2024 ᠣᠨ ᠤ ᠣᠷᠳᠣᠰ ᠬᠤᠲᠠ ᠶᠢᠨ ᠬᠤᠶᠠᠷ ᠬᠤᠷᠠᠯ — ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠥᠨᠦᠳᠦᠷ ᠬᠢᠶ᠎ᠠ ᠪᠠᠭᠰᠢ ᠲᠤᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2024/1/17
    1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤᠷᠳᠤᠰ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃
微信图片_20240117150628.jpg
     ᠪᠦᠬᠦ ᠬᠤᠲᠠ ᠶᠢᠨ ᠠᠵᠢᠯ ᠲᠥᠷᠥᠯ᠂ ᠡᠯ᠎ᠡ ᠹᠷᠤᠨᠲ ᠠᠴᠠ ᠢᠷᠡᠭᠰᠡᠨ 271 ᠠᠷᠠᠳ ᠤᠨ ᠲᠥᠯᠥᠭᠡᠯᠡᠭᠴᠢ᠂ ᠡᠯ᠎ᠡ ᠦᠨᠳᠦᠰᠦᠲᠡᠨ ᠨᠦᠭᠦᠳ ᠤᠨ ᠠᠷᠠᠳ  ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠭᠰᠠᠨ ᠳᠠᠷᠬᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠤ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠤᠯᠭᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠤᠷᠳᠤᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠬᠢᠪᠡ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ