ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢᠵᠣᠭᠰᠤᠭᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠤᠷᠳᠤᠰ ᠵᠠᠰᠠᠭ ᠲᠠᠷᠬᠠᠭᠠᠭᠰᠠᠨ ﹇2023﹈  22 ᠳ᠋ᠤᠭᠠᠷ ᠲᠣ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠪᠥᠬᠦ ᠬᠤᠲᠠ ᠶᠢᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠲᠦᠷᠭᠡᠭᠡᠨ ᠰᠡᠷᠭᠦᠭᠡᠵᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ ᠃ ᠨᠢᠭᠡ᠂ ᠦᠵᠡᠯ ᠲᠠᠨᠢᠯᠲᠠ ᠪᠠᠨ ᠳᠡᠭᠡᠭᠰᠢᠯᠡᠭᠦᠯᠦᠨ᠎ᠡ     ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠠᠵᠢᠯ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠳᠠᠲᠠᠶ ᠠᠵᠢᠯᠯᠠᠭ᠎ᠠ ᠪᠠᠶᠢᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠠᠯᠭᠠᠭ᠎ᠠ ᠪᠠᠷ ᠠᠰᠢᠭᠯᠠᠬᠤ ᠶᠢ ᠪᠡᠶᠡᠯᠡᠭᠦᠯᠬᠦ ᠠᠷᠭ᠎ᠠ ᠵᠠᠮ ᠮᠥᠨ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠨ᠂ ᠠᠮᠢ ᠠᠬᠤᠶ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠷᠢᠭᠯᠠᠭᠰᠠᠨ ᠪᠣᠯᠪᠠᠴᠤ ᠵᠣᠭᠰᠤᠭᠠᠵᠤ ᠴᠢᠳᠠᠬᠤ ᠥᠬᠡᠶ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯᠯᠠᠬᠤ᠂ ᠬᠢᠨᠠᠯᠲᠠ ᠬᠠᠮᠢᠶᠠᠷᠤᠯᠲᠠ ᠰᠤᠯᠠ ᠪᠠᠶᠢᠬᠤ ᠵᠡᠷᠭᠡ ᠠᠰᠠᠭᠤᠳᠠᠯ ᠢ ᠡᠷᠡᠰ ᠲᠡᠪᠴᠢᠬᠦ ᠬᠡᠷᠡᠭᠲᠡᠶ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠲᠦᠷᠢᠮ︾᠂ ︽ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 64 ᠳ᠋ᠤᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠢ ᠦᠨᠡᠨ ᠬᠦ ᠴᠢᠩᠭ᠎ᠠ ᠠᠳᠬᠤᠵᠤ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ᠬᠤᠶᠠᠷ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠎ᠡ     ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠮᠢᠶ᠎ᠠ ᠪᠥᠬᠦᠶ ᠠᠵᠢᠯ ᠳᠤ ᠪᠥᠬᠦ ᠬᠠᠷᠢᠭᠤᠴᠠᠯᠭ᠎ᠠ ᠡᠭᠦᠷᠭᠡᠯᠡᠨ᠎ᠡ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠲᠤᠰ ᠬᠠᠷᠢᠶ᠎ᠠ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠬᠡᠷᠡᠭᠯᠡᠭᠴᠢ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ ᠪᠣᠯᠬᠤ ᠲᠤᠯᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠳᠦᠷᠢᠮ ᠢ ᠵᠢᠷᠤᠮᠯᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ ᠨᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠳᠠᠷᠠᠭᠠᠯᠠᠨ ᠲᠣᠭᠲᠠᠭᠠᠵᠤ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠤᠷᠪᠠᠨ ᠱᠠᠲᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠪᠠ ᠠᠲᠠᠷ ᠬᠠᠭᠠᠯᠪᠤᠷᠢᠯᠠᠬᠤ ᠶᠢ ᠵᠤᠭᠰᠤᠭᠠᠬᠤ ᠠᠵᠢᠯ ᠢ ᠭᠦᠨᠵᠡᠭᠡᠶ ᠥᠷᠨᠢᠭᠦᠯᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ᠭᠤᠷᠪᠠ᠂ ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠳᠬᠤᠨ᠎ᠠ     ᠡᠯ᠎ᠡ ᠬᠤᠰᠢᠭᠤ ᠲᠣᠭᠤᠷᠢᠭ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠮᠠᠯᠴᠢᠨ ᠲᠠᠷᠢᠶᠠᠴᠢᠨ ᠳᠤ ᠣᠯᠭᠤᠵᠤ᠂ ᠭᠠᠴᠠᠭ᠎ᠠ ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠱᠠᠲᠤᠨ ᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠠᠪᠴᠤ᠂ ᠡᠪᠡᠰᠦ ᠪᠣᠷᠳᠤᠭ᠎ᠠ ᠨᠥᠭᠡᠴᠡᠯᠡᠵᠦ ᠬᠠᠩᠭᠠᠬᠤ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ ᠲᠡᠮᠳᠡᠭ ᠢ ᠢᠯᠡᠷᠬᠡᠢ ᠪᠠᠶᠢᠷᠢᠰᠢᠭᠤᠯᠵᠤ᠂ ᠬᠡᠪᠴᠢᠶ᠎ᠡ᠂ ᠠᠷᠭ᠎ᠠ ᠬᠡᠮᠵᠢᠶ᠎ᠡ᠂  ᠬᠠᠷᠢᠭᠤᠴᠠᠭᠴᠢ ᠵᠡᠷᠭᠡ ᠵᠦᠢᠯ ᠤᠳ ᠢ ᠲᠣᠳᠣᠷᠬᠠᠶᠢᠯᠠᠵᠤ᠂ ᠪᠦᠬᠦ ᠵᠢᠯ ᠢᠶᠠᠷ ᠮᠠᠯ ᠮᠠᠯᠯᠠᠵᠤ ᠪᠣᠯᠬᠤ ᠦᠭᠡᠶ᠃ ᠦᠤᠰᠢᠨ ᠬᠤᠰᠢᠭᠤ᠂ ᠬᠠᠩᠭᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠳᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠪᠠ ᠪᠡᠯᠴᠢᠭᠡᠷ ᠰᠡᠷᠭᠦᠭᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ  ᠪᠡᠯᠴᠢᠭᠡᠷ ᠢ ᠰᠡᠷᠭᠦᠭᠡᠵᠦ ᠂ ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠠᠳᠠᠭ ᠲᠠᠭᠠᠨ ᠭᠤᠷᠪᠠᠨ ᠰᠠᠷ᠎ᠠ ᠪᠠᠶᠢᠯᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠬᠤᠰᠢᠭᠤ ᠲᠣᠭᠤᠷᠢᠭ ᠨᠢ 2023 ᠣᠨ ᠤ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠲᠦᠷᠭᠡᠬᠡᠨ ᠥᠷᠨᠢᠭᠦᠯᠬᠦ ᠶᠢᠨ ᠬᠠᠮᠲᠤ᠂ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠮᠠᠯᠵᠢᠬᠤ ᠡᠷᠦᠬᠡ ᠶᠢᠨ ᠨᠤᠲᠤᠭ ᠪᠡᠯᠴᠢᠭᠡᠷ ᠤᠨ ᠲᠠᠯᠠᠪᠠᠶ᠂ ᠲᠥᠷᠥᠯ ᠬᠡᠯᠪᠡᠷᠢ᠂ ᠵᠡᠷᠭᠡ ᠳᠡᠰ ᠢ ᠴᠢᠩᠭ᠎ᠠ ᠵᠢᠷᠤᠮᠯᠠᠨ ᠪᠡᠯᠴᠢᠭᠡᠷ ᠤᠨ ᠳᠠᠭᠠᠭᠠᠴᠠ ᠶᠢ ᠪᠣᠳᠠᠲᠠᠶ ᠬᠢᠨᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠣᠯᠤᠨ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠬᠡᠷᠡᠭᠯᠡᠭᠰᠡᠨ ᠨᠤᠲᠤᠭ ᠪᠡᠯᠴᠢᠭᠡᠷ ᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠣᠷᠣᠨ ᠪᠣᠯᠭᠠᠨ ᠬᠢᠨᠠᠨ ᠬᠠᠮᠢᠶᠠᠷᠴᠤ᠂ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠥᠷᠢᠴᠡᠭᠰᠡᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠤᠨ ᠭᠤᠤᠯᠳᠠᠯᠭ᠎ᠠ ᠪᠣᠯᠭᠠᠨ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠬᠡᠷᠡᠭ ᠢ ᠴᠠᠭ ᠲᠤᠬᠠᠶ ᠳᠤᠨᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠷᠡᠭᠦᠦ ᠶᠢᠨ ᠶᠠᠯ᠎ᠠ ᠳᠤ ᠲᠣᠭᠠᠴᠠᠭᠳᠠᠪᠠᠯ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ     ᠡᠯ᠎ᠡ ᠬᠤᠰᠢᠭᠤ ᠲᠣᠭᠤᠷᠢᠭ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠢᠯ ᠪᠦᠷᠢ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠤᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠪᠠ ᠤᠬᠠᠭᠤᠯᠭ᠎ᠠ ᠬᠢᠬᠦ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠲᠦᠷᠢᠮ ᠢ ᠨᠠᠶᠢᠳᠠᠪᠤᠷᠢᠵᠢᠭᠤᠯᠬᠤ ᠶᠢ ᠬᠤᠰᠢᠭᠤ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠬᠤ᠂ ᠨᠤᠲᠤᠭ ᠪᠡᠯᠴᠢᠭᠡᠷ ᠢ ᠲᠤᠤᠷᠵᠢᠭᠤᠯᠤᠨ ᠬᠢᠨᠠᠨ ᠬᠠᠮᠢᠶᠠᠷᠬᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠢᠯᠭᠠᠨ ᠬᠢᠨᠠᠬᠤ ᠴᠢᠬᠤᠯᠠ ᠦᠨᠳᠦᠰᠦᠯᠡᠯ ᠪᠣᠯᠭᠠᠨ᠎ᠠ᠃ ᠷᠠᠳᠢᠣ᠋ ᠲᠧᠯᠸᠢᠰ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠷᠢᠶ᠎ᠠ ᠨᠠᠭᠠᠬᠤ᠂ ᠲᠣᠰᠬᠤᠨ ᠪᠠ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠸᠢᠴᠠᠲ ᠤᠨ ᠲᠠᠪᠴᠠᠩ ᠤᠨ ᠤᠬᠠᠭᠤᠯᠭ᠎ᠠ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠲᠦᠷᠢᠮ᠂ ᠨᠤᠲᠤᠭ ᠪᠡᠯᠴᠢᠭᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠬᠠᠰᠢᠶᠠᠯᠠᠨ ᠮᠠᠯᠵᠢᠬᠤ ᠪᠠ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠵᠦᠶ ᠵᠣᠬᠢᠰᠲᠠᠶ ᠠᠰᠢᠭᠯᠠᠨ᠂ ᠬᠠᠤᠯᠢ ᠶᠢ ᠮᠡᠳᠡᠵᠦ ᠬᠠᠤᠯᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ