ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠤᠷᠳᠤᠰ ᠵᠠᠰᠠᠭ ᠲᠠᠷᠬᠠᠭᠠᠭᠰᠠᠨ ﹇2023﹈  23 ᠳ᠋ᠤᠭᠠᠷ ᠲᠣ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ᠡᠳᠦᠭᠡ ︽ᠣᠷᠳᠣᠰ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠰᠦᠭᠡᠢ᠃                                                 ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                      2023 ᠣᠨ ᠤ 4 ᠰᠠᠷ᠎ᠠ ᠶᠢᠨ 20᠎ ᠤ ᠡᠳᠦᠷ ᠣᠷᠳᠣᠰ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢ ᠲᠦᠷᠭᠡᠳᠬᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃ ᠨᠢᠭᠡ᠂ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠲᠦᠷᠭᠡᠳᠬᠡᠨ᠎ᠡ     ︵ᠨᠢᠭᠡ︶ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠬᠡᠨ᠎ᠡ᠃  ᠵᠢᠭᠤᠯᠴᠢᠨ ᠳᠤ ᠦᠢᠯᠡᠴᠢᠯᠡᠬᠦ ᠭᠠᠵᠠᠷ ᠤᠨ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠢᠷᠡᠵᠦ ᠵᠢᠭᠤᠯᠴᠢᠯᠠᠭᠤᠯᠬᠤ ᠶᠢ ᠵᠣᠷᠢᠭᠵᠢᠭᠤᠯᠵᠤ᠂ ᠪᠥᠬᠦ ᠵᠢᠯ ᠳᠤ ᠬᠤᠲᠠ ᠶᠢᠨ ᠭᠠᠳᠠᠨ᠎ᠠ ᠠᠴᠠ ᠢᠷᠡᠵᠦ ᠬᠤᠨᠣᠭᠯᠠᠭᠰᠠᠨ ᠵᠤᠭᠠᠴᠠᠭᠰᠠᠳ ᠨᠡᠶᠢᠲᠡ 500 ᠬᠥᠮᠦᠨ ᠤᠳᠠᠭ᠎ᠠ ︵ᠪᠠᠭᠲᠠᠨ᠎ᠠ︶᠎ ᠠᠴᠠ ᠳᠡᠭᠡᠭᠰᠢ ᠳᠤ ᠬᠦᠷᠦᠭᠰᠡᠨ ᠪᠣᠯ᠂ 1 ᠬᠤᠨᠤᠭ᠂ 2 ᠬᠤᠨᠤᠭ᠂ 3 ᠬᠤᠨᠤᠭ ᠵᠢᠴᠢ ᠲᠡᠭᠦᠨ ᠠᠴᠠ ᠢᠯᠡᠭᠦᠦ ᠬᠤᠨᠣᠭᠯᠠᠭᠰᠠᠨ ᠢᠶᠠᠷ ᠲᠤᠰᠪᠤᠷᠢ ᠬᠥᠮᠦᠨ ᠨᠢᠭᠡᠪᠦᠷᠢ ᠳᠤ 30 ᠲᠥᠭᠦᠷᠢᠭ᠂ 50 ᠲᠥᠭᠦᠷᠢᠭ᠂  70 ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠵᠢᠭᠤᠯᠴᠢᠨ ᠳᠤ ᠦᠢᠯᠡᠴᠢᠯᠡᠬᠦ ᠭᠠᠵᠠᠷ ᠢ ᠱᠠᠩᠨᠠᠨ᠎ᠠ᠃     ︵ᠬᠤᠶᠠᠷ︶ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠣᠭᠲᠠᠭᠤᠨ ᠢᠶᠠᠷ ᠬᠥᠭᠵᠢᠭᠦᠯᠦᠨ᠎ᠡ᠃ ᠬᠢᠯᠢ ᠪᠠᠷ ᠣᠷᠣᠵᠤ ᠢᠷᠡᠬᠦ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠡᠮᠬᠢ ᠵᠢᠷᠦᠮ ᠲᠠᠢ ᠪᠠᠷ ᠰᠡᠷᠭᠦᠭᠡᠵᠦ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠪᠦᠯᠬᠦᠮ ᠤᠨ ᠵᠤᠭᠠᠴᠠᠭᠰᠠᠳ ︵ᠰᠢᠶᠠᠩᠭᠠᠩ᠂ ᠣᠣᠮᠧᠨ᠂ ᠲᠠᠶᠢᠸᠠᠨ ᠢ ᠪᠠᠭᠲᠠᠭᠠᠨ᠎ᠠ︶᠎ ᠲᠤ ᠬᠦᠮᠦᠨ ᠪᠦᠷᠢ ᠳᠤ ᠬᠤᠨᠤᠭ ᠪᠦᠷᠢ 100 ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠵᠢᠭᠤᠯᠴᠢᠨ ᠳᠤ ᠦᠢᠯᠡᠴᠢᠯᠡᠬᠦ ᠭᠠᠵᠠᠷ ᠶᠢ ᠱᠠᠩᠨᠠᠨ᠎ᠠ᠃     ︵ᠭᠤᠷᠪᠠ︶ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠴᠦ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ᠬᠤᠲᠠ ᠶᠢᠨ ᠭᠠᠳᠠᠨᠠᠬᠢ ᠰᠣᠷᠣᠭᠴᠢ ᠪᠤᠶᠤ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠥᠷᠨᠢᠭᠦᠯᠦᠭᠰᠡᠨ ᠵᠢᠭᠤᠯᠴᠢᠨ ᠳᠤ ᠦᠢᠯᠡᠴᠢᠯᠡᠬᠦ ᠭᠠᠵᠠᠷ ᠪᠠ ᠨᠡᠭᠦᠳᠡᠯ ᠰᠢᠪᠠᠭᠤ ᠮᠠᠶ᠋ᠢᠭ ᠤᠨ ᠤᠯᠠᠷᠢᠯ ᠤᠨ ᠴᠢᠨᠠᠷᠲᠠᠢ ᠨᠠᠰᠤᠲᠠᠨ ᠢ ᠠᠰᠠᠷᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠭᠤᠯᠤᠮᠵᠢ ᠪᠥᠬᠦ ᠵᠢᠯ ᠳᠤ  ᠵᠤᠬᠢᠶᠠᠨ ᠪᠠᠶᠢᠭᠤᠯᠤᠭᠰᠠᠨ ᠬᠦᠮᠦᠨ ᠤ ᠲᠤᠭ᠎ᠠ 100 ᠬᠥᠮᠦᠨ ︵ᠪᠠᠭᠲᠠᠨ᠎ᠠ︶᠎ ᠠᠴᠠ ᠳᠡᠭᠡᠭᠰᠢ ᠬᠦᠷᠴᠦ᠂ ᠤᠳᠠᠭ᠎ᠠ ᠪᠦᠷᠢ ᠮᠠᠨ ᠤ ᠬᠤᠲᠠ ᠳᠤ ᠰᠠᠭᠤᠭᠰᠠᠨ ᠬᠤᠭᠤᠴᠠᠭ᠎ᠠ 7 ᠡᠳᠦᠷ ︵ᠪᠠᠭᠲᠠᠨ᠎ᠠ︶᠎ ᠠᠴᠠ ᠢᠯᠡᠭᠦᠦ ᠪᠠᠶᠢᠪᠠᠯ᠂ ᠬᠥᠮᠦᠨ ᠪᠦᠷᠢ ᠳᠤ ᠡᠳᠦᠷ ᠪᠦᠷᠢ 50 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨ ᠱᠠᠩᠨᠠᠨ᠎ᠠ᠃ ᠬᠤᠲᠠ ᠶᠢᠨ ᠭᠠᠳᠠᠨᠠᠬᠢ ᠬᠥᠮᠦᠰ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠬᠤᠳᠠᠯᠳᠤᠭᠠᠨ ᠤ ᠶᠠᠪᠤᠳᠠᠯ᠂ ᠬᠠᠮ ᠦᠵᠡᠰᠬᠦᠯᠡᠩ ᠵᠡᠷᠭᠡ ᠠᠵᠢᠯᠯᠠᠭ᠎ᠠ ᠥᠷᠨᠢᠭᠦᠯᠵᠦ ᠪᠠᠶᠢᠭ᠎ᠠ ᠠᠵᠤ ᠠᠬᠤᠶᠢᠯᠠᠯ᠂ ᠨᠡᠶᠢᠭᠡᠮᠯᠢᠭ ᠪᠠ ᠺᠯᠦ᠋ᠪ ᠵᠡᠷᠭᠡ ᠨᠢᠭᠡᠴᠢ ᠳᠤ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠣᠬᠢᠶᠠᠨ ᠪᠠᠶᠢᠭᠤᠯᠤᠭᠰᠠᠨ ᠨᠢᠭᠡᠴᠢ ᠶᠢ ᠱᠠᠩᠨᠠᠨ᠎ᠠ᠃      ︵ᠳᠥᠷᠪᠡ︶  ᠵᠢᠭᠤᠯᠴᠢᠯᠠᠯ ᠤᠨ ᠨᠢᠰᠬᠡᠯ ᠬᠥᠯᠦᠰᠦᠯᠡᠬᠦ ᠪᠠ ᠵᠢᠭᠤᠯᠴᠢᠯᠠᠯ ᠤᠨ ᠲᠤᠰᠬᠠᠶ ᠭᠠᠯᠲᠤ  ᠲᠡᠷᠭᠡ ᠲᠣᠬᠢᠷᠠᠭᠤᠯᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠵᠢᠭᠤᠯᠴᠢᠯᠠᠯ ᠤᠨ ᠨᠢᠰᠬᠡᠯ ᠪᠠ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠵᠣᠬᠢᠴᠠᠩᠭᠤᠶ ᠨᠥᠬᠦᠴᠡᠯ ᠳᠤ ᠨᠡᠶᠢᠴᠡᠭᠰᠡᠨ ᠪᠠᠶᠢᠪᠠᠯ᠂ ᠨᠥᠬᠦᠪᠥᠷᠢ ᠥᠭᠴᠦ ᠱᠠᠩᠨᠠᠨ᠎ᠠ᠃ ᠤᠯᠤᠰ ᠤᠨ ᠳᠣᠲᠣᠭᠠᠳᠤ ᠶᠢᠨ ᠨᠢᠰᠬᠡᠯ ᠬᠥᠯᠦᠰᠦᠯᠡᠵᠤ ᠡᠭᠡᠯᠵᠢ ᠪᠦᠷᠢ ᠳᠤ 90 ᠬᠥᠮᠦᠨ ︵ᠪᠠᠭᠲᠠᠨ᠎ᠠ︶᠎ ᠠᠴᠠ ᠳᠡᠭᠡᠭᠰᠢ ᠪᠠᠶᠢᠪᠠᠯ 5 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠣᠯᠠᠨ ᠤᠯᠤᠰ ᠤᠨ ᠨᠢᠰᠬᠡᠯ ᠬᠥᠯᠦᠰᠦᠯᠡᠵᠤ ᠡᠭᠡᠯᠵᠢ ᠪᠦᠷᠢ ᠳᠤ 90 ᠬᠥᠮᠦᠨ ︵ᠪᠠᠭᠲᠠᠨ᠎ᠠ︶᠎ ᠠᠴᠠ ᠳᠡᠭᠡᠭᠰᠢ ᠪᠠᠶᠢᠪᠠᠯ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠬᠠᠷᠭᠠᠯᠵᠠᠭᠰᠠᠨ ᠪᠠᠷᠢᠮᠵᠢᠶ᠎ᠠ ᠶᠣᠰᠣᠭᠠᠷ᠂ 180 ᠬᠥᠮᠦᠨ ︵ᠪᠠᠭᠲᠠᠨ᠎ᠠ︶᠎ ᠠᠴᠠ ᠳᠡᠭᠡᠭᠰᠢ ᠪᠠᠶᠢᠪᠠᠯ 2 ᠡᠭᠡᠯᠵᠢ ᠤᠳᠠᠭ᠎ᠠ ᠶᠢᠨ ᠨᠥᠬᠦᠪᠥᠷᠢ ᠥᠭᠭᠦᠨ᠎ᠡ︔ 270 ᠬᠥᠮᠦᠨ ︵ᠪᠠᠭᠲᠠᠨ᠎ᠠ︶᠎ ᠠᠴᠠ ᠳᠡᠭᠡᠭᠰᠢ ᠪᠠᠶᠢᠪᠠᠯ 3 ᠡᠭᠡᠯᠵᠢ ᠤᠳᠠᠭ᠎ᠠ ᠶᠢᠨ ᠨᠥᠬᠦᠪᠥᠷᠢ ᠥᠭᠭᠦᠨ᠎ᠡ︔ 360 ᠬᠥᠮᠦᠨ ︵ᠪᠠᠭᠲᠠᠨ᠎ᠠ︶᠎ ᠠᠴᠠ ᠳᠡᠭᠡᠭᠰᠢ ᠪᠠᠶᠢᠪᠠᠯ 4 ᠡᠭᠡᠯᠵᠢ ᠤᠳᠠᠭ᠎ᠠ ᠶᠢᠨ ᠨᠥᠬᠦᠪᠥᠷᠢ ᠥᠭᠭᠦᠨ᠎ᠡ᠃ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠬᠤᠲᠠ ᠶᠢᠨ ᠭᠠᠳᠠᠨᠠᠬᠢ ᠵᠤᠭᠠᠴᠠᠭᠰᠠᠳ ᠢ ᠨᠢᠭᠡ ᠤᠳᠠᠭ᠎ᠠ ᠳᠤ 500 ᠬᠦᠮᠦᠨ ︵ᠪᠠᠭᠲᠠᠨ᠎ᠠ︶᠎ ᠠᠴᠠ ᠳᠡᠭᠡᠭᠰᠢ ᠵᠣᠬᠢᠶᠠᠨ ᠪᠠᠶᠢᠭᠤᠯᠬᠤ ᠳᠤ ᠬᠦᠷᠪᠡᠯ ᠂ ᠴᠣᠪᠤᠭ᠎ᠠ ᠪᠦᠷᠢ ᠳᠤ 3 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ᠳᠡᠭᠡᠷᠡᠬᠢ ᠨᠥᠬᠦᠪᠥᠷᠢ ᠥᠭᠴᠦ ᠱᠠᠩᠨᠠᠬᠤ ᠠᠷᠭ᠎ᠠ ᠬᠡᠮᠵᠢᠶ᠎ᠡ ᠶᠢ 2023 ᠣᠨ ᠤ 4 ᠰᠠᠷ᠎ᠠ ᠶᠢᠨ 1᠎ ᠤ ᠡᠳᠦᠷ ᠠᠴᠠ 2023 ᠣᠨ ᠤ 10 ᠰᠠᠷ᠎ᠠ ᠶᠢᠨ 10᠎ ᠤ ᠡᠳᠦᠷ  ᠪᠣᠯᠲᠠᠯ᠎ᠠ ᠬᠡᠷᠡᠭᠵᠢᠭᠦᠯᠦᠨ᠎ᠡ᠃ᠬᠤᠶᠠᠷ᠂ ᠵᠢᠭᠤᠯᠴᠢᠯᠠᠯ ᠤᠨ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ     ︵ᠨᠢᠭᠡ︶ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ ᠵᠢᠯ ᠤᠨ ᠺᠠᠷᠲ ᠢ ᠲᠠᠷᠬᠠᠭᠠᠨ᠎ᠠ᠃ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ ᠺᠠᠷᠲ ᠲᠠᠷᠬᠠᠭᠠᠬᠤ ᠳᠤ᠂ ᠬᠤᠲᠠ ᠶᠢᠨ ᠡᠳ᠋ ᠤᠨ ᠵᠠᠰᠠᠭ ᠠᠴᠠ ᠺᠠᠷᠲ ᠪᠦᠷᠢ ᠳᠤ 100 ᠲᠥᠭᠦᠷᠢᠭ ᠤᠨ ᠨᠥᠬᠦᠪᠥᠷᠢ ᠥᠭᠴᠦ᠂ ᠵᠤᠭᠠᠴᠠᠭᠰᠠᠳ ᠥᠪᠡᠰᠦᠪᠡᠨ 100 ᠲᠥᠭᠦᠷᠢᠭ ᠳᠥᠯᠥᠵᠦ᠂ ︽ᠣᠷᠳᠣᠰ ᠤᠨ ᠵᠢᠭᠤᠯᠴᠢᠯᠠᠯ ᠤᠨ ᠰᠦᠯᠵᠢᠶᠡᠨ︾᠎ ᠤ ᠲᠠᠪᠴᠠᠩ ᠢᠶᠠᠷ ᠳᠠᠮᠵᠢᠭᠤᠯᠤᠨ ᠪᠦᠯᠦᠭ ᠤᠳᠠᠭ᠎ᠠ ᠬᠤᠪᠢᠶᠠᠨ ᠪᠥᠬᠦ ᠤᠯᠤᠰ ᠤᠨ  ᠵᠤᠭᠠᠴᠠᠭᠰᠠᠳ ᠲᠤ ᠬᠠᠨᠳᠤᠭᠤᠯᠤᠨ ᠲᠠᠷᠬᠠᠭᠠᠨ ᠬᠤᠳᠠᠯᠳᠤᠵᠤ᠂ ᠬᠤᠳᠠᠯᠳᠤᠬᠤ ᠶᠠᠪᠤᠴᠠ ᠳᠤ ᠪᠦᠷᠢᠨ ᠴᠢᠳᠠᠮᠵᠢᠲᠤ ᠺᠠᠷᠲ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠬᠤ ᠲᠤᠭ᠎ᠠ ᠬᠡᠮᠵᠢᠶ᠎ᠡ ᠪᠠ ᠲᠠᠷᠬᠠᠭᠠᠬᠤ ᠬᠡᠪᠴᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠠ ᠃ ᠬᠤᠲᠠ ᠶᠢᠨ ᠳᠣᠲᠤᠨᠠᠬᠢ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠪᠠᠬᠢᠵᠢᠭᠦᠯᠵᠦ᠂ ᠡᠷᠬᠢᠨ ᠲᠣᠭᠤᠷᠢᠨ ᠤ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠦᠷᠭᠦᠯᠵᠢᠯᠡᠨ ᠥᠷᠭᠡᠳᠬᠡᠨ᠎ᠡ᠃     ︵ᠬᠤᠶᠠᠷ︶ ᠣᠷᠳᠣᠰ ᠤᠨ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠃ A ᠲᠠᠰ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠪᠠ ᠵᠤᠭ᠎ᠠ ᠴᠡᠩᠭᠡᠯ ᠵᠡᠷᠭᠡ ᠬᠤᠶᠠᠳᠠᠬᠢ ᠤᠳᠠᠭᠠᠨ ᠤ ᠬᠡᠷᠡᠭᠯᠡᠭᠡᠨ ᠤ ᠵᠦᠢᠯᠡᠰ ᠲᠤ ᠴᠢᠭᠯᠡᠭᠦᠯᠦᠨ᠂ ᠲᠦᠷᠦᠬᠦᠦ ᠪᠦᠯᠦᠭ ᠲᠤ 500 ᠲᠦᠮᠡᠨ ᠲᠥᠭᠦᠷᠢᠭ ᠤᠨ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠬᠡᠷᠡᠭᠯᠡᠭᠡᠨ ᠤ ᠲᠡᠮᠳᠡᠭᠲᠦ ᠲᠠᠷᠬᠠᠭᠠᠭᠰᠠᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠬᠤ ᠲᠤᠭ᠎ᠠ ᠬᠡᠮᠵᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠡ᠃ ᠵᠣᠭᠤᠰ ᠤᠨ ᠲᠤᠭ᠎ᠠ ᠭᠦᠢᠴᠡᠪᠡᠯ ᠳᠠᠷᠤᠢ ᠳᠤᠨᠢ ᠬᠠᠰᠤᠬᠤ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ᠂ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠡᠨ᠂ ᠪᠥᠬᠦ ᠨᠡᠶᠢᠭᠡᠮ ᠤᠨ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠨ᠎ᠠ᠃ ᠭᠤᠷᠪᠠ᠂ ᠵᠢᠭᠤᠯᠴᠢᠯᠠᠯ ᠤᠨ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠳᠡᠮᠵᠢᠨ᠎ᠡ     ︵ᠨᠢᠭᠡ︶ ᠵᠢᠭᠤᠯᠴᠢᠯᠠᠯ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠪᠠᠯ ᠨᠢᠭᠡ ᠤᠳᠠᠭ᠎ᠠ ᠶᠢᠨ ᠴᠢᠨᠠᠷᠲᠠᠢ ᠪᠠᠷ 500 ᠲᠦᠮᠡᠨ ᠲᠥᠭᠦᠷᠢᠭ ᠱᠠᠩᠨᠠᠨ᠎ᠠ᠃ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠲᠠᠪᠤᠨ ᠣᠳᠣᠨ ᠲᠠᠰ ᠤᠨ ᠵᠣᠴᠢᠳ ᠤᠨ ᠪᠠᠭᠤᠳᠠᠯ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ ᠲᠥᠭᠦᠷᠢᠭ ᠱᠠᠩᠨᠠᠨ᠎ᠠ᠃ ᠤᠯᠤᠰ ᠤᠨ 5C ᠲᠠᠰ ᠤᠨ ᠵᠢᠭᠤᠯᠴᠢᠯᠠᠯ ᠤᠨ ᠬᠤᠸᠠᠷᠠᠨ᠂ ᠤᠯᠤᠰ ᠤᠨ 4C ᠲᠠᠰ ᠤᠨ ᠵᠢᠭᠤᠯᠴᠢᠯᠠᠯ ᠤᠨ ᠬᠤᠸᠠᠷᠠᠨ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠪᠠ 50 ᠲᠦᠮᠡᠨ ᠲᠥᠭᠦᠷᠢᠭ ᠱᠠᠩᠨᠠᠨ᠎ᠠ᠃ ᠦᠨᠡᠯᠡᠨ ᠲᠣᠭᠲᠠᠭᠠᠬᠤ ᠶᠠᠪᠤᠴᠠ ᠳᠤ᠂ ᠬᠤᠲᠠ ᠶᠢᠨ ᠡᠳ᠋ ᠤᠨ ᠵᠠᠰᠠᠭ ᠤᠨ ᠳᠡᠮᠵᠢᠯᠭᠡ ᠶᠢᠨ ᠨᠥᠬᠦᠪᠥᠷᠢ ᠶᠢᠨ ᠪᠠᠯᠠ ᠮᠥᠩᠭᠦ ᠶᠢ ᠱᠠᠩᠨᠠᠯ ᠳᠤ ᠪᠤᠳᠤᠵᠤ ᠣᠷᠣᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠱᠠᠩᠨᠠᠯ ᠣᠯᠭᠤᠭᠰᠠᠨ ᠪᠠᠶᠢᠪᠠᠯ ᠳᠠᠪᠬᠤᠷᠳᠠᠭᠤᠯᠤᠨ ᠱᠠᠩᠨᠠᠬᠤ ᠥᠬᠡᠶ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠷᠢᠮᠵᠢᠶ᠎ᠠ ᠨᠢ ᠮᠠᠨ ᠤ ᠬᠤᠲᠠ ᠠᠴᠠ ᠳᠣᠤᠷ᠎ᠠ ᠪᠠᠶᠢᠪᠠᠯ ᠠᠳᠠᠯᠢᠬᠠᠨ ᠪᠣᠯᠭᠠᠵᠤ ᠨᠥᠬᠦᠵᠦ ᠭᠦᠢᠴᠡᠭᠡᠨ᠎ᠡ᠃ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠤᠨ ᠮᠠᠨ ᠤ ᠬᠤᠲᠠ ᠶᠢᠨ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ︽ᠢᠳᠡᠵᠦ ᠤᠤᠭᠤᠬᠤ ᠬᠤᠨᠣᠵᠤ ᠪᠠᠭᠤᠳᠠᠯᠯᠠᠬᠤ ᠶᠠᠪᠤᠵᠤ ᠰᠠᠭᠤᠬᠤ ᠵᠤᠭᠠᠴᠠᠨ ᠲᠣᠭᠤᠷᠢᠬᠤ ᠬᠤᠳᠠᠯᠳᠤᠨ ᠠᠪᠬᠤ ᠨᠠᠭᠠᠳᠴᠤ ᠴᠡᠩᠭᠡᠬᠦ︾ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠲᠥᠯᠥᠪ ᠪᠠᠶᠢᠳᠠᠯ ᠲᠠᠢ ᠬᠤᠯᠪᠣᠭᠠᠯᠠᠵᠤ᠂ ᠨᠢᠭᠡ ᠪᠦᠯᠦᠭ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ      ︵ᠬᠤᠶᠠᠷ︶ ᠵᠢᠭᠤᠯᠴᠢᠯᠠᠯ ᠤᠨ ᠠᠵᠤ ᠠᠬᠤᠶᠢᠯᠠᠯ ᠤᠨ ᠰᠠᠭᠤᠷᠢ ᠳᠥᠬᠦᠭᠡᠷᠡᠮᠵᠢ ᠪᠠᠨ ᠰᠠᠶᠢᠵᠢᠷᠠᠭᠤᠯᠬᠤ ᠶᠢ ᠳᠡᠮᠵᠢᠨ᠎ᠡ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠣᠳᠣᠨ ᠲᠠᠰ ᠤᠨ ᠵᠣᠴᠢᠳ ᠤᠨ ᠪᠠᠭᠤᠳᠠᠯ ᠳᠤ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠪᠠᠯ᠂ ᠮᠠᠭᠠᠳᠯᠠᠨ ᠲᠣᠭᠲᠠᠭᠠᠬᠤ ᠪᠠᠷ ᠳᠡᠮᠵᠢᠨ ᠨᠢᠭᠡ ᠤᠳᠠᠭ᠎ᠠ ᠶᠢᠨ ᠴᠢᠨᠠᠷᠲᠠᠶ ᠪᠠᠷ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 30%᠎ ᠠᠴᠠ ᠬᠡᠲᠦᠷᠡᠭᠦᠯᠬᠦ ᠦᠭᠡᠢ ᠲᠡᠳᠬᠦᠮᠵᠢ ᠣᠯᠭᠤᠵᠤ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠴᠢᠭᠯᠡᠯ ᠳᠤ ᠨᠡᠶᠢᠴᠡᠬᠦ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ᠬᠤᠭ ᠨᠣᠪᠰᠢ ᠵᠢᠴᠢ ᠪᠣᠬᠢᠷ ᠤᠰᠤ ᠶᠢ ᠰᠢᠢᠳᠪᠦᠷᠢᠯᠡᠬᠦ ᠳᠥᠬᠦᠭᠡᠷᠡᠮᠵᠢ ᠶᠢ ᠲᠤᠬᠠᠶ ᠶᠢᠨ ᠭᠠᠵᠠᠷ ᠤᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃     ︵ᠭᠤᠷᠪᠠ︶ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠲᠣᠭᠤᠷᠢᠭ ᠪᠣᠯᠤᠨ ᠵᠢᠭᠤᠯᠴᠢᠯᠠᠯ ᠤᠨ ᠠᠵᠤ ᠠᠬᠤᠶᠢᠯᠠᠯ ᠤᠳ ᠵᠢᠭᠤᠯᠴᠢᠯᠠᠯ ᠤᠨ ᠬᠡᠷᠡᠭᠯᠡᠭᠡ ᠪᠠᠷ ᠭᠤᠣᠯ ᠴᠣᠭᠴᠠ ᠪᠣᠯᠭᠠᠭᠰᠠᠨ ᠬᠤᠨᠤᠭ ᠪᠠᠭᠤᠳᠠᠯ᠂ ᠣᠨᠴᠠᠯᠢᠠᠠᠳᠣ ᠢᠳᠡᠭᠡᠨ ᠤᠮᠳᠠᠭᠠᠨ᠂ ᠰᠣᠶᠣᠯ ᠵᠤᠭ᠎ᠠ ᠴᠡᠩᠭᠡᠯ᠂ ᠰᠣᠶᠣᠯ ᠤᠨ ᠡᠭᠦᠳᠦᠯᠲᠡ ᠵᠡᠷᠭᠡ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠭᠰᠠᠨ ᠦᠳᠡᠰᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠪᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠣᠶᠢᠵᠢᠭᠤᠯᠬᠤ ᠶᠢ ᠳᠡᠮᠵᠢᠵᠦ ᠂ ᠤᠯᠤᠰ ᠤᠨ ᠲᠠᠰ ᠤᠨ ᠦᠳᠡᠰᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠳᠡᠰᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡ ᠪᠠ 50 ᠲᠦᠮᠡᠨ ᠲᠥᠭᠦᠷᠢᠭ ᠱᠠᠩᠨᠠᠨ᠎ᠠ᠃     ︵ᠳᠥᠷᠪᠡ︶ ᠦᠳᠡᠰᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠯᠠ ᠣᠷᠣᠭᠤᠯᠤᠯᠲᠠ ᠳᠤ ᠳ᠋ᠧᠩ ᠤᠨ ᠬᠡᠷᠡᠯ ᠤᠨ ᠦᠵᠡᠭᠦᠯᠦᠯᠭᠡ᠂ ᠤᠰᠤᠨ ᠳᠡᠭᠡᠷᠡᠬᠢ ᠲᠣᠭᠯᠠᠯᠲᠠ᠂ ᠪᠣᠳᠠᠲᠤ ᠠᠬᠤᠶᠢᠴᠢᠯᠠᠭᠰᠠᠨ ᠮᠠᠶ᠋ᠢᠭ ᠤᠨ ᠲᠣᠭᠯᠠᠯᠲᠠ᠂ ᠪᠣᠳᠠᠲᠤ ᠦᠵᠡᠮᠵᠢ ᠶᠢᠨ ᠲᠣᠭᠯᠠᠯᠲᠠ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ 100 ᠲᠦᠮᠡᠨ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠲᠡᠭᠦᠨ ᠤ ᠠᠩᠬ᠎ᠠ ᠤᠳᠠᠭ᠎ᠠ ᠪᠠᠯᠠ ᠣᠷᠣᠭᠤᠯᠬᠤ ᠠᠴᠠ ᠡᠮᠦᠨ᠎ᠡ ᠭᠠᠷᠭᠠᠭᠰᠠᠨ ᠪᠠᠯᠠ ᠣᠷᠣᠭᠤᠯᠤᠯᠲᠠ ᠶᠢᠨ ᠵᠠᠷᠤᠳᠠᠯ ᠤᠨ 20%᠎ ᠪᠠᠷ ᠱᠠᠩᠨᠠᠵᠤ᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠭᠡᠲᠦᠷᠡᠭᠦᠯᠬᠦ ᠥᠬᠡᠶ᠃ᠳᠥᠷᠪᠡ᠂ ᠵᠢᠭᠤᠯᠴᠢᠯᠠᠯ ᠤᠨ ᠠᠵᠤ ᠠᠬᠤᠶᠢᠯᠠᠯ ᠳᠠᠬᠢ ᠪᠠᠩᠬᠢ ᠶᠢᠨ ᠪᠡᠯᠡ ᠲᠣᠬᠢᠷᠠᠭᠤᠯᠤᠯᠲᠠ ᠶᠢᠨ ᠳᠡᠮᠵᠢᠯᠭᠡ ᠶᠢ ᠴᠢᠩᠭᠠᠳᠬᠠᠨ᠎ᠠ     ᠮᠠᠨ ᠤ ᠬᠤᠲᠠ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ  ᠵᠢᠭᠤᠯᠴᠢᠨ ᠳᠤ ᠦᠢᠯᠡᠴᠢᠯᠡᠬᠦ ᠭᠠᠵᠠᠷ ᠤᠳ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠪᠠᠩᠬᠢ ︵ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠪᠠᠭᠲᠠᠬᠤ ᠦᠭᠡᠶ︶᠎ ᠳᠤ ᠭᠦᠢᠯᠭᠡᠭᠡᠨ ᠤ ᠪᠡᠯᠡ ᠮᠥᠩᠭᠦ ᠪᠠ ᠰᠢᠨ᠎ᠡ ᠪᠠᠷ ᠨᠡᠮᠡᠭᠳᠡᠭᠰᠡᠨ ᠵᠢᠭᠤᠯᠴᠢᠯᠠᠯ ᠤᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠢᠭᠡᠯᠡᠯᠭᠡ ᠶᠢᠨ ᠬᠡᠯᠡᠯᠴᠡᠭᠡᠷ ᠲᠣᠭᠲᠠᠭᠰᠠᠨ ᠪᠦᠭᠡᠳ ᠵᠢᠯ ᠤᠨ ᠳᠣᠲᠣᠷ᠎ᠠ ︵2023 ᠣᠨ ᠤ 1 ᠰᠠᠷ᠎ᠠ ᠶᠢᠨ 1᠎ ᠤ ᠡᠳᠦᠷ ᠠᠴᠠ 2023 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ︶ ᠰᠦᠢᠳᠬᠡᠯ ᠲᠤᠰᠢᠶᠠᠬᠤ ᠬᠦᠤ ᠮᠥᠩᠭᠦ ᠪᠣᠶ ᠪᠣᠯᠣᠭᠰᠠᠨ ᠪᠣᠯ᠂ ᠠᠵᠤ ᠠᠬᠤᠶᠢᠯᠠᠯ ᠤᠨ 2023 ᠣᠨ ᠤ ᠪᠣᠳᠠᠲᠠᠶ ᠣᠯᠤᠭᠰᠠᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢᠨ 50%᠎ ᠪᠠᠷ ᠳᠠᠮ ᠬᠦᠤ ᠮᠥᠩᠭᠦ ᠥᠭᠴᠦ᠂ ᠳᠠᠮ ᠬᠦᠤ ᠶᠢᠨ ᠵᠢᠯ ᠤᠨ ᠬᠦᠤ ᠮᠥᠩᠭᠦ ᠶᠢᠨ ᠨᠣᠷᠮ᠎ᠠ ᠶᠢ 3%᠎ ᠠᠴᠠ ᠥᠨᠳᠥᠷ ᠪᠠᠶᠢᠯᠭᠠᠵᠤ ᠪᠣᠯᠬᠤ ᠥᠬᠡᠶ᠂ ᠠᠵᠤ ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠳᠠᠮ ᠬᠦᠤ ᠮᠥᠩᠭᠦ ᠶᠢ 200 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ᠲᠠᠪᠤ᠂ ︽ᠰᠣᠶᠣᠯ ᠵᠢᠭᠤᠯᠴᠢᠯᠠᠯ +︾ ᠠᠭᠤᠰᠤᠯᠴᠠᠨ ᠬᠠᠮᠵᠢᠯᠴᠠᠨ ᠬᠥᠭᠵᠢᠭᠦᠯᠬᠦ ᠶᠢ ᠲᠡᠳᠬᠦᠨ᠎ᠡ     ᠤᠨᠴᠠᠯᠢᠬᠳᠤ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠬᠤᠪᠢᠰᠬᠠᠯᠲᠤ ᠲᠡᠦᠬᠡ ᠶᠢᠨ ᠳᠤᠷᠠᠰᠬᠠᠯ ᠤᠨ ᠭᠠᠵᠠᠷ ᠤᠨ ᠵᠢᠭᠤᠯᠴᠢᠯᠠᠯ᠂  ᠮᠥᠩᠭᠦᠨ ᠡᠪᠦᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠡᠯᠡᠭᠦᠴᠡᠨ ᠠᠮᠠᠷᠠᠬᠤ ᠵᠢᠭᠤᠯᠴᠢᠯᠠᠯ᠂ ᠰᠣᠶᠣᠯ ᠤᠨ ᠡᠭᠦᠳᠦᠯᠲᠡ ᠵᠡᠷᠭᠡ ︽ᠰᠣᠶᠣᠯ ᠵᠢᠭᠤᠯᠴᠢᠯᠠᠯ +︾ ᠰᠢᠨ᠎ᠡ ᠡᠵᠡᠩᠨᠡᠯᠲᠡ ᠶᠢᠨ ᠲᠥᠯᠥᠪ ᠪᠠᠶᠢᠳᠠᠯ ᠤᠨ ᠬᠥᠭᠵᠢᠯᠲᠡ ᠶᠢ ᠳᠡᠮᠵᠢᠨ ᠵᠣᠷᠢᠭᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤᠮᠳᠠ᠂ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠶᠢ ᠪᠡᠶᠡᠯᠡᠭᠦᠯᠦᠭᠰᠡᠨ ᠪᠥᠭᠡᠳ ᠭᠤᠶᠤᠴᠢᠯᠠᠭᠰᠠᠨ ᠣᠨ ᠳᠤ ᠪᠠᠶᠢᠭᠤᠯᠵᠤ ᠳᠠᠭᠤᠰᠬᠠᠨ ᠡᠵᠡᠩᠨᠡᠭᠰᠡᠨ ᠪᠠᠶᠢᠪᠠᠯ᠂ ᠪᠣᠳᠠᠲᠠᠶ ᠪᠠᠯᠠ ᠣᠷᠣᠭᠤᠯᠤᠯᠲᠠ ᠶᠢᠨ ᠲᠣᠭᠠᠨ ᠤ 10%᠎ ᠪᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ︔ 5000 ᠲᠦᠮᠡᠨ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠶᠢ ᠪᠡᠶᠡᠯᠡᠭᠦᠯᠦᠭᠰᠡᠨ ᠪᠦᠭᠡᠳ ᠪᠠᠶᠢᠭᠤᠯᠵᠤ ᠳᠠᠭᠤᠰᠬᠠᠨ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠱᠠᠩᠨᠠᠬᠤ ᠪᠤᠶᠤ ︽ᠠᠰ ᠠᠰ ᠢᠶᠠᠷ ᠨᠢ ᠵᠥᠪᠯᠡᠬᠦ︾ ᠠᠷᠭ᠎ᠠ ᠮᠠᠶ᠋ᠢᠭ ᠢ ᠬᠡᠷᠡᠭᠵᠢᠭᠦᠯᠵᠦ ᠪᠠᠶᠢᠭᠠᠳ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃     ᠲᠣᠰ ᠠᠷᠭ᠎ᠠ ᠬᠡᠮᠵᠢᠶ᠎ᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠵᠤ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ 1 ᠵᠢᠯ ᠤᠨ ᠬᠦᠴᠦᠨ ᠲᠠᠢ ᠬᠤᠭᠤᠴᠠᠭ᠎ᠠ ᠲᠠᠢ ᠪᠠᠶᠢᠵᠤ᠂ ᠪᠣᠳᠠᠲᠠᠶ ᠲᠥᠷᠥ ᠶᠢᠨ ᠪᠣᠳᠣᠯᠭ᠎ᠠ ᠳᠤ ᠲᠣᠳᠤᠷᠬᠠᠢ ᠬᠤᠭᠤᠴᠠᠭ᠎ᠠ ᠬᠢᠵᠠᠭᠠᠷ ᠲᠠᠢ ᠪᠠᠶᠢᠪᠠᠯ ᠲᠡᠷᠡ ᠲᠣᠭᠲᠠᠭᠠᠯ ᠢ ᠳᠠᠭᠠᠵᠤ᠂ ᠬᠤᠭᠤᠴᠠᠭ᠎ᠠ ᠨᠢ ᠳᠥᠭᠦᠷᠴᠦ ᠦᠨᠡᠯᠡᠨ ᠵᠢᠱᠢᠭᠰᠡᠨ ᠤ ᠳᠠᠷᠠᠭ᠎ᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠪᠣᠳᠠᠲᠠᠢ ᠢᠵᠢ ᠪᠦᠷᠢᠳᠦᠭᠦᠯᠦᠭᠰᠡᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠬᠤ ᠲᠣᠭᠲᠠᠴᠠ ᠪᠠ ᠣᠯᠭᠤᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠤᠰᠠᠳᠠ᠂ ᠠᠩᠬᠠᠳᠤᠭᠠᠷ ᠪᠦᠯᠦᠭ ᠤᠨ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠰᠡᠷᠭᠦᠭᠡᠯᠲᠡ ᠶᠢᠨ ᠴᠢᠨᠠᠷᠲᠠᠶ ᠨᠡᠮᠡᠭᠳᠡᠯ ᠤᠨ ᠱᠠᠩᠨᠠᠯ ᠤᠨ ᠪᠡᠯᠡ ᠮᠥᠩᠭᠦ ᠶᠢ ᠰᠠᠷ᠎ᠠ ᠪᠠᠷ ᠣᠯᠭᠤᠨ᠎ᠠ᠃ ᠬᠤᠲᠠ ᠶᠢᠨ ᠡᠳ᠋ ᠤᠨ ᠵᠠᠰᠠᠭ ᠠᠴᠠ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠴᠠᠭ ᠲᠤᠬᠠᠶ ᠳᠤᠨᠢ ᠣᠯᠭᠤᠬᠤ ᠶᠢ ᠦᠨᠡᠨ ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠬᠦᠴᠦᠨ ᠢ ᠪᠠᠳᠠᠷᠠᠭᠤᠯᠬᠤ ᠬᠡᠷᠡᠭᠲᠡᠢ᠃ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠤᠷᠳᠤᠰ ᠵᠠᠰᠠᠭ ᠲᠠᠷᠬᠠᠭᠠᠭᠰᠠᠨ ﹇2021﹈ 52 ᠳ᠋ᠤᠭᠠᠷ ᠲᠣᠭᠠᠲᠤ︶︾᠎ ᠢ ᠬᠠᠮᠲᠤ ᠳᠤᠨᠢ ᠬᠦᠴᠦᠨ ᠥᠬᠡᠶ ᠪᠣᠯᠭᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ