ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠤᠬᠢᠴᠠᠭᠤᠯᠤᠨ ᠰᠢᠢᠳᠪᠦᠷᠢᠯᠡᠬᠦ ᠬᠡᠷᠡᠭᠵᠢᠭᠦᠯᠬᠦᠠᠷᠭ᠎ᠠ ᠶᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ  ᠤᠷᠳᠤᠰ ᠵᠠᠰᠠᠭ ᠠᠯᠪᠠᠨ ᠲᠠᠷᠬᠠᠭᠠᠭᠰᠠᠨ ﹇2023﹈ 93 ᠳ᠋ᠤᠭᠠ᠊
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠣᠷᠳᠣᠰ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                            ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 9 ᠰᠠᠷ᠎ᠠ ᠶᠢᠨ 15᠎ ᠤ ᠡᠳᠦᠷᠣᠷᠳᠣᠰ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ     ᠨᠢᠭᠡᠳᠦᠭᠡᠷ ᠵᠦᠢᠯ   ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠴᠢᠳᠠᠮᠵᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢᠨ ᠲᠤᠰᠠᠳᠠ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 191 ᠳ᠋ᠤᠭᠡᠷ ᠲᠣᠭᠠᠲᠤ ᠵᠠᠷᠯᠢᠭ ︶᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2018﹈ 37 ᠳ᠋ᠤᠭᠠᠷ ᠲᠤᠭᠠᠲᠤ︶᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2018﹈ 58 ᠳ᠋ᠤᠭᠠᠷ ᠲᠤᠭᠠᠲᠤ︶ ᠵᠡᠷᠭᠡ ᠬᠤᠯᠪᠤᠭᠳᠠᠯ ᠪᠦᠬᠦᠢ ᠲᠤᠭᠲᠠᠭᠠᠯ ᠢ ᠦᠨᠳᠦᠰᠦᠯᠡᠵᠦ᠂ ᠮᠠᠨ ᠤ ᠬᠤᠲᠠ ᠶᠢᠨ ᠪᠤᠳᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃     ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ︵ᠳᠤᠷᠤᠭᠰᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠭᠡᠵᠦ ᠨᠡᠷᠡᠶᠢᠳᠦᠨ᠎ᠡ︶᠎ ᠤᠨ ᠮᠠᠷᠭᠤᠭᠠᠨ ᠢ ᠵᠣᠬᠢᠴᠠᠭᠤᠯᠬᠤ ᠭᠡᠳᠡᠭ ᠨᠢ ᠪᠢᠴᠢᠭ ᠮᠠᠲ᠋ᠧᠷᠢᠶᠠᠯ ᠲᠣᠭᠲᠠᠭᠠᠬᠤ ᠶᠠᠪᠤᠴᠠ ᠳᠠᠬᠢ ᠮᠠᠷᠭᠤᠭᠠᠨ ᠢ ᠵᠣᠬᠢᠴᠠᠭᠤᠯᠤᠨ ᠰᠢᠢᠳᠪᠦᠷᠢᠯᠡᠬᠦ ᠠᠵᠢᠯᠯᠠᠭ᠎ᠠ ᠶᠢ ᠵᠢᠭᠠᠵᠤ ᠪᠣᠢ᠃ ᠵᠣᠬᠢᠴᠠᠭᠤᠯᠤᠨ ᠰᠢᠢᠳᠪᠦᠷᠢᠯᠡᠬᠦ ᠠᠵᠢᠯᠯᠠᠭ᠎ᠠ ᠶᠢ ᠥᠪᠡᠰᠦᠪᠡᠨ ᠵᠣᠬᠢᠴᠠᠭᠤᠯᠤᠨ ᠰᠢᠢᠳᠪᠦᠷᠢᠯᠡᠬᠦ ᠪᠠ ᠭᠤᠷᠪᠠᠳᠠᠬᠢ ᠲᠠᠯ᠎ᠠ ᠠᠴᠠ ᠦᠨᠡᠯᠡᠨ ᠵᠢᠱᠢᠵᠦ ᠵᠣᠬᠢᠴᠠᠭᠤᠯᠤᠨ ᠰᠢᠢᠳᠪᠦᠷᠢᠯᠡᠬᠦ ᠭᠡᠵᠦ ᠬᠤᠪᠢᠶᠠᠨ᠎ᠠ᠃     ᠭᠤᠷᠪᠠᠳᠤᠭᠠᠷ ᠵᠦᠢᠯ   ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠤᠳᠤᠷᠢᠳᠴᠤ᠂ ᠪᠥᠬᠦ ᠬᠤᠲᠠ ᠶᠢᠨ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠮᠠᠷᠭᠤᠯᠳᠤᠭᠠᠨ ᠢ ᠵᠣᠬᠢᠴᠠᠭᠤᠯᠤᠭᠰᠠᠨ ᠦᠷ᠎ᠡ ᠳ᠋ᠦᠩ ᠤᠨ  ᠬᠡᠷᠡᠭᠵᠢᠭᠦᠯᠥᠯᠲᠡ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠲᠤᠭᠤᠷᠪᠢᠨ ᠪᠢᠴᠢᠬᠦ ᠨᠢᠭᠡᠴᠢ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠬᠠᠷᠢᠭᠤᠴᠠᠯᠭᠠᠲᠤ ᠨᠢᠭᠡᠴᠢ ᠪᠣᠯᠤᠨ᠎ᠠ᠂ ᠬᠤᠶᠠᠷ ᠵᠢᠴᠢ ᠬᠤᠶᠠᠷ ᠠᠴᠠ ᠳᠡᠭᠡᠭᠰᠢᠬᠢ ᠨᠢᠭᠡᠴᠢ ᠬᠠᠮᠲᠤ ᠪᠠᠷ ᠲᠤᠭᠤᠷᠪᠢᠨ ᠪᠢᠴᠢᠭᠰᠡᠨ ᠪᠠᠶᠢᠪᠠᠯ᠂ ᠲᠦᠷᠦᠭᠦᠯᠡᠨ ᠲᠤᠭᠤᠷᠪᠢᠨ ᠪᠢᠴᠢᠬᠦ ᠨᠢᠭᠡᠴᠢ ᠨᠢ ᠬᠠᠷᠢᠭᠤᠴᠠᠯᠭᠠᠲᠤ ᠨᠢᠭᠡᠴᠢ ᠪᠣᠯᠤᠨ᠎ᠠ᠃     ᠳᠥᠷᠪᠡᠳᠦᠭᠡᠷ ᠵᠦᠢᠯ   ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃     ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠡᠭᠦᠷᠭᠡ ᠬᠠᠷᠢᠭᠤᠴᠠᠯᠭ᠎ᠠ ᠠᠴᠠ ᠪᠣᠯᠵᠤ ᠮᠠᠷᠭᠤᠯᠳᠤᠭᠠᠨ ᠭᠠᠷᠤᠭᠰᠠᠨ ᠪᠠᠶᠢᠪᠠᠯ ᠵᠤᠬᠢᠴᠠᠭᠤᠯᠤᠨ ᠰᠢᠢᠳᠪᠦᠷᠢᠯᠡᠨ᠎ᠡ᠃     ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠬᠢᠷᠠᠭᠤᠯᠬᠤ ᠬᠡᠪᠴᠢᠶᠡᠨ ᠳᠤ ᠮᠠᠷᠭᠤᠯᠳᠤᠭᠠᠨ ᠲᠠᠢ ᠪᠤᠯ ᠵᠤᠬᠢᠴᠠᠭᠤᠯᠤᠨ ᠰᠢᠢᠳᠪᠦᠷᠢᠯᠡᠨ᠎ᠡ᠃     ︵ᠭᠤᠷᠪᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠤᠤᠯ ᠳᠦᠷᠢᠮ ᠪᠣᠯᠤᠨ ᠴᠢᠬᠤᠯᠠ ᠵᠢᠷᠤᠮᠵᠢᠯ ᠤᠨ ᠴᠢᠬᠤᠯᠠ ᠴᠢᠨᠠᠷ᠂ ᠪᠣᠯᠤᠮᠵᠢᠲᠤ ᠴᠢᠨᠠᠷ ᠤᠨ ᠲᠤᠬᠠᠶ ᠮᠠᠷᠭᠤᠯᠳᠤᠭᠠᠨ ᠲᠠᠢ ᠪᠤᠯ ᠵᠤᠬᠢᠴᠠᠭᠤᠯᠤᠨ ᠰᠢᠢᠳᠪᠦᠷᠢᠯᠡᠨ᠎ᠡ᠃     ︵ᠲᠦᠷᠪᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠤᠨ ᠬᠠᠷᠢᠴᠠᠭ᠎ᠠ ᠶᠢᠨ ᠲᠤᠬᠢᠷᠠᠭᠤᠯᠤᠯᠲᠠ ᠳᠤ ᠮᠠᠷᠭᠤᠯᠳᠤᠭᠠᠨ ᠲᠠᠢ ᠪᠤᠯ ᠵᠤᠬᠢᠴᠠᠭᠤᠯᠤᠨ ᠰᠢᠢᠳᠪᠦᠷᠢᠯᠡᠨ᠎ᠡ᠃     ︵ᠲᠠᠪᠤ︶ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠤᠭᠲᠠᠭᠠᠬᠤ ᠳᠤ ᠮᠠᠷᠭᠤᠯᠳᠤᠭᠠᠨ ᠲᠠᠢ ᠵᠦᠢᠯᠡᠰ ᠤᠷᠤᠰᠢᠪᠠᠯ ᠵᠤᠬᠢᠴᠠᠭᠤᠯᠤᠨ ᠰᠢᠢᠳᠪᠦᠷᠢᠯᠡᠨ᠎ᠡ᠃     ᠲᠠᠪᠤᠳᠤᠭᠠᠷ ᠵᠦᠢᠯ   ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠴᠠᠭᠤᠯᠤᠨ ᠰᠢᠢᠳᠪᠦᠷᠢᠯᠡᠬᠦ ᠬᠠᠷᠢᠭᠤᠴᠠᠯᠭᠠᠲᠤ ᠨᠢᠭᠡᠴᠢ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠬᠤ ᠬᠡᠷᠡᠭᠲᠡᠶ᠃ ᠵᠣᠬᠢᠴᠠᠭᠤᠯᠤᠨ ᠰᠢᠢᠳᠪᠦᠷᠢᠯᠡᠬᠦ ᠳᠤ ᠣᠷᠣᠯᠴᠠᠭᠰᠠᠨ ᠬᠤᠯᠪᠣᠭᠳᠠᠯ ᠪᠦᠬᠦᠢ ᠨᠢᠭᠡᠴᠢ  ᠪᠢᠴᠢᠭ ᠤᠨ ᠬᠡᠯᠪᠡᠷᠢ ᠪᠠᠷ ᠰᠠᠨᠠᠯ ᠢᠶᠠᠨ ᠳᠤᠷᠠᠳᠤᠨ᠂ ᠤᠴᠢᠷ ᠰᠢᠯᠲᠠᠭᠠᠨ ᠪᠠ ᠦᠨᠳᠦᠰᠦᠯᠡᠯ ᠢᠶᠠᠨ ᠲᠣᠳᠣᠷᠬᠠᠶᠢᠯᠠᠬᠤ ᠬᠡᠷᠡᠭᠲᠡᠶ᠃ ᠲᠣᠭᠲᠠᠭᠰᠠᠨ ᠴᠠᠭ ᠤᠨ ᠳᠣᠲᠣᠷ᠎ᠠ ᠪᠢᠴᠢᠭ ᠎ ᠢᠶᠠᠷ ᠰᠠᠨᠠᠯ ᠢᠶᠠᠨ ᠭᠠᠷᠭᠠᠭᠰᠠᠨ ᠦᠭᠡᠶ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠭᠰᠠᠨ ᠦᠭᠡᠶ ᠪᠣᠯ ᠰᠠᠨᠠᠯ ᠦᠭᠡᠶ ᠪᠠᠷ ᠦᠵᠡᠨ᠎ᠡ᠃ ᠵᠣᠬᠢᠴᠠᠭᠤᠯᠤᠨ ᠰᠢᠢᠳᠪᠦᠷᠢᠯᠡᠬᠦ ᠶᠠᠪᠤᠴᠠ ᠳᠤ ᠠᠳᠠᠯᠢ ᠨᠢᠭᠡᠨ ᠨᠢᠭᠡᠴᠢ ᠲᠡᠭᠦᠨ ᠤ ᠪᠢᠴᠢᠭ ᠤᠨ ᠬᠡᠯᠪᠡᠷᠢ ᠪᠠᠷ ᠳᠤᠷᠠᠳᠤᠭᠰᠠᠨ ᠰᠠᠨᠠᠯ ᠳᠤ ᠰᠢᠨ᠎ᠡ ᠰᠠᠨᠠᠯ ᠲᠠᠢ ᠪᠣᠯ ᠳᠠᠬᠢᠨᠲᠠ ᠪᠢᠴᠢᠭ ᠤᠨ ᠬᠡᠯᠪᠡᠷᠢ ᠪᠠᠷ ᠰᠠᠨᠠᠯ ᠢᠶᠠᠨ ᠭᠠᠷᠭᠠᠬᠤ ᠶᠢᠨ ᠬᠠᠮᠲᠤ ᠬᠤᠪᠢᠷᠠᠭᠤᠯᠤᠭᠰᠠᠨ ᠤᠴᠢᠷ ᠰᠢᠯᠲᠠᠭᠠᠨ ᠪᠣᠯᠤᠨ ᠦᠨᠳᠦᠰᠦᠯᠡᠯ ᠢᠶᠠᠨ ᠲᠣᠳᠣᠷᠬᠠᠶᠢᠯᠠᠬᠤ ᠬᠡᠷᠡᠭᠲᠡᠶ᠃     ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠤ ᠨᠢᠭᠡᠴᠢ ᠵᠣᠬᠢᠴᠠᠭᠤᠯᠬᠤ ᠲᠡᠮᠳᠡᠭᠯᠡᠯ ᠢᠶᠠᠨ ᠰᠠᠶᠢᠲᠤᠷ ᠬᠢᠬᠦ ᠬᠡᠷᠡᠭᠲᠡᠶ᠃     ᠵᠢᠷᠭᠤᠳᠤᠭᠠᠷ ᠵᠦᠢᠯ   ᠥᠪᠡᠰᠦᠪᠡᠨ ᠵᠣᠬᠢᠴᠠᠭᠤᠯᠤᠨ ᠰᠢᠢᠳᠪᠦᠷᠢᠯᠡᠬᠦ ᠳᠤ ᠶᠠᠷᠢᠯᠴᠠᠬᠤ ᠬᠤᠷᠠᠯ ᠬᠤᠷᠠᠯᠳᠤᠭᠤᠯᠬᠤ᠂ ᠪᠢᠴᠢᠭ ᠤᠨ ᠬᠡᠯᠪᠡᠷᠢ ᠪᠠᠷ ᠵᠥᠪᠳᠡᠯᠴᠡᠬᠦ᠂ ᠪᠠᠶᠢᠴᠠᠭᠠᠨ ᠨᠤᠲᠠᠯᠠᠬᠤ ᠵᠡᠷᠭᠡ ᠠᠷᠭ᠎ᠠ ᠮᠠᠶ᠋ᠢᠭ ᠢᠶᠠᠷ ᠵᠥᠪᠳᠡᠯᠴᠡᠵᠦ ᠪᠣᠯᠤᠨ᠎ᠠ᠂ ᠴᠢᠬᠤᠯᠠ ᠲᠠᠢ ᠦᠶ᠎ᠡ ᠳᠤ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠤᠷᠠᠯ ᠳᠤ ᠣᠷᠣᠯᠴᠠᠭᠤᠯᠬᠤ ᠪᠤᠶᠤ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠮᠠᠷᠭᠤᠯᠳᠤᠭᠠᠨ ᠤ ᠵᠦᠢᠯᠡᠰ ᠢ ᠨᠤᠲᠠᠯᠠᠭᠤᠯᠵᠤ ᠪᠣᠯᠤᠨ᠎ᠠ᠃     ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠᠶᠢᠭᠤᠯᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠠᠪᠤᠴᠠ ᠳᠤ ᠭᠠᠷᠤᠭᠰᠠᠨ ︽ᠭᠤᠷᠪᠠ ᠶᠢ ᠲᠣᠭᠲᠠᠭᠠᠬᠤ︾ ᠲᠥᠰᠦᠯ ᠳᠤ ᠬᠤᠯᠪᠣᠭᠳᠠᠬᠤ ᠮᠠᠷᠭᠤᠯᠳᠤᠭᠠᠨ ᠢ ᠲᠤᠰ ᠱᠠᠲᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠰᠠᠨᠠᠯ ᠢ ᠬᠤᠷᠢᠶᠠᠬᠤ ᠬᠡᠷᠡᠭᠲᠡᠶ᠃     ᠥᠪᠡᠰᠦᠪᠡᠨ ᠵᠣᠬᠢᠴᠠᠭᠤᠯᠵᠤ ᠰᠢᠢᠳᠪᠤᠠᠷᠢᠯᠡᠬᠦ ᠶᠠᠪᠤᠴᠠ ᠳᠠᠬᠢ ᠨᠤᠲᠠᠯᠠᠬᠤ ᠠᠵᠢᠯ ᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠠᠵᠢᠯ ᠲᠠᠢ ᠬᠠᠮᠲᠤ ᠳᠤᠨᠢ ᠥᠷᠨᠢᠭᠦᠯᠵᠦ ᠪᠣᠯᠤᠨ᠎ᠠ᠃     ᠳᠣᠯᠣᠳᠤᠭᠠᠷ ᠵᠦᠢᠯ   ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠬᠠᠷᠢᠭᠤᠴᠠᠯᠭᠠᠲᠤ ᠨᠢᠭᠡᠴᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠭᠤᠷᠪᠠᠳᠠᠬᠢ  ᠲᠠᠯ᠎ᠠ ᠳᠤ ᠨᠠᠶᠢᠳᠠᠵᠤ ᠦᠨᠡᠯᠡᠨ ᠵᠢᠱᠢᠵᠦ ᠪᠣᠯᠤᠨ᠎ᠠ᠃ ᠭᠤᠷᠪᠠᠳᠠᠬᠢ ᠲᠠᠯ᠎ᠠ ᠶᠢ ᠰᠣᠩᠭᠤᠬᠤ ᠳᠠᠭᠠᠨ᠂ ᠢᠯᠡ ᠲᠤᠳᠤ ᠪᠠᠶᠢᠬᠤ ᠶᠢᠨ ᠬᠠᠮᠲᠤ ᠭᠤᠷᠪᠠᠳᠠᠬᠢ ᠲᠠᠯ᠎ᠠ ᠲᠠᠢ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠪᠣᠳᠠᠲᠠᠶ ᠨᠠᠶᠢᠳᠠᠭᠰᠠᠨ ᠵᠦᠢᠯ ᠪᠣᠯᠤᠨ ᠱᠠᠭᠠᠷᠳᠠᠯᠭ᠎ᠠ ᠪᠠᠨ ᠳᠤᠷᠠᠳᠬᠤ ᠬᠡᠷᠡᠭᠲᠡᠶ᠃     ᠨᠠᠶᠢᠳᠠᠯᠭ᠎ᠠ ᠬᠦᠯᠢᠶᠡᠭᠰᠡᠨ ᠭᠤᠷᠪᠠᠳᠠᠬᠢ ᠲᠠᠯ᠎ᠠ ᠶᠢᠨ ᠬᠢᠨ ᠦᠨᠡᠯᠡᠨ ᠵᠢᠱᠢᠬᠦ ᠠᠵᠢᠯ ᠢᠶᠠᠨ ᠪᠤᠰᠤᠳ ᠪᠠᠶᠢᠭᠤᠯᠤᠮᠵᠢ ᠪᠤᠶᠤ ᠬᠤᠪᠢ ᠬᠥᠮᠦᠨ ᠳᠤ ᠰᠢᠯᠵᠢᠭᠦᠯᠦᠨ ᠨᠠᠶᠢᠳᠠᠵᠤ ᠪᠣᠯᠬᠤ ᠦᠭᠡᠶ᠃     ᠭᠤᠷᠪᠠᠳᠠᠬᠢ ᠲᠠᠯ᠎ᠠ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠭᠰᠡᠨ ᠪᠠᠶᠢᠪᠠᠯ ᠦᠨᠡᠯᠡᠨ ᠵᠢᠱᠢᠬᠦ ᠡᠭᠦᠷᠭᠡ ᠶᠢᠨ ᠠᠵᠢᠯ ᠤᠨ ᠬᠡᠮᠵᠢᠶ᠎ᠡ᠂ ᠪᠡᠷᠬᠡ ᠬᠢᠯᠪᠠᠷ ᠤᠨ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ ᠦᠨᠡᠯᠡᠨ ᠵᠢᠱᠢᠬᠦ ᠵᠠᠷᠤᠳᠠᠯ ᠢ ᠵᠦᠶ ᠵᠣᠬᠢᠰᠲᠠᠶ ᠲᠣᠭᠲᠠᠭᠠᠵᠤ᠂ ᠨᠠᠶᠢᠳᠠᠬᠤ ᠬᠡᠯᠡᠯᠴᠡᠭᠡᠷ ᠲᠤ ᠪᠣᠳᠠᠲᠠᠶ ᠲᠣᠭᠲᠠᠭᠠᠯ ᠭᠠᠷᠭᠠᠬᠤ ᠬᠡᠷᠡᠭᠲᠡᠶ᠃     ᠨᠠᠢᠮᠠᠳᠤᠭᠠᠷ ᠵᠦᠢᠯ   ᠨᠠᠶᠢᠳᠠᠭᠰᠠᠨ ᠵᠦᠢᠯᠡᠰ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠪᠤᠶᠤ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠢ ᠵᠡᠷᠭᠡ ᠶᠢ ᠰᠣᠩᠭᠤᠵᠤ ᠨᠠᠶᠢᠳᠠᠯᠭ᠎ᠠ ᠶᠢ ᠬᠦᠯᠢᠶᠡᠨ ᠠᠪᠬᠤ ᠭᠤᠷᠪᠠᠳᠠᠬᠢ ᠲᠠᠯ᠎ᠠ ᠪᠣᠯᠭᠠᠵᠤ ᠪᠣᠯᠤᠨ᠎ᠠ᠃ ᠨᠠᠶᠢᠳᠠᠯᠭ᠎ᠠ ᠶᠢ ᠬᠦᠯᠢᠶᠡᠭᠰᠡᠨ ᠭᠤᠷᠪᠠᠳᠠᠬᠢ ᠲᠠᠯ᠎ᠠ ᠳᠣᠣᠷᠠᠬᠢ ᠨᠥᠬᠦᠴᠡᠯ ᠤᠳ ᠢ ᠪᠦᠷᠢᠳᠦᠭᠦᠯᠬᠦ ᠬᠡᠷᠡᠭᠲᠡᠢ᠃     ︵ᠨᠢᠭᠡ︶ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ᠂ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠣᠶᠢᠯᠠᠭᠠᠬᠤ ᠪᠠ ᠦᠨᠡᠯᠡᠨ ᠵᠢᠱᠢᠬᠦ ᠠᠷᠭ᠎ᠠ ᠶᠢ ᠡᠵᠡᠮᠰᠢᠬᠦ ᠮᠥᠷᠲᠡᠭᠡᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠶ᠃     ︵ᠬᠤᠶᠠᠷ︶ ᠬᠠᠮᠢᠶ᠎ᠠ ᠪᠦᠬᠦᠢ ᠬᠥᠮᠦᠰ ᠤᠨ ᠦᠨᠡᠯᠡᠨ ᠵᠢᠱᠢᠬᠦ ᠳᠤ ᠣᠷᠣᠯᠴᠠᠬᠤ ᠴᠠᠭ ᠨᠢ ᠪᠠᠲᠤᠯᠠᠭ᠎ᠠ ᠲᠠᠢ ᠪᠠᠶᠢᠬᠤ᠃     ︵ᠭᠤᠷᠪᠠ︶ ᠲᠤᠬᠠᠶᠢᠯᠠᠭᠰᠠᠨ ᠠᠵᠢᠯ ᠤᠨ ᠬᠠᠷᠢᠴᠠᠭ᠎ᠠ᠂ ᠪᠠᠶᠢᠭᠤᠯᠤᠮᠵᠢ ᠶᠢᠨ ᠬᠠᠷᠢᠶᠠᠯᠠᠯ᠂ ᠪᠡᠯᠡ ᠮᠥᠩᠭᠦ ᠶᠢᠨ ᠢᠷᠡᠯᠲᠡ ᠵᠡᠷᠭᠡ ᠲᠠᠯ᠎ᠠ ᠪᠠᠷ ᠪᠡᠶ᠎ᠡ ᠪᠠᠨ ᠳᠠᠭᠠᠭᠠᠭᠰᠠᠨ ᠴᠢᠨᠠᠷᠲᠠᠶ ᠪᠠᠶᠢᠵᠤ᠂ ᠬᠤᠯᠪᠣᠭᠳᠠᠯ ᠪᠦᠬᠦᠢ ᠮᠠᠷᠭᠤᠯᠳᠤᠭᠠᠨ ᠲᠠᠢ ᠡᠲᠡᠭᠡᠳ ᠲᠠᠢ ᠡᠷᠭᠡ ᠠᠰᠢᠭ ᠤᠨ ᠬᠠᠷᠢᠴᠠᠭ᠎ᠠ ᠦᠭᠡᠶ᠃     ︵ᠲᠦᠷᠪᠡ︶ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ ᠡᠷᠬᠡᠪᠰᠢ ᠱᠠᠭᠠᠷᠳᠠᠭᠳᠠᠬᠤ ᠪᠤᠰᠤᠳ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃     ᠶᠢᠰᠦᠳᠦᠭᠡᠷ ᠵᠦᠢᠯ   ᠭᠤᠷᠪᠠᠳᠠᠬᠢ ᠲᠠᠯ᠎ᠠ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠳᠤ ᠳᠣᠤᠷᠠᠬᠢ ᠳᠡᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠤᠨ᠎ᠠ᠃     ︵ᠨᠢᠭᠡ︶ ᠦᠨᠡᠯᠡᠨ ᠵᠢᠱᠢᠬᠦ ᠭᠤᠣᠯ ᠴᠣᠭᠴᠠ ᠶᠢ ᠰᠤᠩᠭᠤᠨ᠎ᠠ᠃ ᠦᠨᠡᠯᠡᠨ ᠵᠢᠱᠢᠬᠦ ᠵᠦᠢᠯᠡᠰ ᠤᠨ ᠨᠥᠬᠦᠴᠡᠯ ᠱᠠᠭᠠᠷᠳᠠᠯᠭ᠎ᠠ ᠶᠢ ᠦᠨᠳᠦᠰᠦᠯᠡᠨ᠂ ᠭᠤᠷᠪᠠᠳᠠᠬᠢ ᠲᠠᠯ᠎ᠠ ᠶᠢ ᠰᠢᠯᠢᠳᠡᠭ ᠠᠴᠠ ᠨᠢ ᠰᠣᠩᠭᠤᠨ ᠲᠣᠭᠲᠠᠭᠠᠵᠤ᠂ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠭᠠᠨ᠎ᠠ᠃     ︵ᠬᠤᠶᠠᠷ︶ ᠦᠨᠡᠯᠡᠬᠦ ᠲᠥᠰᠥᠯ ᠲᠤᠭᠲᠠᠭᠠᠨ᠎ᠠ᠃ ᠭᠤᠷᠪᠠᠳᠡᠬᠢ ᠲᠠᠯ᠎ᠠ ᠨᠢ ᠨᠠᠶᠢᠳᠠᠯᠭ᠎ᠠ ᠶᠢᠨ ᠬᠡᠯᠡᠯᠴᠡᠭᠡᠷ ᠤᠨ ᠱᠠᠭᠠᠷᠳᠠᠯᠭ᠎ᠠ ᠶᠣᠰᠣᠭᠠᠷ ᠦᠨᠡᠯᠡᠨ ᠵᠢᠱᠢᠬᠦ ᠲᠥᠰᠦᠯ ᠢ ᠳᠤᠷᠠᠳᠴᠤ᠂ ᠦᠨᠡᠯᠡᠨ ᠵᠢᠱᠢᠬᠦ ᠠᠯᠬᠤᠮ ᠳᠠᠷᠠᠭ᠎ᠠ ᠪᠣᠯᠤᠨ ᠪᠠᠷᠢᠮᠵᠢᠶ᠎ᠠ ᠶᠢ ᠲᠣᠭᠲᠠᠭᠠᠵᠤ᠂ ᠦᠨᠡᠯᠡᠨ ᠵᠢᠱᠢᠬᠦ ᠠᠷᠭ᠎ᠠ ᠶᠢ ᠲᠣᠳᠣᠷᠬᠠᠶᠢᠯᠠᠨ᠎ᠠ᠃ ᠦᠨᠡᠯᠡᠨ ᠵᠢᠱᠢᠬᠦ ᠲᠥᠰᠦᠯ ᠢ ᠨᠠᠶᠢᠳᠠᠭᠰᠠᠨ ᠲᠠᠯ᠎ᠠ ᠠᠴᠠ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠦᠨᠡᠯᠡᠨ ᠵᠢᠱᠢᠬᠦ ᠲᠠᠯ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠭᠤᠷᠪᠠ︶ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠶᠢ ᠥᠷᠨᠢᠭᠦᠯᠦᠨ᠎ᠡ᠃ ᠭᠤᠷᠪᠠᠳᠠᠬᠢ ᠲᠠᠯ᠎ᠠ ᠦᠨᠡᠯᠡᠨ ᠵᠢᠱᠢᠬᠦ ᠲᠥᠰᠦᠯ ᠤᠨ ᠶᠣᠰᠣᠭᠠᠷ ᠦᠨᠡᠯᠡᠨ ᠵᠢᠱᠢᠬᠦ ᠵᠦᠢᠯᠡᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠵᠤ᠂ ᠦᠨᠳᠦᠰᠦᠨ ᠪᠠᠶᠢᠳᠠᠯ ᠢ ᠬᠤᠷᠢᠶᠠᠩᠭᠤᠶᠢᠯᠠᠨ᠂ ᠰᠤᠳᠤᠯᠤᠨ ᠨᠤᠲᠠᠯᠠᠵᠤ᠂ ᠦᠨᠡᠯᠡᠨ ᠵᠢᠱᠢᠭᠰᠡᠨ ᠮᠡᠳᠡᠭᠦᠯᠦᠯᠲᠡ ᠪᠤᠯᠭᠠᠨ᠎ᠠ᠃     ︵ᠲᠦᠷᠪᠡ︶ ᠦᠨᠡᠯᠡᠨ ᠵᠢᠱᠢᠭᠰᠡᠨ ᠦᠷ᠎ᠡ ᠳ᠋ᠦᠩ ᠢ ᠰᠢᠯᠭᠠᠨ ᠪᠠᠶᠢᠴᠠᠭᠠᠨ᠎ᠠ᠃ ᠨᠠᠶᠢᠳᠠᠭᠰᠠᠨ ᠲᠠᠯ᠎ᠠ ᠨᠢ ᠭᠤᠷᠪᠠᠳᠠᠬᠢ ᠲᠠᠯ᠎ᠠ ᠶᠢᠨ ᠦᠨᠡᠯᠡᠨ ᠵᠢᠱᠢᠯᠲᠡ ᠬᠢᠭᠰᠡᠨ ᠪᠠᠶᠢᠳᠠᠯ ᠵᠢᠴᠢ ᠦᠷ᠎ᠡ ᠪᠦᠲᠦᠭᠡᠯ ᠢ ᠰᠢᠯᠭᠠᠨ ᠬᠤᠷᠢᠶᠠᠵᠤ᠂ ᠭᠤᠷᠪᠠᠳᠠᠬᠢ ᠲᠠᠯ᠎ᠠ ᠨᠢ ᠦᠨᠡᠯᠡᠨ ᠵᠢᠱᠢᠬᠦ ᠲᠥᠰᠦᠯ ᠳᠤ ᠲᠣᠭᠲᠠᠭᠠᠭᠰᠠᠨ ᠠᠯᠬᠤᠮ ᠳᠠᠷᠠᠭ᠎ᠠ᠂ ᠪᠠᠷᠢᠮᠵᠢᠶ᠎ᠠ ᠪᠠ ᠠᠷᠭ᠎ᠠ ᠶᠢ ᠴᠢᠩᠭ᠎ᠠ ᠵᠢᠷᠤᠮᠯᠠᠨ ᠦᠨᠡᠯᠡᠨ ᠵᠢᠱᠢᠬᠦ ᠬᠡᠷᠡᠭᠲᠡᠶ᠃ ᠰᠢᠯᠭᠠᠨ ᠬᠤᠷᠢᠶᠠᠯᠳᠠ ᠳᠤ ᠦᠨᠡᠯᠡᠨ ᠵᠢᠱᠢᠬᠦ ᠲᠥᠰᠦᠯ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠬᠤ ᠶᠢ ᠣᠯᠵᠤ ᠢᠯᠡᠷᠡᠭᠦᠯᠪᠡᠯ ᠭᠤᠷᠪᠠᠳᠠᠬᠢ ᠲᠠᠯ᠎ᠠ ᠠᠴᠠ ᠬᠤᠭᠤᠴᠠᠭ᠎ᠠ ᠬᠢᠵᠠᠭᠠᠷᠯᠠᠨ ᠨᠥᠬᠦᠪᠥᠷᠢᠯᠡᠨ ᠦᠨᠡᠯᠡᠨ ᠵᠢᠱᠢᠬᠦ ᠪᠤᠶᠤ ᠳᠠᠬᠢᠨ ᠦᠨᠡᠯᠡᠨ ᠵᠢᠱᠢᠬᠦ ᠪᠠᠷ ᠱᠠᠭᠠᠷᠳᠠᠬᠤ ᠬᠡᠷᠡᠭᠲᠡᠶ᠃ ᠬᠤᠭᠤᠴᠠᠭ᠎ᠠ ᠨᠢ ᠥᠩᠭᠡᠷᠡᠲᠡᠯ᠎ᠡ ᠮᠥᠨ ᠬᠦ ᠰᠢᠯᠭᠠᠨ ᠪᠠᠶᠢᠴᠠᠭᠠᠯᠲᠠ ᠪᠠᠷ ᠳᠠᠮᠵᠢᠭᠰᠠᠨ ᠦᠭᠡᠶ ᠪᠣᠯ ᠨᠠᠶᠢᠳᠠᠭᠰᠠᠨ ᠲᠠᠯ᠎ᠠ ᠨᠢ ᠬᠡᠯᠡᠯᠴᠡᠭᠡᠷ ᠢ ᠵᠤᠭᠰᠤᠭᠠᠵᠤ ᠪᠣᠯᠤᠨ᠎ᠠ᠃     ︵ᠲᠠᠪᠤ︶ ᠦᠨᠡᠯᠡᠨ ᠵᠢᠱᠢᠭᠰᠡᠨ ᠦᠷ᠎ᠡ ᠪᠦᠲᠦᠭᠡᠯ ᠢᠶᠠᠨ ᠲᠤᠰᠢᠶᠠᠨ᠎ᠠ᠃ ᠪᠣᠯᠵᠣᠨ ᠲᠣᠭᠲᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠦᠨᠡᠯᠡᠨ ᠵᠢᠱᠢᠭᠰᠡᠨ ᠦᠷ᠎ᠡ ᠪᠦᠲᠦᠭᠡᠯ ᠳᠤ ᠦᠷ᠎ᠡ ᠪᠦᠲᠦᠭᠡᠯ ᠢ ᠲᠤᠰᠢᠶᠠᠬᠤ ᠪᠠ ᠬᠦᠯᠢᠶᠠᠨ ᠠᠪᠬᠤ᠂ ᠦᠨᠡᠯᠡᠨ ᠵᠢᠱᠢᠭᠰᠡᠨ ᠵᠠᠷᠤᠳᠠᠯ ᠢ ᠥᠭᠬᠦ ᠵᠡᠷᠭᠡ ᠭᠠᠷᠳᠠᠮ ᠢ ᠭᠦᠢᠴᠡᠳᠬᠡᠨ᠎ᠡ᠃         ᠠᠷᠪᠠᠳᠤᠭᠠᠷ ᠵᠦᠢᠯ   ᠭᠤᠷᠪᠠᠳᠠᠬᠢ ᠲᠠᠯ᠎ᠠ ᠨᠢ ᠦᠨᠡᠯᠡᠨ ᠵᠢᠱᠢᠬᠦ ᠬᠡᠷᠡᠭᠴᠡᠭᠡ ᠶᠢ ᠦᠨᠳᠦᠰᠦᠯᠡᠨ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠣᠨᠴᠠᠭᠠᠢ ᠬᠡᠷᠡᠭ ᠢ ᠵᠠᠳᠠᠯᠬᠤ᠂ ᠬᠠᠷᠢᠴᠠᠭᠤᠯᠤᠨ ᠵᠠᠳᠠᠯᠬᠤ᠂ ᠥᠪᠡᠷ ᠤᠨ ᠥᠷᠲᠡᠭ ᠤᠨ ᠦᠷ᠎ᠡ ᠠᠰᠢᠭ ᠢ ᠵᠠᠳᠠᠯᠬᠤ ᠵᠡᠷᠭᠡ ᠠᠷᠭ᠎ᠠ ᠶᠢ ᠠᠪᠴᠤ ᠦᠨᠡᠯᠡᠨ ᠵᠢᠱᠢᠵᠦ᠂ ᠭᠤᠷᠪᠠᠳᠠᠬᠢ ᠲᠠᠯ᠎ᠠ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠪᠣᠯᠭᠠᠵᠤ ᠪᠣᠯᠤᠨ᠎ᠠ᠂ ᠭᠤᠷᠪᠠᠳᠠᠬᠢ ᠲᠠᠯ᠎ᠠ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠳᠤ ᠳᠤᠤᠷᠠᠬᠢ ᠠᠭᠤᠯᠭ᠎ᠠ ᠶᠢ ᠪᠠᠭᠲᠠᠬᠠᠬᠤ ᠬᠡᠷᠡᠭᠲᠡᠶ᠃     ︵ᠨᠢᠭᠡ︶ ᠦᠨᠡᠯᠡᠨ ᠵᠢᠱᠢᠬᠦ ᠠᠵᠢᠯ ᠤᠨ ᠦᠨᠳᠦᠰᠦᠨ ᠪᠠᠶᠢᠳᠠᠯ᠃     ︵ᠬᠤᠶᠠᠷ︶ ᠦᠨᠡᠯᠡᠨ ᠵᠢᠱᠢᠬᠦ ᠠᠭᠤᠯᠭ᠎ᠠ ᠶᠢᠨ ᠵᠠᠳᠠᠯᠤᠯᠲᠠ ᠪᠠ ᠦᠨᠳᠦᠰᠦᠯᠡᠯ᠃     ︵ᠭᠤᠷᠪᠠ︶ ᠦᠨᠡᠯᠡᠯᠲᠠ ᠶᠢᠨ ᠳ᠋ᠦᠩᠨᠡᠯᠲᠡ ᠵᠢᠴᠢ ᠰᠠᠨᠠᠭᠤᠯᠭ᠎ᠠ᠃     ︵ᠲᠦᠷᠪᠡ︶ ᠦᠨᠡᠯᠡᠨ ᠵᠢᠱᠢᠬᠦ ᠳᠤ ᠣᠷᠣᠯᠴᠠᠭᠴᠢ ᠶᠢᠨ ᠭᠠᠷ ᠤᠨ ᠦᠰᠦᠭ ᠪᠠ ᠦᠨᠡᠯᠡᠨ ᠵᠢᠱᠢᠬᠦ ᠪᠠᠶᠢᠭᠤᠯᠤᠮᠵᠢ ᠶᠢᠨ ᠲᠠᠮᠠᠭ᠎ᠠ᠃     ︵ᠲᠠᠪᠤ︶ ᠪᠤᠰᠤᠳ ᠲᠤᠳᠣᠷᠬᠠᠶᠢᠯᠠᠬᠤ ᠴᠢᠬᠤᠯᠠᠲᠠᠶ ᠠᠰᠠᠬᠤᠳᠠᠯ᠃     ᠠᠷᠪᠠᠨ ᠨᠢᠭᠡᠳᠦᠭᠡᠷ ᠵᠦᠢᠯ   ᠭᠤᠷᠪᠠᠳᠠᠬᠢ ᠲᠠᠯ᠎ᠠ ᠦᠨᠡᠯᠡᠨ ᠵᠢᠱᠢᠬᠦ ᠠᠵᠢᠯ ᠥᠷᠨᠢᠭᠦᠯᠬᠦ ᠳᠡᠭᠡᠨ ᠬᠠᠤᠯᠢ ᠶᠤᠰᠤᠴᠢ᠂ ᠪᠤᠰᠤᠳᠴᠢ᠂ ᠲᠤᠰᠠᠭᠠᠷ᠂ ᠲᠥᠪ ᠭᠤᠤᠯᠴᠢ ᠪᠠᠶᠢᠬᠤ ᠬᠡᠷᠡᠭᠲᠡᠶ᠂ ᠬᠤᠳᠠᠯ ᠬᠠᠭᠤᠷᠮᠠᠭ ᠵᠦᠢᠯ ᠵᠣᠬᠢᠶᠠᠬᠤ ᠪᠠ ᠬᠠᠭᠤᠯᠵᠤ ᠪᠣᠯᠬᠤ ᠦᠭᠡᠶ᠃ ᠲᠣᠭᠲᠠᠭᠠᠯ ᠪᠤᠶᠤ ᠬᠡᠯᠡᠯᠴᠡᠭᠡᠷ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠠᠶᠢᠪᠠᠯ᠂ ᠨᠠᠶᠢᠳᠠᠭᠰᠠᠨ ᠲᠠᠯ᠎ᠠ ᠨᠢ ᠪᠠᠶᠢᠳᠠᠯ ᠢ ᠨᠢ ᠦᠨᠳᠦᠰᠦᠯᠡᠨ ᠵᠠᠯᠠᠷᠠᠭᠤᠯᠬᠤ᠂ ᠨᠠᠶᠢᠳᠠᠯᠭ᠎ᠠ ᠶᠢ ᠬᠦᠴᠦᠨ ᠦᠭᠡᠶ ᠪᠣᠯᠭᠠᠬᠤ ᠪᠠᠷ ᠱᠠᠭᠠᠷᠳᠠᠬᠤ ᠵᠡᠷᠭᠡ ᠠᠷᠭ᠎ᠠ ᠪᠠᠷ ᠰᠢᠢᠳᠪᠦᠷᠢᠯᠡᠵᠤ ᠪᠣᠯᠤᠨ᠎ᠠ᠃     ᠠᠷᠪᠠᠨ ᠬᠤᠶᠠᠳᠤᠭᠠᠷ ᠵᠦᠢᠯ  ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠬᠠᠷᠢᠭᠤᠴᠠᠯᠭᠠᠲᠤ ᠨᠢᠭᠡᠴᠢ ᠨᠢ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠵᠤ᠂ ᠭᠤᠷᠪᠠᠳᠠᠬᠢ ᠲᠠᠯ᠎ᠠ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠠᠶᠢᠳᠠᠯ ᠤᠨ ᠰᠤᠳᠤᠯᠭᠠᠨ ᠢ ᠭᠥᠯᠢᠶᠡᠨ ᠠᠪᠴᠤ᠂ ᠬᠠᠮᠢᠶ᠎ᠠ ᠪᠥᠬᠦᠶ ᠨᠢᠭᠡᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠢᠳᠡᠪᠬᠢᠲᠡᠶ ᠬᠠᠮᠵᠢᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ    ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠣᠬᠢᠴᠠᠭᠤᠯᠬᠤ ᠪᠠ ᠰᠢᠢᠳᠪᠦᠷᠢᠯᠡᠭᠰᠡᠨ ᠪᠠᠶᠢᠳᠠᠯ ᠢ ᠲᠤᠭᠤᠷᠪᠢᠨ ᠪᠢᠴᠢᠭᠰᠡᠨ ᠲᠣᠳᠣᠷᠬᠠᠶᠢᠯᠠᠯᠲᠠ ᠳᠠᠭᠠᠨ ᠲᠣᠳᠣᠷᠬᠠᠶᠢᠯᠠᠬᠤ ᠬᠡᠷᠡᠭᠲᠡᠶ᠃     ᠵᠤᠬᠢᠴᠠᠭᠤᠯᠬᠤ ᠪᠠᠷ ᠲᠠᠮᠵᠢᠨ᠂ ᠬᠠᠮᠢᠶ᠎ᠠ ᠪᠦᠬᠦᠢ ᠨᠢᠭᠡᠴᠢ ᠮᠦᠨ ᠬᠦ ᠰᠠᠨᠠᠯ ᠨᠢᠭᠡᠳᠬᠦ ᠦᠭᠡᠢ ᠪᠤᠯ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠮᠠᠷᠭᠤᠯᠳᠤᠭᠠᠨ ᠢ ᠵᠤᠬᠢᠴᠠᠭᠤᠯᠤᠨ ᠰᠢᠢᠳᠪᠦᠷᠢᠯᠡᠬᠦ   ᠬᠠᠷᠢᠭᠤᠴᠠᠯᠭᠠᠲᠤ ᠨᠢᠭᠡᠴᠢ ᠠᠴᠠ ᠬᠠᠮᠳᠤ ᠶᠢᠨ ᠲᠡᠭᠡᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠡᠪᠰᠢᠬᠦᠯᠦᠨ ᠲᠤᠭᠳᠠᠭᠠᠯᠭᠠᠵᠤ᠂ ᠴᠢᠬᠤᠯᠠ ᠲᠠᠢ ᠦᠶ᠎ᠡ ᠳᠤ ᠲᠣᠰ ᠱᠠᠲᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠶ᠃     ᠵᠣᠬᠢᠴᠠᠭᠤᠯᠤᠭᠰᠠᠨ ᠦᠷ᠎ᠡ ᠳ᠋ᠦᠩ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠠᠷᠠᠳ ᠢᠷᠭᠡᠨ᠂ ᠬᠠᠤᠯᠢ ᠶᠢᠨ ᠡᠷᠬᠡᠲᠡᠨ  ᠬᠢᠭᠡᠳ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ᠃     ᠠᠷᠪᠠᠨ ᠳᠥᠷᠪᠡᠳᠦᠭᠡᠷ ᠵᠦᠢᠯ   ᠥᠪᠡᠰᠦᠪᠡᠨ ᠵᠣᠬᠢᠴᠠᠭᠤᠯᠤᠨ ᠰᠢᠢᠳᠪᠦᠷᠢᠯᠡᠬᠦ ᠴᠠᠭ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 30 ᠡᠳᠦᠷ ᠠᠴᠠ ᠬᠡᠲᠦᠷᠡᠭᠦᠯᠵᠦ ᠪᠣᠯᠬᠤ ᠦᠭᠡᠶ᠂ ᠭᠤᠷᠪᠠᠳᠠᠬᠢ ᠲᠠᠯ᠎ᠠ ᠶᠢᠨ ᠦᠨᠡᠯᠡᠨ ᠵᠢᠱᠢᠵᠦ ᠵᠣᠬᠢᠴᠠᠭᠤᠯᠤᠨ ᠰᠢᠢᠳᠪᠦᠷᠢᠯᠡᠬᠦ ᠴᠠᠭ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠶ᠃     ᠠᠷᠪᠠᠨ ᠲᠠᠪᠤᠳᠤᠭᠠᠷ ᠵᠦᠢᠯ   ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠤ ᠳᠠᠷᠠᠭ᠎ᠠ᠂ ᠲᠤᠭᠤᠷᠪᠢᠨ ᠪᠢᠴᠢᠬᠦ ᠨᠢᠭᠡᠴᠢ ᠬᠡᠷᠡᠭᠴᠡᠭᠡ ᠪᠠᠨ ᠦᠨᠳᠦᠰᠦᠯᠡᠨ᠂ ᠭᠤᠷᠪᠠᠳᠠᠬᠢ ᠲᠠᠯ᠎ᠠ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠨᠡᠶᠢᠭᠡᠮ ᠳᠤ ᠢᠯᠡ ᠪᠣᠯᠭᠠᠵᠤ ᠪᠣᠯᠤᠨ᠎ᠠ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠨᠢ ᠡᠭᠦᠨ ᠳᠤ ᠪᠠᠭᠲᠠᠬᠤ ᠦᠭᠡᠶ᠃     ᠭᠤᠷᠪᠠᠳᠠᠬᠢ ᠲᠠᠯ᠎ᠠ ᠶᠢᠨ ᠦᠨᠡᠯᠡᠨ ᠵᠢᠱᠢᠬᠦ ᠠᠵᠢᠯ ᠳᠤ ᠣᠷᠣᠯᠴᠠᠭᠰᠠᠨ ᠨᠢᠭᠡᠴᠢ ᠵᠢᠴᠢ ᠬᠤᠪᠢ ᠬᠥᠮᠦᠨ᠂ ᠦᠨᠡᠯᠡᠨ ᠵᠢᠱᠢᠬᠦ ᠠᠵᠢᠯ ᠤᠨ ᠳᠤᠮᠳᠠ ᠢᠯᠡᠷᠡᠭᠦᠯᠦᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠦᠭᠡᠢ ᠬᠠᠮᠠᠭᠠᠯᠠᠬᠤ ᠬᠡᠷᠡᠭᠲᠡᠶ᠃     ᠭᠤᠷᠪᠠᠳᠠᠬᠢ ᠲᠠᠯ᠎ᠠ ᠨᠢ ᠨᠠᠶᠢᠳᠠᠭᠰᠠᠨ ᠲᠠᠯ᠎ᠠ ᠶᠢᠨ ᠵᠥᠪᠰᠢᠶᠡᠷᠡᠯ ᠦᠭᠡᠢ ᠪᠠᠷ ᠦᠨᠡᠯᠡᠨ ᠵᠢᠱᠢᠭᠰᠡᠨ ᠪᠠᠶᠢᠳᠠᠯ ᠢᠶᠠᠨ ᠭᠠᠳᠠᠭᠰᠢ ᠨᠡᠶᠢᠲᠡᠯᠡᠵᠦ ᠪᠣᠯᠬᠤ ᠦᠭᠡᠶ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠢᠯᠡ  ᠨᠡᠶᠢᠲᠡᠯᠡᠬᠦ ᠪᠤᠶᠤ ᠭᠠᠳᠠᠭᠰᠢ ᠡᠰᠢᠯᠡᠨ ᠬᠡᠷᠡᠭᠯᠡᠵᠤ ᠪᠣᠯᠬᠤ ᠦᠭᠡᠶ᠃     ᠠᠷᠪᠠᠨ ᠵᠢᠷᠭᠤᠳᠤᠭᠠᠷ ᠵᠦᠢᠯ   ᠭᠤᠷᠪᠠᠳᠠᠬᠢ ᠲᠠᠯ᠎ᠠ ᠶᠢ ᠨᠠᠶᠢᠳᠠᠨ ᠦᠨᠡᠯᠡᠨ ᠵᠢᠱᠢᠯᠲᠡ ᠬᠢᠯᠭᠡᠬᠦ ᠳᠤ ᠬᠡᠷᠡᠭᠰᠡᠬᠦ ᠵᠠᠷᠤᠳᠠᠯ ᠢ ᠤᠯᠤᠰ ᠤᠨ ᠬᠤᠯᠪᠣᠭᠳᠠᠯ ᠪᠦᠬᠦᠢ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠵᠠᠷᠤᠴᠠᠭᠤᠯᠤᠨ᠎ᠠ᠃     ᠠᠷᠪᠠᠨ ᠳᠣᠯᠣᠳᠤᠭᠠᠷ ᠵᠦᠢᠯ   ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ