ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠎ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ        ᠤᠷᠳᠤᠰ ᠵᠠᠰᠠᠭ ᠠᠯᠪᠠᠨ ᠲᠠᠷᠬᠠᠭᠠᠭᠰᠠᠨ ﹇2023﹈ 48 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ︽ᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                                       ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                           2023 ᠣᠨ ᠤ 7 ᠳ᠋ᠤᠭᠠᠷ ᠰᠠᠷ᠎ᠠ ᠶᠢᠨ 26᠎ ᠤ ᠡᠳᠦᠷᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ      ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠡᠭᠡᠭᠳᠡᠭᠰᠡᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠲᠦᠷᠭᠡᠨ ᠰᠢᠯᠵᠢᠭᠦᠯᠦᠨ ᠠᠪᠴᠢᠷᠠᠬᠤ ᠶᠢ ᠬᠥᠲᠥᠯᠦᠨ ᠵᠢᠯᠣᠭᠤᠳᠬᠤ ᠶᠢᠨ  ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠥᠷᠪᠡᠨ ᠳᠡᠯᠡᠬᠡᠶ ᠶᠢᠨ ᠲᠠᠰ ᠤᠨ ᠠᠵᠤ ᠦᠢᠯᠡᠰ︾᠎ ᠤᠨ ᠲᠣᠭᠤᠷᠢᠨ ᠳᠤ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠨᠢᠭᠡᠨᠲᠡ ᠨᠡᠶᠢᠲᠡᠯᠡᠭᠰᠡᠨ ︽ᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ︵ᠣᠷᠳᠣᠰ ᠵᠠᠰᠠᠭ ᠲᠠᠷᠬᠠᠭᠠᠭᠰᠠᠨ  ﹇2021﹈ 310 ᠳ᠋ᠤᠭᠠᠷ ᠲᠣᠭᠠᠲᠤ︶᠎ ᠤᠨ ᠰᠠᠭᠤᠷᠢᠨ ᠳᠡᠭᠡᠷ᠎ᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      ᠨᠢᠭᠡ᠂ ᠭᠠᠳᠠᠭᠠᠳᠤ ᠳᠤ ᠭᠠᠷᠭᠠᠬᠤ ᠪᠠᠷᠠᠭᠠᠨ ᠤ ᠭᠦᠢᠯᠭᠡᠭᠡᠨ ᠤ ᠨᠥᠬᠦᠪᠥᠷᠢ ᠶᠢ ᠨᠡᠮᠡᠭᠳᠡᠭᠦᠯᠦᠨ᠎ᠡ᠃ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠣᠷᠳᠣᠰ ᠲᠤ ᠰᠢᠯᠵᠢᠭᠦᠯᠦᠭᠰᠡᠨ ᠪᠥᠭᠡᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠤᠷᠤᠵᠤ ᠠᠵᠤ ᠦᠢᠯᠡᠰ ᠤᠨ ᠬᠡᠯᠬᠢᠶ᠎ᠡ ᠶᠢ ᠪᠦᠷᠢᠳᠦᠭᠦᠯᠦᠭᠰᠡᠨ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ 0.08 ᠲᠥᠭᠦᠷᠢᠭ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠳᠤ ᠭᠠᠷᠭᠠᠬᠤ ᠱᠠᠩᠨᠠᠯ ᠣᠯᠭᠤᠨ᠎ᠠ᠃ ᠡᠭᠦᠨ ᠤ ᠰᠠᠭᠤᠷᠢᠨ ᠳᠡᠭᠡᠷ᠎ᠡ᠂ ᠵᠢᠯ ᠤᠨ ᠭᠠᠳᠠᠭᠠᠳᠤ ᠭᠠᠷᠭᠠᠯᠲᠠ ᠶᠢᠨ ᠲᠤᠭ᠎ᠠ ᠠᠩᠬ᠎ᠠ ᠤᠳᠠᠭ᠎ᠠ 10 ᠳ᠋ᠦᠩᠰᠢᠭᠤᠷ ᠲᠥᠭᠦᠷᠢᠭ᠂ 20 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ ᠬᠦᠷᠦᠭᠰᠡᠨ ᠪᠤᠯ ᠲᠣᠰ ᠲᠣᠰ 200 ᠲᠦᠮᠡᠨ ᠲᠥᠭᠦᠷᠢᠭ᠂ 500 ᠲᠦᠮᠡᠨ ᠲᠥᠭᠦᠷᠢᠭ᠂ 800 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠯᠭᠤᠬᠤ ᠪᠥᠭᠡᠳ ᠤᠯᠤᠰ ᠤᠨ ᠳᠣᠲᠣᠭᠠᠳᠤ ᠶᠢᠨ ᠬᠡᠰᠡᠭ ᠤᠨ ᠲᠡᠭᠡᠭᠡᠪᠦᠷᠢ ᠶᠢᠨ ᠵᠠᠷᠤᠳᠠᠯ ᠤᠨ 50%᠎ ᠶᠢ ᠨᠥᠬᠦᠪᠦᠷᠢᠯᠡᠬᠦ ᠳᠡᠮᠵᠢᠯᠭᠡ ᠣᠯᠭᠤᠵᠤ᠂ ᠤᠯᠤᠰ ᠤᠨ ᠳᠣᠲᠣᠭᠠᠳᠤ ᠶᠢᠨ ᠲᠡᠭᠡᠭᠡᠪᠦᠷᠢ ᠶᠢᠨ ᠵᠠᠷᠤᠳᠠᠯ ᠤᠨ ᠵᠢᠯ ᠤᠨ ᠨᠥᠬᠦᠪᠥᠷᠢ ᠶᠢᠨ ᠳᠡᠭᠡᠳᠦ ᠬᠢᠵᠠᠭᠠᠷ ᠢ 300 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶     ᠬᠤᠶᠠᠷ᠂ ᠠᠷᠠᠯᠵᠢᠶᠠᠨ ᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠨ᠎ᠡ᠃ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢᠶᠠᠨ ᠰᠢᠯᠵᠢᠭᠦᠯᠦᠨ ᠠᠪᠴᠢᠷᠠᠭᠰᠠᠨ ᠪᠠ ᠶᠡᠷᠦᠩᠬᠡᠶ ᠬᠡᠯᠲᠡᠰ ᠤᠨ ᠠᠷᠠᠯᠵᠢᠶᠠᠨ ᠤ ᠲᠤᠭ᠎ᠠ ᠶᠢ ᠤᠷᠳᠤᠰ ᠲᠤ ᠤᠷᠤᠭᠤᠯᠤᠨ ᠠᠪᠴᠢᠷᠠᠭᠰᠠᠨ ᠠᠷᠠᠯᠵᠢᠶᠠᠨ ᠤ ᠬᠡᠯᠪᠡᠷᠢ ᠶᠢᠨ ᠠᠵᠤ ᠠᠬᠤᠶᠢᠯᠠᠯ ᠳᠤ ︽ᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ︵ᠣᠷᠳᠣᠰ ᠵᠠᠰᠠᠭ ᠲᠠᠷᠬᠠᠭᠠᠭᠰᠠᠨ ﹇2021﹈ 310 ᠳ᠋ᠤᠭᠠᠷ ᠲᠣᠭᠠᠲᠤ︶᠎ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠡᠭᠦᠨ ᠤ ᠰᠢᠯᠵᠢᠭᠦᠯᠦᠨ ᠠᠪᠴᠢᠷᠠᠭᠰᠠᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠨᠢ 5 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 30 ᠳ᠋ᠦᠩᠰᠢᠭᠤᠷ ᠲᠥᠭᠦᠷᠢᠭ ᠬᠦᠷᠦᠭᠰᠡᠨ ᠪᠤᠯ ᠲᠣᠰ ᠲᠣᠰ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 600 ᠲᠦᠮᠡᠨ ᠲᠥᠭᠦᠷᠢᠭ ᠤᠨ ᠨᠢᠭᠡ ᠯᠠ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶     ᠭᠤᠷᠪᠠ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠎ᠠ᠃ ᠭᠠᠳᠠᠭᠠᠳᠤ ᠠᠷᠠᠯᠵᠢᠶ᠎ᠠ ᠶᠢ ᠣᠷᠳᠣᠰ ᠲᠤ ᠰᠢᠯᠵᠢᠭᠦᠯᠦᠨ ᠠᠪᠴᠢᠷᠠᠭᠰᠠᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠴᠠᠭ ᠲᠤᠬᠠᠶ ᠳᠤ ᠨᠢ ᠳᠠᠩᠰᠠᠨ ᠳᠤ ᠣᠷᠣᠭᠤᠯᠬᠤ ᠶᠢ ᠪᠠᠲᠤᠯᠠᠬᠤ ᠶᠢᠨ ᠲᠤᠰᠠᠳᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠤᠰᠬᠠᠶ ᠬᠥᠮᠦᠨ ᠵᠢᠭᠠᠨ ᠲᠣᠭᠲᠠᠭᠠᠵᠤ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ ᠮᠠᠲ᠋ᠧᠷᠢᠶᠠᠯ ᠪᠦᠷᠢᠨ ᠭᠦᠢᠴᠡᠳ ᠪᠠᠶᠢᠬᠤ ᠤᠷᠢᠲᠠᠯ ᠳᠣᠤᠷ᠎ᠠ ᠪᠦᠬᠦᠨ ᠢ 5 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠶᠢ ᠪᠠᠲᠤᠯᠠᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶     ᠳᠥᠷᠪᠡ᠂ ᠭᠠᠳᠠᠭᠠᠳᠤ ᠭᠠᠷᠭᠠᠯᠲᠠ ᠶᠢᠨ ᠳ᠋ᠦᠩᠨᠡᠨ ᠪᠣᠳᠣᠬᠤ ᠬᠦᠴᠢᠷᠳᠡᠯ ᠢ ᠰᠢᠢᠳᠪᠦᠷᠢᠯᠡᠨ᠎ᠡ᠃ ᠭᠠᠳᠠᠭᠠᠳᠤ ᠠᠷᠠᠯᠵᠢᠶ᠎ᠠ ᠶᠢ ᠣᠷᠳᠣᠰ ᠲᠤ ᠰᠢᠯᠵᠢᠭᠦᠯᠦᠨ ᠠᠪᠴᠢᠷᠠᠭᠰᠠᠨ ᠠᠵᠤ ᠠᠬᠤᠶᠢᠯᠠᠯ ᠤᠨ ᠭᠤᠪᠢᠭᠤᠯᠭ᠎ᠠ ᠶᠢᠨ ᠳ᠋ᠦᠩᠨᠡᠨ  ᠪᠤᠳᠤᠯᠳᠠ ᠶᠢ ᠬᠡᠪ ᠤᠨ ᠪᠠᠶᠢᠳᠠᠯ ᠢᠶᠠᠷ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠠᠵᠤ ᠠᠬᠤᠶᠢᠯᠠᠯ ᠤᠨ ᠪᠠᠷᠠᠭ᠎ᠠ ᠰᠣᠯᠢᠯᠴᠠᠬᠤ ᠠᠷᠠᠯᠵᠢᠶ᠎ᠠ ᠵᠡᠷᠭᠡ ᠵᠠᠭᠪᠤᠷ ᠢᠶᠠᠷ ᠳ᠋ᠦᠩᠨᠡᠨ ᠪᠤᠳᠤᠬᠤ ᠠᠰᠠᠭᠤᠳᠠᠯ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ︶     ᠲᠠᠪᠤ᠂ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠵᠠᠮ ᠢ ᠨᠡᠪᠲᠡᠷᠡᠭᠦᠯᠦᠨ᠎ᠡ᠃ ᠣᠷᠣᠰ ᠪᠠ ᠺᠠᠽᠠᠺᠠᠰᠲ᠋ᠠᠨ ᠵᠡᠷᠭᠡ ᠤᠯᠤᠰ ᠲᠤ ᠭᠠᠷᠭᠠᠬᠤ ᠡᠳ᠋ ᠪᠠᠷᠠᠭ᠎ᠠ ᠶᠢ ᠵᠥᠪᠬᠡᠨ ᠡᠬᠡ ᠬᠠᠭᠤᠷᠠᠶ ᠪᠠ ᠳᠠᠯᠠᠢ ᠪᠠᠷ ᠬᠤᠯᠪᠤᠭᠠᠯᠠᠨ ᠵᠦᠭᠡᠭᠡᠪᠦᠷᠢᠯᠡᠵᠤ ᠪᠤᠯᠬᠤ ᠲᠤᠯᠠ ᠲᠡᠭᠡᠭᠡᠪᠦᠷᠢ ᠶᠢᠨ ᠦᠶᠡᠯᠡᠯ ᠤᠨ ᠬᠤᠭᠤᠴᠠᠭ᠎ᠠ ᠨᠢ ᠣᠷᠳᠣ᠂ ᠥᠪᠡᠷ ᠤᠨ ᠥᠷᠲᠡᠭ ᠨᠢ ᠥᠨᠳᠥᠷ ᠪᠠᠶᠢᠳᠠᠭ᠂ ᠳ᠋ᠦᠩᠱᠧᠩ ᠲᠣᠭᠤᠷᠢᠭ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳ᠋ᠦᠩᠱᠧᠩ ᠲᠣᠭᠤᠷᠢᠭ ᠤᠨ ᠪᠠᠷᠠᠭᠤᠨ ᠬᠡᠰᠡᠭ ᠤᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠲᠠ ᠶᠢᠨ ᠣᠷᠳᠣᠰ ᠤᠨ ᠡᠨᠧᠷᠭᠢ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠶᠢᠨ ᠡᠵᠡᠩᠨᠡᠯᠲᠡ ᠶᠢᠨ ᠲᠠᠪᠴᠠᠩ ᠤᠨ ᠺᠣᠮᠫᠠᠨᠢ ᠶᠢ ᠵᠣᠬᠢᠶᠠᠨ ᠪᠠᠶᠢᠭᠤᠯᠵᠤ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠵᠣᠯᠭᠠᠭᠤᠯᠤᠨ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠲᠥᠯᠥᠪᠯᠡᠭᠡ ᠶᠢ ᠴᠢᠷᠮᠠᠶᠢᠨ ᠣᠯᠵᠤ᠂ ᠤᠷᠤᠰ᠂ ᠺᠠᠽᠠᠺᠠᠰᠲ᠋ᠠᠨ ᠳᠤ ᠲᠡᠮᠦᠷ ᠵᠠᠮ ᠢᠶᠠᠷ ᠰᠢᠭᠤᠳ ᠬᠦᠷᠬᠦ ᠲᠡᠭᠡᠭᠡᠪᠦᠷᠢ ᠶᠢᠨ ᠵᠠᠮ ᠢ ᠨᠡᠪᠲᠡᠷᠡᠭᠦᠯᠦᠨ᠎ᠡ᠃ ︵ᠬᠠᠷᠢᠭᠤᠴᠠᠬᠤ ᠨᠢᠭᠡᠴᠢ᠄ ᠳ᠋ᠦᠩᠱᠧᠩ ᠲᠣᠭᠤᠷᠢᠭ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠲᠠ ᠶᠢᠨ ᠣᠷᠳᠣᠰ ᠤᠨ ᠡᠨᠧᠷᠭᠢ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ︶     ᠵᠢᠷᠭᠤᠭ᠎ᠠ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠳᠬᠠᠨ᠎ᠠ᠃ ᠬᠠᠮᠢᠶ᠎ᠠ ᠪᠥᠬᠦᠶ ᠠᠵᠤ ᠠᠬᠤᠶᠢᠯᠠᠯ ᠤᠨ ᠴᠢᠳᠠᠪᠤᠷᠢᠲᠠᠨ ᠪᠠ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠷᠢᠯ ᠢᠶᠠᠷ ᠳᠣᠭᠢᠷᠠᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠠᠵᠤ ᠦᠢᠯᠡᠰ ᠤᠨ ᠠᠵᠢᠯᠴᠢᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠦᠷᠭᠦᠯᠵᠢᠯᠡᠨ ᠵᠣᠬᠢᠶᠠᠨ ᠪᠠᠶᠢᠭᠤᠯᠵᠤ ︽ᠬᠠᠶᠢᠷ᠎ᠠ ᠬᠠᠯᠠᠮᠵᠢᠲᠤ ᠬᠤᠲᠠ ᠶᠢᠨ ᠴᠢᠳᠠᠪᠤᠷᠢᠲᠠᠨ ᠤᠷᠢᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠴᠢᠳᠠᠪᠤᠷᠢᠲᠠᠨ ᠪᠠ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠡᠳ᠋ᠯᠡᠬᠦ ᠶᠣᠰᠣᠲᠠᠶ ᠶᠢ ᠨᠢ ᠴᠥᠮ ᠡᠳ᠋ᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ︽ᠵᠠᠬᠢᠶᠠᠯᠠᠭ᠎ᠠ ᠶᠢᠨ ᠠᠩᠭᠢ︾ ᠵᠡᠷᠭᠡ ᠬᠡᠯᠪᠡᠷᠢ ᠪᠠᠷ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠡᠳᠬᠦᠨ ᠪᠤᠶᠢᠵᠢᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠢ ᠤᠷᠤᠭᠤᠯᠤᠨ ᠠᠪᠴᠢᠷᠠᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶     ᠳᠣᠯᠤᠭ᠎ᠠ᠂ ᠲᠤᠰᠬᠠᠶ ᠮᠡᠷᠭᠡᠵᠢᠯ ᠤᠨ ᠴᠢᠨᠠᠷᠲᠠᠶ ᠦᠵᠡᠭᠦᠯᠦᠯᠭᠡ ᠶᠢᠨ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠦᠵᠡᠰᠬᠦᠯᠡᠩ ᠤᠨ ᠴᠤᠭᠯᠠᠭᠠᠨ ᠠᠴᠠ ᠭᠠᠳᠠᠨ᠎ᠠ ᠠᠵᠤ ᠠᠬᠤᠶᠢᠯᠠᠯ ᠤᠨ ᠳᠤᠷᠠᠳᠤᠭᠰᠠᠨ ᠭᠠᠳᠠᠭᠠᠳᠤ ᠠᠷᠠᠯᠵᠢᠶᠠᠨ ᠤ ᠲᠥᠷᠥᠯ ᠤᠨ ᠲᠤᠰᠬᠠᠶ ᠮᠡᠷᠭᠡᠵᠢᠯ ᠤᠨ ᠴᠢᠨᠠᠷᠲᠠᠶ ᠦᠵᠡᠭᠦᠯᠭᠡ ᠶᠢᠨ ᠴᠤᠭᠯᠠᠭᠠᠨ ᠳᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠣᠷᠣᠯᠴᠠᠵᠤ᠂ ᠦᠵᠡᠭᠦᠯᠭᠡ ᠶᠢᠨ ᠪᠠᠶᠢᠷᠢ ᠶᠢᠨ ᠰᠦᠢᠳᠬᠡᠯ᠂ ᠠᠵᠢᠯᠲᠠᠨ ᠤ ᠵᠠᠮ ᠬᠠᠷᠢᠯᠴᠠᠭᠠᠨ ᠤ ᠵᠠᠷᠤᠳᠠᠯ ᠤᠨ 70%᠎ ᠶᠢ ᠨᠥᠬᠦᠪᠦᠷᠢᠯᠡᠬᠦ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠨᠢᠭᠡᠪᠦᠷᠢ ᠶᠢᠨ ᠣᠨ ᠤ  ᠳᠡᠭᠡᠳᠦ ᠬᠢᠵᠠᠭᠠᠷ ᠨᠢ 30 ᠲᠦᠮᠡᠨ ᠲᠥᠭᠦᠷᠢᠭ ᠪᠣᠯᠤᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     ᠨᠠᠢᠮᠠ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠬᠢᠬᠦ ᠶᠢ ᠳᠡᠮᠵᠢᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠣᠷᠳᠣᠰ ᠬᠤᠲᠠ ᠶᠢᠨ ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠬᠦ  ᠠᠷᠪᠠᠨ ᠠᠵᠢᠯᠯᠠᠭᠠᠨ ᠤ ᠲᠥᠰᠦᠯ︾ ︵ᠤᠷᠳᠤᠰ ᠵᠠᠰᠠᠭ ᠲᠠᠷᠬᠠᠭᠠᠭᠰᠠᠨ ﹇2022﹈ 109 ᠳ᠋ᠦ᠋ᠭᠡᠷ ᠲᠣᠭᠠᠲᠤ︶᠎ ᠢ ᠦᠨᠳᠦᠰᠦᠯᠡᠨ᠂ 5000 ᠲᠦᠮᠡᠨ ᠲᠥᠭᠦᠷᠢᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠰᠬᠠᠶ ᠪᠡᠯᠡ ᠮᠥᠩᠭᠦ ᠶᠢ ᠪᠠᠶᠢᠭᠤᠯᠵᠤ᠂ ︽ᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠷᠭᠡᠳᠬᠡᠭᠰᠡᠨ ᠨᠥᠬᠦᠨ ᠦᠢᠯᠡᠳᠪᠦᠷᠢᠯᠡᠯ ᠪᠠ ᠣᠬᠤᠷ ᠬᠤᠭᠤᠴᠠᠭᠠᠨ ᠤ ᠠᠷᠠᠯᠵᠢᠶᠠᠨ ᠤ ᠡᠷᠬᠢᠯᠳᠡᠳᠦ ᠪᠡᠯᠡ ᠲᠣᠬᠢᠷᠠᠭᠤᠯᠭ᠎ᠠ ᠳᠤ ᠳᠠᠭᠠᠭᠠᠯᠲᠠ ᠪᠠ ᠬᠦᠦ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠬᠠᠩᠭᠠᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶     ᠶᠢᠰᠦ᠂ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠵᠢᠯ ᠪᠦᠷᠢ ᠭᠠᠳᠠᠭᠠᠳᠤ ᠠᠷᠠᠯᠵᠢᠶᠠᠨ ᠤ ᠪᠠᠶᠢᠳᠠᠯ ᠤᠨ ᠵᠠᠳᠠᠯᠤᠯᠲᠠ᠂ ᠭᠠᠳᠠᠭᠠᠳᠤ ᠠᠷᠠᠯᠵᠢᠶᠠᠨ ᠤ ᠲᠥᠷᠥ ᠶᠢᠨ ᠪᠣᠳᠣᠯᠭ᠎ᠠ᠂ ᠪᠣᠳᠠᠲᠤ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠠᠳᠠᠭ ᠲᠠᠭᠠᠨ 1 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠨᠡᠷᠡᠲᠦ ᠭᠠᠳᠠᠭᠠᠳᠤ ᠠᠷᠠᠯᠵᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯᠯᠡᠭᠦᠯᠵᠦ᠂ ᠨᠡᠶᠢᠲᠡᠯᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠤᠷᠢᠵᠤ ᠲᠤᠷᠰᠢᠯᠭ᠎ᠠ ᠪᠠᠨ ᠰᠣᠯᠢᠯᠴᠠᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠯᠭᠡᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     ᠠᠷᠪᠠ᠂ ᠭᠠᠳᠠᠭᠠᠳᠤ ᠠᠷᠠᠯᠵᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠨ᠎ᠠ᠃ ᠭᠠᠳᠠᠭᠠᠳᠤ ᠠᠷᠠᠯᠵᠢᠶᠠᠨ ᠤ ᠲᠤᠰᠬᠠᠶ ᠰᠡᠳᠦᠪᠲᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠯ ᠪᠦᠷᠢ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ  ᠠᠳᠠᠭ ᠪᠠᠭ᠎ᠠ ᠎ ᠳᠠᠭᠠᠨ 5 ᠤᠷᠤᠭᠤᠯᠤᠨ ᠠᠪᠴᠢᠷᠠᠨ᠎ᠠ᠃ 1— 2 ᠲᠣᠮᠣ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠮᠠᠨ ᠤ ᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠢ ᠬᠠᠮᠲᠤᠷᠠᠨ ᠪᠡᠯᠡ ᠨᠡᠶᠢᠯᠡᠭᠦᠯᠦᠭᠰᠡᠨ ᠺᠣᠮᠫᠠᠨᠢ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠳᠤ ᠭᠠᠷᠭᠠᠬᠤ ᠪᠤᠶᠤ ᠬᠢᠮᠢ ᠶᠢᠨ ᠠᠵᠤ ᠦᠢᠯᠡᠳᠪᠦᠷᠢ᠂ ᠢᠮᠠᠭᠠᠨ ᠨᠣᠣᠯᠣᠭᠤᠷ᠂ ᠰᠢᠨ᠎ᠡ ᠡᠨᠧᠷᠭᠢ ᠵᠡᠷᠭᠡ ᠦᠢᠯᠡᠳᠬᠦᠨ ᠢ ᠭᠠᠳᠠᠭᠠᠳᠤ ᠳᠤ ᠭᠠᠷᠭᠠᠬᠤ ᠠᠵᠢᠯ ᠢ ᠣᠷᠣᠯᠠᠨ ᠭᠦᠢᠴᠡᠳᠬᠡᠵᠦ᠂ ᠤᠯᠠᠮᠵᠢᠯᠠᠯᠲᠤ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠵᠦᠭ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶      ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2024 ᠣᠨ ᠤ 7 ᠰᠠᠷ᠎ᠠ ᠶᠢᠨ 31᠎ ᠤ ᠡᠳᠦᠷ ᠪᠣᠯᠲᠠᠯ᠎ᠠ᠂ ᠨᠥᠬᠦᠪᠥᠷᠢ ᠶᠢᠨ ᠪᠠᠯᠠ ᠮᠥᠩᠭᠦ ᠶᠢ ᠤᠯᠠᠷᠢᠯ ᠢᠶᠠᠷ ᠲᠤᠭᠠᠴᠠᠭ᠎ᠠ ᠬᠢᠵᠤ᠂ ᠳᠡᠮᠵᠢᠬᠦ ᠪᠠᠷᠢᠮᠵᠢᠶ᠎ᠠ ᠶᠢ ᠵᠢᠯ ᠪᠦᠷᠢ ᠨᠢᠭᠡ ᠤᠳᠠᠭ᠎ᠠ ᠰᠤᠳᠤᠯᠵᠤ᠂ ᠬᠤᠯᠪᠣᠭᠳᠠᠬᠤ ᠲᠤᠰᠬᠠᠶ ᠪᠠᠯᠠ ᠮᠥᠩᠭᠦ ᠶᠢᠨ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠠᠰ ᠲᠤᠨᠢ ᠲᠣᠭᠲᠠᠭᠠᠨ᠎ᠠ᠃     ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ