᠡᠷᠡᠴᠢᠯᠡᠯᠲᠡᠡ ᠶᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠨᠧᠷᠬᠢ᠂ ᠠᠮᠢ ᠠᠬᠤᠢ᠂ ᠡᠳ᠋ ᠪᠠᠷᠠᠭᠠᠨ ᠤ ᠬᠦᠢᠯᠭᠡᠭᠡ ᠬᠢᠭᠡᠳ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠵᠡᠷᠭᠡ ᠬᠦᠷᠢᠶᠡᠨ ᠳᠠᠬᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︽ᠨᠢᠭᠡ ᠬᠤᠲᠠ ᠨᠢᠭᠡ ᠬᠦᠷᠢᠶᠡᠯᠡᠩ ᠨᠢᠭᠡ ᠨᠡᠪᠲᠡᠷᠡᠯ ᠵᠠᠮ︾ ᠭᠤᠷᠪᠠᠨ ︽ᠪᠥᠬᠦ ᠤᠯᠤᠰ ᠤᠨ ᠠᠩᠬᠠᠨ ᠤ ᠡᠭᠦᠳᠦᠯᠲᠡ ᠶᠢᠨ ᠳᠠᠭᠤᠷᠢᠶᠠᠯ ᠦᠵᠡᠭᠦᠯᠬᠦ︾ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠬᠦᠷᠢᠶᠡᠨ ᠳᠠᠬᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠬᠡᠪ ᠳᠠᠭᠤᠷᠢᠶᠠᠯ ᠢ ᠪᠣᠶ ᠪᠣᠯᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠷᠠᠯᠵᠢᠶ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠠᠮᠢᠶ᠎ᠠ ᠪᠦᠬᠦᠢ ᠠᠷᠠᠯᠵᠢᠶ᠎ᠠ ᠶᠢ ᠨᠢᠭᠡ ᠯᠡ ᠤᠳᠠᠭ᠎ᠠ ᠳᠤ ᠲᠥᠪᠯᠡᠷᠡᠭᠦᠯᠦᠨ ᠪᠡᠶᠡᠯᠡᠭᠦᠯᠦᠨ᠎ᠡ᠃ ᠲᠤᠷᠰᠢᠯᠭ᠎ᠠ ᠦᠷ᠎ᠡ ᠪᠦᠲᠦᠭᠡᠯ ᠢ  ᠬᠤᠶᠢᠷᠶᠠᠩᠭᠤᠶᠢᠯᠠᠨ ᠳ᠋ᠦᠩᠨᠡᠵᠤ᠂ ᠨᠠᠩ ᠣᠯᠠᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ︽ᠣᠷᠳᠣᠰ ᠤᠨ ᠲᠤᠷᠰᠢᠯᠭ᠎ᠠ︾ ᠶᠢ ᠭᠠᠷᠭᠠᠨ᠎ᠠ᠃       ᠨᠡᠩ ᠥᠨᠳᠥᠷ ᠲᠦᠪᠰᠢᠨ ᠪᠦᠬᠦᠢ ᠴᠢᠯᠦᠭᠡᠲᠡᠢ ᠶᠠᠪᠤᠯᠴᠠᠬᠤ ᠶᠢ ᠠᠬᠢᠭᠤᠯᠤᠨ᠎ᠠ᠃ ︽ᠴᠢᠯᠦᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠣᠷᠣᠯᠴᠠᠨ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠥᠷᠭᠡᠳᠬᠡᠵᠦ᠂ ᠤᠯᠠᠭᠠᠨᠪᠠᠭᠠᠲᠤᠷ᠂ ᠰᠢᠶᠠᠩᠭᠠᠩ ᠵᠡᠷᠭᠡ ᠳᠤ ᠬᠦᠷᠬᠦ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠠᠬᠢᠭᠤᠯᠤᠨ ᠨᠡᠪᠲᠡᠷᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠥᠬᠦ ᠤᠯᠤᠰ ᠤᠨ B ᠲᠥᠷᠥᠯ ᠤᠨ ᠳᠤᠮᠳᠠ ᠵᠡᠷᠭᠡ ᠶᠢᠨ ᠬᠢᠷᠢ ᠲᠦᠪᠰᠢᠨ ᠳᠤ ᠤᠷᠤᠭᠤᠯᠬᠤ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠲᠠᠪᠴᠠᠩ ᠤᠨ ᠺᠣᠮᠫᠠᠨᠢ ᠪᠠᠶᠢᠭᠤᠯᠵᠤ᠂ ᠳᠠᠪᠠᠭᠤᠯᠢᠭ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠵᠤ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢ 240 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠯᠤᠭ᠎ᠠ ᠬᠤᠯᠪᠣᠭᠠᠯᠠᠨ ᠨᠡᠪᠲᠡᠷᠡᠯᠴᠡᠵᠦ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠤᠭᠴᠠᠵᠢᠭᠰᠠᠨ ᠬᠥᠭᠵᠢᠯᠲᠠ ᠳᠤ ᠠᠭᠤᠰᠤᠯᠴᠠᠬᠤ ᠪᠠ ᠬᠥᠲᠥᠯᠦᠨ ᠳᠠᠭᠠᠭᠤᠯᠵᠤ᠂  ᠴᠢᠯᠦᠭᠡᠲᠡᠢ ᠶᠠᠪᠤᠯᠴᠠᠬᠤ ᠬᠡᠯᠪᠡᠷᠢ ᠶᠢᠨ ᠠᠵᠤ ᠠᠬᠤᠶ ᠶᠢᠨ ᠰᠢᠨ᠎ᠡ ᠳᠠᠪᠠᠭᠤᠯᠢᠭ ᠢ ᠡᠭᠦᠳᠴᠦ ᠨᠡᠮᠡᠭᠳᠡᠭᠦᠯᠦᠨ᠎ᠡ᠃      ︵ᠵᠢᠷᠭᠤᠭ᠎ᠠ︶ ᠶᠠᠰᠤ ᠴᠢᠨᠠᠷ ᠢᠶᠠᠷ ᠤᠷᠤᠰᠢᠨ ᠰᠠᠭᠤᠬᠤ ᠤᠷᠴᠢᠨ ᠠᠬᠤᠢ ᠶᠢ ᠰᠠᠶᠢᠵᠢᠷᠠᠭᠤᠯᠬᠤ ᠶᠢ ᠪᠠᠷᠢᠮᠲᠠᠯᠠᠵᠤ᠂ ᠬᠤᠲᠠ ᠶᠢᠨ ᠶᠡᠷᠦᠩᠬᠡᠢ ᠳᠠᠭᠠᠭᠠᠴᠠ ᠶᠢ ᠳᠡᠭᠡᠭᠰᠢᠯᠡᠭᠦᠯᠦᠨ᠎ᠡ᠃ ᠬᠦᠮᠦᠨ ᠢᠶᠠᠷ ᠦᠨᠳᠦᠰᠦ ᠪᠤᠯᠭᠠᠬᠤ ᠬᠤᠲᠠ ᠶᠢᠨ ᠣᠨᠣᠯᠵᠢᠬᠤᠨ ᠢ ᠪᠥᠬᠦ ᠲᠠᠯ᠎ᠠ ᠪᠠᠷ ᠦᠢᠯᠡᠳᠦᠭᠡᠵᠢᠭᠦᠯᠵᠤ᠂ ᠴᠡᠴᠡᠷᠯᠢᠭᠵᠢᠭᠦᠯᠦᠭᠰᠡᠨ ᠬᠤᠲᠠ ᠶᠢ ᠪᠥᠲᠥᠭᠡᠨ ᠪᠠᠶᠢᠭᠤᠯᠵᠤ᠂ ᠡᠶ᠎ᠡ ᠨᠠᠶᠢᠷᠠᠮᠳᠠᠭᠤ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠵᠤ᠂ ᠬᠥᠮᠦᠨ᠂ ᠬᠤᠲᠠ᠂ ᠤᠷᠴᠢᠨ ᠲᠤᠭᠤᠷᠢᠨ᠂ ᠠᠳᠠᠯ ᠦᠢᠯᠡᠰ ᠡᠶ᠎ᠡ ᠵᠤᠬᠢᠴᠠᠯ ᠲᠠᠢ ᠨᠢᠭᠡᠳᠴᠦ᠂ ᠦᠵᠡᠰᠬᠦᠯᠡᠩ ᠲᠠᠭᠠᠲᠠᠢ ᠪᠠᠷ ᠬᠠᠮᠲᠤ ᠤᠷᠤᠰᠢᠨ᠎ᠠ᠃      ᠬᠤᠲᠠ ᠶᠢᠨ ᠴᠢᠳᠠᠮᠵᠢ ᠶᠢᠨ ᠴᠢᠨᠠᠷ ᠲᠡᠰ ᠢ ᠳᠡᠭᠡᠭᠰᠢᠯᠡᠭᠦᠯᠦᠨ᠎ᠡ᠃ ᠠᠷᠠᠳ ᠤᠨ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠳᠥᠷᠪᠡ ᠶᠢ ᠪᠠᠲᠤᠯᠠᠬᠤ︾ ᠠᠵᠢᠯᠯᠠᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ ᠵᠢᠯ ᠤᠨ ᠳᠣᠲᠣᠷ᠎ᠠ ᠠᠵᠢᠯ ᠢᠶᠠᠨ ᠳᠠᠭᠤᠰᠬᠠᠵᠤ᠂ ᠳᠤᠯᠠᠭᠠᠯᠠᠭ᠎ᠠ᠂ ᠤᠰᠤ᠂ ᠴᠠᠬᠢᠯᠭᠠᠨ᠂ ᠬᠡᠶ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠬᠤᠲᠠ ᠶᠢ ᠭᠠᠳᠠᠨ᠎ᠠ ᠪᠠᠨ ᠭᠢᠯᠠᠨᠴᠠᠭ ᠳᠤᠲᠤᠨ᠎ᠠ ᠪᠠᠨ ᠴᠢᠨᠠᠷᠯᠢᠭ ᠪᠣᠯᠭᠠᠵᠤ᠂ ︽ᠥᠩᠭᠡ ᠲᠠᠢ︾ ᠪᠦᠭᠡᠳ ᠨᠠᠩ ︽ᠥᠷᠲᠡᠭ︾ ᠲᠠᠢ ᠪᠣᠯᠭᠠᠨ᠎ᠠ᠃ ᠤᠳᠠᠭᠠᠨ ᠵᠢᠯ ᠵᠠᠰᠠᠵᠤ ᠰᠡᠯᠪᠢᠭᠰᠡᠨ ᠦᠭᠡᠢ ᠬᠤᠲᠠ ᠪᠠᠯᠭᠠᠰᠤᠨ ᠤ ᠬᠠᠭᠤᠴᠢᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠵᠤ᠂ ᠬᠤᠲᠠ ᠶᠢᠨ ᠭᠤᠤᠯ ᠲᠣᠭᠤᠷᠢᠭ ᠤᠨ ᠬᠠᠲᠤᠨ ᠭᠤᠤᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠢ ᠪᠠᠶᠢᠭᠤᠯᠤᠨ ᠪᠦᠲᠦᠭᠡᠵᠤ᠂ ᠪᠠᠲᠤ ᠪᠠᠬᠢ ᠤᠶᠠᠨ ᠬᠠᠳᠠᠨ ᠴᠢᠨᠠᠷᠲᠠᠢ ᠴᠠᠬᠢᠯᠭᠠᠨ ᠲᠣᠤᠷ ᠢ ᠲᠦᠷᠭᠡᠪᠴᠢᠯᠡᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠵᠢᠴᠢ ᠤᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠶ ᠶᠢᠨ ᠴᠡᠴᠡᠷᠯᠢᠭᠲᠦ ᠬᠤᠲᠠ ᠶᠢ ᠳᠠᠭᠤᠷᠢᠶᠠᠯ ᠦᠵᠡᠭᠦᠯᠦᠨ ᠡᠭᠦᠳᠦᠨ ᠪᠠᠶᠢᠭᠤᠯᠬᠤ ᠶᠢ ᠠᠬᠢᠭᠤᠯᠵᠤ᠂ ᠨᠢᠭᠡ ᠪᠦᠯᠦᠭ ᠨᠡᠶᠢᠭᠡᠮ ᠲᠣᠭᠤᠷᠢᠭ ᠤᠨ ᠴᠡᠴᠡᠷᠯᠢᠭ᠂ ᠰᠡᠭᠦᠳᠡᠷ ᠲᠠᠢ ᠵᠠᠮ ᠢ ᠪᠥᠲᠥᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠵᠠᠮ ᠲᠣᠤᠷ ᠢ 50 ᠺᠢᠯᠣᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠬᠤᠲᠠ ᠶᠢᠨ ᠭᠤᠤᠯ ᠲᠣᠭᠤᠷᠢᠭ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ ᠲᠦᠷᠭᠡᠯᠡᠨ ᠪᠠᠶᠢᠭᠤᠯᠵᠤ᠂ ᠪᠤᠢ ᠪᠦᠬᠦᠢ ᠰᠠᠭᠤᠭᠠᠯᠢ ᠠᠷᠠᠳ ᠤᠨ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠤᠲᠠ ᠪᠠᠯᠭᠠᠰᠤᠨ ᠤ 80 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠳᠤ 100 ᠴᠠᠬᠢᠯᠭᠠᠨ ᠱᠠᠲᠤ ᠶᠢ ᠨᠡᠮᠡᠨ ᠤᠭᠰᠠᠷᠠᠵᠤ᠂ ︽ᠨᠢᠭᠡ ᠯᠡ ᠳᠠᠷᠤᠪᠴᠢ︾ ᠪᠠᠷ ᠠᠷᠠᠳ ᠤᠨ ᠠᠮᠢᠳᠤᠷᠠᠯ ᠢ ᠳᠦᠬᠦᠮ ᠲᠦᠳᠡ ᠪᠤᠯᠭᠠᠨ᠎ᠠ᠃ ᠲᠣᠭᠠᠴᠢᠯᠠᠭᠰᠠᠨ ᠪᠠᠶᠢᠭᠤᠯᠤᠯᠲᠠ ᠪᠠᠷ ᠬᠤᠲᠠ ᠶᠢᠨ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠬᠦᠯᠬᠦ ᠳᠤ ᠬᠦᠴᠦᠨ ᠨᠡᠮᠡᠷᠢᠯᠡᠵᠤ᠂ ᠬᠤᠲᠠ ᠶᠢᠨ ᠠᠵᠢᠯᠯᠠᠭᠠᠨ ᠢ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠭᠦᠨᠵᠡᠭᠡᠶᠢᠷᠡᠭᠦᠯᠵᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ︽ᠤᠶᠤᠨᠴᠢ ᠢᠨᠵᠧᠨᠧᠷᠢᠩ᠂ ᠣᠷᠣᠨ ᠰᠠᠭᠤᠴᠠ᠂ ᠬᠤᠲᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ︾ ᠶᠢᠨ ᠰᠢᠰᠲ᠋ᠧᠮ ᠢ ᠲᠥᠪᠯᠡᠷᠡᠭᠦᠯᠦᠨ ᠬᠡᠷᠡᠭᠯᠡᠬᠦ ᠶᠢ ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠ ᠭᠤᠤᠯ ᠪᠠᠯᠭᠠᠰᠤ ᠶᠢᠨ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠵᠤ᠂ 4597 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠠᠵᠢᠯ ᠡᠬᠢᠯᠡᠭᠦᠯᠵᠦ᠂ ᠨᠡᠶᠢᠭᠡᠮ ᠲᠣᠭᠤᠷᠢᠭ ᠤᠨ ᠰᠢᠭᠢᠳᠬᠡᠬᠦ ᠮᠠᠶ᠋ᠢᠭ ᠤᠨ ᠦᠢᠯᠡᠴᠢᠯᠡᠭᠡᠨ ᠤ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠤᠷᠰᠢᠯᠲᠠ ᠶᠢᠨ ᠴᠡᠭ ᠢᠶᠠᠷ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠠᠳᠠᠯᠢ ᠲᠡᠭᠰᠢ ᠴᠢᠨᠠᠷᠲᠠᠶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠡᠭᠦᠯᠳᠡᠷᠵᠢᠭᠦᠯᠦᠨ᠎ᠡ᠃       ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠰᠠᠶᠢᠵᠢᠷᠠᠭᠤᠯᠵᠤ ᠴᠢᠳᠠᠮᠵᠢ ᠶᠢ ᠨᠡᠮᠡᠭᠳᠡᠭᠦᠯᠦᠨ᠎ᠡ᠃ ︽ᠨᠡᠪᠲᠡᠷᠡᠬᠦ ᠵᠠᠮ + ᠬᠥᠢᠰᠦ + ᠲᠣᠤᠷ ᠰᠦᠯᠵᠢᠶ᠎ᠡ︾ ᠶᠢᠨ ᠣᠳᠣ ᠦᠶ᠎ᠠ ᠶᠢᠨ ᠪᠠᠷᠡᠭᠠᠨ ᠤ ᠬᠦᠢᠯᠬᠡᠬᠡᠡ ᠤ ᠠᠵᠢᠯᠯᠠᠭᠠᠨ ᠤ ᠲᠤᠬᠲᠠᠯᠴᠠᠭ᠎ᠠ ᠶᠢ ᠳᠦᠷᠭᠡᠳᠭᠡᠨ ᠪᠠᠶᠢᠭᠤᠯᠵᠦ᠂ ᠱᠦᠸᠧᠵᠧᠦ ᠠᠴᠠ ᠬᠤᠸᠠᠩ ᠬᠤᠸᠠ ᠭᠠᠷᠠᠮ ᠬᠦᠷᠬᠦ᠂ ᠬᠤᠯᠪᠤᠭᠠᠯᠵᠢ ᠠᠴᠠ ᠵᠢᠢ ᠠᠨ ᠬᠦᠷᠬᠦ ᠵᠡᠷᠭᠡ ᠭᠤᠤᠯ ᠮᠥᠷᠡᠨ ᠢ ᠲᠤᠭᠤᠯᠤᠨ ᠲᠠᠯᠠᠢ ᠲᠠᠩᠬᠢᠰ ᠲᠤ ᠬᠦᠷᠬᠦ ᠲᠡᠮᠦᠷ ᠵᠠᠮ ᠤᠨ ᠭᠤᠤᠯ ᠱᠤᠭᠤᠮ ᠶᠢ ᠦᠷᠭᠡᠳᠭᠡᠨ ᠥᠭᠡᠷᠡᠴᠢᠯᠡᠵᠤ᠂ ᠣᠷᠣᠨ ᠪᠦᠰᠡ ᠶᠢᠨ ᠨᠡᠭᠦᠷᠡᠰᠦᠨ ᠤ ᠠᠷᠠᠯᠵᠢᠶ᠎ᠠ ᠶᠢᠨ ᠲᠥᠪ᠂ ᠣᠷᠳᠣᠰ ᠤᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠥᠲᠥᠭᠡᠨ ᠪᠠᠶᠢᠭᠤᠯᠤᠨ᠎ᠠ᠃ ᠪᠤᠭᠤᠲᠤ ᠣᠷᠳᠣᠰ ᠲᠡᠮᠡᠭᠡᠲᠦ ᠶᠢᠨ ᠳᠡᠭᠡᠳᠦ ᠬᠤᠷᠳᠤ ᠶᠢᠨ ᠲᠡᠮᠦᠷ ᠵᠠᠮ᠂ ᠬᠥᠬᠡᠬᠤᠲᠠ ᠣᠷᠳᠣᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠤ᠂ ᠦᠦᠰᠢᠨ ᠠᠴᠠ ᠾᠧᠩ ᠱᠠᠨ ᠬᠦᠷᠬᠦ᠂ ᠠᠮᠠᠨᠴᠢᠷᠠᠭ᠎ᠠ ᠠᠴᠠ ᠪᠠᠭ᠎ᠠ ᠬᠤᠭᠤᠯᠠᠶᠢᠲᠤ ᠬᠦᠷᠬᠦ ᠵᠡᠷᠭᠡ ᠮᠤᠵᠢ ᠶᠢᠨ ᠬᠤᠭᠤᠷᠣᠨᠳᠣᠬᠢ ᠳᠠᠰᠤᠷᠬᠠᠢ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠠᠷ ᠤᠨ ᠠᠶᠠᠯᠠᠯ ᠤᠨ ᠪᠤᠯᠪᠠᠰᠤᠷᠠᠯ ᠤᠨ ᠲᠥᠪ ᠪᠠ ᠠᠭᠠᠷ ᠤᠨ ᠲᠡᠭᠡᠭᠡᠪᠦᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠶᠤᠨᠴᠢᠯᠠᠭᠰᠠᠨ ᠪᠤᠬᠢᠷᠳᠤᠯ ᠦᠬᠡᠢ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢ ᠶᠡᠬᠡᠪᠡᠷ ᠭᠦᠭᠵᠢᠬᠦᠯᠵᠦ᠂ ᠤᠯᠠᠨ ᠮᠠᠶ᠋ᠢᠭ ᠢᠶᠠᠷ ᠬᠤᠯᠪᠤᠭᠠᠯᠠᠨ ᠵᠦᠬᠡᠬᠡᠪᠦᠷᠢᠯᠡᠬᠦ ︽ᠨᠢᠭᠡ ᠪᠢᠴᠢᠭ ᠪᠠᠷᠢᠮᠳᠠ ᠶᠢᠨ ᠪᠦᠬᠦ ᠶᠠᠪᠤᠴᠠ ᠶᠢᠨ ᠦᠢᠯᠡᠴᠢᠯᠡᠭᠡᠨ ᠤ ᠳᠥᠷᠢᠮ︾ ᠤᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠬᠢᠭᠤᠯᠵᠤ᠂ ᠰᠢᠨ᠎ᠠ ᠡᠨᠧᠷᠬᠢ ᠶᠢᠨ ᠤᠶᠤᠨᠴᠢ ᠬᠤᠯᠪᠤᠭᠠᠨ ᠤ ᠮᠠᠰᠢᠨ ᠲᠡᠷᠬᠡᠨ ᠤ ᠳᠠᠭᠤᠷᠢᠶᠠᠯ ᠦᠵᠡᠬᠦᠯᠬᠦ ᠬᠡᠷᠡᠭᠯᠡᠯᠳᠡ ᠶᠢᠨ ᠪᠠᠶᠢᠳᠠᠯ ᠢ ᠦᠷᠬᠡᠳᠬᠡᠨ᠎ᠠ᠃      ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ︽ᠮᠢᠩᠭᠠᠨ ᠲᠤᠰᠬᠤᠨ ᠢᠶᠠᠷ ᠳᠠᠭᠤᠷᠢᠶᠠᠯ ᠦᠵᠡᠭᠦᠯᠵᠤ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠳᠥᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ ᠪᠠ ᠬᠥᠭᠦᠷᠭᠡ ᠶᠢ ᠬᠥᠳᠡᠯᠦᠩᠭᠦᠶ ᠪᠠᠷ ᠠᠷᠢᠯᠭᠠᠨ ᠦᠭᠡᠶᠢᠰᠬᠡᠵᠤ᠂ ᠮᠠᠯᠴᠢᠳ ᠲᠠᠷᠢᠶᠠᠴᠢᠳ ᠤᠨ ᠬᠤᠯᠠ ᠭᠠᠵᠠᠷ ᠠᠴᠠ ᠤᠰᠤ ᠳᠠᠲᠠᠵᠤ ᠠᠪᠴᠢᠷᠠᠨ ᠬᠡᠷᠡᠭᠯᠡᠬᠦ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠤ᠂ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠨᠡᠪᠲᠡᠷᠡᠭᠰᠡᠨ ᠥᠬᠡᠶ 1219 ᠡᠷᠦᠬᠡ ᠳᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠦᠷᠭᠡᠯᠲᠡ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠣᠷᠯᠣᠩ ᠢ ᠥᠭᠡᠷᠡᠴᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ 1. 2 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠬᠦᠳᠡᠭᠡ ᠲᠣᠰᠬᠤᠨ ᠤ ᠨᠤᠭᠤᠭᠠᠷᠠᠭᠤᠯᠤᠯᠲᠠ ᠭᠡᠷᠡᠯᠳᠦᠭᠦᠯᠭᠡ ᠭᠤᠶᠤᠵᠢᠭᠤᠯᠤᠯᠲᠠ ᠶᠢ ᠲᠥᠪᠯᠡᠷᠡᠭᠦᠯᠦᠨ ᠵᠠᠯᠭᠠᠯᠳᠤᠭᠤᠯᠤᠨ ᠠᠬᠢᠭᠤᠯᠵᠤ᠂ ᠣᠷᠣᠰᠢᠨ ᠰᠠᠭᠤᠵᠤ ᠠᠳᠠᠯ ᠴᠤᠭᠴᠠᠯᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ 100 ᠡᠭᠦᠳᠦᠨ ᠪᠠᠶᠢᠭᠤᠯᠤᠨ᠎ᠠ᠃     ︵ᠳᠣᠯᠤᠭ᠎ᠠ︶ ᠠᠷᠠᠳ ᠤᠯᠠᠨ ᠤ ᠵᠤᠯ ᠵᠢᠷᠭᠠᠯᠲᠤ ᠲᠦᠷᠦᠭᠳᠡᠯ ᠢ ᠴᠢᠩᠭᠠᠳᠬᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠶᠢᠨ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂︽ᠲᠦᠷᠪᠡ ᠶᠢ ᠤᠢᠢᠷ᠎ᠠ ᠬᠠᠪᠢ ᠳᠤ ᠨᠢ︾᠂ ︽ᠲᠦᠷᠪᠡ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭ᠎ᠠ ᠶᠢ ᠳᠠᠭᠠᠭᠤᠯᠬᠤ ᠠᠵᠢᠯ ᠢ ᠤᠯᠠᠨ ᠲᠦᠮᠡᠨ ᠤ ᠰᠡᠳᠬᠢᠯ ᠳᠤ ᠨᠡᠶᠢᠴᠡᠭᠦᠯᠵᠤ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ︽ᠵᠣᠯ ᠵᠢᠷᠭᠠᠯ ᠤᠨ ᠲᠠᠩᠰᠠ︾ ᠪᠣᠯᠭᠠᠬᠤ ᠪᠠᠷ ᠴᠢᠷᠮᠠᠶᠢᠨ᠎ᠠ᠃      ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠤᠨ᠎ᠠ᠃ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠵᠦ᠂ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢ 3400 ᠨᠡᠭᠡᠭᠡᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠶᠢ 2  ᠲᠦᠮᠡᠨ ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠪᠦᠬᠦ ᠠᠷᠠᠳ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 1. 2 ᠲᠦᠮᠡ ᠠᠴᠠ ᠳᠡᠭᠡᠭᠰᠢᠬᠢ ᠬᠥᠮᠦᠨ ᠳᠤ ᠨᠥᠬᠦᠪᠥᠷᠢ ᠥᠭᠬᠦ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 5 ᠂ ᠤᠷ᠎ᠠ ᠮᠡᠷᠭᠡᠰᠢᠯ ᠤᠨ ᠲᠤᠮᠤ ᠮᠡᠷᠭᠡᠵᠢᠯᠲᠡᠨ ᠤ ᠠᠵᠢᠯᠯᠠᠬᠤ ᠲᠠᠰᠤᠭ ᠢ 10 ᠪᠠᠶᠢᠭᠤᠯᠤᠨ᠎ᠠ᠃ ᠨᠢᠭᠡ ᠪᠦᠯᠦᠭ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ︽15 ᠮᠢᠨᠦ᠋ᠲ︾ ᠤᠨ ᠠᠵᠢᠯ ᠣᠯᠭᠤᠬᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠤᠭᠤᠷᠢᠭ ᠢ ᠪᠠᠶᠢᠭᠤᠯᠤᠨ ᠪᠦᠷᠢᠨᠰᠢᠭᠦᠯᠵᠤ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠠᠯᠬᠤᠮ︾ ᠢ ᠨᠡᠪᠲᠡᠷᠡᠭᠦᠯᠦᠨ᠎ᠡ᠃      ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠪᠥᠲᠥᠭᠡᠨ ᠪᠠᠶᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠢ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠭᠦᠯᠬᠦ ᠶᠢ ᠪᠠᠷᠢᠮᠲᠠᠯᠠᠵᠤ᠂ ᠬᠠᠩᠭᠢᠨ ᠬᠤᠰᠢᠭᠤ ᠶᠢ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠵᠤ᠂ ᠲᠦᠭᠡᠮᠡᠯ ᠠᠰᠢᠭ ᠬᠦᠷᠲᠡᠭᠡᠬᠦ ᠬᠤᠰᠢᠭᠤ ᠰᠢᠶᠠᠨ ᠪᠣᠯᠭᠠᠨ ᠪᠠᠶᠢᠭᠤᠯᠵᠤ᠂ ᠬᠢᠶ᠎ᠠ ᠪᠠᠭᠰᠢ ᠲᠣᠭᠤᠷᠢᠭ᠂ ᠣᠲᠤᠭ ᠤᠨ ᠡᠮᠦᠨᠡᠲᠦ ᠬᠤᠰᠢᠭᠤ᠂ ᠡᠵᠡᠨ ᠬᠤᠷᠤᠭ᠎ᠠ ᠬᠤᠰᠢᠭᠤ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠪᠦᠯᠦᠭᠵᠢᠭᠰᠡᠨ ᠰᠤᠷᠭᠠᠭᠤᠯᠢ ᠡᠷᠬᠢᠯᠡᠬᠦ ᠲᠤᠷᠰᠢᠯᠲᠠ ᠶᠢᠨ ᠴᠡᠭ ᠢ ᠦᠷᠭᠡᠳᠭᠡᠵᠤ᠂ ᠰᠢᠯᠢᠳᠡᠭ ᠰᠤᠷᠭᠠᠨ ᠬᠥᠮᠦᠵᠢᠯ ᠤᠨ ᠪᠦᠯᠦᠭᠵᠢᠯ ᠢ ᠵᠣᠬᠢᠶᠠᠨ ᠪᠠᠶᠢᠭᠤᠯᠤᠨ᠎ᠠ᠃ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠤ᠂ ᠠᠵᠢᠯ ᠮᠡᠷᠭᠡᠵᠢᠯ ᠪᠠ ᠡᠩ ᠤᠨ ᠰᠤᠷᠭᠠᠨ ᠬᠦᠮᠦᠵᠢᠯ ᠢ ᠨᠡᠪᠲᠡᠷᠡᠯᠴᠡᠭᠦᠯᠬᠦ ᠲᠤᠷᠰᠢᠯᠲᠠ ᠶᠢᠨ ᠴᠡᠭ ᠤᠨ ᠬᠤᠣᠰ ᠴᠢᠭᠯᠡᠯᠲᠦ ᠨᠡᠪᠲᠡᠷᠡᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ 4᠂ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯ ᠢ 8 ᠰᠢᠨ᠎ᠡ ᠪᠠᠷ ᠨᠡᠮᠡᠭᠳᠡᠭᠦᠯᠦᠨ᠎ᠡ᠃      ᠡᠷᠡᠭᠦᠯ ᠡᠩᠬᠡ ᠣᠷᠳᠣᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ︽ᠪᠦᠯᠬᠦᠮ ᠪᠠᠶᠢᠭᠤᠯᠬᠤ ᠬᠡᠯᠪᠡᠷᠢ︾ ᠶᠢᠨ ᠬᠠᠮᠵᠢᠯᠴᠠᠨ ᠲᠡᠳᠬᠦᠬᠦ ᠠᠵᠢᠯ ᠢ ᠥᠷᠨᠢᠭᠦᠯᠵᠦ᠂ ᠬᠤᠲᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠬᠤ ᠶᠢ ᠠᠬᠢᠭᠤᠯᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠬᠠᠯᠳᠠᠪᠤᠷᠢᠲᠤ ᠡᠪᠡᠳᠴᠢᠨ ᠤ  ᠭᠤᠷᠪᠠᠳᠤᠭᠠᠷ ᠵᠡᠷᠭᠡ ᠶᠢᠨ ᠲᠤᠰᠬᠠᠶ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ︽ᠰᠢᠯᠢᠳᠡᠭ ᠦᠢᠯᠡᠴᠢᠯᠡᠭᠡ ᠶᠢ ᠦᠨᠳᠦᠰᠦᠨ ᠱᠠᠲᠤᠨ  ᠳᠤ ᠬᠦᠷᠭᠡᠬᠦ︾ ᠢ ᠭᠦᠨᠵᠡᠭᠡᠶᠢᠷᠡᠭᠦᠯᠵᠦ᠂ ︽ᠨᠡᠭᠦᠳᠡᠯ ᠡᠮᠨᠡᠯᠭᠡ ᠶᠢᠨ ᠬᠤᠷᠢᠶ᠎ᠠ︾ ᠶᠢᠨ ᠵᠠᠭᠪᠤᠷ ᠢ ᠳᠡᠯᠭᠡᠷᠡᠭᠦᠯᠵᠤ᠂ ᠦᠨᠳᠦᠰᠦᠨ ᠱᠠᠲᠤᠨ ᠤ 110 ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ᠃ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠰᠡᠷᠡᠮᠵᠢᠯᠡᠭᠦᠯᠬᠦ ᠬᠢᠭᠡᠳ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠭᠲᠠᠯᠴᠠᠭ᠎ᠠ ᠶᠢ ᠪᠦᠷᠢᠨᠰᠢᠭᠦᠯᠦᠨ᠎ᠡ᠃ 40 ᠪᠦᠬᠦᠯᠢ ᠨᠠᠰᠤᠨ ᠠᠴᠠ ᠳᠡᠭᠡᠭᠰᠢᠬᠢ ᠡᠷᠦᠬᠡ ᠠᠮᠠ ᠲᠠᠢ ᠰᠠᠭᠤᠭᠠᠯᠢ ᠠᠷᠠᠳ ᠲᠤ ᠡᠯᠢᠭᠡᠨ ᠥᠮᠡᠨ᠂ ᠠᠭᠤᠰᠬᠢᠨ ᠤ ᠥᠮᠡᠨ ᠤ ᠭᠧᠨ ᠤ ᠮᠧᠲ᠋ᠢᠯ ᠪᠠᠶᠢᠴᠠᠭᠠᠯᠲᠠ ᠵᠢᠴᠢ ︽ᠳᠥᠷᠪᠡᠨ ᠥᠨᠳᠥᠷ︾ ᠤᠨ ᠰᠢᠭᠰᠢᠨ ᠪᠠᠶᠢᠴᠠᠭᠠᠯᠲᠠ ᠶᠢ ᠥᠷᠨᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠰᠢᠮᠠᠲᠠᠭᠠᠶ ᠬᠠᠮᠠᠷ ᠤᠨ ᠦᠷᠪᠢᠰᠦᠯ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃       ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠳᠤᠯᠠᠭᠠᠨ ᠬᠤᠲᠠ ᠶᠢᠨ ᠠᠵᠢᠯᠯᠠᠭ᠎ᠠ ᠶᠢ ᠬᠡᠷᠡᠭᠵᠢᠭᠦᠯᠵᠤ᠂ ︽ᠳᠤᠯᠠᠭᠠᠨ ᠬᠤᠲᠠ︾ ᠶᠢᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠲᠥᠯᠥᠪᠯᠡᠭᠡ ᠶᠢ ᠥᠷᠨᠢᠭᠦᠯᠵᠤ᠂ ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠷᠬᠤᠰᠤ ᠰᠤᠶᠤᠯ  ᠤᠨ ᠪᠠᠭᠤᠷᠢ ᠶᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠳᠡᠯᠡᠬᠡᠶ ᠶᠢᠨ ᠪᠠᠶᠢᠭᠠᠯᠢ ᠬᠢᠭᠡᠳ ᠰᠣᠶᠣᠯ ᠤᠨ ︽ᠬᠤᠤᠰ ᠥᠪ︾ ᠢᠶᠠᠷ ᠮᠡᠳᠡᠭᠦᠯᠬᠦ ᠶᠢ ᠳᠡᠮᠵᠢᠵᠦ᠂ ᠣᠷᠳᠣᠰ ᠤᠨ ᠰᠣᠶᠣᠯ ᠤᠨ ᠥᠯᠢᠭᠡᠷ ᠢ ᠰᠠᠶᠢᠲᠤᠷ ᠶᠠᠷᠢᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠣᠶᠣᠯ ᠤᠨ ᠲᠤᠭᠠᠴᠢᠯᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ᠎ᠡ᠃︽ᠳᠤᠯᠠᠭᠠᠨ ᠬᠤᠲᠠ︾ ᠶᠢᠨ ᠰᠢᠷᠢᠰ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯ ᠶᠠᠷᠢᠶ᠎ᠠ ᠬᠡᠯᠡᠯᠴᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ ᠪᠥᠬᠦ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶᠡᠴᠢ ᠬᠤᠲᠠ ᠶᠢ ᠡᠭᠦᠳᠦᠨ ᠪᠠᠶᠢᠭᠤᠯᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃      ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠠᠰ ᠳᠡᠪᠰᠢᠭᠦᠯᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠢ ᠬᠤᠲᠠ ᠶᠢᠨ ᠳᠤᠲᠤᠷ᠎ᠠ ᠣᠷᠣᠨ ᠪᠦᠰᠡ ᠠᠯᠤᠰᠯᠠᠭᠰᠠᠨ ︽ᠬᠠᠮᠲᠤ ᠪᠠᠷ ᠬᠢᠨᠠᠨ ᠪᠠᠶᠢᠴᠠᠭᠠᠵᠤ ᠨᠢᠭᠡᠳᠦᠯᠲᠡᠶ ᠭᠦᠢᠴᠡᠳᠬᠡᠬᠦ︾ ᠶᠢ ᠠᠬᠢᠭᠤᠯᠤᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠬᠤᠤᠰ ᠮᠢᠩᠭᠠᠨ ᠬᠤᠤᠰ ᠵᠠᠭᠤᠨ︾ ᠤ ᠢᠨᠵᠧᠨᠧᠷᠢᠩ ᠢ ᠬᠡᠷᠡᠭᠵᠢᠭᠦᠯᠦᠨ᠂ ᠬᠤᠲᠠ ᠪᠠᠯᠭᠠᠰᠤ ᠶᠢᠨ ︽ᠠᠷᠪᠠᠨ ᠲᠠᠪᠤᠨ ᠮᠢᠨᠦ᠋ᠲ︾ ᠤᠨ ᠣᠶᠢᠷ᠎ᠠ ᠬᠠᠪᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠪᠣᠶ ᠪᠣᠯᠭᠠᠵᠤ᠂ ᠨᠠᠰᠤᠲᠠᠶᠢᠴᠤᠳ ᠤᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠦᠨ᠎ᠡ᠃ ᠬᠤᠲᠠ ᠶᠢᠨ ᠱᠠᠲᠤᠨ ᠤ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠵᠤ᠂ ᠨᠢᠯᠬ᠎ᠠ ᠬᠡᠤᠬᠡᠳ ᠤᠨ ᠠᠰᠠᠷᠠᠨ ᠰᠠᠭᠠᠲᠠᠭᠤᠯᠬᠤ ᠣᠷᠣᠨ ᠲᠤᠭ᠎ᠠ ᠶᠢᠨ ᠬᠠᠩᠭᠠᠯᠭ᠎ᠠ ᠶᠢ ᠥᠷᠭᠡᠳᠬᠡᠵᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠳᠡᠰ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢ ᠪᠦᠷᠢᠨᠰᠢᠭᠦᠯᠵᠦ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠮᠦᠰ᠂ ᠣᠨᠴᠠ ᠬᠦᠴᠢᠷᠳᠡᠯᠲᠡᠢ ᠬᠦᠮᠦᠰ᠂ ᠵᠡᠮᠳᠡᠭᠴᠦᠳ᠂ ᠶᠠᠳᠠᠭᠤ ᠬᠦᠴᠢᠷᠳᠡᠯ ᠲᠠᠢ ᠬᠡᠦᠬᠡᠳ᠂ ᠥᠨᠳᠥᠷ ᠨᠠᠰᠦᠲᠠᠢ ᠴᠢᠳᠠᠪᠤᠷᠢ ᠪᠠᠨ ᠠᠯᠳᠠᠭᠰᠠᠨ ᠨᠠᠰᠤᠲᠠᠳ ᠵᠡᠷᠭᠡ ᠤᠨᠴᠠ ᠬᠦᠴᠢᠷᠳᠡᠯᠲᠡᠢ ᠬᠦᠮᠦᠰ ᠢ ᠬᠠᠯᠠᠮᠵᠢᠯᠠᠨ  ᠬᠠᠷᠭᠠᠯᠵᠠᠬᠤ ᠠᠵᠢᠯ ᠢ ᠰᠠᠶᠢᠲᠤᠷ ᠬᠢᠨ᠎ᠡ᠃ ︽ᠲᠠᠪᠤᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠵᠦ᠂ ᠨᠢᠭᠦᠯᠡᠰᠦᠩᠭᠦᠶ ᠶᠢᠨ ᠶᠡᠷᠦᠩᠬᠡᠶ ᠡᠪᠯᠡᠯ᠂ ᠰᠠᠭᠤᠷᠢ ᠮᠥᠩᠭᠦᠨ ᠤ ᠨᠡᠶᠢᠭᠡᠮᠯᠢᠭ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠠᠭᠤᠰᠤᠯᠴᠠᠨ ᠬᠠᠷᠢᠯᠴᠠᠨ ᠬᠠᠪᠰᠤᠷᠤᠯᠴᠠᠬᠤ ᠶᠢ ᠴᠢᠩᠭᠠᠳᠬᠠᠵᠤ᠂ ᠶᠡᠭᠡ ᠪᠤᠶᠠᠨ ᠤ ᠦᠢᠯᠡᠰ ᠤᠨ ᠪᠠᠶᠢᠷᠢᠰᠢᠯ ᠢ ᠪᠣᠶ ᠪᠣᠯᠭᠠᠨ᠎ᠠ᠃      ᠳᠤᠯᠠᠭᠠᠨ ᠬᠤᠲᠠ ᠶᠢᠨ ᠳᠤᠯᠠᠭᠠᠨ ᠨᠢ ᠠᠷᠠᠳ ᠤᠨ ᠰᠡᠳᠬᠢᠯ ᠢ ᠳᠤᠯᠠᠭᠠᠴᠠᠭᠤᠯᠬᠤ ᠳᠤ ᠪᠤᠢ᠂ ᠳᠤᠯᠠᠭᠠᠨ ᠪᠣᠳᠠᠲᠤ ᠬᠦᠴᠦᠨ ᠤ ᠠᠨᠢᠰᠤ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ ᠳᠤ ᠪᠤᠢ᠃ ᠪᠢᠳᠡ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠶᠢᠵᠢᠭᠤᠯᠵᠤ᠂ ᠳᠤᠯᠠᠭᠠᠨ ᠬᠤᠳᠠ ᠶᠢ ᠨᠡᠩ ᠳᠤᠯᠠᠭᠠᠬᠠᠨ ᠪᠣᠯᠭᠠᠵᠤ᠂ ᠳᠤᠯᠠᠭᠠᠨ ᠬᠤᠳᠠ ᠶᠢᠨ ᠠᠷᠠᠳ ᠲᠦᠮᠡᠨ ᠢ ᠨᠡᠩ ᠵᠣᠯ ᠵᠢᠷᠭᠠᠯ ᠲᠠᠢ ᠪᠣᠯᠭᠠᠨ᠎ᠠ᠃      ︵ᠨᠠᠢᠮᠠ︶ ᠳᠤᠯᠠᠭᠠᠨ ᠥᠯᠥᠭᠡᠢ ᠶᠢ ᠪᠠᠲᠤ ᠴᠤᠭᠴᠠᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠤ ᠲᠤᠯᠭᠠᠭᠤᠷᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠵᠠᠰᠠᠯᠲᠠ ᠶᠢᠨ ᠲᠤᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠬᠥᠭᠵᠢᠯᠲᠡ ᠶᠢᠨ ᠳᠠᠭᠤᠷᠢᠶᠠᠯ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠦᠨ᠎ᠡ᠃      ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠬᠢᠵᠢᠭᠦᠯᠦᠨ᠎ᠡ᠃  ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠵᠢᠷᠭᠤᠭᠠᠨ ᠪᠠᠳᠠᠭ ᠦᠭᠡ︾ ᠶᠢᠨ ᠪᠣᠳᠠᠲᠤ ᠶᠠᠪᠤᠳᠠᠯ ᠪᠠ ᠶᠣᠰᠣ ᠵᠦᠢ ᠶᠢ ᠢᠯᠡ ᠪᠥᠭᠡᠳ ᠪᠦᠲᠦᠮᠵᠢᠲᠡᠶ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠠᠭᠤᠷᠢᠶᠠᠯ ᠦᠵᠡᠭᠦᠯᠬᠦ ᠬᠤᠲᠠ ᠶᠢ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠣᠷᠣᠨ ᠳᠠᠭᠤᠷᠢᠶᠠᠯ ᠦᠵᠡᠭᠦᠯᠬᠦ ᠨᠢᠭᠡᠴᠢ ᠶᠢᠨ   ︽ᠵᠠᠭᠤ ᠮᠢᠩᠭ᠎ᠠ ᠲᠦᠮᠡ ᠪᠠᠷ ᠳᠠᠭᠤᠷᠢᠶᠠᠯ ᠦᠵᠡᠭᠦᠯᠦᠨ ᠬᠥᠲᠥᠯᠥᠨ ᠳᠠᠭᠠᠭᠤᠯᠬᠤ︾ ᠢᠨᠵᠧᠨᠧᠷᠢᠩ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠠᠮᠵᠢᠯᠲᠠ ᠲᠠᠢ ᠪᠠᠷ ᠳᠠᠬᠢᠨ ᠡᠭᠦᠳᠬᠦ ᠶᠢ ᠦᠨᠡᠨᠬᠦ ᠪᠠᠲᠤᠯᠠᠨ᠎ᠠ᠃      ᠠᠷᠢᠯᠭᠠᠨ ᠦᠭᠡᠶᠢᠰᠬᠡᠬᠦ ᠣᠶᠢᠯᠠᠭᠠᠭᠳᠠᠬᠤᠨ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠨ᠎ᠠ᠃ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠠᠭᠤᠷᠢ ᠴᠢᠨᠠᠷᠲᠠᠢ᠂ ᠡᠬᠢ ᠦᠨᠳᠦᠰᠦ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠤᠨ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠡᠷᠭᠡᠵᠢᠯ ᠤᠨ ᠪᠤᠭᠤᠮᠳᠠ᠂ ᠬᠠᠮᠢᠶᠠᠷᠤᠯᠲᠠ ᠶᠢᠨ ᠪᠤᠭᠤᠮᠳᠠ ᠶᠢ ᠲᠡᠭ ᠠᠴᠠ ᠡᠬᠢᠯᠡᠭᠦᠯᠬᠦ ᠣᠶᠢᠯᠠᠭᠠᠭᠳᠠᠬᠤᠨ ᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠴᠠ ᠬᠦᠨᠳᠦ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠤᠶᠤᠨᠴᠢ ᠪᠠᠷ ᠪᠠᠴᠢᠮ ᠪᠠᠶᠢᠳᠠᠯ ᠢ ᠠᠷᠭᠠᠴᠠᠬᠤ︾ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠥᠨᠳᠥᠷ ᠳᠥᠪᠰᠢᠨ ᠢᠶᠠᠷ ᠪᠠᠶᠢᠭᠤᠯᠵᠤ ᠠᠵᠢᠯᠯᠠᠭᠤᠯᠤᠨ᠎ᠠ᠃ ᠤᠯᠤᠰ ᠤᠨ ᠳᠡᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠡ᠊ᠨᠳᠡᠯ ᠢ ᠰᠢᠢᠳᠪᠦᠷᠢᠯᠡᠬᠦ ᠪᠤᠳᠠᠳᠤ ᠪᠣᠯᠪᠠᠰᠤᠷᠠᠯ ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠶᠤᠯᠲᠠᠢ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠳᠠᠬᠢ ᠲᠦᠭᠰᠢᠭᠦᠷᠢ ᠶᠢ ᠨᠢᠭᠡᠳᠦᠯᠲᠡᠢ ᠲᠥᠯᠥᠪᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠥᠷᠢ ᠥᠭᠴᠡᠭᠡ ᠶᠢᠨ ᠪᠠᠶᠢᠩᠭᠤᠵᠢᠭᠤᠯᠤᠨ  ᠠᠵᠢᠯᠯᠠᠭᠤᠯᠵᠤ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠦᠯᠡᠳᠡᠭᠡᠯ ᠥᠷᠢ ᠥᠭᠴᠡᠭᠡ ᠶᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠳ᠋ᠦᠩᠱᠧᠩ ᠲᠣᠭᠤᠷᠢᠭ ᠤᠨ ︽ᠦᠷᠢ ᠥᠭᠴᠡᠭᠡᠲᠦ ᠪᠠᠶᠢᠳᠠᠯ ᠠᠴᠠ ᠤᠬᠤᠷᠢᠨ ᠭᠠᠷᠬᠤ︾ ᠶᠢ ᠠᠬᠢᠭᠤᠯᠵᠤ᠂ ᠳᠠᠯᠳᠠ ᠥᠷᠢ ᠥᠭᠴᠡᠭᠡ ᠪᠠᠨ ︽ᠪᠦᠬᠦᠨ ᠢ ᠠᠷᠢᠯᠭᠠᠭᠰᠠᠨ︾ ᠬᠤᠰᠢᠭᠤ ᠲᠣᠭᠤᠷᠢᠭ ᠢ 1 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ  ᠤᠨ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠪᠤᠭᠤᠮᠳᠠ ᠰᠢᠪᠲᠤᠯᠠᠬᠤ ᠠᠵᠢᠯ ᠢ ᠥᠷᠨᠢᠭᠦᠯᠵᠦ᠂ ᠠᠶᠤᠯ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠤ ᠲᠦᠭᠰᠢᠭᠦᠷᠢ ᠶᠢ ᠠᠷᠢᠯᠭᠠᠬᠤ ᠠᠬᠢᠴᠠ ᠶᠢ ᠲᠦᠷᠭᠡᠳᠬᠡᠨ᠎ᠡ᠃  ︽  ᠪᠠᠲᠤᠯᠭᠠᠳᠤ ᠲᠤᠰᠢᠶᠠᠬᠤ ᠠᠰᠠᠷ︾  ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︽ᠳᠤᠯᠠᠭᠠᠨ ᠬᠤᠲᠠ ᠶᠢ ᠴᠢᠳᠠᠮᠠᠭᠠᠶ ᠪᠠᠷ ᠵᠠᠰᠠᠬᠤ︾ ᠨᠠᠷᠠᠲᠤ ᠲᠡᠮᠳᠡᠭᠲᠦ ᠶᠢ ᠳᠠᠭᠤᠷᠢᠰᠬᠠᠨ᠎ᠠ᠃ ᠰᠢᠨ᠎ᠡ ᠴᠠᠭ ᠦᠶ᠎ᠡ ᠶᠢᠨ ︽  ᠹᠧᠩᠴᠢᠶᠤᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ᠂ ︽ᠭᠤᠷᠪᠠ ᠶᠢ ᠰᠠᠯᠭᠠᠵᠤ ᠡᠶᠡᠳᠡᠭᠦᠯᠦᠨ ᠰᠢᠢᠳᠪᠦᠷᠢᠯᠡᠬᠦ︾᠂ ︽  ᠳ᠋ᠦᠸᠧ ᠳ᠋ᠦᠸᠧ ᠫᠢᠩ︾ ᠲᠣᠭᠠᠴᠢᠯᠠᠭᠰᠠᠨ ᠲᠠᠪᠴᠠᠩ ᠤᠨ ᠵᠠᠭᠪᠤᠷ ᠢ ᠳᠡᠯᠭᠡᠷᠡᠭᠦᠯᠵᠤ᠂ ︽ᠲᠠᠪᠤ ᠶᠢ ᠵᠠᠰᠠᠵᠤ ᠬᠤᠯᠪᠣᠭᠠᠯᠠᠨ ᠬᠥᠳᠡᠯᠦᠯᠴᠡᠬᠦ︾ ᠶᠢ ᠠᠬᠢᠭᠤᠯᠵᠤ᠂ ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠶᠡᠷᠦᠩᠬᠡᠶᠢᠯᠡᠭᠰᠡᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠩᠬᠡ ᠠᠮᠤᠭᠤᠯᠠᠩ ᠤᠨ ᠪᠠᠶᠢᠭᠤᠯᠤᠯᠲᠠ ᠶᠢᠨ ᠲᠦᠷᠢᠮ︾ ᠢ ᠨᠡᠶᠢᠲᠡᠯᠡᠨ ᠬᠡᠷᠡᠭᠵᠢᠭᠦᠯᠬᠦ ᠶᠢ ᠠᠬᠢᠭᠤᠯᠵᠤ᠂ ︽ᠳᠤᠯᠠᠭᠠᠨ ᠬᠤᠲᠠ · ᠲᠤᠭᠠᠴᠢᠯᠠᠭᠰᠠᠨ ᠤᠶᠤᠨᠴᠢ ᠴᠠᠭᠳᠠᠭᠠᠨ ᠤ ᠶᠠᠪᠤᠳᠠᠯ︾ ᠤᠨ ᠪᠠᠶᠢᠭᠤᠯᠤᠯᠲᠠ ᠶᠢ ᠲᠦᠷᠭᠡᠳᠬᠡᠵᠤ᠂ ᠨᠠᠩ ᠥᠨᠳᠥᠷ ᠬᠢᠷᠢ ᠲᠦᠪᠰᠢᠨ ᠪᠥᠬᠦᠶ ᠡᠩᠬᠡ ᠠᠮᠤᠭᠤᠯᠠᠩ ᠣᠷᠳᠣᠰ ᠢ ᠴᠤᠭᠴᠠᠯᠠᠨ ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠳᠤᠯᠠᠭᠠᠨ ᠬᠤᠲᠠ ᠶᠢᠨ ᠢᠳᠡᠭᠡᠨ ᠤᠮᠳᠠᠭᠠᠨ ᠤ ᠨᠠᠷᠠᠨ ᠭᠡᠷᠡᠯᠲᠦ︾ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂  ᠰᠢᠨ᠎ᠡ ᠨᠢᠭᠡᠨ ᠬᠤᠭᠤᠴᠠᠭᠠᠨ ᠤ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠬᠦ ᠪᠠᠷ ᠴᠢᠷᠮᠠᠶᠢᠨ᠎ᠠ᠃     ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ     ︽ᠰᠢᠨ᠎ᠡ ᠵᠠᠮ ᠨᠡᠭᠡᠭᠡᠵᠤ᠂ ᠡᠮᠦᠨ᠎ᠡ ᠡᠩᠨᠡᠭᠡᠨ ᠳᠤ ᠣᠷᠣᠬᠤ︾ ᠶᠢ ᠪᠡᠶᠡᠯᠡᠭᠦᠯᠬᠦ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠡᠷᠬᠡᠪᠰᠢ ᠬᠠᠷᠢᠭᠤᠴᠠᠯᠭ᠎ᠠ ᠡᠬᠦᠷᠭᠡᠯᠡᠬᠦ ᠪᠠᠨ ᠴᠢᠩᠭᠠᠳᠬᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠦᠨᠡᠨ ᠬᠦ ᠰᠠᠶᠢᠲᠤᠷ ᠭᠦᠢᠴᠡᠳᠬᠡᠭᠴᠢ᠂ ᠠᠵᠢᠯᠯᠠᠭᠠᠴᠢ᠂ ᠪᠤᠳᠠᠲᠠᠢ ᠠᠵᠢᠯᠯᠠᠭᠴᠢ ᠪᠣᠯᠬᠤ ᠴᠢᠬᠤᠯᠠ ᠲᠠᠢ ᠶᠤᠮ᠃      ᠨᠢᠭᠡ ᠳᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠦᠨᠡᠨᠴᠢ ᠰᠢᠳᠤᠷᠭᠤ ᠶᠢ ᠴᠢᠩᠭᠠᠳᠬᠠᠬᠤ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠪᠠ ᠦᠢᠯᠡᠳᠦᠯᠭᠡ ᠶᠢᠨ ᠳᠠᠪᠲᠠᠯᠲᠠ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠴᠢᠳᠠᠪᠤᠷᠢ ᠨᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ ᠳᠡᠶᠢᠯᠬᠦ ᠪᠤᠯᠭᠠᠨ᠎ᠠ᠃ ︽ᠬᠤᠶᠠᠷ ᠢ ᠲᠤᠭᠲᠠᠭᠠᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠪᠣᠳᠠᠲᠠᠶ ᠠᠵᠢᠯᠯᠠᠭ᠎ᠠ ᠳᠡᠭᠡᠷ᠎ᠡ ᠪᠠᠨ ᠪᠠᠷᠢᠮᠲᠠᠯᠠᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠦᠨ ᠦᠢᠯᠡᠳᠦᠯᠭᠡᠵᠢᠭᠦᠯᠵᠦ᠂ ᠰᠠᠶᠢᠨ ᠥᠯᠢᠭᠡᠷ ᠳᠠᠭᠤᠷᠢᠶᠠᠯ ᠪᠤᠯᠤᠨ᠎ᠠ᠃      ᠬᠤᠶᠠᠷ ᠲᠤ᠂ ᠬᠠᠤᠯᠢᠵᠢᠯ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠬᠡᠷᠡᠭᠵᠢᠭᠦᠯᠬᠦ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ᠃ ᠦᠨᠳᠦᠰᠦᠨ ᠬᠠᠤᠯᠢ ᠶᠢ ᠢᠮᠠᠭᠲᠠ ᠡᠷᠬᠢᠮᠯᠡᠨ ᠳᠠᠭᠠᠵᠤ᠂ ᠬᠠᠤᠯᠢ ᠴᠠᠭᠠᠵᠠ ᠶᠢ ᠵᠢᠷᠤᠮᠯᠠᠨ᠂ ᠵᠠᠰᠠᠭ ᠶᠠᠪᠤᠭᠤᠯᠬᠤ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠡᠷᠬᠡ ᠶᠢᠨ ᠬᠢᠵᠠᠭᠠᠷ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ ᠬᠠᠷᠢᠭᠤᠴᠠᠯᠭ᠎ᠠ ᠶᠢ ᠬᠠᠤᠯᠢ ᠲᠤᠭᠲᠠᠭᠠᠯᠵᠢᠭᠤᠯᠬᠤ ᠪᠠ ᠡᠯ᠎ᠡ ᠵᠦᠢᠯ ᠤᠨ ᠠᠵᠢᠯ ᠤᠨ ᠬᠠᠤᠯᠢᠵᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ᠂ ᠰᠢᠨ᠎ᠡ ᠪᠠᠷ ᠬᠥᠭᠵᠢᠭᠰᠡᠨ᠂ ᠤᠨᠴᠠᠯᠢᠭᠲᠤ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠪᠦᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ  ᠳᠠᠭᠤᠷᠢᠶᠠᠯ ᠦᠵᠡᠭᠦᠯᠬᠦ ᠬᠤᠳᠠ ᠶᠢ ᠲᠦᠷᠭᠡᠪᠴᠢᠯᠡᠨ ᠪᠠᠶᠢᠭᠤᠯᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠲᠣᠭᠲᠠᠭᠠᠯ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠠᠵᠢᠯᠯᠠᠭ᠎ᠠ ᠨᠢᠭᠡᠪᠦᠷᠢ ᠶᠢ ᠲᠥᠪ ᠭᠤᠣᠯᠴᠢ ᠢᠯᠡ ᠲᠣᠳᠣ ᠪᠤᠯᠭᠠᠨ᠎ᠠ᠃      ᠭᠤᠷᠪᠠ ᠳᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ᠃ ᠨᠠᠶᠢᠳᠠᠪᠤᠷᠢᠵᠢᠭᠤᠯᠤᠯᠲᠠ ᠶᠢ ᠲᠡᠷᠡ ᠴᠢᠭ ᠢᠶᠠᠷ ᠨᠢ᠂ ᠪᠤᠰᠢᠭᠤ ᠱᠠᠯᠠᠮᠠᠭᠠᠶ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠨ᠂ ᠵᠤᠷᠢᠭᠲᠠᠢ ᠪᠠᠷ ᠴᠢᠳᠠᠮᠠᠭᠠᠢ ᠪᠠᠷ ᠰᠠᠶᠢᠲᠤᠷ ᠠᠳᠬᠤᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠲᠣᠭᠲᠠᠭᠠᠭᠰᠠᠨ ᠶᠠᠪᠤᠳᠠᠯ ᠢ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠤ᠂ ᠲᠦᠷᠭᠡᠨ ᠦᠷ᠎ᠡ ᠳ᠋ᠦᠩ ᠭᠠᠷᠭᠠᠵᠤ᠂ ᠰᠠᠶᠢᠨ ᠦᠷ᠎ᠡ ᠳ᠋ᠦᠩ ᠭᠠᠷᠭᠠᠨ᠎ᠠ᠃︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ︽ᠤᠳᠠᠭᠠᠨ ᠬᠠᠰᠢ ᠶᠠᠰᠢ ᠬᠠᠭᠤᠮᠠᠭᠠᠢ ᠪᠠᠶᠢᠬᠤ︾ ᠪᠠᠶᠢᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ᠵᠢᠷᠤᠮᠵᠢᠭᠤᠯᠬᠤ᠂ ᠴᠤᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ᠤᠬᠠᠮᠰᠠᠷ ᠠᠴᠠ ᠪᠠᠨ ︽ᠥᠪᠡᠰᠦᠪᠡᠨ ᠬᠤᠷᠠᠯᠳᠤᠭᠤᠯᠤᠭᠰᠠᠨ ᠬᠤᠷᠠᠯ ᠢᠶᠠᠨ ᠥᠪᠡᠰᠦᠪᠡᠨ ᠲᠤᠭᠤᠰᠢᠯᠠᠭᠤᠯᠵᠤ᠂ ᠥᠪᠡᠰᠦᠪᠡᠨ ᠬᠢᠭᠰᠡᠨ ᠴᠣᠬᠤᠯᠠᠪᠤᠷᠢ  ᠪᠠᠨ ᠥᠪᠡᠰᠦᠪᠡᠨ ᠨᠠᠶᠢᠳᠠᠪᠤᠷᠢᠵᠢᠭᠤᠯᠵᠤ᠂ ᠥᠪᠡᠰᠦᠪᠡᠨ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢ ᠥᠪᠡᠰᠦᠪᠡᠨ ᠨᠠᠶᠢᠳᠠᠪᠤᠷᠢᠵᠢᠭᠤᠯᠵᠤ᠂ ᠥᠪᠡᠰᠦᠪᠡᠨ ᠬᠢᠭᠰᠡᠨ ᠪᠠᠶᠢᠴᠠᠭᠠᠨ ᠰᠤᠳᠤᠯᠤᠯᠲᠠ ᠪᠠᠨ ᠥᠪᠡᠰᠦᠪᠡᠨ ᠠᠬᠢᠭᠤᠯᠬᠤ︾ ᠶᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠤ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠭᠠᠷᠭᠠᠨ᠎ᠠ᠃ ᠰᠢᠢᠳᠪᠦᠷᠢᠯᠡᠬᠦ ᠰᠡᠳᠬᠢᠬᠦᠶ ᠶᠢ ᠪᠠᠷᠢᠮᠲᠠᠯᠠᠵᠤ᠂ ᠢᠨᠵᠧᠨᠧᠷᠢᠩ ᠤᠨ ᠰᠡᠳᠬᠢᠬᠦᠶ ᠪᠠᠨ ᠴᠢᠩᠭᠠᠳᠬᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠬᠥᠭᠵᠢᠯᠲᠡ ᠶᠢᠨ ᠬᠠᠷᠰᠢ ᠰᠠᠭᠠᠳ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠠᠵᠢᠯ ᠤᠨ ᠲᠦᠭᠵᠢᠷᠡᠯ ᠢ ᠰᠢᠯᠦᠭᠤᠳᠬᠠᠵᠤ᠂ ᠵᠣᠷᠢᠭᠲᠠᠶ ᠪᠠᠷ ᠰᠢᠷᠦᠭᠦᠨ ᠳᠠᠶᠢᠯᠠᠯᠳᠤᠭᠠᠨ ᠬᠢᠵᠦ᠂ ᠢᠯᠠᠭᠤᠭᠰᠠᠨ ᠲᠡᠶᠢᠨ ᠬᠢᠵᠦ ᠴᠢᠳᠠᠬᠤ ᠲᠡᠷᠢᠭᠦᠨ ᠤ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃      ᠲᠦᠷᠪᠡ ᠳᠤ᠂ ᠠᠷᠠᠳ ᠲᠦᠮᠡᠨ ᠳᠤ ᠪᠤᠶᠠᠨ ᠦᠢᠯᠡᠳᠬᠦ ᠵᠣᠷᠢᠯᠲᠠ ᠪᠠᠨ ᠦᠢᠯᠡᠳᠦᠯᠭᠡᠵᠢᠭᠦᠯᠬᠦ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ᠃ ᠠᠷᠠᠳ ᠤᠨ ᠲᠥᠯᠥᠭᠡ ᠵᠢᠳᠬᠦᠬᠦ ᠬᠠᠷᠠᠯᠲᠠ ᠶᠢ ᠪᠠᠲᠤ ᠪᠠᠬᠢ ᠪᠤᠢ ᠪᠣᠯᠭᠠᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠪᠣᠳᠠᠲᠤ ᠪᠠᠶᠢᠳᠠᠯ ᠪᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠦᠨᠳᠦᠳᠬᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠨ᠎ᠡ᠃ ᠭᠤᠤᠯ ᠰᠡᠳᠦᠪᠲᠦ ᠬᠥᠮᠦᠵᠢᠯ ᠪᠣᠯᠤᠨ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ︽ᠬᠤᠲᠠ ᠶᠢᠨ ᠠᠷᠠᠳ ᠲᠤ ᠮᠡᠳᠡᠭᠦᠯᠦᠯᠲᠡ ᠬᠢᠬᠦ᠂ ᠬᠤᠲᠠ ᠶᠢᠨ ᠠᠷᠠᠳ ᠤᠨ ᠰᠠᠨᠠᠯ ᠢ ᠰᠣᠨᠣᠰᠬᠤ᠂ ᠬᠤᠲᠠ ᠶᠢᠨ ᠠᠷᠠᠳ ᠢ ᠤᠷᠢᠵᠤ ᠦᠨᠡᠯᠡᠯᠲᠡ ᠬᠢᠯᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠤ᠂ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠤᠲᠠᠰᠤ ᠲᠤᠰᠬᠤ ᠲᠣᠭᠲᠠᠴᠠ ᠶᠢ ᠪᠦᠷᠢᠨᠰᠢᠬᠦᠯᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠳᠠᠷᠤᠢ ᠳᠤᠨᠢ ᠰᠠᠶᠢᠲᠤᠷ ᠰᠢᠢᠳᠪᠦᠷᠢᠯᠡᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠠᠵᠢᠯᠯᠠᠭ᠎ᠠ ᠳᠡᠭᠡᠷ᠎ᠡ ᠪᠠᠨ ᠪᠠᠶᠢᠵᠤ᠂ ᠬᠠᠵᠠᠭᠤ ᠳᠤ ᠴᠢᠨᠢ ᠪᠠᠶᠢᠬᠤ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠨᠡᠨ ᠬᠦ ᠮᠡᠳᠡᠷᠡᠭᠦᠯᠦᠨ᠎ᠡ᠃       ᠲᠠᠪᠤ ᠳᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ᠂ ᠰᠢᠨ᠎ᠡ ᠰᠤᠷᠲᠠᠯ ᠢ ᠪᠤᠢ ᠪᠣᠯᠭᠠᠬᠤ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ᠃ ᠲᠡᠮᠦᠷ ᠢ ᠳᠠᠪᠲᠠᠨ ᠪᠤᠯᠪᠠᠰᠤᠷᠠᠭᠤᠯᠬᠤ ᠳᠤ ᠡᠷᠬᠡᠪᠰᠢ ᠥᠪᠡᠷ ᠢᠶᠠᠨ ᠬᠠᠲᠠᠭᠤ ᠴᠢᠩᠭ᠎ᠠ ᠪᠠᠶᠢᠬᠤ ᠶᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠢᠯᠵᠠᠷᠠᠵᠤ ᠴᠢᠳᠠᠬᠤ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠡᠷᠦᠩᠬᠡᠶᠢᠯᠡᠭᠰᠡᠨ ᠦᠢᠯᠡᠳᠦᠯ ᠴᠢᠳᠠᠪᠬᠢ ᠶᠢ ᠳᠡᠭᠡᠭᠰᠢᠯᠡᠬᠦᠯᠦᠨ᠎ᠡ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠨ ᠪᠣᠳᠤᠯᠲᠠ᠂ ᠲᠤᠭ᠎ᠠ ᠪᠦᠷᠢᠳᠭᠡᠯ ᠪᠠ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢ ᠴᠢᠩᠭᠠᠳᠬᠠᠨ ᠴᠢᠩᠳᠠᠯᠠᠨ᠎ᠠ᠃ ︽ᠭᠠᠮᠨᠠᠨ ᠠᠮᠢᠳᠤᠷᠠᠬᠤ︾ ᠳᠤ ᠳᠠᠳᠴᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠡᠵᠡᠮᠳᠡᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ ᠵᠠᠯᠠᠷᠠᠭᠤᠯᠤᠨ᠂ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠨᠡᠩ ᠢᠯᠡᠭᠦᠦ ᠬᠡᠷᠡᠭᠯᠡᠵᠦ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ᠲᠥᠯᠥᠭᠡᠯᠡᠭᠴᠢᠳ ᠡ︕ ᠥᠷᠨᠢᠭᠦᠨ ᠬᠥᠭᠵᠢᠩᠭᠦᠢ ᠠᠭᠤᠤ ᠶᠡᠭᠡ ᠴᠠᠭ ᠦᠶ᠎ᠡ ᠮᠠᠨ ᠤ ᠡᠮᠦᠨ᠎ᠡ ᠪᠠᠶᠢᠭ᠎ᠠ᠂ ᠬᠦᠨᠳᠦ ᠡᠭᠦᠷᠭᠡ ᠶᠢ ᠵᠣᠷᠢᠭ ᠲᠠᠢ ᠪᠠᠷ ᠡᠭᠦᠷᠭᠡᠯᠡᠬᠦ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠬᠥᠮᠦᠰ ᠢ ᠤᠷᠮᠠᠰᠢᠭᠤᠯᠤᠨ ᠳᠠᠪᠰᠢᠨ ᠤᠷᠤᠭᠰᠢᠯᠠᠭᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠡᠷᠡᠯᠬᠡᠭᠯᠡᠨ ᠲᠡᠮᠡᠴᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂  ᠵᠤᠷᠢᠭᠲᠠᠢ ᠪᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠳᠤᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ ᠨᠡᠷ᠎ᠡ ᠲᠤᠮᠢᠶᠠᠨ ᠤ ᠲᠠᠶᠢᠯᠪᠤᠷᠢᠯᠠᠯᠲᠠ      1. ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠄ ᠡᠨᠧᠷᠭᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠢᠮᠠᠭᠠᠨ ᠨᠣᠣᠯᠤᠭᠤᠷ ᠤᠨ ᠠᠵᠤ ᠦᠢᠯᠡᠰ ᠵᠡᠷᠭᠡ ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ ᠢ ᠴᠤᠭᠴᠠᠯᠠᠨ ᠪᠠᠶᠢᠭᠤᠯᠵᠤ᠂ ᠠᠮᠢ ᠠᠬᠤᠢ ᠶᠢᠨ ᠵᠠᠰᠠᠯᠲᠠ᠂ ᠪᠣᠯᠪᠠᠰᠤᠨ ᠬᠤᠲᠠ᠂ ᠬᠠᠮᠲᠤ ᠪᠠᠷ ᠴᠢᠨᠡᠭᠡᠯᠢᠭᠵᠢᠬᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠵᠡᠷᠭᠡ ᠤᠯᠤᠰ ᠤᠨ ᠳᠥᠷᠪᠡᠨ ᠬᠡᠪ ᠳᠠᠭᠤᠷᠢᠶᠠᠯ ᠢ ᠪᠤᠢ ᠪᠣᠯᠭᠠᠵᠤ᠂ ᠰᠢᠨ᠎ᠡ ᠶᠢ ᠡᠭᠦᠳᠦᠭᠰᠡᠨ ᠠᠮᠢ ᠠᠬᠤᠢ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ᠂ ᠬᠤᠲᠠ ᠶᠢᠨ ᠳᠦᠷᠢ ᠲᠥᠷᠬᠦ᠂ ᠺᠠᠳ᠋ᠷ ᠤᠨ ᠡᠩᠨᠡᠭᠡ ᠵᠡᠷᠭᠡ ᠪᠥᠬᠦ ᠤᠯᠤᠰ ᠤᠨ ᠳᠥᠷᠪᠡᠨ ᠲᠡᠷᠢᠭᠦᠨ ᠵᠡᠷᠭᠡ ᠶᠢ ᠡᠭᠦᠳᠬᠦ ᠶᠢ ᠵᠢᠭᠠᠵᠤ ᠪᠤᠢ᠃      2. ᠬᠤᠶᠠᠷ ᠡᠷᠡᠭᠦᠯ᠄ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠥᠰᠦᠨ ᠪᠣᠶᠢᠵᠢᠬᠤ ᠶᠢ ᠠᠬᠢᠭᠤᠯᠬᠤ ᠶᠢ ᠵᠢᠭᠠᠵᠤ ᠪᠤᠢ᠃      3. ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠷᠪᠠᠨ ᠶᠡᠭᠡ ᠠᠵᠢᠯᠯᠠᠭ᠎ᠠ᠄ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠤᠷᠠᠳᠤᠭᠰᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠤᠳᠠᠲᠠᠶᠢᠵᠢᠭᠤᠯᠬᠤ᠂ ᠭᠠᠷᠳᠠᠮ ᠭᠦᠢᠴᠡᠳᠬᠡᠬᠦ᠂ ᠡᠳ᠋ ᠤᠨ ᠵᠠᠰᠠᠭ ᠠᠴᠠ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠪᠡᠯᠡ ᠬᠤᠷᠠᠮᠳᠤᠭᠤᠯᠬᠤ ᠦᠢᠯᠡᠴᠢᠯᠡᠭᠡ ᠬᠠᠩᠭᠠᠬᠤ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠠᠷᠪᠠᠨ ᠶᠡᠭᠡ ᠠᠵᠢᠯᠯᠠᠭ᠎ᠠ ᠶᠢ ᠬᠡᠷᠡᠭᠵᠢᠭᠦᠯᠬᠦ ᠶᠢ ᠵᠢᠭᠠᠵᠤ ᠪᠤᠢ᠃᠃       4. ᠭᠤᠷᠪᠠ ᠶᠢ ᠦᠭᠡᠶᠢᠰᠬᠡᠬᠦ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠦᠭᠡᠢ᠂ ᠰᠤᠳᠤᠯᠤᠨ ᠨᠡᠭᠡᠭᠡᠬᠦ ᠪᠠᠶᠢᠭᠤᠯᠤᠮᠵᠢ ᠦᠭᠡᠢ᠂ ᠡᠭᠦᠳᠦᠯᠲᠡ ᠶᠢᠨ ᠲᠤᠰᠬᠠᠢ ᠠᠰᠢᠭ ᠦᠭᠡᠢ ᠪᠠᠶᠢᠬᠤ ᠶᠢ ᠦᠭᠡᠶᠢᠰᠬᠡᠬᠦ ᠶᠢ ᠠᠬᠢᠭᠤᠯᠬᠤ ᠶᠢ ᠵᠢᠭᠠᠵᠤ ᠪᠤᠢ᠃      5. ︽ᠲᠠᠪᠤ ᠶᠢ ᠲᠤᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠲᠤᠰᠬᠠᠢ ᠠᠵᠢᠯᠯᠠᠭ᠎ᠠ ᠪᠣᠯᠤᠨ᠎ᠠ᠂ ᠭᠤᠣᠯᠳᠠᠭᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂  ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ᠂ ᠰᠤᠯᠠ ᠪᠠᠶᠢᠭ᠎ᠠ ᠭᠠᠵᠠᠷ ᠰᠢᠷᠣᠢ᠂ ᠡᠳ᠋ ᠤᠨ ᠵᠠᠰᠠᠭ ᠤᠨ ᠲᠤᠨᠤᠮᠠᠯ ᠪᠡᠯᠡ ᠮᠥᠩᠭᠦ᠂ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠲᠤᠶᠢᠯᠪᠦᠷᠢᠲᠠᠢ ᠪᠠᠶᠢᠴᠠᠭᠠᠬᠤ ᠶᠢ ᠵᠢᠭᠠᠵᠤ ᠪᠤᠢ᠃      6. ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠶᠢᠷᠢᠯᠠᠭᠤᠯᠤᠨ ᠥᠷᠨᠢᠭᠦᠯᠦᠭᠰᠡᠨ ︽ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠪᠣᠯᠤᠨ᠎ᠠ᠂ ᠪᠥᠬᠦ ᠣᠷᠣᠨ ᠤ ᠡᠯ᠎ᠡ ᠵᠦᠢᠯ ᠤᠨ ᠠᠵᠢᠯ ᠢ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠶᠢ ᠠᠬᠢᠭᠤᠯᠤᠨ᠎ᠠ᠃      7. ᠲᠤᠯᠠᠭᠠᠨ ᠬᠤᠲᠠ ᠶᠢᠨ ︽ᠲᠠᠪᠤᠨ ᠬᠠᠨᠤᠮᠵᠢᠲᠠᠢ︾ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠨᠠᠷᠠᠲᠤ ᠲᠥᠷᠥᠯ ᠲᠡᠮᠳᠡᠭᠲᠦ᠄ ︽ᠬᠠᠮᠤᠭ ᠤᠨ ᠶᠡᠭᠡ ᠬᠠᠷᠠᠭᠠᠯᠵᠠᠯ ᠬᠦᠷᠲᠡᠭᠡᠬᠦ︾ ᠳᠡᠮᠵᠢᠯᠭᠡ ᠶᠢ ᠬᠡᠷᠡᠭᠵᠢᠭᠦᠯᠵᠦ᠂ ᠬᠠᠮᠤᠭ ᠤᠨ ᠰᠡᠳᠬᠢᠯ ᠢ ᠳᠤᠯᠠᠭᠠᠴᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔︽ᠬᠠᠮᠤᠭ ᠤᠨ ᠲᠥᠬᠦᠮ︾ ᠬᠢᠨᠠᠨ ᠵᠥᠪᠰᠢᠶᠡᠷᠡᠯ ᠢ ᠬᠡᠷᠡᠭᠵᠢᠭᠦᠯᠵᠦ᠂ ᠠᠵᠢᠯ ᠶᠠᠪᠤᠳᠠᠯ ᠢ ᠬᠠᠮᠤᠭ ᠤᠨ ᠠᠮᠠᠷᠬᠠᠨ ᠪᠡᠶᠡᠯᠡᠭᠦᠯᠦᠨ᠎ᠡ︔ ︽ᠬᠠᠮᠤᠭ ᠤᠨ ᠨᠠᠷᠢᠨ ᠣᠨᠣᠴᠠᠲᠠᠢ︾ ᠬᠢᠨᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠤᠭ ᠤᠨ ᠰᠠᠨᠠᠭ᠎ᠠ ᠠᠮᠤᠷ ᠢᠶᠠᠷ ᠪᠡᠯᠡ ᠣᠷᠣᠭᠤᠯᠤᠯᠲᠠ ᠬᠢᠯᠭᠡᠨ᠎ᠡ︔ ︽ᠬᠠᠮᠤᠭ ᠤᠨ ᠰᠢᠯᠢᠳᠡᠭ︾ ᠦᠢᠯᠡᠴᠢᠯᠡᠭᠡ ᠶᠢ ᠬᠡᠷᠡᠭᠵᠢᠭᠦᠯᠵᠦ᠂ ᠬᠠᠮᠤᠭ ᠤᠨ ᠬᠠᠯᠠᠭᠤᠨ ᠲᠣᠲᠤᠨᠤ ᠦᠢᠯᠡᠴᠢᠯᠡᠭᠡ ᠬᠠᠩᠭᠠᠨ᠎ᠠ︔ ︽ᠬᠠᠮᠤᠭ ᠰᠠᠶᠢᠨ︾ ᠪᠠᠲᠤᠯᠠᠭ᠎ᠠ ᠶᠢ ᠬᠡᠷᠡᠭᠵᠢᠭᠦᠯᠵᠦ᠂ ᠬᠠᠮᠤᠭ ᠤᠨ ᠲᠠᠭᠠᠯᠠᠮᠵᠢᠲᠠᠢ ᠠᠮᠢᠳᠤᠷᠠᠯ ᠢ ᠡᠳ᠋ᠯᠡᠭᠦᠯᠦᠨ᠎ᠡ᠃      8. ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠤᠨ ᠭᠤᠣᠯ ᠠᠭᠤᠯᠭ᠎ᠠ ᠪᠣᠯᠤᠨ᠎ᠠ᠂ ᠭᠤᠣᠯᠳᠠᠭᠤ ᠨᠠᠮ ᠤᠨ ᠠᠴᠢ ᠡᠨᠡᠷᠢᠯ ᠳᠤ ᠲᠠᠯᠠᠷᠬᠠᠵᠤ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ᠂ ᠬᠢᠯᠢ ᠬᠢᠵᠠᠭᠠᠷ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠳᠤ ᠵᠢᠱᠢᠶᠡᠴᠢ ᠪᠣᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠪᠤᠷᠢᠵᠢᠭᠤᠯᠬᠤ ᠪᠠᠬᠢᠵᠢᠭᠦᠯᠬᠦ ᠳᠡᠭᠡᠷ᠎ᠡ ᠵᠢᠱᠢᠶᠡᠴᠢ ᠪᠣᠯᠬᠤ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ᠃      9. ︽ᠲᠠᠪᠤᠨ ᠡᠷᠬᠡᠪᠰᠢ︾ ᠶᠢᠨ ᠴᠢᠬᠤᠯᠠ ᠱᠠᠭᠠᠷᠳᠠᠯᠭ᠎ᠠ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢᠨ ᠬᠤᠷᠢᠶᠠᠩᠭᠤᠶᠢᠯᠠᠯ ᠪᠣᠯᠤᠨ᠎ᠠ᠂ ᠲᠤᠬᠠᠶᠢᠯᠠᠪᠠᠯ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠡᠷᠬᠡᠪᠰᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠬᠤ᠂  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠭᠡᠬᠦ ᠳᠤ ᠬᠠᠮᠵᠢᠯᠴᠠᠨ ᠬᠦᠴᠦᠯᠡᠭᠦᠯᠬᠦ ᠶᠢ ᠡᠷᠬᠡᠪᠰᠢ ᠪᠠᠷᠢᠮᠲᠠᠯᠠᠬᠤ᠂  ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ ᠶᠢ ᠡᠷᠬᠡᠪᠰᠢ ᠪᠠᠷᠢᠮᠲᠠᠯᠠᠬᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠡᠷᠬᠡᠪᠰᠢ ᠪᠠᠷᠢᠮᠲᠠᠯᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠬᠡᠪᠰᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠣᠯᠭᠠᠬᠤ ᠵᠡᠷᠭᠡ ᠪᠣᠯᠤᠨ᠎ᠠ᠃      10. ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠲᠤᠬᠠᠶᠢᠯᠠᠪᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ  ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ᠎ᠠ᠃       11. ᠬᠤᠶᠠᠷ ᠤᠭᠲᠤ ᠭᠤᠶᠢᠪᠢᠰᠢ ᠦᠭᠡᠢ᠄ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠤᠭᠲᠤ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠤᠭᠲᠤ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠬᠤ ᠶᠢ ᠵᠢᠭᠠᠵᠤ ᠪᠤᠢ᠃       12. ︽ᠬᠡᠪᠴᠢᠶᠡᠵᠢᠯ ᠠᠴᠠ ᠳᠡᠭᠡᠭᠰᠢᠬᠢ ᠳᠥᠷᠪᠡᠨ ᠲᠥᠷᠥᠯ ᠤᠨ ᠠᠵᠤ ᠠᠬᠤᠶᠢᠯᠠᠯ︾᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠵᠡᠷᠭᠡ ᠲᠠᠰ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠥᠭᠡᠮ ᠢᠶᠠᠷ ᠪᠣᠷᠤᠯᠠᠭᠤᠯᠬᠤ ᠪᠠ ᠬᠤᠨᠤᠭ ᠢᠳᠡᠭᠡᠨ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ ᠪᠣᠯᠤᠨ᠎ᠠ᠃       13. ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ᠄ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠳᠤᠮᠳᠠ ᠳᠡᠭᠡᠳᠦ ᠲᠠᠰ ᠤᠨ ᠠᠵᠤ ᠦᠢᠯᠡᠰ ᠤᠨ ᠬᠦᠷᠢᠶᠡᠨ ᠳᠤ ᠲᠥᠪᠯᠡᠷᠡᠵᠦ ᠪᠠᠶᠢᠭ᠎ᠠ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠪᠠᠶᠢᠬᠤ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠵᠢᠭᠠᠵᠤ ᠪᠣᠶ᠂ ᠡᠲᠡᠭᠡᠷ ᠠᠵᠤ ᠠᠬᠤᠶᠢᠯᠠᠯ ᠨᠢ ᠨᠡᠶᠢᠳᠡᠮ ᠳᠡᠭᠡᠨ ᠡᠵᠡᠩᠨᠡᠯᠲᠡ ᠶᠢᠨ ᠦᠷ᠎ᠡ ᠪᠦᠲᠦᠮᠵᠢ ᠪᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠲᠣᠨᠣᠭᠯᠠᠯ ᠤᠷ᠎ᠠ ᠮᠡᠷᠭᠡᠰᠢᠯ ᠨᠢ ᠲᠡᠷᠢᠭᠦᠨ ᠤ᠂ ᠬᠠᠮᠢᠶᠠᠷᠤᠯᠲᠠ ᠶᠢᠨ ᠲᠣᠭᠲᠠᠯᠴᠠᠭ᠎ᠠ ᠨᠢ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠵᠡᠷᠭᠡ ᠣᠨᠴᠠᠯᠢᠭ ᠲᠠᠢ᠃       14. ᠳᠠᠯᠳᠠ ᠮᠠᠩᠯᠠᠢ ᠠᠵᠤ ᠠᠬᠤᠶᠢᠯᠠᠯ᠄ ᠣᠷᠳᠣ ᠬᠤᠭᠤᠴᠠᠭ᠎ᠠ ᠪᠠᠷ ᠶᠠᠮᠠᠷ ᠨᠢᠭᠡᠨ ᠨᠠᠷᠢᠨ ᠠᠵᠢᠯ ᠲᠥᠷᠥᠯ ᠤᠨ ᠦᠢᠯᠡᠳᠬᠦᠨ ᠤ ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠪᠠ ᠡᠵᠡᠩᠨᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢᠨ ᠲᠤᠭ᠎ᠠ ᠨᠢ ᠨᠡᠯᠢᠶᠡᠳ ᠶᠡᠭᠡ ᠪᠣᠯᠪᠠᠴᠤ ᠨᠡᠷ᠎ᠡ ᠮᠡᠳᠡᠴᠡ ᠪᠠᠷ ᠳᠣᠣᠷ᠎ᠠ ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ ᠪᠣᠶ᠃       15. ᠲᠡᠷᠢᠭᠦᠨ ᠤ ᠮᠡᠷᠭᠡᠵᠢᠯ ᠤᠨ ᠠᠵᠤ ᠦᠢᠯᠡᠳᠪᠦᠷᠢ᠄ ᠲᠣᠭᠠᠴᠢᠯᠠᠭᠰᠠᠨ ᠦᠢᠯᠡᠳᠪᠦᠷᠢᠯᠡᠯ ᠤᠨ ᠮᠡᠷᠭᠡᠵᠢᠯ ᠢ ᠪᠠᠭ᠎ᠠ ᠬᠡᠪᠴᠢᠶᠡᠨ ᠤ ᠲᠤᠷᠰᠢᠯᠲᠠ ᠶᠢᠨ ᠴᠡᠭ  ᠠᠴᠠ ᠶᠡᠭᠡ ᠬᠡᠪᠴᠢᠶᠡᠨ ᠤ ᠬᠡᠷᠡᠭᠯᠡᠭᠡᠨ ᠳᠤ ᠣᠷᠤᠭᠤᠯᠵᠤ ᠴᠢᠳᠠᠭᠰᠠᠨ ᠪᠥᠭᠡᠳ ᠯᠤᠲᠤ ᠶᠡᠭᠡ ᠡᠳ᠋ ᠤᠨ ᠶᠠᠪᠤᠳᠠᠯ ᠤᠨ ᠠᠰᠢᠭ ᠣᠷᠣᠯᠭ᠎ᠠ ᠣᠯᠣᠭᠰᠠᠨ ᠠᠮᠵᠢᠯᠲᠠ ᠲᠠᠢ ᠠᠵᠤ ᠠᠬᠤᠶᠢᠯᠠᠯ ᠢ ᠵᠢᠭᠠᠵᠤ ᠪᠣᠶ᠂ ᠲᠡᠷᠡ ᠨᠢ ᠦᠢᠯᠡᠳᠬᠦ ᠦᠢᠯᠡᠰ ᠤᠨ ᠣᠶᠤᠨᠴᠢ ᠪᠠᠷ ᠦᠢᠯᠡᠳᠬᠦ ᠪᠠ ᠲᠣᠭᠠᠴᠢᠯᠠᠯᠲᠠ ᠶᠢᠨ  ᠬᠠᠮᠤᠭ ᠤᠨ ᠥᠨᠳᠥᠷ ᠬᠢᠷᠢ ᠲᠦᠪᠰᠢᠨ ᠢ ᠲᠥᠯᠦᠭᠡᠯᠡᠵᠦ ᠪᠤᠢ᠃       16. ᠵᠡᠭᠦᠨᠲᠡᠬᠢ ᠲᠣᠭᠠᠵᠢᠭᠤᠯᠤᠯᠲᠠ ᠪᠠᠷᠠᠭᠤᠨᠲᠠᠬᠢ ᠪᠣᠳᠤᠯᠲᠠ᠄ ᠤᠯᠤᠰ ᠠᠴᠠ ᠬᠡᠷᠡᠭᠵᠢᠭᠦᠯᠦᠭᠰᠡᠨ ᠵᠡᠭᠦᠨᠲᠡᠬᠢ ᠲᠣᠭᠠᠵᠢᠭᠤᠯᠤᠯᠲᠠ ᠪᠠᠷᠠᠭᠤᠨᠲᠠᠬᠢ ᠪᠣᠳᠤᠯᠲᠠ ᠶᠢᠨ ᠢᠨᠵᠧᠨᠧᠷᠢᠩ ᠪᠣᠯᠣᠨ᠎ᠠ᠂ ᠲᠤᠬᠠᠶᠢᠯᠠᠪᠠᠯ ᠳ᠋ᠠᠶᠢᠲ᠋ᠠ ᠶᠢᠨ ᠲᠥᠪ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ ᠶᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠪᠤᠳᠤᠬᠤ ᠬᠦᠴᠦᠨ ᠤ ᠰᠦᠯᠵᠢᠶᠡᠨ ᠤ ᠲᠣᠭᠲᠠᠯᠴᠠᠭ᠎ᠠ ᠶᠢ ᠪᠠᠶᠢᠭᠤᠯᠬᠤ ᠪᠠᠷ ᠳᠠᠮᠵᠢᠭᠤᠯᠤᠨ᠂ ᠵᠡᠭᠦᠨᠲᠡᠬᠢ ᠪᠤᠳᠤᠬᠤ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢ ᠡᠮᠬᠢ ᠵᠢᠷᠤᠮ ᠲᠠᠢ ᠪᠠᠷ ᠪᠠᠷᠠᠭᠤᠨ ᠣᠷᠣᠨ ᠳᠤ ᠬᠥᠲᠥᠯᠥᠨ ᠣᠷᠤᠭᠤᠯᠵᠤ᠂ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ ᠶᠢ ᠵᠢᠭᠠᠵᠤ ᠪᠣᠶ᠃      17᠂ ︽ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠴᠢᠳᠠᠪᠤᠷᠢᠲᠠᠨ᠂ ᠮᠥᠩᠭᠦᠨ ᠭᠦᠢᠯᠭᠡᠭᠡ᠂  ᠵᠠᠭᠤᠴᠢ ᠦᠢᠯᠡᠴᠢᠯᠡᠭᠡ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ︾ ᠶᠢ ᠬᠠᠮᠵᠢᠯᠴᠠᠭᠤᠯᠤᠭᠰᠠᠨ ᠰᠢᠨ᠎ᠡ ᠶᠢ ᠡᠭᠦᠳᠬᠦ ᠲᠤᠭᠲᠠᠯᠴᠠᠭ᠎ᠠ᠄ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠴᠢᠳᠠᠪᠤᠷᠢᠲᠠᠨ᠂ ᠮᠥᠩᠭᠦᠨ ᠭᠦᠢᠯᠭᠡᠭᠡ᠂  ᠵᠠᠭᠤᠴᠢ ᠦᠢᠯᠡᠴᠢᠯᠡᠭᠡ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠬᠠᠷᠢᠯᠴᠠᠨ ᠬᠠᠮᠵᠢᠯᠴᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠤᠳᠤᠯᠬᠤ᠂ ᠨᠡᠭᠡᠭᠡᠬᠦ᠂ ᠦᠢᠯᠡᠳᠪᠦᠷᠢᠯᠡᠬᠦ ᠶᠢ ᠨᠢᠭᠡ ᠴᠤᠭᠴᠠᠵᠢᠭᠤᠯᠤᠭᠰᠠᠨ ᠲᠡᠷᠢᠭᠦᠨ ᠤ ᠰᠢᠰᠲ᠋ᠧᠮ ᠢ  ᠪᠦᠷᠢᠯᠳᠦᠬᠦᠯᠬᠦ ᠶᠢ ᠵᠢᠭᠠᠵᠤ ᠪᠤᠢ᠃     18.ᠳᠥᠷᠪᠡ ᠶᠢ ᠭᠦᠢᠴᠡᠳᠬᠡᠬᠦ᠄ ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ ᠶᠢ ᠵᠢᠭᠠᠵᠤ ᠪᠤᠢ᠃      19. ︽ᠨᠢᠭᠡ ᠬᠤᠲᠠ ᠨᠢᠭᠡ ᠬᠦᠷᠢᠶᠡᠯᠡᠩ ᠨᠢᠭᠡ ᠨᠡᠪᠲᠡᠷᠡᠯ ᠵᠠᠮ︾ ᠭᠤᠷᠪᠠᠨ ︽ᠪᠥᠬᠦ ᠤᠯᠤᠰ ᠤᠨ ᠠᠩᠬᠠᠨ ᠤ ᠡᠭᠦᠳᠦᠯᠲᠡ ᠶᠢᠨ ᠳᠠᠭᠤᠷᠢᠶᠠᠯ ᠦᠵᠡᠭᠦᠯᠬᠦ ᠪᠦᠲᠦᠭᠡᠨ ᠪᠠᠶᠢᠭᠤᠯᠤᠯᠲᠠ︾᠄ ᠬᠢᠶ᠎ᠠ ᠪᠠᠭᠰᠢ ᠲᠣᠭᠤᠷᠢᠭ ᠲᠤ ᠪᠦᠬᠦ ᠤᠯᠤᠰ ᠤᠨ ᠠᠩᠬᠠᠳᠠᠭᠴᠢ ᠬᠤᠲᠠ ᠶᠢᠨ ᠭᠤᠣᠯ ᠲᠣᠭᠤᠷᠢᠭ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠳᠠᠭᠤᠷᠢᠶᠠᠯ ᠦᠵᠡᠭᠦᠯᠬᠦ ᠲᠤᠷᠰᠢᠯᠲᠠ ᠶᠢᠨ ᠴᠡᠭ ᠢ ᠪᠠᠶᠢᠭᠤᠯᠵᠤ᠂ ᠲᠠᠯᠠᠳ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠪᠥᠬᠦ ᠤᠯᠤᠰ ᠤᠨ ᠠᠩᠬᠠᠳᠠᠭᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠳᠠᠭᠤᠷᠢᠶᠠᠯ ᠦᠵᠡᠭᠦᠯᠬᠦ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠵᠤ᠂ ᠬᠥᠪᠴᠢ ᠶᠢᠨ ᠡᠯᠡᠰᠦᠨ ᠴᠥᠯ ᠳᠤ ᠪᠥᠬᠦ ᠤᠯᠤᠰ ᠤᠨ ᠠᠩᠬᠠᠳᠠᠭᠴᠢ ᠴᠡᠪᠡᠷ ᠰᠢᠨ᠎ᠡ ᠡᠨᠧᠷᠭᠢ ᠶᠢᠨ ᠣᠨᠴᠠ ᠥᠨᠳᠥᠷ ᠬᠦᠴᠦᠳᠡᠯᠲᠦ ᠲᠤᠭᠲᠠᠮᠠᠯ ᠴᠠᠬᠢᠯᠭᠠᠨ ᠢ ᠴᠠᠬᠢᠯᠭᠠᠨ ᠬᠦᠴᠦᠨ ᠤ ᠰᠢᠰᠲ᠋ᠧᠮ ᠳᠤ ᠤᠷᠤᠭᠤᠯᠤᠨ ᠭᠠᠳᠠᠭᠰᠢ ᠬᠦᠷᠭᠡᠬᠦ ᠳᠠᠭᠤᠷᠢᠶᠠᠯ ᠦᠵᠡᠭᠦᠯᠬᠦ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠵᠤ᠂ ᠣᠯᠠᠨ ᠬᠦᠷᠢᠶ᠎ᠡ ᠴᠠᠷᠠᠭ᠎ᠠ ᠳᠠᠬᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠬᠡᠪ ᠳᠠᠭᠤᠷᠢᠶᠠᠯ ᠢ ᠪᠣᠶ ᠪᠣᠯᠭᠠᠨ᠎ᠠ᠃      20. ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠄ ᠰᠤᠷᠭᠠᠨ ᠬᠥᠮᠦᠵᠢᠯ᠂ ᠡᠮᠴᠢᠯᠡᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ᠂ ᠵᠢᠭᠤᠯᠴᠢᠯᠠᠯ᠂ ᠠᠵᠤ ᠦᠢᠯᠡᠰ ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠵᠢᠷᠭᠤᠭᠠᠨ ᠵᠦᠢᠯ ᠢ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠤᠯᠤᠨ᠎ᠠ᠂ ᠪᠡᠭᠡᠵᠢᠩ ᠢᠶᠠᠷ ᠥᠪᠥᠷ ᠮᠣᠩᠭᠤᠯ ᠤᠨ ᠬᠥᠭᠵᠢᠯᠲᠡ ᠶᠢ ᠳᠠᠶᠢᠴᠢᠯᠠᠬᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ︽ᠪᠡᠭᠡᠵᠢᠩ ᠥᠪᠥᠷ ᠮᠣᠩᠭᠤᠯ ᠤᠨ ᠥᠯᠢᠭᠡᠷ ᠳᠠᠭᠤᠷᠢᠶᠠᠯ︾ ᠢ ᠪᠣᠶ ᠪᠣᠯᠭᠠᠨ᠎ᠠ᠃      21. ᠳᠥᠷᠪᠡ ᠶᠢ ᠪᠠᠲᠤᠯᠠᠬᠤ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠨ ᠭᠠᠷᠭᠠᠵᠤ᠂ ᠰᠠᠭᠤᠭᠠᠯᠢ ᠠᠷᠠᠳ ᠤᠨ ᠳᠤᠯᠠᠭᠠᠯᠠᠭ᠎ᠠ᠂ ᠤᠰᠤ᠂ ᠴᠠᠬᠢᠯᠭᠠᠨ᠂ ᠬᠡᠶ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠵᠢᠭᠠᠵᠤ ᠪᠤᠢ᠃      22. ᠳᠥᠷᠪᠡ ᠶᠢ ᠣᠶᠢᠷ᠎ᠠ ᠬᠠᠪᠢ ᠳᠤ ᠨᠢ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠨ ᠭᠠᠷᠭᠠᠭᠰᠠᠨ᠂ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠵᠤ᠂ ︽15 ᠮᠢᠨᠦ᠋ᠲ︾ ᠤᠨ ᠳᠤᠲᠤᠷ᠎ᠠ ᠣᠶᠢᠷ᠎ᠠ ᠬᠠᠪᠢ ᠪᠠᠷ ᠨᠢ ᠨᠠᠶᠢᠳᠠᠨ ᠬᠥᠮᠦᠵᠢᠭᠦᠯᠬᠦ᠂ ᠰᠤᠷᠭᠠᠭᠤᠯᠢ ᠳᠤ ᠣᠷᠤᠭᠤᠯᠬᠤ᠂ ᠨᠠᠰᠤᠵᠢᠯ ᠤᠨ ᠠᠰᠠᠷᠠᠮᠵᠢ ᠬᠦᠷᠲᠡᠭᠡᠬᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠤᠯᠴᠠᠭᠤᠯᠬᠤ ᠶᠢ ᠪᠡᠶᠡᠯᠡᠬᠦᠯᠬᠦ ᠶᠢ ᠵᠢᠭᠠᠵᠤ ᠪᠤᠢ᠃      23.ᠲᠦᠷᠪᠡ ᠶᠢ ᠳᠡᠭᠡᠭᠰᠢᠯᠡᠭᠦᠯᠬᠦ᠄ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠨ ᠭᠠᠷᠭᠠᠭᠰᠠᠨ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢ ᠵᠢᠭᠠᠵᠤ ᠪᠤᠢ᠃      24. ︽ᠳᠥᠷᠪᠡᠨ ᠥᠨᠳᠥᠷ︾ ᠢ ᠰᠢᠭᠰᠢᠨ ᠪᠠᠶᠢᠴᠠᠭᠠᠬᠤ᠄ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠤ ᠥᠭᠡᠬᠦ ᠥᠨᠳᠥᠷ᠂ ᠰᠢᠭᠡᠰᠦᠨ ᠬᠦᠴᠢᠯ ᠥᠨᠳᠥᠷ ᠢ ᠰᠢᠭᠰᠢᠨ ᠪᠠᠶᠢᠴᠠᠭᠠᠬᠤ ᠶᠢ ᠵᠢᠭᠠᠵᠤ ᠪᠤᠢ᠃      25. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠬᠤᠤᠰ ᠮᠢᠩᠭᠠᠨ ᠬᠤᠤᠰ ᠵᠠᠭᠤᠨ︾  ᠤ ᠢᠨᠵᠧᠨᠧᠷᠢᠩ᠄ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠲᠡᠭᠡᠨ ᠠᠰᠠᠷᠠᠭᠤᠯᠬᠤ ᠳᠤ ᠳᠦᠭᠦᠮ ᠦᠵᠡᠬᠦᠯᠬᠦ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢ 1000 ᠡᠷᠦᠬᠡ ᠬᠡᠷᠡᠭᠵᠢᠭᠦᠯᠵᠤ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ︵ᠬᠠᠷᠠᠭᠠᠯᠵᠠᠨ ᠠᠰᠠᠷᠠᠬᠤ ᠦᠢᠯᠡᠴᠢᠯᠡᠭᠡ︶ ᠶᠢ 1000 ᠪᠠᠶᠢᠭᠤᠯᠵᠤ᠂ 100 ᠬᠤᠲᠠ ᠬᠥᠳᠡᠭᠡ ᠶᠢᠨ ᠨᠠᠰᠤᠵᠢᠯ ᠤᠨ ᠦᠢᠯᠡᠴᠢᠯᠡᠭᠡᠨ ᠤ  ᠳᠥᠬᠦᠭᠡᠷᠦᠮᠵᠢ ᠶᠢ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠵᠤ ᠠᠵᠢᠯᠯᠠᠭᠤᠯᠬᠤ ᠶᠢ ᠪᠡᠶᠡᠯᠡᠭᠦᠯᠵᠦ᠂ ᠨᠠᠰᠤᠲᠠᠶᠢᠴᠤᠳ ᠲᠤ ᠬᠤᠭᠤᠯᠠᠨ ᠤ ᠦᠢᠯᠡᠴᠢᠯᠡᠭᠡ ᠬᠠᠩᠭᠠᠬᠤ ᠳᠥᠬᠦᠭᠡᠷᠦᠮᠵᠢ ᠶᠢ 100 ᠪᠠᠶᠢᠭᠤᠯᠵᠤ ᠪᠦᠲᠦᠮᠵᠢᠲᠡᠶ ᠠᠵᠢᠯᠯᠠᠭᠤᠯᠬᠤ ᠶᠢ ᠪᠡᠶᠡᠯᠡᠭᠦᠯᠦᠨ᠎ᠡ᠃     26. ᠲᠠᠪᠤᠨ ᠲᠠᠯ᠎ᠠ ᠠᠴᠠ ᠬᠤᠯᠪᠣᠭᠠᠯᠠᠨ ᠬᠥᠳᠡᠯᠦᠯᠴᠡᠬᠦ᠄ ᠨᠡᠶᠢᠭᠡᠮ ᠲᠣᠭᠤᠷᠢᠭ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ᠂ ᠨᠡᠶᠢᠭᠡᠮ ᠲᠣᠭᠤᠷᠢᠭ ᠤᠨ ᠨᠢᠭᠦᠯᠡᠰᠦᠩᠭᠦᠶ ᠶᠢᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠶᠢ ᠵᠢᠭᠠᠵᠤ ᠪᠤᠢ᠃     27. ︽ᠵᠢᠷᠭᠤᠭᠠᠨ ᠪᠠᠳᠠᠭ ᠦᠭᠡ︾ ᠶᠢᠨ ᠪᠣᠳᠠᠲᠤ ᠶᠠᠪᠤᠳᠠᠯ ᠪᠠ ᠶᠣᠰᠣ ᠵᠦᠢ᠄ ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠪᠤᠯ ᠴᠥᠮ ᠨᠠᠮ ᠤᠨ ᠲᠥᠪ ᠬᠤᠷᠢᠶ᠎ᠠ ᠠᠴᠠ ᠵᠢᠯᠥᠭᠤᠳᠴᠦ᠂ ᠬᠠᠪᠰᠤᠷᠴᠦ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠤᠯ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠨᠢ ᠨᠠᠮ ᠤᠨ ᠦᠭᠡ ᠶᠢ ᠰᠤᠨᠤᠰᠬᠤ ᠳᠤ ᠵᠢᠱᠢᠶᠡᠴᠢ ᠪᠣᠯᠤᠭᠰᠠᠨ ᠳᠤ ᠪᠤᠢ᠃       28. ︽ᠵᠠᠭᠤ ᠮᠢᠩᠭ᠎ᠠ ᠲᠦᠮᠡ ᠪᠠᠷ ᠳᠠᠭᠤᠷᠢᠶᠠᠯ ᠦᠵᠡᠭᠦᠯᠦᠨ ᠬᠥᠲᠥᠯᠥᠨ ᠳᠠᠭᠠᠭᠤᠯᠬᠤ︾ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠠᠴᠠ 2027 ᠣᠨ ᠪᠣᠯᠬᠤ ᠳᠤ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠣᠷᠣᠨ ᠤ  ᠳᠠᠭᠤᠷᠢᠶᠠᠯ ᠦᠵᠡᠭᠦᠯᠬᠦ ᠨᠢᠭᠡᠴᠢ ᠶᠢᠨ ᠲᠤᠭ᠎ᠠ ᠬᠡᠮᠵᠢᠶ᠎ᠡ ᠶᠢ 100 ᠠᠴᠠ ᠳᠡᠭᠡᠭᠰᠢ᠂ 1000 ᠠᠴᠠ ᠳᠡᠭᠡᠭᠰᠢ᠂ 10000 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ ᠭᠡᠵᠦ ᠳᠤᠷᠠᠳᠤᠨ ᠭᠠᠷᠭᠠᠪᠠ᠃      29. ᠭᠤᠷᠪᠠ ᠶᠢ ᠰᠠᠯᠭᠠᠵᠤ ᠡᠶᠡᠳᠡᠭᠦᠯᠦᠨ ᠰᠢᠢᠳᠪᠦᠷᠢᠯᠡᠬᠦ᠄ ᠦᠦᠰᠢᠨ ᠬᠤᠰᠢᠭᠤᠨ ᠤ ᠠᠩᠬ᠎ᠠ ᠡᠭᠦᠳᠦᠨ ᠪᠠᠶᠢᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠬᠦ ᠲᠤᠷᠰᠢᠯᠭ᠎ᠠ ᠠᠷᠭ᠎ᠠ ᠬᠢᠳᠡᠯ ᠪᠤᠯᠤᠨ᠎ᠠ᠂ ᠭᠤᠤᠯᠳᠠᠭᠤ ᠪᠠᠭ᠎ᠠ ᠵᠥᠷᠢᠴᠡᠯ ᠢ ᠮᠡᠳᠡᠮᠡᠭᠴᠡ ᠳᠠᠷᠦ᠋ᠢᠬᠠᠨ ᠡᠶᠡᠳᠡᠭᠦᠯᠬᠦ᠂ ᠪᠤᠳᠤᠯᠢᠶᠠᠨᠲᠠᠶ ᠤᠴᠢᠷ ᠶᠠᠪᠤᠳᠠᠯ ᠢ ᠰᠠᠯᠭᠠᠨ ᠡᠶᠡᠳᠡᠭᠦᠯᠬᠦ᠂ ᠬᠦᠴᠢᠷ ᠲᠦᠪᠡᠭᠲᠡᠶ ᠬᠡᠷᠡᠭ ᠢ ᠬᠤᠯᠪᠣᠭᠠᠯᠠᠨ ᠬᠠᠮᠢᠶᠠᠷᠴᠤ ᠬᠤᠯᠪᠤᠭᠠᠯᠠᠨ ᠡᠶᠡᠳᠡᠭᠦᠯᠬᠦ᠂ ᠣᠯᠠᠨ ᠲᠦᠮᠡᠨ ᠳᠡᠭᠡᠭᠰᠢ  ᠰᠤᠷᠪᠤᠯᠵᠢᠯᠠᠬᠤ ᠥᠬᠡᠶ᠂ ᠠᠰᠠᠭᠤᠳᠠᠯ ᠢ ᠬᠤᠰᠢᠭᠤᠨ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠢ ᠲᠤᠬᠠᠶ ᠶᠢᠨ ᠭᠠᠵᠠᠷ ᠲᠤᠨᠢ ᠲᠤᠭᠲᠠᠭᠠᠵᠤ᠂ ᠵᠥᠷᠢᠴᠡᠯ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠨ ᠠᠷᠢᠯᠭᠠᠬᠤ ᠶᠢ ᠵᠢᠭᠠᠵᠤ ᠪᠤᠢ᠃      30.ᠲᠠᠪᠤ ᠶᠢ ᠵᠠᠰᠠᠵᠤ ᠬᠤᠯᠪᠤᠭᠠᠯᠠᠨ ᠬᠦᠲᠦᠯᠦᠯᠴᠡᠬᠦ᠄ ᠤᠯᠤᠰ ᠲᠥᠷᠥ᠂ ᠥᠪᠡᠷᠲᠡᠭᠡᠨ ᠵᠠᠰᠠᠬᠤ᠂  ᠬᠠᠤᠯᠢᠵᠢᠯ᠂ ᠶᠣᠰᠣ ᠰᠤᠷᠲᠠᠬᠤᠨ ᠢᠶᠠᠷ ᠵᠠᠰᠠᠬᠤ᠂ ᠣᠶᠤᠨᠴᠢ ᠪᠠᠷ ᠵᠠᠰᠠᠬᠤ ︽ᠲᠠᠪᠤ ᠶᠢ ᠵᠠᠰᠠᠬᠤ︾ ᠶᠢ ᠠᠭᠤᠰᠤᠯᠴᠠᠭᠤᠯᠤᠭᠰᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠶᠢ ᠵᠢᠭᠠᠵᠤ ᠪᠤᠢ᠃      31. ᠭᠤᠷᠪᠠᠨ ᠤᠯᠠᠨ᠂ ᠭᠤᠷᠪᠠᠨ ᠴᠦᠭᠡᠨ᠂ ᠭᠤᠷᠪᠠᠨ ᠤᠳᠠᠭᠠᠨ᠄ ︽ᠭᠤᠷᠪᠠᠨ ᠣᠯᠠᠨ︾ ᠭᠡᠳᠡᠭ ᠨᠢ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ ᠢ ᠵᠢᠭᠠᠵᠤ ᠪᠤᠢ᠂ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠤᠢ᠂ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠩ  ᠨᠢ ᠤᠳᠠᠭᠠᠨ ᠪᠠᠶᠢᠬᠤ ᠶᠢ ᠵᠢᠭᠠᠵᠤ ᠪᠤᠢ᠃      32. ᠭᠤᠷᠪᠠ ᠶᠢ ᠪᠠᠲᠤᠯᠠᠬᠤ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢᠨ ᠵᠠᠷᠤᠯᠭ᠎ᠠ ᠶᠢ ᠪᠠᠲᠤᠯᠠᠬᠤ ᠶᠢ ᠵᠢᠭᠠᠵᠤ ᠪᠤᠢ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ