ᠣᠷᠳᠣᠰ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠤᠷᠳᠤᠰ ᠵᠠᠰᠠᠭ ᠳᠠᠷᠬᠠᠭᠠᠭᠰᠠᠨ ﹇2023﹈ 21 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ᠡᠳᠦᠭᠡ ︽ᠣᠷᠳᠣᠰ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠲᠦᠷᠢᠮ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                                                               ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                              2023 ᠣᠨ ᠤ 3 ᠳ᠋ᠤᠭᠠᠷ ᠰᠠᠷ᠎ᠠ ᠶᠢᠨ 23 ᠤ ᠡᠳᠦᠷᠤᠷᠳᠤᠰ ᠬᠤᠳᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠳᠦᠷᠢᠮᠨᠢᠭᠡᠳᠦᠭᠡᠷ ᠪᠦᠯᠦᠭ     ᠶᠡᠷᠥᠩᠬᠡᠢ ᠲᠦᠷᠢᠮ     ᠨᠢᠭᠡᠳᠦᠭᠡᠷ ᠵᠦᠢᠯ   ᠬᠤᠲᠠ ᠶᠢᠨ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠵᠥᠪᠯᠡᠯ ᠤᠨ ᠨᠡᠷ᠎ᠡ ᠶᠢ ᠬᠤᠳᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ︵ᠳᠣᠷᠣᠭᠰᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠭᠡᠵᠦ ᠨᠡᠷᠡᠶᠢᠳᠦᠨ᠎ᠡ︶ ᠭᠡᠵᠦ ᠬᠠᠯᠠᠪᠠ᠃ ᠬᠤᠲᠠ ᠶᠢᠨ ᠲᠥᠯᠥᠪᠵᠢᠭᠦᠯᠭᠡ ᠶᠢᠨ ᠵᠥᠪᠯᠡᠯ ᠤᠨ ᠪᠠᠶᠢᠭᠤᠯᠤᠮᠵᠢ ᠶᠢᠨ ᠪᠦᠷᠢᠯᠳᠦᠯ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠢᠨᠠᠨ ᠵᠥᠪᠯᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠠᠨ ᠤ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠲᠥᠯᠥᠪᠵᠢᠭᠦᠯᠭᠡ ᠶᠢᠨ ᠳᠦᠰᠦᠭᠡᠯᠡᠬᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠬᠡᠷᠡᠭᠵᠢᠭᠦᠯᠦᠭᠦᠰᠢᠲᠡᠢ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠳᠦᠰᠦᠯᠡᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ  ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠪᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠤᠨ᠎ᠠ᠂ ᠪᠦᠬᠦ ᠬᠤᠳᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠴᠢᠬᠤᠯᠠ ᠶᠡᠭᠡ ᠵᠦᠢᠯᠡᠰ ᠢ ᠵᠣᠬᠢᠴᠠᠭᠤᠯᠬᠤ ᠪᠠ ᠬᠢᠨᠠᠨ ᠵᠥᠪᠯᠡᠬᠦ ᠶᠢ ᠬᠠᠷᠢᠭᠤᠴᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠣᠷᠣᠨ ᠵᠠᠢ ᠶᠢᠨ ᠪᠠᠶᠢᠯᠳᠤᠬᠤ ᠪᠤᠳᠤᠯᠭ᠎ᠠ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠴᠢᠬᠤᠯᠠ ᠵᠦᠢᠯᠡᠰ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ᠬᠤᠶᠠᠳᠤᠭᠠᠷ ᠪᠦᠯᠦᠭ    ᠪᠠᠶᠢᠭᠤᠯᠤᠮᠵᠢ ᠶᠢᠨ ᠪᠦᠷᠢᠯᠳᠦᠯ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ     ᠭᠤᠷᠪᠠᠳᠤᠭᠠᠷ ᠵᠦᠢᠯ  ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠳᠤ ᠡᠷᠬᠢᠯᠡᠭᠴᠢ᠂ ᠳᠡᠳ᠋ ᠡᠷᠬᠢᠯᠡᠭᠴᠢ ᠪᠠ ᠬᠡᠳᠦᠨ ᠪᠦᠷᠢᠯᠳᠦᠭᠦᠨ ᠲᠣᠬᠢᠷᠠᠭᠤᠯᠤᠨ᠎ᠠ᠃ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠳᠠᠷᠤᠭ᠎ᠠ ᠡᠭᠦᠷᠭᠡᠯᠡᠨ᠎ᠡ︔ ᠳᠡᠳ᠋ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠪᠢᠶᠠᠨ ᠬᠠᠮᠢᠶᠠᠷᠬᠤ ᠳᠡᠳ᠋ ᠡᠷᠬᠢᠯᠡᠭᠴᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠬᠤ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠪᠢᠶᠠᠨ ᠬᠠᠮᠢᠶᠠᠷᠬᠤ ᠳᠡᠳ᠋ ᠲᠡᠷᠢᠭᠦᠯᠡᠭᠴᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠡᠭᠦᠷᠭᠡᠯᠡᠨ᠎ᠡ︔ ᠪᠦᠷᠢᠯᠳᠦᠭᠦᠨ ᠨᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠲᠦᠷᠦᠯ ᠤᠨ ᠨᠠᠷᠢᠨ ᠪᠢᠴᠢᠭ ᠤᠨ ᠳᠡᠳ᠋ ᠳᠠᠷᠤᠭ᠎ᠠ ︵ᠠᠯᠪᠠᠨ ᠭᠡᠷ ᠤᠨ ᠳᠡᠳ᠋ ᠡᠷᠬᠢᠯᠡᠭᠴᠢ︶᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠪᠢᠶᠠᠨ ᠬᠠᠮᠢᠶᠠᠷᠬᠤ ᠬᠠᠷᠢᠭᠤᠴᠠᠯᠭᠠᠲᠠᠨ᠂ ᠤᠷᠳᠤᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢᠶᠠᠷ ᠪᠦᠷᠢᠯᠳᠦᠨ᠎ᠡ︔ ᠵᠥᠪᠯᠡᠬᠦ ᠰᠡᠳᠦᠪ ᠲᠤ ᠬᠤᠯᠪᠣᠭᠳᠠᠬᠤ ᠪᠤᠰᠤᠳ ᠰᠠᠯᠠᠭ᠎ᠠ ᠮᠥᠴᠢᠷ᠂ ᠨᠢᠭᠡᠴᠢ ᠨᠦᠭᠦᠳ ᠬᠤᠷᠠᠯ ᠳᠤ ᠰᠤᠯᠠ ᠣᠷᠣᠯᠴᠠᠵᠤ ᠪᠣᠯᠤᠨ᠎ᠠ᠃     ᠪᠦᠷᠢᠯᠳᠦᠬᠦᠨ ᠢ ᠠᠵᠢᠯᠳᠡᠠ ᠤ ᠶᠠᠪᠤᠳᠠᠯ ᠤᠨ ᠬᠤᠪᠢᠷᠠᠯᠲᠠ ᠪᠤᠶᠤ ᠪᠤᠰᠤᠳ ᠰᠢᠯᠲᠠᠭᠠᠨ ᠠᠴᠠ ᠪᠤᠯᠵᠦ ᠲᠤᠬᠢᠷᠡᠭᠤᠯᠦᠯᠳᠠ ᠬᠢᠭᠰᠡᠨ ᠪᠠᠶᠢᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠬᠦᠯᠢᠶᠡᠨ ᠠᠪᠴᠤ ᠬᠠᠷᠢᠭᠤᠴᠠᠭᠰᠠᠨ ᠨᠥᠬᠦᠷ ᠡᠨᠡᠬᠦ ᠠᠵᠢᠯ ᠢ ᠬᠠᠷᠢᠭᠤᠴᠠᠨ᠎ᠠ᠃     ᠳᠥᠷᠪᠡᠳᠦᠭᠡᠷ ᠵᠦᠢᠯ  ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠪᠠᠶᠢᠩᠭᠤ ᠶᠢᠨ ᠪᠠᠶᠢᠭᠤᠯᠤᠮᠵᠢ ᠨᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ︵ᠳᠣᠷᠣᠭᠰᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠭᠡᠵᠦ ᠨᠡᠷᠡᠯᠡᠨ᠎ᠡ︶ ᠪᠣᠯᠤᠨ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠷᠭᠠᠵᠤ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠪᠢᠶᠠᠨ ᠬᠠᠮᠢᠶᠠᠷᠬᠤ ᠳᠡᠳ᠋ ᠳᠠᠷᠤᠭ᠎ᠠ ᠡᠭᠦᠷᠭᠡᠯᠡᠵᠦ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠬᠡᠷ ᠤᠨ ᠪᠤᠰᠤᠳ ᠪᠦᠷᠢᠯᠳᠦᠬᠦᠨ ᠢ ᠠᠯᠪᠠᠨ ᠬᠡᠷ ᠤᠨ ᠡᠷᠬᠢᠯᠡᠭᠴᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠭᠠᠨ᠎ᠠ᠃     ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ᠄     ︵ᠨᠢᠭᠡ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠯ᠎ᠡ ᠵᠦᠢᠯ ᠤᠨ ᠠᠵᠢᠯ ᠤᠨ ᠲᠦᠷᠢᠮ ᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ︔     ︵ᠬᠤᠶᠠᠷ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠯ᠎ᠡ ᠵᠦᠢᠯ ᠤᠨ ᠬᠤᠷᠠᠯ ᠢ ᠵᠣᠬᠢᠶᠠᠨ ᠪᠠᠶᠢᠭᠤᠯᠵᠤ ᠪᠡᠯᠡᠳᠬᠡᠨ ᠪᠠᠶᠢᠭᠤᠯᠬᠤ ᠵᠢᠴᠢ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠢ ᠡᠷᠭᠢᠯᠳᠡᠭᠦᠯᠬᠦ ᠬᠠᠮᠢᠶᠠᠷᠤᠯᠲᠠ ᠶᠢ ᠬᠠᠷᠢᠭᠤᠴᠠᠨ᠎ᠠ︔     ︵ᠭᠤᠷᠪᠠ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠤᠨ ᠵᠥᠪᠯᠡᠬᠦ ᠰᠡᠳᠦᠪ ᠤᠨ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠲᠦᠷᠢᠮ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔     ︵ᠳᠥᠷᠪᠡ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ᠂ ᠲᠤᠰᠬᠠᠶ ᠮᠡᠷᠭᠡᠵᠢᠯᠲᠡᠨ ᠤ ᠯᠠᠪᠯᠠᠬᠤ ᠵᠥᠪᠯᠡᠯ ᠤᠨ ᠬᠤᠯᠪᠣᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ︔     ︵ᠲᠠᠪᠤ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃     ᠲᠠᠪᠤᠳᠤᠭᠠᠷ ᠵᠦᠢᠯ  ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠳᠣᠣᠷ᠎ᠠ ᠲᠤᠰᠬᠠᠶ ᠮᠡᠷᠭᠡᠵᠢᠯᠲᠡᠨ ᠤ ᠯᠠᠪᠯᠠᠬᠤ ᠵᠥᠪᠯᠡᠯ ᠪᠠᠶᠢᠭᠤᠯᠵᠤ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠴᠢᠬᠤᠯᠠ ᠶᠡᠭᠡ ᠵᠥᠪᠯᠡᠬᠦ ᠰᠡᠳᠦᠪ ᠢ ᠰᠤᠳᠤᠯᠤᠨ ᠨᠤᠲᠠᠯᠠᠬᠤ ᠠᠵᠢᠯ ᠢ ᠬᠠᠷᠢᠭᠤᠴᠠᠭᠤᠯᠤᠨ᠎ᠠ᠃ ᠲᠤᠰᠬᠠᠶ ᠮᠡᠷᠭᠡᠵᠢᠯᠲᠡᠨ ᠤ ᠯᠠᠪᠯᠠᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠨᠢᠭᠡᠳᠦᠯᠲᠡᠢ ᠲᠥᠯᠦᠪᠯᠡᠬᠦ ᠶᠢ ᠬᠠᠷᠢᠭᠤᠴᠠᠨ᠎ᠠ᠃ ᠲᠤᠰᠬᠠᠶ ᠮᠡᠷᠭᠡᠵᠢᠯᠲᠡᠨ ᠤ ᠯᠠᠪᠯᠠᠬᠤ ᠵᠥᠪᠯᠡᠯ ᠤᠨ ᠪᠦᠷᠢᠯᠳᠦᠬᠦᠨ ᠨᠢ ᠣᠷᠣᠨ ᠪᠦᠰᠡ ᠶᠢᠨ ᠠᠵᠤ ᠠᠬᠤᠶ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ᠂ ᠬᠤᠳᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠬᠤᠳᠠ ᠶᠢᠨ ᠶᠠᠪᠤᠳᠠᠯ ᠵᠠᠮ ᠬᠠᠷᠢᠯᠴᠠᠭ᠎ᠠ᠂ ᠦᠵᠡᠮᠵᠢ ᠶᠢᠨ ᠤᠷᠠᠯᠢᠭ᠂ ᠠᠮᠢ ᠠᠬᠤᠶ ᠣᠷᠴᠢᠨ ᠲᠣᠭᠤᠷᠢᠨ ᠵᠡᠷᠭᠡ ᠲᠠᠯ᠎ᠠ ᠶᠢᠨ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ ᠢᠶᠠᠷ ᠪᠦᠷᠢᠯᠳᠦᠨ᠎ᠡ᠃ᠲᠤᠰᠬᠠᠶ ᠮᠡᠷᠭᠡᠵᠢᠯᠲᠡᠨ ᠤ ᠯᠠᠪᠯᠠᠬᠤ ᠵᠥᠪᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ᠄     ︵ᠨᠢᠭᠡ︶ ᠪᠥᠬᠦ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠤ ᠴᠢᠭᠯᠡᠭᠦᠯᠦᠨ ᠲᠤᠰᠬᠠᠶᠢᠵᠢᠭᠰᠠᠨ᠂ ᠪᠦᠲᠦᠭᠡᠯᠴᠢ ᠴᠢᠨᠠᠷᠲᠠᠶ᠂ ᠬᠡᠷᠡᠭᠵᠢᠭᠦᠯᠦᠭᠦᠰᠢᠲᠡᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔     ︵ᠬᠤᠶᠠᠷ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠬᠡᠷ ᠤᠨ ᠲᠣᠬᠢᠷᠠᠭᠤᠯᠤᠯᠲᠠ ᠵᠢᠴᠢ ᠪᠣᠳᠠᠲᠠᠶ ᠬᠡᠷᠡᠭᠴᠡᠭᠡ ᠶᠣᠰᠣᠭᠠᠷ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠳᠤ ᠰᠤᠯᠠ ᠣᠷᠣᠯᠴᠠᠵᠤ᠂ ᠬᠤᠷᠠᠯ ᠠᠴᠠ ᠬᠢᠨᠠᠨ ᠵᠥᠪᠯᠡᠭᠰᠡᠨ ᠬᠤᠯᠪᠣᠭᠳᠠᠯ ᠪᠥᠬᠦᠶ ᠵᠥᠪᠯᠡᠬᠦ ᠰᠡᠳᠦᠪ ᠲᠤ ᠰᠠᠨᠠᠯ ᠪᠠ ᠰᠠᠨᠠᠭᠤᠯᠭ᠎ᠠ ᠳᠤᠷᠠᠳᠴᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠵᠦᠢᠯᠡᠰ ᠲᠤ ᠯᠠᠪᠯᠠᠬᠤ ᠰᠠᠨᠠᠯ ᠬᠠᠩᠭᠠᠬᠤ ᠶᠢᠨ ᠬᠠᠮᠲᠤ ᠬᠤᠯᠪᠣᠭᠳᠠᠯ ᠪᠥᠬᠦᠶ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠶᠢ ᠵᠢᠷᠤᠮᠯᠠᠨ᠎ᠠ︔     ︵ᠭᠤᠷᠪᠠ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠬᠡᠷ ᠤᠨ ᠬᠠᠮᠢᠶ᠎ᠠ ᠪᠥᠬᠦᠶ ᠪᠠᠶᠢᠴᠠᠭᠠᠨ ᠰᠤᠳᠤᠯᠤᠯᠲᠠ ᠶᠢᠨ ᠠᠵᠢᠯ ᠳᠤ ᠣᠷᠣᠯᠴᠠᠵᠤ᠂ ᠰᠢᠲᠠᠷ ᠵᠥᠪᠯᠡᠭᠴᠢᠳ ᠤᠨ ᠦᠢᠯᠡᠳᠦᠯ ᠢ ᠪᠠᠳᠠᠷᠠᠭᠤᠯᠤᠨ᠎ᠠ︔     ︵ᠲᠦᠷᠪᠡ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ᠭᠤᠷᠪᠠᠳᠤᠭᠠᠷ ᠪᠦᠯᠦᠭ    ᠬᠡᠷᠡᠭ ᠵᠥᠪᠯᠡᠬᠦ ᠲᠦᠷᠢᠮ᠂ ᠬᠡᠷᠡᠭ ᠵᠥᠪᠯᠡᠬᠦ ᠳᠠᠷᠠᠭᠠᠯᠠᠯ ᠪᠠ ᠬᠡᠷᠡᠭ ᠵᠥᠪᠯᠡᠬᠦ ᠱᠠᠭᠠᠷᠳᠠᠯᠭ᠎ᠠ     ᠵᠢᠷᠭᠤᠳᠤᠭᠠᠷ ᠵᠦᠢᠯ  ᠬᠡᠷᠡᠭ ᠵᠥᠪᠯᠡᠬᠦ ᠲᠦᠷᠢᠮ     ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠬᠡᠷᠡᠭ ᠵᠥᠪᠯᠡᠬᠦ ᠳᠤ ᠲᠣᠭᠲᠠᠮᠠᠯ ᠬᠤᠷᠠᠯ ᠤᠨ ᠬᠡᠯᠪᠡᠷᠢ ᠪᠠᠷ ᠶᠠᠪᠤᠭᠳᠠᠭᠤᠯᠵᠤ᠂ ᠬᠤᠷᠠᠯ ᠢ ᠡᠷᠬᠢᠯᠡᠭᠴᠢ ᠠᠴᠠ ᠡᠷᠬᠢᠯᠡᠨ᠎ᠡ᠂ ᠡᠷᠬᠢᠯᠡᠭᠴᠢ ᠠᠴᠠ ᠳᠡᠳ᠋ ᠡᠷᠬᠢᠯᠡᠭᠴᠢ ᠳᠤ ᠨᠠᠶᠢᠳᠠᠨ ᠡᠷᠬᠢᠯᠡᠭᠦᠯᠵᠦ᠂ ᠪᠦᠬᠦ ᠭᠡᠰᠢᠭᠦᠳ ᠢ ᠣᠷᠣᠯᠴᠠᠭᠤᠯᠤᠭᠰᠠᠨ ᠴᠤ ᠪᠣᠯᠤᠨ᠎ᠠ᠃ ᠬᠤᠷᠠᠯ ᠢ ᠵᠠᠷᠴᠢᠮ ᠳᠡᠭᠡᠷ᠎ᠡ ᠪᠠᠨ ᠵᠢᠯ ᠪᠦᠷᠢ ᠠᠳᠠᠭ ᠲᠠᠭᠠᠨ 4 ᠤᠳᠠᠭ᠎ᠠ ᠬᠤᠷᠠᠯᠳᠤᠭᠤᠯᠤᠨ᠎ᠠ᠂ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠲᠣᠬᠢᠷᠠᠭᠤᠯᠵᠤ ᠬᠤᠷᠠᠯᠳᠤᠭᠤᠯᠤᠨ᠎ᠠ᠃ ᠬᠤᠷᠠᠯᠳᠤᠭᠠᠨ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠬᠤᠷᠠᠯᠳᠤᠭᠠᠨ ᠤ ᠲᠣᠪᠴᠢ ᠲᠡᠮᠳᠡᠭᠯᠡᠯ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠨ᠎ᠠ᠃     ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠤᠨ ᠭᠤᠣᠯ ᠠᠭᠤᠯᠭ᠎ᠠ᠄     ︵ᠨᠢᠭᠡ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠲᠠᠯ᠎ᠠ ᠪᠠᠷ ᠬᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠳᠤᠯᠤᠨ ᠨᠠᠶᠢᠲᠠᠪᠤᠷᠢᠵᠢᠭᠤᠯᠤᠨ᠎ᠠ︔ ᠪᠥᠬᠦ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠳᠠᠬᠢ ᠪᠥᠬᠦ ᠲᠠᠯ᠎ᠠ ᠶᠢᠨ ᠴᠢᠨᠠᠷᠲᠠᠶ᠂ ᠠᠯᠤᠰ ᠬᠡᠲᠦ ᠶᠢᠨ ᠴᠢᠨᠠᠷᠲᠠᠶ᠂ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠪᠥᠬᠦ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠡᠯ᠎ᠡ ᠲᠥᠷᠥᠯ ᠤᠨ ᠣᠷᠣᠨ ᠨᠤᠲᠤᠭ ᠤᠨ ᠴᠢᠨᠠᠷᠲᠠᠶ ᠮᠡᠷᠭᠡᠵᠢᠯ ᠤᠨ ᠪᠠᠷᠢᠮᠵᠢᠶ᠎ᠠ ᠪᠠ ᠲᠣᠭᠲᠠᠭᠠᠯ ᠢ ᠬᠢᠨᠠᠨ ᠵᠥᠪᠯᠡᠨ᠎ᠡ︔ ᠵᠥᠪᠯᠡᠯ ᠤᠨ ᠡᠯ᠎ᠡ ᠵᠦᠢᠯ ᠤᠨ ᠠᠵᠢᠯ ᠤᠨ ᠲᠦᠷᠢᠮ ᠢ ᠲᠣᠭᠲᠠᠭᠠᠵᠤ ᠨᠡᠶᠢᠲᠡᠯᠡᠨ᠎ᠡ᠃     ︵ᠬᠤᠶᠠᠷ︶ ᠬᠤᠲᠠ᠂ ᠬᠤᠲᠠ ᠶᠢᠨ ᠬᠠᠷᠢᠶ᠎ᠠ ᠲᠣᠭᠤᠷᠢᠭ᠂ ᠬᠤᠰᠢᠭᠤ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠯᠡᠨ᠎ᠡ᠃     ︵ᠭᠤᠷᠪᠠ︶ ᠬᠤᠲᠠ ᠶᠢᠨ ᠱᠠᠲᠤᠨ ᠤ ᠣᠷᠣᠨ ᠵᠠᠶ ᠶᠢᠨ ᠲᠥᠷᠥᠯ ᠤᠨ ᠲᠤᠰᠬᠠᠶ ᠲᠥᠯᠥᠪᠵᠢᠭᠦᠯᠭᠡ᠂ ᠭᠤᠤᠯ ᠬᠤᠲᠠ ᠲᠣᠭᠤᠷᠢᠭ ᠤᠨ ᠬᠤᠲᠠ ᠪᠠᠯᠭᠠᠰᠤ ᠶᠢᠨ ᠨᠡᠭᠡᠭᠡᠯᠲᠡ ᠶᠢᠨ ᠵᠠᠭᠠᠭ ᠲᠠᠬᠢ ᠨᠠᠷᠢᠨ ᠲᠥᠯᠥᠪᠵᠢᠭᠦᠯᠭᠡ ᠶᠢ ᠬᠢᠨᠠᠨ ᠵᠥᠪᠯᠡᠨ᠎ᠡ᠃     ︵ᠳᠥᠷᠪᠡ︶ ᠡᠯ᠎ᠡ ᠲᠥᠷᠥᠯ ᠤᠨ ᠲᠥᠯᠥᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠲᠠᠶ ᠠᠭᠤᠯᠭ᠎ᠠ ᠳᠤ ᠬᠤᠯᠪᠣᠭᠳᠠᠭᠰᠠᠨ ᠲᠣᠬᠢᠷᠠᠭᠤᠯᠤᠯᠲᠠ ᠬᠢᠬᠦ ᠵᠦᠢᠯᠡᠰ ᠢ ᠬᠢᠨᠠᠨ ᠵᠥᠪᠯᠡᠨ᠎ᠡ᠃     ︵ᠲᠠᠪᠤ︶ ᠭᠤᠤᠯ ᠬᠤᠲᠠ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠬᠤᠲᠠ ᠶᠢᠨ ᠵᠢᠷᠤᠭ ᠲᠥᠯᠥᠪᠯᠡᠭᠡ ᠪᠠ ᠬᠤᠲᠠ ᠶᠢᠨ ᠰᠢᠨᠡᠴᠢᠯᠡᠯᠲᠡ ᠶᠢᠨ ᠲᠥᠯᠥᠪᠵᠢᠭᠦᠯᠭᠡ ᠶᠢ ᠬᠢᠨᠠᠨ ᠵᠥᠪᠯᠡᠨ᠎ᠡ᠃     ︵ᠵᠢᠷᠭᠤᠭ᠎ᠠ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠷᠥᠯ ᠵᠦᠢᠯ ᠵᠡᠷᠭᠡ ᠶᠢᠨ ᠭᠠᠵᠠᠷ ᠰᠣᠩᠭᠤᠬᠤ ᠨᠤᠲᠠᠯᠠᠯᠲᠠ ᠶᠢ ᠬᠢᠨᠠᠨ ᠵᠥᠪᠯᠡᠨ᠎ᠡ᠃     ︵ᠳᠣᠯᠤᠭ᠎ᠠ︶ ᠭᠤᠤᠯ ᠬᠤᠲᠠ ᠲᠣᠭᠤᠷᠢᠭ ᠤᠨ ᠭᠤᠤᠯᠳᠠᠯᠭ᠎ᠠ ᠲᠠᠢ ᠬᠡᠰᠡᠭ ᠪᠠ ᠴᠢᠬᠤᠯᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠨ᠎ᠡ᠃     ︵ᠨᠠᠢᠮᠠ︶ ᠲᠥᠯᠥᠪᠵᠢᠭᠦᠯᠭᠡ ᠶᠢᠨ ᠵᠥᠪᠯᠡᠯ ᠲᠤ ᠳᠡᠪᠰᠢᠭᠦᠯᠵᠦ ᠬᠢᠨᠠᠨ ᠶᠠᠷᠢᠯᠴᠠᠭᠤᠯᠬᠤ ᠴᠢᠬᠤᠯᠠᠲᠠᠶ ᠪᠤᠰᠤᠳ ᠵᠦᠢᠯᠡᠰ ᠢ ᠬᠢᠨᠠᠨ ᠵᠥᠪᠯᠡᠨ᠎ᠡ᠃     ᠳᠣᠯᠣᠳᠤᠭᠠᠷ ᠵᠦᠢᠯ  ᠬᠡᠷᠡᠭ ᠵᠥᠪᠯᠡᠬᠦ ᠳᠠᠷᠠᠭᠠᠯᠠᠯ     ︵ᠨᠢᠭᠡ︶ ᠬᠥᠯᠢᠶᠡᠨ ᠠᠪᠴᠤ ᠬᠢᠨᠠᠨ ᠬᠠᠷᠭᠤᠭᠤᠯᠬᠤ᠃ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠨᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠢᠨᠠᠨ ᠵᠥᠪᠯᠡᠭᠦᠯᠬᠦ ᠪᠠᠷ ᠲᠤᠰᠢᠶᠠᠭᠰᠠᠨ ᠵᠦᠢᠯ ᠤᠨ ᠮᠠᠲ᠋ᠧᠷᠢᠶᠠᠯ ᠢ ᠬᠦᠯᠢᠶᠡᠨ ᠠᠪᠬᠤ ᠶᠢ ᠬᠠᠷᠢᠭᠤᠴᠠᠬᠤ ᠶᠢᠨ ᠬᠠᠮᠲᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠵᠤ᠂ ᠬᠢᠨᠠᠨ ᠵᠥᠪᠯᠡᠬᠦ ᠪᠠᠷ ᠪᠠᠶᠢᠭ᠎ᠠ ᠵᠦᠢᠯ ᠢ ᠡᠮᠬᠢᠳᠬᠡᠨ ᠬᠤᠷᠢᠶᠠᠩᠭᠤᠶᠢᠯᠠᠭᠰᠠᠨ ᠤ ᠳᠠᠷᠠᠭ᠎ᠠ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃     ︵ᠬᠤᠶᠠᠷ︶ ᠬᠤᠷᠠᠯ ᠤᠨ ᠪᠡᠯᠡᠳᠬᠡᠯ᠃ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠬᠡᠷ ᠬᠤᠷᠠᠯ ᠤᠨ ᠳᠠᠷᠠᠭᠠᠯᠠᠯ ᠢ ᠦᠨᠳᠦᠰᠦᠯᠡᠵᠦ᠂ ᠡᠯ᠎ᠡ ᠵᠦᠢᠯ ᠤᠨ ᠬᠤᠷᠠᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠢᠨᠠᠨ ᠵᠥᠪᠯᠡᠬᠦ ᠪᠠᠷ ᠪᠠᠶᠢᠭ᠎ᠠ ᠵᠦᠢᠯᠡᠰ ᠤᠨ ᠬᠤᠯᠪᠣᠭᠳᠠᠯ ᠪᠦᠬᠦᠢ ᠮᠠᠲ᠋ᠧᠷᠢᠶᠠᠯ᠂ ᠲᠤᠰᠬᠠᠢ ᠮᠡᠷᠭᠡᠵᠢᠯᠲᠡᠨ ᠤ ᠬᠢᠨᠠᠨ ᠬᠠᠷᠭᠤᠭᠤᠯᠤᠭᠰᠠᠨ ᠰᠠᠨᠠᠯ᠂ ᠨᠡᠶᠢᠭᠡᠮ ᠤᠨ ᠰᠠᠨᠠᠯ ᠵᠡᠷᠭᠡ ᠶᠢ ᠪᠦᠷᠢᠯᠳᠦᠭᠦᠨ ᠨᠠᠷ ᠲᠤ  ᠤᠷᠢᠳᠴᠢᠯᠠᠨ ᠬᠦᠷᠭᠡᠵᠦ ᠥᠭᠭᠦᠨ᠎ᠡ᠃     ︵ᠭᠤᠷᠪᠠ︶ ᠬᠢᠨᠠᠨ ᠵᠥᠪᠯᠡᠵᠦ ᠭᠠᠷ ᠤᠨ ᠥᠰᠥᠭ ᠵᠢᠷᠤᠵᠤ ᠵᠥᠪᠰᠢᠶᠡᠷᠡᠭᠦᠯᠦᠨ᠎ᠡ᠃ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠢᠨᠠᠨ ᠵᠥᠪᠯᠡᠬᠦ ᠰᠡᠳᠦᠪ ᠤᠨ ᠠᠭᠤᠯᠭ᠎ᠠ ᠶᠢ ᠪᠠᠲᠤᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠠᠴᠠ ᠡᠮᠬᠢᠳᠬᠡᠨ ᠬᠤᠷᠠᠯ ᠤᠨ ᠲᠣᠪᠴᠢ ᠲᠡᠮᠳᠡᠭᠯᠡᠯ ᠪᠣᠯᠭᠠᠵᠤ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠡᠷᠬᠢᠯᠡᠭᠴᠢ ᠪᠠᠷ ᠠᠩᠬ᠎ᠠ ᠬᠢᠨᠠᠭᠤᠯᠵᠤ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠳᠡᠳ᠋ ᠡᠷᠬᠢᠯᠡᠭᠴᠢ ᠠᠴᠠ ᠬᠠᠮᠲᠤ ᠪᠠᠷ ᠭᠠᠷ ᠤᠨ ᠦᠰᠦᠭ ᠵᠢᠷᠤᠭᠤᠯᠵᠤ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠡᠷᠬᠢᠯᠡᠭᠴᠢ ᠳᠤ ᠮᠡᠳᠡᠭᠦᠯᠵᠦ ᠭᠠᠷ ᠤᠨ ᠦᠰᠦᠭ ᠵᠢᠷᠤᠭᠤᠯᠵᠤ ᠶᠠᠪᠤᠭᠤᠯᠤᠨ᠎ᠠ᠃     ︵ᠳᠥᠷᠪᠡ︶ ᠵᠦᠢᠯᠡᠰ ᠢ ᠬᠡᠷᠡᠭᠵᠢᠭᠦᠯᠬᠦ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ᠂ ᠨᠡᠶᠢᠲᠡᠯᠡᠬᠦ ᠪᠤᠶᠤ ᠳᠡᠭᠡᠭᠰᠢ ᠮᠡᠳᠡᠭᠦᠯᠬᠦ ᠴᠢᠬᠤᠯᠠ ᠥᠬᠡᠶ ᠵᠦᠢᠯᠡᠰ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠤᠶᠤ ᠪᠤᠰᠤᠳ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠪᠲᠡᠷᠡᠭᠦᠯᠦᠨ ᠮᠡᠳᠡᠭᠳᠡᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ᠂ ᠨᠡᠶᠢᠲᠡᠯᠡᠬᠦ ᠪᠤᠶᠤ ᠳᠡᠭᠡᠭᠰᠢ ᠮᠡᠳᠡᠭᠦᠯᠬᠦ ᠴᠢᠬᠤᠯᠠ ᠲᠠᠢ ᠵᠦᠢᠯᠡᠰ ᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠪᠤᠶᠤ ᠲᠥᠷᠥᠯ ᠵᠦᠢᠯ ᠢ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠠᠴᠠ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠴᠤᠬᠤᠯᠠᠪᠤᠷᠢᠯᠠᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠨᠠᠢᠮᠠᠳᠤᠭᠠᠷ ᠵᠦᠢᠯ  ᠬᠡᠷᠡᠭ ᠵᠥᠪᠯᠡᠬᠦ ᠱᠠᠭᠠᠷᠳᠠᠯᠭ᠎ᠠ     ︵ᠨᠢᠭᠡ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠬᠡᠷᠡᠭ ᠶᠠᠪᠤᠳᠠᠯ ᠢ ᠬᠢᠨᠠᠨ ᠵᠥᠪᠯᠡᠬᠦ ᠪᠠ ᠲᠣᠭᠲᠠᠭᠠᠬᠤ ᠳᠠᠭᠠᠨ ᠠᠷᠠᠳᠴᠢᠯᠠᠯ ᠲᠥᠪᠯᠡᠷᠡᠯ ᠤᠨ ᠵᠠᠷᠴᠢᠮ ᠢ ᠬᠡᠷᠡᠭᠵᠢᠭᠦᠯᠵᠦ᠂ ᠬᠤᠷᠠᠯ ᠳᠤ ᠣᠷᠣᠯᠴᠠᠭᠰᠠᠨ ᠪᠦᠬᠦ ᠪᠦᠷᠢᠯᠳᠦᠭᠦᠨ ᠡᠷᠬᠡᠪᠰᠢ ᠭᠠᠷ ᠤᠨ ᠦᠰᠦᠭ ᠵᠢᠷᠤᠬᠤ ᠲᠡᠰ ᠳᠠᠷᠠᠭᠠᠯᠠᠯ ᠢ ᠭᠦᠢᠴᠡᠳᠬᠡᠵᠦ᠂ 2/3 ᠬᠤᠪᠢ ᠠᠴᠠ ᠳᠡᠭᠡᠭᠰᠢᠬᠢ ᠪᠦᠷᠢᠯᠳᠦᠭᠦᠨ ᠣᠷᠣᠯᠴᠠᠪᠠᠯ ᠰᠠᠶ᠋ᠢ ᠬᠤᠷᠠᠯᠳᠤᠵᠤ ᠪᠣᠯᠤᠨ᠎ᠠ᠂ ᠪᠦᠷᠢᠯᠳᠦᠭᠦᠨ ᠨᠢ ᠶᠠᠮᠠᠷ ᠨᠢᠭᠡᠨ ᠰᠢᠯᠲᠠᠭᠠᠨ ᠠᠴᠠ ᠪᠤᠯᠵᠤ ᠬᠤᠷᠠᠯ ᠳᠤ ᠣᠷᠣᠯᠴᠠᠵᠤ ᠳᠡᠶᠢᠯᠬᠦ ᠦᠭᠡᠢ ᠪᠣᠯ ᠬᠤᠷᠠᠯ ᠡᠷᠬᠢᠯᠡᠭᠴᠢ ᠠᠴᠠ ᠤᠷᠢᠳᠴᠢᠯᠠᠨ ᠴᠢᠯᠥᠭᠡ ᠭᠤᠶᠤᠬᠤ ᠶᠢᠨ ᠬᠠᠮᠲᠤ ᠰᠢᠯᠲᠠᠭᠠᠨ ᠢᠶᠠᠨ ᠲᠣᠲᠤᠷᠬᠠᠶᠢᠯᠠᠨ᠎ᠠ᠃     ︵ᠬᠤᠶᠠᠷ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠵᠠᠶᠢᠯᠠᠭᠤᠯᠬᠤ ᠵᠠᠷᠴᠢᠮ ᠢ ᠪᠠᠷᠢᠮᠲᠠᠯᠠᠨ᠎ᠠ᠃ ᠬᠢᠨᠠᠨ ᠵᠥᠪᠯᠡᠭᠰᠡᠨ ᠤᠴᠢᠷ ᠶᠠᠪᠤᠳᠠᠯ ᠨᠢ ᠪᠦᠷᠢᠯᠳᠦᠭᠦᠨ ᠤ ᠲᠤᠰ ᠪᠡᠶ᠎ᠡ ᠲᠠᠢ ᠰᠢᠭᠤᠳ ᠪᠤᠶᠤ ᠳᠠᠮ ᠠᠰᠢᠭ ᠲᠤᠰᠠ ᠶᠢᠨ ᠬᠠᠷᠢᠴᠠᠭ᠎ᠠ ᠲᠠᠢ ᠪᠠᠶᠢᠪᠠᠯ᠂ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠠᠴᠠ ᠬᠤᠷᠠᠯ ᠬᠤᠷᠠᠯᠳᠤᠬᠤ ᠠᠴᠠ ᠡᠮᠦᠨ᠎ᠡ ᠬᠤᠯᠪᠣᠭᠳᠠᠯ ᠪᠦᠬᠦᠢ ᠪᠦᠷᠢᠯᠳᠦᠭᠦᠨ ᠢ ᠵᠠᠶᠢᠯᠠᠭᠤᠯᠬᠤ ᠪᠠᠷ ᠰᠠᠨᠠᠯ ᠲᠡᠪᠰᠢᠭᠦᠯᠦᠨ᠎ᠡ᠃     ︵ᠭᠤᠷᠪᠠ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠢᠨᠠᠨ ᠵᠥᠪᠯᠡᠭᠰᠡᠨ ᠰᠠᠨᠠᠯ ᠢ ᠡᠷᠬᠡᠪᠰᠢ 2/3 ᠬᠤᠪᠢ ᠠᠴᠠ ᠳᠡᠭᠡᠭᠰᠢᠬᠢ ᠬᠤᠷᠠᠯ ᠳᠤ ᠣᠷᠣᠯᠴᠠᠭᠰᠠᠨ ᠪᠦᠷᠢᠯᠳᠦᠭᠦᠨ ᠢᠶᠠᠷ ᠪᠠᠲᠤᠯᠠᠭᠤᠯᠬᠤ ᠶᠢᠨ ᠬᠠᠮᠲᠤ ᠡᠷᠬᠢᠯᠡᠭᠴᠢ ᠠᠴᠠ ᠭᠠᠷ ᠤᠨ ᠥᠰᠥᠭ ᠵᠢᠷᠤᠭᠤᠯᠤᠮᠠᠨᠵᠢᠨ ᠬᠦᠴᠦᠨ ᠲᠠᠢ ᠪᠣᠯᠤᠨ᠎ᠠ᠃ ᠬᠢᠨᠠᠨ ᠵᠥᠪᠯᠡᠭᠰᠡᠨ ᠰᠠᠨᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ ᠪᠣᠯᠭᠠᠵᠤ ᠪᠣᠯᠤᠨ᠎ᠠ᠃     ︵ᠳᠥᠷᠪᠡ︶ ᠬᠤᠷᠠᠯ ᠳᠤ ᠣᠷᠣᠯᠴᠠᠬᠤ ᠲᠤᠰᠬᠠᠶ ᠮᠡᠷᠭᠡᠵᠢᠯᠲᠡᠨ ᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠠᠴᠠ ᠲᠥᠷᠥᠯ ᠵᠦᠢᠯ ᠤᠨ ᠪᠠᠶᠢᠳᠠᠯ ᠢ ᠦᠵᠡᠵᠦ ᠪᠠᠶᠢᠭᠠᠳ ᠬᠠᠨᠳᠤᠯᠭᠠᠲᠤ ᠴᠢᠨᠠᠷᠲᠠᠶ ᠪᠠᠷ  ᠲᠥᠯᠥᠪᠵᠢᠭᠦᠯᠭᠡ ᠶᠢᠨ ᠵᠥᠪᠯᠡᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠣᠬᠢᠶᠠᠯᠳᠤᠯ ᠢᠶᠠᠷ ᠰᠣᠩᠭᠤᠨ ᠠᠪᠴᠤ᠂ ᠲᠤᠰᠬᠠᠶ ᠮᠡᠷᠭᠡᠵᠢᠯᠲᠡᠨ ᠤ ᠲᠤᠭ᠎ᠠ ᠶᠢ ᠵᠠᠷᠴᠢᠮ ᠳᠡᠭᠡᠷ᠎ᠡ ᠪᠠᠨ ᠠᠳᠠᠭ ᠲᠠᠭᠠᠨ 3 ᠬᠥᠮᠦᠨ  ᠪᠠᠶᠢᠯᠭᠠᠬᠤ ᠬᠡᠷᠡᠭᠲᠡᠢ᠃ ᠡᠯ᠎ᠡ ᠲᠤᠰᠬᠠᠶ ᠮᠡᠷᠭᠡᠵᠢᠯᠲᠡᠨ ᠴᠠᠭ ᠲᠤᠬᠠᠶ ᠳᠤᠨᠢ ᠬᠤᠷᠠᠯ ᠳᠤ ᠣᠷᠣᠯᠴᠠᠬᠤ ᠶᠢᠨ ᠬᠠᠮᠲᠤ ᠭᠠᠷ ᠤᠨ ᠥᠰᠥᠭ ᠵᠢᠷᠤᠬᠤ ᠭᠠᠷᠳᠠᠮ ᠢ ᠭᠦᠢᠴᠡᠳᠭᠡᠨ᠎ᠡ᠂ ᠵᠠᠷᠴᠢᠮ ᠳᠡᠭᠡᠷ᠎ᠡ ᠪᠠᠨ ᠰᠠᠭᠠᠲᠠᠵᠤ ᠪᠣᠯᠬᠤ ᠥᠬᠡᠶ᠃ ᠲᠤᠬᠠᠶ ᠶᠢᠨ ᠲᠠᠯᠠᠪᠤᠷ ᠲᠤ ᠬᠤᠷᠠᠯ ᠳᠤ ᠣᠷᠣᠯᠴᠠᠵᠤ ᠳᠡᠶᠢᠯᠬᠦ ᠥᠬᠡᠶ ᠪᠠᠶᠢᠪᠠᠯ᠂ ᠸᠢᠳᠢᠤ᠋ ᠪᠠᠷ ᠬᠤᠯᠪᠣᠬᠤ᠂ ᠵᠥᠪᠯᠡᠬᠦ ᠰᠡᠳᠦᠪ ᠢ ᠵᠠᠬᠢᠳᠠᠯ ᠢᠶᠠᠷ ᠬᠢᠨᠠᠬᠤ ᠵᠡᠷᠭᠡ ᠬᠡᠯᠪᠡᠷᠢ ᠶᠢ ᠠᠪᠴᠤ᠂ ᠲᠥᠯᠥᠪᠵᠢᠭᠦᠯᠭᠡ ᠶᠢᠨ ᠵᠥᠪᠯᠡᠯ ᠤᠨ ᠵᠥᠪᠯᠡᠬᠦ ᠰᠡᠳᠦᠪ ᠢ ᠬᠢᠨᠠᠨ ᠵᠥᠪᠯᠡᠬᠦ ᠳᠤ ᠣᠷᠤᠯᠴᠠᠨ᠎ᠠ᠃     ︵ᠲᠠᠪᠤ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯᠳᠤᠭᠠᠨ ᠤ ᠮᠠᠲ᠋ᠧᠷᠢᠶᠠᠯ ᠨᠢ ᠳᠣᠲᠣᠭᠠᠳᠤ ᠶᠢᠨ ᠮᠠᠲ᠋ᠧᠷᠢᠶᠠᠯ ᠳᠤ ᠬᠠᠷᠢᠶᠠᠯᠠᠭᠳᠠᠨ᠎ᠠ᠂ ᠬᠤᠷᠠᠯ ᠳᠤ ᠣᠷᠣᠯᠴᠠᠭᠰᠠᠳ ᠰᠠᠶᠢᠲᠤᠷ ᠬᠠᠳᠠᠭᠠᠯᠠᠨ ᠬᠠᠮᠢᠶᠠᠷᠬᠤ ᠪᠤᠶᠤ ᠬᠤᠷᠠᠯ ᠤᠨ ᠲᠠᠷᠠᠭ᠎ᠠ ᠮᠠᠲ᠋ᠧᠷᠢᠶᠠᠯ ᠢᠶᠠᠨ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠲᠤ ᠪᠤᠴᠠᠭᠠᠵᠤ ᠥᠭᠭᠦᠨ᠎ᠡ᠃ ᠵᠥᠪᠰᠢᠶᠡᠷᠡᠯ ᠦᠭᠡᠢ ᠪᠠᠷ ᠶᠠᠮᠠᠷᠪᠠ ᠬᠥᠮᠦᠨ ᠶᠠᠮᠠᠷᠪᠠ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠮᠠᠲ᠋ᠧᠷᠢᠶᠠᠯ ᠢ ᠤᠯᠬᠤ ᠪᠤᠶᠤ ᠪᠤᠰᠤᠳ ᠬᠥᠮᠦᠨ ᠳᠤ ᠰᠢᠭᠤᠳ ᠪᠤᠶᠤ ᠳᠠᠮ ᠢᠶᠠᠷ ᠳᠠᠮᠵᠢᠭᠤᠯᠵᠤ ᠪᠣᠯᠬᠤ ᠦᠭᠡᠢ᠃ ᠬᠡᠷᠪᠡ ᠬᠤᠷᠠᠯ ᠤᠨ ᠮᠠᠲ᠋ᠧᠷᠢᠶᠠᠯ ᠢ ᠨᠢᠭᠤᠴᠠ ᠪᠢᠴᠢᠭ ᠮᠠᠲ᠋ᠧᠷᠢᠶᠠᠯ ᠳᠤ ᠣᠷᠣᠭᠤᠯᠤᠭᠰᠠᠨ ᠪᠠᠶᠢᠪᠠᠯ᠂ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠯᠪᠣᠭᠳᠠᠯ ᠪᠦᠬᠦᠢ ᠬᠤᠷᠠᠯ ᠤᠨ ᠮᠠᠲ᠋ᠧᠷᠢᠶᠠᠯ ᠢ ᠪᠠᠶᠢᠴᠠᠭᠠᠨ ᠯᠠᠪᠯᠠᠬᠤ ᠶᠢ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠭᠡᠷ ᠠᠴᠠ ᠨᠢᠭᠡᠳᠦᠯᠲᠡᠶ ᠬᠠᠷᠢᠭᠤᠴᠠᠨ᠎ᠠ᠃     ︵ᠵᠢᠷᠭᠤᠭ᠎ᠠ︶ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠠᠴᠠ ᠬᠢᠨᠠᠨ ᠵᠥᠪᠯᠡᠵᠦ ᠪᠠᠲᠤᠯᠠᠭᠰᠠᠨ ᠴᠢᠬᠤᠯᠠ ᠶᠡᠭᠡ ᠵᠦᠢᠯᠡᠰ ᠵᠢᠴᠢ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠲᠣᠭᠲᠠᠭᠠᠯ ᠢ ᠬᠤᠯᠪᠣᠭᠳᠠᠯ ᠪᠥᠬᠦᠶ ᠬᠡᠷᠡᠭᠴᠡᠭᠡ ᠶᠢ ᠦᠨᠳᠦᠰᠦᠯᠡᠨ ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠯᠪᠠᠨ ᠬᠡᠷ ᠠᠴᠠ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ᠳᠥᠷᠪᠡᠳᠦᠭᠡᠷ ᠪᠦᠯᠦᠭ    ᠠᠯᠪᠠᠯᠠᠬᠤ ᠵᠠᠷᠤᠳᠠᠯ     ᠶᠢᠰᠦᠳᠦᠭᠡᠷ ᠵᠦᠢᠯ  ᠬᠤᠳᠠ ᠶᠢᠨ ᠲᠥᠯᠥᠪᠵᠢᠭᠦᠯᠭᠡ ᠶᠢᠨ ᠵᠥᠪᠯᠡᠯ ᠤᠨ ᠠᠵᠢᠯ ᠤᠨ ᠵᠠᠷᠤᠳᠠᠯ ᠢ ᠬᠤᠲᠠ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠭᠤᠣᠯᠳᠠᠭᠤ ᠲᠤᠰᠬᠠᠶ ᠮᠡᠷᠭᠡᠵᠢᠯᠲᠡᠨ ᠢ ᠤᠷᠢᠨ ᠬᠡᠷᠡᠭᠯᠡᠬᠦ᠂ ᠠᠰᠠᠭᠤᠨ ᠯᠠᠪᠯᠠᠵᠤ ᠪᠠᠶᠢᠴᠠᠭᠠᠨ ᠰᠤᠳᠤᠯᠬᠤ᠂ ᠬᠤᠷᠠᠯ ᠵᠣᠬᠢᠶᠠᠨ ᠪᠠᠶᠢᠭᠤᠯᠬᠤ ᠵᠡᠷᠭᠡ ᠴᠢᠬᠤᠯᠠ ᠪᠦᠬᠦᠢ ᠵᠠᠷᠤᠳᠠᠯ ᠳᠤ ᠬᠡᠷᠡᠭᠯᠡᠨ᠎ᠡ᠃ᠲᠠᠪᠤᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ     ᠠᠷᠪᠠᠳᠤᠭᠠᠷ ᠵᠦᠢᠯ  ᠲᠤᠰ ᠬᠡᠷᠡᠭ ᠵᠥᠪᠯᠡᠬᠦ ᠳᠦᠷᠢᠮ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃     ᠠᠷᠪᠠᠨ ᠨᠢᠭᠡᠳᠦᠭᠡᠷ ᠵᠦᠢᠯ  ᠲᠤᠰ ᠬᠡᠷᠡᠭ ᠵᠥᠪᠯᠡᠬᠦ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠣᠷᠳᠣᠰ ᠬᠤᠲᠠ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠲᠦᠷᠢᠮ︾ ︵ᠣᠷᠳᠣᠰ ᠵᠠᠰᠠᠭ ᠲᠠᠷᠬᠠᠭᠠᠭᠰᠠᠨ ﹇2017﹈ 196 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ