ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠣᠷᠳᠣᠰ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ | ᠪᠠᠶᠢᠭᠤᠯᠤᠨ ᠬᠡᠷᠡᠭᠵᠢᠭᠦᠯᠰᠦᠭᠡᠢ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 4 ᠰᠠᠷ᠎ᠠ ᠶᠢᠨ 20 ᠤ ᠡᠳᠦᠷ | | | | ᠣᠷᠳᠣᠰ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ ᠵᠢᠭᠤᠯᠴᠢᠯᠠᠯ ᠤᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ | ᠬᠤᠲᠠ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢ ᠲᠦᠷᠭᠡᠳᠬᠡᠨ ᠪᠠᠶᠢᠭᠤᠯᠵᠤ᠂ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠲᠦᠷᠭᠡᠳᠬᠡᠨ᠎ᠡ | ︵ᠨᠢᠭᠡ︶ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠬᠡᠨ᠎ᠡ᠃ ᠵᠢᠭᠤᠯᠴᠢᠨ ᠳᠤ | ᠦᠢᠯᠡᠴᠢᠯᠡᠬᠦ ᠭᠠᠵᠠᠷ ᠤᠨ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠢᠷᠡᠵᠦ ᠵᠢᠭᠤᠯᠴᠢᠯᠠᠭᠤᠯᠬᠤ ᠶᠢ ᠵᠣᠷᠢᠭᠵᠢᠭᠤᠯᠵᠤ᠂ ᠪᠥᠬᠦ ᠵᠢᠯ ᠳᠤ | ᠬᠤᠲᠠ ᠶᠢᠨ ᠭᠠᠳᠠᠨ᠎ᠠ ᠠᠴᠠ ᠢᠷᠡᠵᠦ ᠬᠤᠨᠣᠭᠯᠠᠭᠰᠠᠨ ᠵᠤᠭᠠᠴᠠᠭᠰᠠᠳ ᠨᠡᠶᠢᠲᠡ 500 ᠬᠥᠮᠦᠨ ᠤᠳᠠᠭ᠎ᠠ ︵ᠪᠠᠭᠲᠠᠨ᠎ᠠ︶ ᠠᠴᠠ ᠳᠡᠭᠡᠭᠰᠢ ᠳᠤ ᠬᠦᠷᠦᠭᠰᠡᠨ ᠪᠣᠯ᠂ | 1 ᠬᠤᠨᠤᠭ᠂ 2 ᠬᠤᠨᠤᠭ᠂ 3 ᠬᠤᠨᠤᠭ ᠵᠢᠴᠢ ᠲᠡᠭᠦᠨ ᠠᠴᠠ ᠢᠯᠡᠭᠦᠦ ᠬᠤᠨᠣᠭᠯᠠᠭᠰᠠᠨ ᠢᠶᠠᠷ ᠲᠤᠰᠪᠤᠷᠢ ᠬᠥᠮᠦᠨ ᠨᠢᠭᠡᠪᠦᠷᠢ ᠳᠤ 30 ᠲᠥᠭᠦᠷᠢᠭ᠂ 50 | ᠲᠥᠭᠦᠷᠢᠭ᠂ 70 ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠵᠢᠭᠤᠯᠴᠢᠨ ᠳᠤ ᠦᠢᠯᠡᠴᠢᠯᠡᠬᠦ ᠭᠠᠵᠠᠷ ᠢ ᠱᠠᠩᠨᠠᠨ᠎ᠠ᠃ | ︵ᠬᠤᠶᠠᠷ︶ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠣᠭᠲᠠᠭᠤᠨ ᠢᠶᠠᠷ ᠬᠥᠭᠵᠢᠭᠦᠯᠦᠨ᠎ᠡ᠃ ᠬᠢᠯᠢ ᠪᠠᠷ ᠣᠷᠣᠵᠤ ᠢᠷᠡᠬᠦ | ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠡᠮᠬᠢ ᠵᠢᠷᠦᠮ ᠲᠠᠢ ᠪᠠᠷ ᠰᠡᠷᠭᠦᠭᠡᠵᠦ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠪᠦᠯᠬᠦᠮ ᠤᠨ | ᠵᠤᠭᠠᠴᠠᠭᠰᠠᠳ ︵ᠰᠢᠶᠠᠩᠭᠠᠩ᠂ ᠣᠣᠮᠧᠨ᠂ ᠲᠠᠶᠢᠸᠠᠨ ᠢ ᠪᠠᠭᠲᠠᠭᠠᠨ᠎ᠠ︶ ᠲᠤ ᠬᠦᠮᠦᠨ ᠪᠦᠷᠢ ᠳᠤ ᠬᠤᠨᠤᠭ ᠪᠦᠷᠢ 100 ᠲᠥᠭᠦᠷᠢᠭ ᠤᠨ ᠨᠥᠬᠦᠪᠥᠷᠢ ᠶᠢᠨ | ᠪᠠᠷᠢᠮᠵᠢᠶ᠎ᠠ ᠪᠠᠷ ᠵᠢᠭᠤᠯᠴᠢᠨ ᠳᠤ ᠦᠢᠯᠡᠴᠢᠯᠡᠬᠦ ᠭᠠᠵᠠᠷ ᠶᠢ ᠱᠠᠩᠨᠠᠨ᠎ᠠ᠃ | ︵ᠭᠤᠷᠪᠠ︶ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠴᠦ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ᠬᠤᠲᠠ ᠶᠢᠨ ᠭᠠᠳᠠᠨᠠᠬᠢ ᠰᠣᠷᠣᠭᠴᠢ ᠪᠤᠶᠤ | ᠨᠠᠰᠤᠲᠠᠶᠢᠴᠤᠳ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠥᠷᠨᠢᠭᠦᠯᠦᠭᠰᠡᠨ ᠵᠢᠭᠤᠯᠴᠢᠨ ᠳᠤ ᠦᠢᠯᠡᠴᠢᠯᠡᠬᠦ ᠭᠠᠵᠠᠷ | ᠪᠠ ᠨᠡᠭᠦᠳᠡᠯ ᠰᠢᠪᠠᠭᠤ ᠮᠠᠶ᠋ᠢᠭ ᠤᠨ ᠤᠯᠠᠷᠢᠯ ᠤᠨ ᠴᠢᠨᠠᠷᠲᠠᠢ ᠨᠠᠰᠤᠲᠠᠨ ᠢ ᠠᠰᠠᠷᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠭᠤᠯᠤᠮᠵᠢ ᠪᠥᠬᠦ ᠵᠢᠯ ᠳᠤ ᠵᠤᠬᠢᠶᠠᠨ | ᠪᠠᠶᠢᠭᠤᠯᠤᠭᠰᠠᠨ ᠬᠦᠮᠦᠨ ᠤ ᠲᠤᠭ᠎ᠠ 100 ᠬᠥᠮᠦᠨ ︵ᠪᠠᠭᠲᠠᠨ᠎ᠠ︶ ᠠᠴᠠ ᠳᠡᠭᠡᠭᠰᠢ ᠬᠦᠷᠴᠦ᠂ ᠤᠳᠠᠭ᠎ᠠ ᠪᠦᠷᠢ ᠮᠠᠨ ᠤ ᠬᠤᠲᠠ ᠳᠤ ᠰᠠᠭᠤᠭᠰᠠᠨ ᠬᠤᠭᠤᠴᠠᠭ᠎ᠠ 7 | ᠡᠳᠦᠷ ︵ᠪᠠᠭᠲᠠᠨ᠎ᠠ︶ ᠠᠴᠠ ᠢᠯᠡᠭᠦᠦ ᠪᠠᠶᠢᠪᠠᠯ᠂ ᠬᠥᠮᠦᠨ ᠪᠦᠷᠢ ᠳᠤ ᠡᠳᠦᠷ ᠪᠦᠷᠢ 50 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨ ᠱᠠᠩᠨᠠᠨ᠎ᠠ᠃ | ᠬᠤᠲᠠ ᠶᠢᠨ ᠭᠠᠳᠠᠨᠠᠬᠢ ᠬᠥᠮᠦᠰ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠬᠤᠳᠠᠯᠳᠤᠭᠠᠨ ᠤ ᠶᠠᠪᠤᠳᠠᠯ᠂ ᠬᠠᠮ ᠦᠵᠡᠰᠬᠦᠯᠡᠩ ᠵᠡᠷᠭᠡ ᠠᠵᠢᠯᠯᠠᠭ᠎ᠠ ᠥᠷᠨᠢᠭᠦᠯᠵᠦ | ᠪᠠᠶᠢᠭ᠎ᠠ ᠠᠵᠤ ᠠᠬᠤᠶᠢᠯᠠᠯ᠂ ᠨᠡᠶᠢᠭᠡᠮᠯᠢᠭ ᠪᠠ ᠺᠯᠦ᠋ᠪ ᠵᠡᠷᠭᠡ ᠨᠢᠭᠡᠴᠢ ᠳᠤ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠣᠬᠢᠶᠠᠨ ᠪᠠᠶᠢᠭᠤᠯᠤᠭᠰᠠᠨ | ᠨᠢᠭᠡᠴᠢ ᠶᠢ ᠱᠠᠩᠨᠠᠨ᠎ᠠ᠃ | ︵ᠳᠥᠷᠪᠡ︶ ᠵᠢᠭᠤᠯᠴᠢᠯᠠᠯ ᠤᠨ ᠨᠢᠰᠬᠡᠯ ᠬᠥᠯᠦᠰᠦᠯᠡᠬᠦ ᠪᠠ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠲᠣᠬᠢᠷᠠᠭᠤᠯᠬᠤ ᠲᠤᠬᠠᠶᠢᠯᠠᠭᠰᠠᠨ ᠠᠵᠢᠯ | ᠥᠷᠨᠢᠭᠦᠯᠬᠦ ᠶᠢ ᠵᠣᠷᠢᠭᠵᠢᠭᠤᠯᠤᠨ᠎ᠠ᠃ ᠵᠢᠭᠤᠯᠴᠢᠯᠠᠯ ᠤᠨ ᠨᠢᠰᠬᠡᠯ ᠪᠠ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ | ᠵᠣᠬᠢᠴᠠᠩᠭᠤᠶ ᠨᠥᠬᠦᠴᠡᠯ ᠳᠤ ᠨᠡᠶᠢᠴᠡᠭᠰᠡᠨ ᠪᠠᠶᠢᠪᠠᠯ᠂ ᠨᠥᠬᠦᠪᠥᠷᠢ ᠥᠭᠴᠦ ᠱᠠᠩᠨᠠᠨ᠎ᠠ᠃ ᠤᠯᠤᠰ ᠤᠨ ᠳᠣᠲᠣᠭᠠᠳᠤ ᠶᠢᠨ ᠨᠢᠰᠬᠡᠯ ᠬᠥᠯᠦᠰᠦᠯᠡᠵᠤ ᠡᠭᠡᠯᠵᠢ ᠪᠦᠷᠢ ᠳᠤ | 90 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 5 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠣᠯᠠᠨ ᠤᠯᠤᠰ ᠤᠨ ᠨᠢᠰᠬᠡᠯ ᠬᠥᠯᠦᠰᠦᠯᠡᠵᠤ ᠡᠭᠡᠯᠵᠢ | ᠪᠦᠷᠢ ᠳᠤ 90 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠬᠠᠷᠭᠠᠯᠵᠠᠭᠰᠠᠨ ᠪᠠᠷᠢᠮᠵᠢᠶ᠎ᠠ ᠶᠣᠰᠣᠭᠠᠷ᠂ | 180 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 2 ᠡᠭᠡᠯᠵᠢ ᠤᠳᠠᠭ᠎ᠠ ᠶᠢᠨ ᠨᠥᠬᠦᠪᠥᠷᠢ ᠥᠭᠭᠦᠨ᠎ᠡ︔ 270 ᠬᠥᠮᠦᠨ ︵ᠪᠠᠭᠲᠠᠨ᠎ᠠ︶ ᠠᠴᠠ ᠳᠡᠭᠡᠭᠰᠢ | ᠪᠠᠶᠢᠪᠠᠯ 3 ᠡᠭᠡᠯᠵᠢ ᠤᠳᠠᠭ᠎ᠠ ᠶᠢᠨ ᠨᠥᠬᠦᠪᠥᠷᠢ ᠥᠭᠭᠦᠨ᠎ᠡ︔ 360 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 4 ᠡᠭᠡᠯᠵᠢ ᠤᠳᠠᠭ᠎ᠠ ᠶᠢᠨ ᠨᠥᠬᠦᠪᠥᠷᠢ | ᠥᠭᠭᠦᠨ᠎ᠡ᠃ | ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠬᠤᠲᠠ ᠶᠢᠨ ᠭᠠᠳᠠᠨᠠᠬᠢ ᠵᠤᠭᠠᠴᠠᠭᠰᠠᠳ ᠢ ᠨᠢᠭᠡ ᠤᠳᠠᠭ᠎ᠠ ᠳᠤ 500 ᠬᠦᠮᠦᠨ ︵ᠪᠠᠭᠲᠠᠨ᠎ᠠ︶ ᠠᠴᠠ ᠳᠡᠭᠡᠭᠰᠢ | ᠵᠣᠬᠢᠶᠠᠨ ᠪᠠᠶᠢᠭᠤᠯᠬᠤ ᠳᠤ ᠬᠦᠷᠪᠡᠯ ᠂ ᠴᠣᠪᠤᠭ᠎ᠠ ᠪᠦᠷᠢ ᠳᠤ 3 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ | ᠳᠡᠭᠡᠷᠡᠬᠢ ᠨᠥᠬᠦᠪᠥᠷᠢ ᠥᠭᠴᠦ ᠱᠠᠩᠨᠠᠬᠤ ᠠᠷᠭ᠎ᠠ ᠬᠡᠮᠵᠢᠶ᠎ᠡ ᠶᠢ 2023 ᠣᠨ ᠤ 4 ᠰᠠᠷ᠎ᠠ ᠶᠢᠨ 1 ᠤ ᠡᠳᠦᠷ ᠠᠴᠠ 2023 ᠣᠨ ᠤ 10 ᠰᠠᠷ᠎ᠠ ᠶᠢᠨ 10 ᠤ | ᠡᠳᠦᠷ ᠪᠣᠯᠲᠠᠯ᠎ᠠ ᠬᠡᠷᠡᠭᠵᠢᠭᠦᠯᠦᠨ᠎ᠡ᠃ | ᠬᠤᠶᠠᠷ᠂ ᠵᠢᠭᠤᠯᠴᠢᠯᠠᠯ ᠤᠨ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ | ︵ᠨᠢᠭᠡ︶ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ ᠵᠢᠯ ᠤᠨ ᠺᠠᠷᠲ ᠢ ᠲᠠᠷᠬᠠᠭᠠᠨ᠎ᠠ᠃ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ | ᠺᠠᠷᠲ ᠲᠠᠷᠬᠠᠭᠠᠬᠤ ᠳᠤ᠂ ᠬᠤᠲᠠ ᠶᠢᠨ ᠡᠳ᠋ ᠤᠨ ᠵᠠᠰᠠᠭ ᠠᠴᠠ ᠺᠠᠷᠲ ᠪᠦᠷᠢ ᠳᠤ 100 ᠲᠥᠭᠦᠷᠢᠭ ᠤᠨ ᠨᠥᠬᠦᠪᠥᠷᠢ ᠥᠭᠴᠦ᠂ ᠵᠤᠭᠠᠴᠠᠭᠰᠠᠳ ᠥᠪᠡᠰᠦᠪᠡᠨ | 100 ᠲᠥᠭᠦᠷᠢᠭ ᠳᠥᠯᠥᠵᠦ᠂ ︽ᠣᠷᠳᠣᠰ ᠤᠨ ᠵᠢᠭᠤᠯᠴᠢᠯᠠᠯ ᠤᠨ ᠰᠦᠯᠵᠢᠶᠡᠨ︾ ᠤ ᠲᠠᠪᠴᠠᠩ ᠢᠶᠠᠷ ᠳᠠᠮᠵᠢᠭᠤᠯᠤᠨ ᠪᠦᠯᠦᠭ ᠤᠳᠠᠭ᠎ᠠ ᠬᠤᠪᠢᠶᠠᠨ ᠪᠥᠬᠦ | ᠤᠯᠤᠰ ᠤᠨ ᠵᠤᠭᠠᠴᠠᠭᠰᠠᠳ ᠲᠤ ᠬᠠᠨᠳᠤᠭᠤᠯᠤᠨ ᠲᠠᠷᠬᠠᠭᠠᠨ ᠬᠤᠳᠠᠯᠳᠤᠵᠤ᠂ ᠬᠤᠳᠠᠯᠳᠤᠬᠤ ᠶᠠᠪᠤᠴᠠ ᠳᠤ ᠪᠦᠷᠢᠨ ᠴᠢᠳᠠᠮᠵᠢᠲᠤ ᠺᠠᠷᠲ ᠤᠨ ᠬᠡᠷᠡᠭᠯᠡᠯᠲᠡ ᠶᠢᠨ | ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠬᠤ ᠲᠤᠭ᠎ᠠ ᠬᠡᠮᠵᠢᠶ᠎ᠡ ᠪᠠ ᠲᠠᠷᠬᠠᠭᠠᠬᠤ ᠬᠡᠪᠴᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠠ | ᠃ ᠬᠤᠲᠠ ᠶᠢᠨ ᠳᠣᠲᠤᠨᠠᠬᠢ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠪᠠᠬᠢᠵᠢᠭᠦᠯᠵᠦ᠂ ᠡᠷᠬᠢᠨ ᠲᠣᠭᠤᠷᠢᠨ ᠤ ᠵᠢᠭᠤᠯᠴᠢᠯᠠᠯ ᠤᠨ | ᠬᠡᠷᠡᠭᠯᠡᠭᠡᠨ ᠤ ᠵᠠᠬ᠎ᠠ ᠳᠡᠯᠭᠡᠭᠦᠷ ᠢ ᠦᠷᠭᠦᠯᠵᠢᠯᠡᠨ ᠥᠷᠭᠡᠳᠬᠡᠨ᠎ᠡ᠃ | ︵ᠬᠤᠶᠠᠷ︶ ᠣᠷᠳᠣᠰ ᠤᠨ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠃ A ᠲᠠᠰ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ᠂ | ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠪᠠ ᠵᠤᠭ᠎ᠠ ᠴᠡᠩᠭᠡᠯ ᠵᠡᠷᠭᠡ ᠬᠤᠶᠠᠳᠠᠬᠢ ᠤᠳᠠᠭᠠᠨ ᠤ ᠬᠡᠷᠡᠭᠯᠡᠭᠡᠨ ᠤ ᠵᠦᠢᠯᠡᠰ ᠲᠤ ᠴᠢᠭᠯᠡᠭᠦᠯᠦᠨ᠂ ᠲᠦᠷᠦᠬᠦᠦ | ᠪᠦᠯᠦᠭ ᠲᠤ 500 ᠲᠦᠮᠡᠨ ᠲᠥᠭᠦᠷᠢᠭ ᠤᠨ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠬᠡᠷᠡᠭᠯᠡᠭᠡᠨ ᠤ ᠲᠡᠮᠳᠡᠭᠲᠦ ᠲᠠᠷᠬᠠᠭᠠᠭᠰᠠᠨ ᠦᠷ᠎ᠡ | ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠬᠤ ᠲᠤᠭ᠎ᠠ ᠬᠡᠮᠵᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠡ᠃ ᠵᠣᠭᠤᠰ ᠤᠨ ᠲᠤᠭ᠎ᠠ | ᠭᠦᠢᠴᠡᠪᠡᠯ ᠳᠠᠷᠤᠢ ᠳᠤᠨᠢ ᠬᠠᠰᠤᠬᠤ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ᠂ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠡᠨ᠂ ᠪᠥᠬᠦ ᠨᠡᠶᠢᠭᠡᠮ ᠤᠨ ᠬᠡᠷᠡᠭᠯᠡᠭᠡ ᠶᠢᠨ | ᠨᠡᠮᠡᠭᠳᠡᠯ ᠢ ᠳᠠᠶᠢᠴᠢᠯᠠᠨ᠎ᠠ᠃ | ᠭᠤᠷᠪᠠ᠂ ᠵᠢᠭᠤᠯᠴᠢᠯᠠᠯ ᠤᠨ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠳᠡᠮᠵᠢᠨ᠎ᠡ | ︵ᠨᠢᠭᠡ︶ ᠵᠢᠭᠤᠯᠴᠢᠯᠠᠯ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠵᠢᠭᠤᠯᠴᠢᠯᠠᠯ ᠤᠨ | ᠠᠮᠠᠷᠠᠯᠲᠠ ᠶᠢᠨ ᠣᠷᠣᠨ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠪᠠᠯ ᠨᠢᠭᠡ ᠤᠳᠠᠭ᠎ᠠ ᠶᠢᠨ ᠴᠢᠨᠠᠷᠲᠠᠢ ᠪᠠᠷ 500 ᠲᠦᠮᠡᠨ ᠲᠥᠭᠦᠷᠢᠭ ᠱᠠᠩᠨᠠᠨ᠎ᠠ᠃ ᠤᠯᠤᠰ ᠤᠨ | 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠲᠠᠪᠤᠨ ᠣᠳᠣᠨ ᠲᠠᠰ ᠤᠨ ᠵᠣᠴᠢᠳ ᠤᠨ ᠪᠠᠭᠤᠳᠠᠯ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ | ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ ᠲᠥᠭᠦᠷᠢᠭ ᠱᠠᠩᠨᠠᠨ᠎ᠠ᠃ ᠤᠯᠤᠰ ᠤᠨ 5C ᠲᠠᠰ ᠤᠨ ᠵᠢᠭᠤᠯᠴᠢᠯᠠᠯ ᠤᠨ ᠬᠤᠸᠠᠷᠠᠨ᠂ ᠤᠯᠤᠰ ᠤᠨ 4C | ᠲᠠᠰ ᠤᠨ ᠵᠢᠭᠤᠯᠴᠢᠯᠠᠯ ᠤᠨ ᠬᠤᠸᠠᠷᠠᠨ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ | ᠪᠠ 50 ᠲᠦᠮᠡᠨ ᠲᠥᠭᠦᠷᠢᠭ ᠱᠠᠩᠨᠠᠨ᠎ᠠ᠃ ᠦᠨᠡᠯᠡᠨ ᠲᠣᠭᠲᠠᠭᠠᠬᠤ ᠶᠠᠪᠤᠴᠠ ᠳᠤ᠂ ᠬᠤᠲᠠ ᠶᠢᠨ ᠡᠳ᠋ ᠤᠨ ᠵᠠᠰᠠᠭ ᠤᠨ ᠳᠡᠮᠵᠢᠯᠭᠡ ᠶᠢᠨ ᠨᠥᠬᠦᠪᠥᠷᠢ ᠶᠢᠨ ᠪᠠᠯᠠ | ᠮᠥᠩᠭᠦ ᠶᠢ ᠱᠠᠩᠨᠠᠯ ᠳᠤ ᠪᠤᠳᠤᠵᠤ ᠣᠷᠣᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠱᠠᠩᠨᠠᠯ ᠣᠯᠭᠤᠭᠰᠠᠨ ᠪᠠᠶᠢᠪᠠᠯ ᠳᠠᠪᠬᠤᠷᠳᠠᠭᠤᠯᠤᠨ ᠱᠠᠩᠨᠠᠬᠤ | ᠥᠬᠡᠶ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠷᠢᠮᠵᠢᠶ᠎ᠠ ᠨᠢ ᠮᠠᠨ ᠤ ᠬᠤᠲᠠ ᠠᠴᠠ ᠳᠣᠤᠷ᠎ᠠ ᠪᠠᠶᠢᠪᠠᠯ ᠠᠳᠠᠯᠢᠬᠠᠨ ᠪᠣᠯᠭᠠᠵᠤ ᠨᠥᠬᠦᠵᠦ | ᠭᠦᠢᠴᠡᠭᠡᠨ᠎ᠡ᠃ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠵᠢᠭᠤᠯᠴᠢᠯᠠᠯ ᠤᠨ ᠠᠵᠤ | ᠠᠬᠤᠶᠢᠯᠠᠯ ᠤᠨ ᠮᠠᠨ ᠤ ᠬᠤᠲᠠ ᠶᠢᠨ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠵᠣᠷᠢᠭᠵᠢᠭᠤᠯᠤᠨ | ᠳᠡᠮᠵᠢᠵᠦ᠂ ︽ᠢᠳᠡᠵᠦ ᠤᠤᠭᠤᠬᠤ ᠬᠤᠨᠣᠵᠤ ᠪᠠᠭᠤᠳᠠᠯᠯᠠᠬᠤ ᠶᠠᠪᠤᠵᠤ ᠰᠠᠭᠤᠬᠤ ᠵᠤᠭᠠᠴᠠᠨ ᠲᠣᠭᠤᠷᠢᠬᠤ ᠬᠤᠳᠠᠯᠳᠤᠨ ᠠᠪᠬᠤ ᠨᠠᠭᠠᠳᠴᠤ ᠴᠡᠩᠭᠡᠬᠦ︾ ᠵᠡᠷᠭᠡ | ᠣᠯᠠᠨ ᠵᠦᠢᠯ ᠤᠨ ᠡᠵᠡᠩᠨᠡᠯᠲᠡ ᠶᠢᠨ ᠲᠥᠯᠥᠪ ᠪᠠᠶᠢᠳᠠᠯ ᠲᠠᠢ ᠬᠤᠯᠪᠣᠭᠠᠯᠠᠵᠤ᠂ ᠨᠢᠭᠡ ᠪᠦᠯᠦᠭ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ | ᠃ | ︵ᠬᠤᠶᠠᠷ︶ ᠵᠢᠭᠤᠯᠴᠢᠯᠠᠯ ᠤᠨ ᠠᠵᠤ ᠠᠬᠤᠶᠢᠯᠠᠯ ᠤᠨ ᠰᠠᠭᠤᠷᠢ ᠳᠥᠬᠦᠭᠡᠷᠡᠮᠵᠢ ᠪᠠᠨ ᠰᠠᠶᠢᠵᠢᠷᠠᠭᠤᠯᠬᠤ ᠶᠢ ᠳᠡᠮᠵᠢᠨ᠎ᠡ᠃ A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠠ ᠣᠳᠣᠨ ᠲᠠᠰ ᠤᠨ ᠵᠣᠴᠢᠳ ᠤᠨ ᠪᠠᠭᠤᠳᠠᠯ ᠳᠤ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ | ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠪᠠᠯ᠂ ᠮᠠᠭᠠᠳᠯᠠᠨ ᠲᠣᠭᠲᠠᠭᠠᠬᠤ ᠪᠠᠷ ᠳᠡᠮᠵᠢᠨ ᠨᠢᠭᠡ | ᠤᠳᠠᠭ᠎ᠠ ᠶᠢᠨ ᠴᠢᠨᠠᠷᠲᠠᠶ ᠪᠠᠷ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 30% ᠠᠴᠠ ᠬᠡᠲᠦᠷᠡᠭᠦᠯᠬᠦ ᠦᠭᠡᠢ ᠲᠡᠳᠬᠦᠮᠵᠢ | ᠣᠯᠭᠤᠵᠤ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠴᠢᠭᠯᠡᠯ ᠳᠤ | ᠨᠡᠶᠢᠴᠡᠬᠦ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ᠬᠤᠭ ᠨᠣᠪᠰᠢ ᠵᠢᠴᠢ | ᠪᠣᠬᠢᠷ ᠤᠰᠤ ᠶᠢ ᠰᠢᠢᠳᠪᠦᠷᠢᠯᠡᠬᠦ ᠳᠥᠬᠦᠭᠡᠷᠡᠮᠵᠢ ᠶᠢ ᠲᠤᠬᠠᠶ ᠶᠢᠨ ᠭᠠᠵᠠᠷ ᠤᠨ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ | ᠲᠥᠯᠥᠪᠯᠡᠨ ᠬᠡᠷᠡᠭᠵᠢᠭᠦᠯᠦᠨ᠎ᠡ᠃ | ︵ᠭᠤᠷᠪᠠ︶ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠲᠣᠭᠤᠷᠢᠭ | ᠪᠣᠯᠤᠨ ᠵᠢᠭᠤᠯᠴᠢᠯᠠᠯ ᠤᠨ ᠠᠵᠤ ᠠᠬᠤᠶᠢᠯᠠᠯ ᠤᠳ ᠵᠢᠭᠤᠯᠴᠢᠯᠠᠯ ᠤᠨ ᠬᠡᠷᠡᠭᠯᠡᠭᠡ ᠪᠠᠷ ᠭᠤᠣᠯ ᠴᠣᠭᠴᠠ ᠪᠣᠯᠭᠠᠭᠰᠠᠨ ᠬᠤᠨᠤᠭ ᠪᠠᠭᠤᠳᠠᠯ᠂ ᠣᠨᠴᠠᠯᠢᠠᠠᠳᠣ ᠢᠳᠡᠭᠡᠨ | ᠤᠮᠳᠠᠭᠠᠨ᠂ ᠰᠣᠶᠣᠯ ᠵᠤᠭ᠎ᠠ ᠴᠡᠩᠭᠡᠯ᠂ ᠰᠣᠶᠣᠯ ᠤᠨ ᠡᠭᠦᠳᠦᠯᠲᠡ ᠵᠡᠷᠭᠡ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠭᠰᠠᠨ ᠦᠳᠡᠰᠢ ᠶᠢᠨ ᠰᠣᠶᠣᠯ | ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠪᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠣᠶᠢᠵᠢᠭᠤᠯᠬᠤ ᠶᠢ ᠳᠡᠮᠵᠢᠵᠦ ᠂ ᠤᠯᠤᠰ ᠤᠨ | ᠲᠠᠰ ᠤᠨ ᠦᠳᠡᠰᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ᠦᠳᠡᠰᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ᠂ ᠵᠢᠭᠤᠯᠴᠢᠯᠠᠯ ᠰᠡᠯᠡᠭᠦᠴᠡᠯ ᠤᠨ ᠵᠡᠭᠡᠯᠢ | ᠲᠣᠭᠤᠷᠢᠭ ᠢᠶᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡ ᠪᠠ 50 ᠲᠦᠮᠡᠨ ᠲᠥᠭᠦᠷᠢᠭ ᠱᠠᠩᠨᠠᠨ᠎ᠠ᠃ | | ︵ᠳᠥᠷᠪᠡ︶ ᠦᠳᠡᠰᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠯᠠ | ᠣᠷᠣᠭᠤᠯᠤᠯᠲᠠ ᠳᠤ ᠳ᠋ᠧᠩ ᠤᠨ ᠬᠡᠷᠡᠯ ᠤᠨ ᠦᠵᠡᠭᠦᠯᠦᠯᠭᠡ᠂ ᠤᠰᠤᠨ ᠳᠡᠭᠡᠷᠡᠬᠢ ᠲᠣᠭᠯᠠᠯᠲᠠ᠂ ᠪᠣᠳᠠᠲᠤ ᠠᠬᠤᠶᠢᠴᠢᠯᠠᠭᠰᠠᠨ ᠮᠠᠶ᠋ᠢᠭ ᠤᠨ ᠲᠣᠭᠯᠠᠯᠲᠠ᠂ ᠪᠣᠳᠠᠲᠤ | ᠦᠵᠡᠮᠵᠢ ᠶᠢᠨ ᠲᠣᠭᠯᠠᠯᠲᠠ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ 100 ᠲᠦᠮᠡᠨ ᠲᠥᠭᠦᠷᠢᠭ ᠠᠴᠠ ᠳᠡᠭᠡᠭᠰᠢ ᠪᠠᠯᠠ | ᠣᠷᠣᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠲᠡᠭᠦᠨ ᠤ ᠠᠩᠬ᠎ᠠ ᠤᠳᠠᠭ᠎ᠠ ᠪᠠᠯᠠ ᠣᠷᠣᠭᠤᠯᠬᠤ ᠠᠴᠠ ᠡᠮᠦᠨ᠎ᠡ ᠭᠠᠷᠭᠠᠭᠰᠠᠨ ᠪᠠᠯᠠ ᠣᠷᠣᠭᠤᠯᠤᠯᠲᠠ ᠶᠢᠨ | ᠵᠠᠷᠤᠳᠠᠯ ᠤᠨ 20% ᠪᠠᠷ ᠱᠠᠩᠨᠠᠵᠤ᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠭᠡᠲᠦᠷᠡᠭᠦᠯᠬᠦ ᠥᠬᠡᠶ᠃ | ᠳᠥᠷᠪᠡ᠂ ᠵᠢᠭᠤᠯᠴᠢᠯᠠᠯ ᠤᠨ ᠠᠵᠤ ᠠᠬᠤᠶᠢᠯᠠᠯ ᠳᠠᠬᠢ ᠪᠠᠩᠬᠢ ᠶᠢᠨ ᠪᠡᠯᠡ ᠲᠣᠬᠢᠷᠠᠭᠤᠯᠤᠯᠲᠠ ᠶᠢᠨ ᠳᠡᠮᠵᠢᠯᠭᠡ ᠶᠢ ᠴᠢᠩᠭᠠᠳᠬᠠᠨ᠎ᠠ | ᠮᠠᠨ ᠤ ᠬᠤᠲᠠ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ A ᠳᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠪᠠ ᠵᠢᠭᠤᠯᠴᠢᠨ ᠳᠤ ᠦᠢᠯᠡᠴᠢᠯᠡᠬᠦ ᠭᠠᠵᠠᠷ ᠤᠳ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠪᠠᠩᠬᠢ ︵ᠪᠠᠭ᠎ᠠ | ᠲᠣᠭᠠᠨ ᠤ ᠵᠢᠭᠡᠯᠡᠯᠭᠡ ᠶᠢᠨ ᠺᠣᠮᠫᠠᠨᠢ ᠪᠠᠭᠲᠠᠬᠤ ᠦᠭᠡᠶ︶ ᠳᠤ ᠭᠦᠢᠯᠭᠡᠭᠡᠨ ᠤ ᠪᠡᠯᠡ ᠮᠥᠩᠭᠦ ᠪᠠ ᠰᠢᠨ᠎ᠡ ᠪᠠᠷ ᠨᠡᠮᠡᠭᠳᠡᠭᠰᠡᠨ ᠵᠢᠭᠤᠯᠴᠢᠯᠠᠯ ᠤᠨ ᠲᠥᠷᠥᠯ ᠵᠦᠢᠯ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠢᠭᠡᠯᠡᠯᠭᠡ ᠶᠢᠨ ᠬᠡᠯᠡᠯᠴᠡᠭᠡᠷ ᠲᠣᠭᠲᠠᠭᠰᠠᠨ ᠪᠦᠭᠡᠳ ᠵᠢᠯ ᠤᠨ ᠳᠣᠲᠣᠷ᠎ᠠ ︵2023 ᠣᠨ ᠤ 1 ᠰᠠᠷ᠎ᠠ ᠶᠢᠨ | 1 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ︶ ᠰᠦᠢᠳᠬᠡᠯ ᠲᠤᠰᠢᠶᠠᠬᠤ ᠬᠦᠤ ᠮᠥᠩᠭᠦ ᠪᠣᠶ ᠪᠣᠯᠣᠭᠰᠠᠨ ᠪᠣᠯ᠂ ᠠᠵᠤ | ᠠᠬᠤᠶᠢᠯᠠᠯ ᠤᠨ 2023 ᠣᠨ ᠤ ᠪᠣᠳᠠᠲᠠᠶ ᠣᠯᠤᠭᠰᠠᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢᠨ 50% ᠪᠠᠷ ᠳᠠᠮ ᠬᠦᠤ ᠮᠥᠩᠭᠦ ᠥᠭᠴᠦ᠂ ᠳᠠᠮ | ᠬᠦᠤ ᠶᠢᠨ ᠵᠢᠯ ᠤᠨ ᠬᠦᠤ ᠮᠥᠩᠭᠦ ᠶᠢᠨ ᠨᠣᠷᠮ᠎ᠠ ᠶᠢ 3% ᠠᠴᠠ ᠥᠨᠳᠥᠷ ᠪᠠᠶᠢᠯᠭᠠᠵᠤ ᠪᠣᠯᠬᠤ ᠥᠬᠡᠶ᠂ ᠠᠵᠤ ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠳᠠᠮ | ᠬᠦᠤ ᠮᠥᠩᠭᠦ ᠶᠢ 200 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ᠲᠠᠪᠤ᠂ ︽ᠰᠣᠶᠣᠯ ᠵᠢᠭᠤᠯᠴᠢᠯᠠᠯ +︾ ᠠᠭᠤᠰᠤᠯᠴᠠᠨ ᠬᠠᠮᠵᠢᠯᠴᠠᠨ ᠬᠥᠭᠵᠢᠭᠦᠯᠬᠦ ᠶᠢ ᠲᠡᠳᠬᠦᠨ᠎ᠡ | ᠤᠨᠴᠠᠯᠢᠬᠳᠤ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ | ᠬᠤᠪᠢᠰᠬᠠᠯᠲᠤ ᠲᠡᠦᠬᠡ ᠶᠢᠨ ᠳᠤᠷᠠᠰᠬᠠᠯ ᠤᠨ ᠭᠠᠵᠠᠷ ᠤᠨ ᠵᠢᠭᠤᠯᠴᠢᠯᠠᠯ᠂ ᠮᠥᠩᠭᠦᠨ ᠡᠪᠦᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ | ᠰᠡᠯᠡᠭᠦᠴᠡᠨ ᠠᠮᠠᠷᠠᠬᠤ ᠵᠢᠭᠤᠯᠴᠢᠯᠠᠯ᠂ ᠰᠣᠶᠣᠯ ᠤᠨ ᠡᠭᠦᠳᠦᠯᠲᠡ ᠵᠡᠷᠭᠡ ︽ᠰᠣᠶᠣᠯ ᠵᠢᠭᠤᠯᠴᠢᠯᠠᠯ +︾ ᠰᠢᠨ᠎ᠡ ᠡᠵᠡᠩᠨᠡᠯᠲᠡ ᠶᠢᠨ ᠲᠥᠯᠥᠪ ᠪᠠᠶᠢᠳᠠᠯ ᠤᠨ | ᠬᠥᠭᠵᠢᠯᠲᠡ ᠶᠢ ᠳᠡᠮᠵᠢᠨ ᠵᠣᠷᠢᠭᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤᠮᠳᠠ᠂ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢ ᠪᠠᠯᠠ | ᠣᠷᠣᠭᠤᠯᠬᠤ ᠶᠢ ᠪᠡᠶᠡᠯᠡᠭᠦᠯᠦᠭᠰᠡᠨ ᠪᠥᠭᠡᠳ ᠭᠤᠶᠤᠴᠢᠯᠠᠭᠰᠠᠨ ᠣᠨ ᠳᠤ ᠪᠠᠶᠢᠭᠤᠯᠵᠤ ᠳᠠᠭᠤᠰᠬᠠᠨ ᠡᠵᠡᠩᠨᠡᠭᠰᠡᠨ ᠪᠠᠶᠢᠪᠠᠯ᠂ ᠪᠣᠳᠠᠲᠠᠶ ᠪᠠᠯᠠ ᠣᠷᠣᠭᠤᠯᠤᠯᠲᠠ ᠶᠢᠨ | ᠲᠣᠭᠠᠨ ᠤ 10% ᠪᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ︔ 5000 ᠲᠦᠮᠡᠨ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠶᠢ | ᠪᠡᠶᠡᠯᠡᠭᠦᠯᠦᠭᠰᠡᠨ ᠪᠦᠭᠡᠳ ᠪᠠᠶᠢᠭᠤᠯᠵᠤ ᠳᠠᠭᠤᠰᠬᠠᠨ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠱᠠᠩᠨᠠᠬᠤ ᠪᠤᠶᠤ ︽ᠠᠰ ᠠᠰ ᠢᠶᠠᠷ ᠨᠢ | ᠵᠥᠪᠯᠡᠬᠦ︾ ᠠᠷᠭ᠎ᠠ ᠮᠠᠶ᠋ᠢᠭ ᠢ ᠬᠡᠷᠡᠭᠵᠢᠭᠦᠯᠵᠦ ᠪᠠᠶᠢᠭᠠᠳ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ | ᠲᠣᠰ ᠠᠷᠭ᠎ᠠ ᠬᠡᠮᠵᠢᠶ᠎ᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠵᠤ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ | ᠡᠬᠢᠯᠡᠨ ᠬᠡᠷᠡᠭᠵᠢᠭᠦᠯᠵᠦ᠂ 1 ᠵᠢᠯ ᠤᠨ ᠬᠦᠴᠦᠨ ᠲᠠᠢ ᠬᠤᠭᠤᠴᠠᠭ᠎ᠠ ᠲᠠᠢ ᠪᠠᠶᠢᠵᠤ᠂ ᠪᠣᠳᠠᠲᠠᠶ ᠲᠥᠷᠥ ᠶᠢᠨ ᠪᠣᠳᠣᠯᠭ᠎ᠠ ᠳᠤ ᠲᠣᠳᠤᠷᠬᠠᠢ ᠬᠤᠭᠤᠴᠠᠭ᠎ᠠ ᠬᠢᠵᠠᠭᠠᠷ ᠲᠠᠢ | ᠪᠠᠶᠢᠪᠠᠯ ᠲᠡᠷᠡ ᠲᠣᠭᠲᠠᠭᠠᠯ ᠢ ᠳᠠᠭᠠᠵᠤ᠂ ᠬᠤᠭᠤᠴᠠᠭ᠎ᠠ ᠨᠢ ᠳᠥᠭᠦᠷᠴᠦ ᠦᠨᠡᠯᠡᠨ ᠵᠢᠱᠢᠭᠰᠡᠨ ᠤ ᠳᠠᠷᠠᠭ᠎ᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ | ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠪᠣᠳᠠᠲᠠᠢ ᠢᠵᠢ ᠪᠦᠷᠢᠳᠦᠭᠦᠯᠦᠭᠰᠡᠨ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠬᠤ ᠲᠣᠭᠲᠠᠴᠠ ᠪᠠ ᠣᠯᠭᠤᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠤᠰᠠᠳᠠ᠂ ᠠᠩᠬᠠᠳᠤᠭᠠᠷ ᠪᠦᠯᠦᠭ ᠤᠨ ᠵᠤᠭᠠᠴᠠᠭᠰᠠᠳ ᠤᠨ ᠢᠷᠡᠯᠲᠡ ᠶᠢᠨ | ᠵᠠᠬ᠎ᠠ ᠳᠡᠯᠭᠡᠭᠦᠷ ᠤᠨ ᠰᠡᠷᠭᠦᠭᠡᠯᠲᠡ ᠶᠢᠨ ᠴᠢᠨᠠᠷᠲᠠᠶ ᠨᠡᠮᠡᠭᠳᠡᠯ ᠤᠨ ᠱᠠᠩᠨᠠᠯ ᠤᠨ ᠪᠡᠯᠡ ᠮᠥᠩᠭᠦ ᠶᠢ ᠰᠠᠷ᠎ᠠ ᠪᠠᠷ ᠣᠯᠭᠤᠨ᠎ᠠ᠃ ᠬᠤᠲᠠ ᠶᠢᠨ ᠡᠳ᠋ ᠤᠨ ᠵᠠᠰᠠᠭ ᠠᠴᠠ | ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠴᠠᠭ ᠲᠤᠬᠠᠶ ᠳᠤᠨᠢ ᠣᠯᠭᠤᠬᠤ ᠶᠢ ᠦᠨᠡᠨ ᠬᠦ ᠪᠠᠲᠤᠯᠠᠵᠤ᠂ ᠲᠥᠷᠥ ᠶᠢᠨ | ᠪᠣᠳᠣᠯᠭ᠎ᠠ ᠶᠢᠨ ᠦᠢᠯᠡᠳᠦᠯ ᠬᠦᠴᠦᠨ ᠢ ᠪᠠᠳᠠᠷᠠᠭᠤᠯᠬᠤ ᠬᠡᠷᠡᠭᠲᠡᠢ᠃ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠤᠷᠳᠤᠰ ᠵᠠᠰᠠᠭ ᠲᠠᠷᠬᠠᠭᠠᠭᠰᠠᠨ ﹇ | 2021﹈ 52 ᠳ᠋ᠤᠭᠠᠷ ᠲᠣᠭᠠᠲᠤ︶︾ ᠢ ᠬᠠᠮᠲᠤ ᠳᠤᠨᠢ ᠬᠦᠴᠦᠨ ᠥᠬᠡᠶ ᠪᠣᠯᠭᠠᠪᠠ᠃ | | |