ᠪᠣᠷᠣᠭᠠᠨ ᠴᠠᠰᠤ ᠬᠦᠢᠲᠡᠨ ᠤᠷᠤᠰᠬᠠᠯ ᠤᠨ ᠴᠠᠭ ᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     2023 ᠣᠨ ᠤ 3 ᠳ᠋ᠤᠭᠠᠷ ᠰᠠᠷ᠎ᠠ ᠶᠢᠨ 31 ᠤ ᠡᠳᠦᠷ ᠤᠨ 18᠄ 00 ᠴᠠᠭ ᠲᠤ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠬᠦᠨᠳᠦ ᠶᠡᠭᠡ ᠴᠠᠭ ᠠᠭᠤᠷ ᠤᠨ ᠭᠠᠮᠰᠢᠭ ︵ᠴᠠᠰᠤ ᠰᠢᠭᠤᠷᠭ᠎ᠠ︶ ᠶᠢᠨ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠵᠦ᠂ ᠮᠠᠨ ᠤ ᠬᠤᠲᠠ ᠶᠢᠨ ᠴᠠᠭ ᠠᠭᠤᠷ ᠤᠨ ᠲᠣᠪᠴᠢᠶ᠎ᠠ 4 ᠳ᠋ᠦ᠋ᠭᠡᠷ ᠰᠠᠷ᠎ᠠ ᠶᠢᠨ 1 ᠤ ᠡᠳᠦᠷ ᠤᠨ 15᠄ 00 ᠴᠠᠭ ᠲᠤ ᠬᠦᠨᠳᠦ ᠶᠡᠭᠡ ᠴᠠᠭ ᠠᠭᠤᠷ ᠤᠨ ᠭᠠᠮᠰᠢᠭ ︵ᠴᠠᠰᠤ ᠰᠢᠭᠤᠷᠭ᠎ᠠ︶ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠪᠡ᠃ 4 ᠳ᠋ᠦ᠋ᠭᠡᠷ ᠰᠠᠷ᠎ᠠ ᠶᠢᠨ 1 ᠤ ᠡᠳᠦᠷ ᠠᠴᠠ 4 ᠤ ᠡᠳᠦᠷ ᠪᠣᠯᠲᠠᠯ᠎ᠠ᠂ ᠮᠠᠨ ᠤ ᠬᠤᠲᠠ ᠳᠤ ᠳᠤᠯᠠᠭᠠᠨ ᠤ ᠬᠡᠮᠵᠢᠶ᠎ᠡ ᠳᠣᠷᠣᠭᠰᠢᠯᠠᠵᠤ᠂ ᠪᠣᠷᠣᠭᠠᠨ ᠴᠠᠰᠤ ᠣᠷᠣᠵᠤ᠂ ᠶᠡᠭᠡ ᠰᠠᠯᠬᠢ ᠰᠠᠯᠬᠢᠯᠠᠬᠤ ᠪᠣᠯᠣᠨ᠎ᠠ᠃ ᠲᠣᠰ ᠬᠦᠢᠲᠡᠨ ᠤᠷᠤᠰᠬᠠᠯ ᠤᠨ ᠨᠥᠯᠦᠭᠡᠯᠡᠯ ᠢᠶᠠᠷ ᠲᠤᠨᠳᠠᠰᠤᠨ ᠤ ᠬᠡᠪᠴᠢᠶ᠎ᠡ ᠨᠡᠯᠢᠶᠡᠳ ᠶᠡᠭᠡ ᠪᠠᠶᠢᠵᠤ᠂ ᠳᠤᠯᠠᠭᠠᠨ ᠤ ᠬᠡᠮᠵᠢᠶ᠎ᠡ ᠶᠡᠬᠡᠪᠡᠷ ᠪᠠᠭᠤᠷᠠᠬᠤ ᠪᠥᠭᠡᠳ ᠪᠣᠷᠣᠭᠠᠨ ᠴᠠᠰᠤ ᠬᠤᠯᠢᠯᠳᠤᠨ ᠣᠷᠤᠬᠤ ᠲᠤᠯᠠ ᠵᠣᠬᠢᠬᠤ ᠬᠡᠮᠵᠢᠶᠡᠨ ᠤ ᠭᠠᠮᠰᠢᠭ ᠴᠢᠨᠠᠷ ᠪᠤᠢ᠃ ᠭᠠᠮᠰᠢᠭᠲᠤ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠡ᠊ᠨᠳᠡᠯ ᠪᠠ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠱᠠᠭᠠᠷᠳᠠᠯᠭ᠎ᠠ ᠶᠣᠰᠣᠭᠠᠷ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ ᠪᠠ ᠠᠵᠢᠯ ᠤᠨ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠭᠤᠷᠢᠳᠠᠬᠤ ᠪᠣᠳᠣᠯ ᠪᠠ ᠲᠠᠶᠢᠪᠤᠰᠢᠷᠠᠬᠤ ᠪᠣᠳᠣᠯ ᠢ ᠡᠷᠡᠰ ᠲᠡᠪᠴᠢᠬᠦ ᠬᠡᠷᠡᠭᠲᠡᠢ᠃     ᠬᠤᠶᠠᠷ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠳᠠᠭᠠᠵᠤ᠂ ᠬᠡᠰᠡᠭ ᠭᠠᠵᠠᠷ ᠤᠨ ᠭᠡᠨᠡᠳᠲᠡ ᠶᠢᠨ ᠴᠢᠨᠠᠷᠲᠠᠢ ᠭᠠᠮᠰᠢᠭ ᠤᠨ ᠴᠠᠭ ᠠᠭᠤᠷ ᠢ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ ᠶᠢᠨ ᠣᠨᠣᠪᠴᠢ ᠶᠢᠨ ᠬᠡᠮᠵᠢᠶ᠎ᠡ ᠪᠠ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ᠭᠠᠷ ᠤᠲᠠᠰᠤᠨ ᠤ ᠣᠬᠤᠷ ᠮᠡᠳᠡᠭᠡ᠂ ᠷᠠᠳᠢᠣ᠋ ᠨᠡᠪᠲᠡᠷᠡᠭᠦᠯᠭᠡ ᠲᠧᠯᠸᠢᠰ ᠳᠡᠭᠡᠷ᠎ᠡ ᠤᠷᠢᠳᠴᠢᠯᠠᠭᠰᠠᠨ ᠮᠡᠳᠡᠭᠡ ᠶᠢ ᠥᠩᠬᠦᠷᠢᠭᠦᠯᠦᠨ ᠮᠡᠳᠡᠭᠡᠯᠡᠬᠦ᠂ ᠢᠨᠲ᠋ᠧᠷ ᠰᠦᠯᠵᠢᠶ᠎ᠡ᠂ ᠤᠲᠠᠰᠤ ᠪᠠᠷ ᠮᠡᠳᠡᠭᠳᠡᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠲᠢᠺ ᠲᠣᠺ᠂ ᠪᠤᠰᠢᠭᠤ ᠭᠠᠷ᠂ ᠸᠢᠳᠢᠤ᠋ ᠳᠠᠪᠴᠠᠩ ᠵᠡᠷᠭᠡ ᠰᠢᠨ᠎ᠡ ᠵᠠᠭᠤᠴᠢᠯᠠᠭᠤᠷ ᠲᠤ ᠳᠦᠰᠢᠭᠯᠡᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠸᠢᠴᠠᠲ ᠤᠨ ᠬᠤᠯᠪᠣᠭ᠎ᠠ ᠵᠡᠷᠭᠡ ᠠᠷᠭ᠎ᠠ ᠪᠠᠷᠢᠯ ᠲᠠᠢ ᠤᠶᠠᠯᠳᠤᠭᠤᠯᠵᠤ᠂ ᠡᠯ᠎ᠡ ᠲᠥᠷᠥᠯ ᠤᠨ ᠭᠠᠮᠰᠢᠭ ᠢ ᠰᠡᠷᠡᠮᠵᠢᠯᠡᠭᠦᠯᠬᠦ᠂ ᠲᠦᠭᠰᠢᠭᠦᠷᠢ ᠶᠢ ᠰᠠᠨᠠᠭᠤᠯᠬᠤ᠂ ᠠᠮᠤᠷ ᠲᠦᠪᠰᠢᠨ ᠤ ᠰᠠᠨᠠᠭᠤᠯᠭ᠎ᠠ ᠶᠢ ᠡᠷᠥᠭᠡ ᠪᠣᠯᠭᠠᠨ ᠬᠥᠮᠥᠨ ᠪᠣᠯᠭᠠᠨ ᠳᠤ ᠮᠡᠳᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃     ᠭᠤᠷᠪᠠ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠲᠠᠪᠤᠷᠢᠵᠢᠭᠤᠯᠤᠨ᠎ᠠ᠃ ᠡᠯ᠎ᠡ ᠬᠤᠰᠢᠭᠤ ᠲᠣᠭᠤᠷᠢᠭ ᠤᠨ ᠬᠢᠨ ︽ᠬᠥᠮᠥᠨ ᠦᠬᠦᠵᠦ ᠰᠢᠷᠬᠠᠲᠤᠬᠤ ᠬᠡᠷᠡᠭ ᠭᠠᠷᠭᠠᠬᠤ ᠦᠭᠡᠢ︾ ᠬᠤᠷᠢᠭ᠎ᠠ ᠱᠤᠭᠤᠮ ᠢ ᠪᠠᠲᠤ ᠰᠠᠬᠢᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠡᠰᠡᠭ᠂ ᠴᠢᠬᠤᠯᠠ ᠭᠤᠭᠴᠤᠭ᠎ᠠ᠂ ᠭᠤᠣᠯᠳᠠᠯᠭ᠎ᠠ ᠲᠠᠢ ᠬᠥᠮᠥᠰ ᠢ ᠨᠠᠷᠢᠨ ᠠᠩᠬᠠᠷᠴᠤ᠂ ᠵᠠᠪᠠᠯ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠬᠢᠨᠠᠨ ᠡᠵᠡᠮᠳᠡᠬᠦ ᠬᠠᠷᠢᠭᠤᠴᠠᠯᠭ᠎ᠠ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠲᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ ᠲᠤᠯᠭᠠᠷᠠᠪᠠᠯ ᠴᠠᠭ ᠲᠤᠬᠠᠢ ᠳᠤᠨᠢ ᠡᠷᠡᠰ ᠰᠢᠭᠤᠷᠬᠠᠢ ᠪᠠᠷ ᠤᠷᠢᠳᠴᠢᠯᠠᠨ ᠰᠢᠯᠵᠢᠭᠦᠯᠵᠦ ᠠᠪᠤᠷᠠᠨ ᠵᠠᠰᠠᠬᠤ ᠬᠡᠷᠡᠭᠲᠡᠢ᠃ ᠲᠥᠬᠦᠭᠡᠷᠦᠮᠵᠢᠲᠦ ᠲᠠᠷᠢᠶᠠᠯᠠᠩ ᠪᠣᠯᠣᠨ ᠫᠧᠩ ᠰᠠᠷᠠᠪᠴᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠨᠢᠭᠲᠠᠴᠠ ᠪᠠᠷ ᠨᠡᠯᠢᠶᠡᠳ ᠶᠡᠭᠡ ᠨᠣᠶᠢᠲᠠᠨ ᠴᠠᠰᠤᠨ ᠳᠤ ᠳᠠᠷᠤᠭᠳᠠᠵᠤ ᠢᠳᠡᠰᠢᠨ ᠨᠣᠭᠤᠭ᠎ᠠ ᠶᠢᠨ ᠲᠣᠮᠣ ᠫᠧᠩ ᠵᠡᠷᠭᠡ ᠲᠥᠬᠦᠭᠡᠷᠦᠮᠵᠢ ᠨᠤᠷᠠᠬᠤ ᠪᠠ ᠮᠠᠯ ᠤᠨᠤᠭ᠎ᠠ ᠬᠥᠯᠳᠡᠬᠦ ᠠᠴᠠ ᠰᠡᠷᠭᠡᠶᠢᠯᠡᠬᠦ ᠬᠡᠷᠡᠭᠲᠡᠢ᠃ ᠪᠠᠷᠢᠯᠭ᠎ᠠ ᠶᠢᠨ ᠭᠠᠵᠠᠷ᠂ ᠦᠢᠯᠡᠳᠪᠦᠷᠢ ᠠᠭᠤᠷᠬᠠᠢ ᠶᠢᠨ ᠦᠢᠯᠡᠳᠪᠦᠷᠢ ᠶᠢᠨ ᠭᠡᠷ ᠪᠠᠶᠢᠰᠢᠩ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠ ᠲᠠᠯᠳᠠ ᠭᠡᠮ ᠢ ᠬᠠᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     ᠳᠥᠷᠪᠡ᠂ ᠠᠶᠤᠯ ᠠᠴᠠ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠦᠪᠯᠡᠵᠦ᠂ ᠠᠪᠤᠷᠠᠨ ᠲᠤᠰᠠᠯᠠᠬᠤ ᠡᠳ᠋ ᠪᠣᠳᠠᠰ ᠢ ᠰᠠᠶᠢᠲᠤᠷ ᠪᠡᠯᠡᠳᠬᠡᠵᠦ᠂ ᠭᠤᠣᠯᠳᠠᠯᠭ᠎ᠠ ᠲᠠᠢ ᠲᠦᠭᠰᠢᠭᠦᠷᠢ ᠶᠢᠨ ᠣᠷᠣᠨ ᠪᠦᠰᠡ ᠪᠠ ᠭᠤᠣᠯᠳᠠᠯᠭ᠎ᠠ ᠲᠠᠢ ᠣᠷᠣᠨ ᠪᠠᠶᠢᠷᠢ ᠶᠢᠨ ᠲᠠᠷᠬᠠᠯᠲᠠ ᠲᠠᠢ ᠤᠶᠠᠯᠳᠤᠭᠤᠯᠵᠤ᠂ ᠤᠷᠢᠳᠴᠢᠯᠠᠨ ᠰᠢᠯᠵᠢᠭᠦᠯᠦᠨ ᠲᠣᠮᠢᠯᠠᠵᠤ᠂ ᠲᠣᠰ ᠲᠣᠰ ᠲᠤᠨᠢ ᠤᠷᠢᠳᠴᠢᠯᠠᠨ ᠪᠠᠶᠢᠷᠢᠯᠠᠭᠤᠯᠵᠤ᠂ ᠲᠤᠬᠠᠢ ᠶᠢᠨ ᠭᠠᠵᠠᠷ ᠲᠤᠨᠢ ᠰᠠᠬᠢᠨ ᠰᠠᠭᠤᠯᠭᠠᠬᠤ᠂ ᠭᠡᠨᠡᠳᠲᠡ ᠶᠢᠨ ᠭᠠᠮᠰᠢᠭ ᠤᠨ ᠪᠠᠶᠢᠳᠠᠯ ᠪᠠ ᠲᠦᠭᠰᠢᠭᠦᠷᠢ ᠶᠢᠨ ᠪᠠᠶᠢᠳᠠᠯ ᠤᠨ ᠳᠠᠷᠠᠭ᠎ᠠ ᠲᠦᠷᠭᠡᠨ ᠢᠶᠠᠷ᠂ ᠰᠢᠨᠵᠢᠯᠡᠬᠦ ᠤᠬᠠᠭᠠᠨᠴᠢ ᠪᠠᠷ᠂ ᠪᠦᠲᠦᠮᠵᠢᠲᠡᠶ ᠠᠵᠢᠯᠯᠠᠭ᠎ᠠ ᠠᠪᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠲᠠᠪᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠤᠨ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ ᠨᠢ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠵᠢᠯᠣᠭᠤᠳᠤᠨ ᠱᠠᠯᠠᠪᠳᠠᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠡᠨᠧᠷᠭᠢ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠠᠬᠢᠯᠭᠠᠨ ᠬᠠᠩᠭᠠᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠣᠰᠣᠭᠠᠷ ᠲᠣᠰ ᠠᠵᠢᠯ ᠲᠥᠷᠥᠯ ᠲᠣᠰ ᠰᠢᠰᠲ᠋ᠧᠮ ᠤᠨ ᠢᠶᠠᠨ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠳᠠᠷᠤᠢ ᠲᠦᠷᠭᠡᠨ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠬᠡᠷᠡᠭᠲᠡᠢ᠃ ᠡᠯ᠎ᠡ ᠬᠤᠰᠢᠭᠤ ᠲᠣᠭᠤᠷᠢᠭ ᠨᠢ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠣᠯᠳᠠᠯᠭ᠎ᠠ ᠪᠣᠯᠭᠠᠭᠰᠠᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠲᠣᠭᠤᠷᠢᠭ ᠤᠨ ᠭᠤᠣᠯ ᠤᠳᠤᠷᠢᠳᠤᠯᠭ᠎ᠠ ᠨᠢ ᠳᠠᠷᠤᠶᠢᠬᠠᠨ ᠲᠣᠰ ᠭᠠᠵᠠᠷ ᠣᠷᠣᠨ ᠤ ᠬᠠᠮᠢᠶ᠎ᠠ ᠪᠦᠬᠦᠢ ᠠᠵᠢᠯ ᠢᠶᠠᠨ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠠᠵᠢᠯ ᠢᠶᠠᠨ ᠦᠨᠳᠦᠰᠦᠨ ᠱᠠᠲᠤᠨ ᠳᠤ ᠪᠠᠶᠢᠷᠢᠯᠠᠭᠤᠯᠬᠤ᠂ ᠡᠭᠦᠷᠭᠡ ᠪᠠᠨ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠢᠯᠠᠩᠭᠤᠶ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ ᠪᠣᠯᠣᠨ ᠡᠯ᠎ᠡ ᠬᠤᠰᠢᠭᠤ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠠᠷ ᠪᠡᠶ᠎ᠡ ᠪᠡᠷ‌‍ᠢᠶ᠋ᠡᠨ ᠵᠢᠯᠤᠭᠤᠳᠴᠤ᠂ ᠬᠤᠪᠢᠶᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠣᠯᠣᠨ ᠲᠤᠬᠠᠶᠢᠯᠠᠭᠰᠠᠨ ᠠᠵᠢᠯ ᠤᠨ ᠪᠣᠳᠠᠲᠠᠢ ᠰᠠᠯᠠᠭ᠎ᠠ ᠲᠠᠰᠤᠭ ᠤᠨ ᠪᠥᠬᠦ ᠠᠵᠢᠯᠲᠠᠳ ᠡᠷᠬᠡᠪᠰᠢ 24 ᠴᠠᠭ ᠢᠶᠠᠷ ᠠᠵᠢᠯ ᠤᠨ ᠪᠠᠶᠢᠷᠢᠨ ᠳᠠᠭᠠᠨ ᠪᠠᠶᠢᠬᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠺᠠᠳ᠋ᠷ ᠵᠢᠵᠢᠭᠦᠷᠯᠡᠬᠦ ᠳᠦᠷᠢᠮ ᠢ ᠡᠷᠡᠰ ᠨᠠᠶᠢᠲᠠᠪᠤᠷᠢᠵᠢᠭᠤᠯᠵᠤ᠂ ᠠᠵᠢᠯ ᠤᠨ ᠪᠠᠶᠢᠷᠢ  ᠠᠴᠠ ᠪᠠᠨ ᠰᠠᠯᠬᠤ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃     ᠳᠣᠯᠤᠭ᠎ᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ ᠨᠢ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠬᠥᠳᠡᠯᠦᠩᠭᠦᠢ ᠪᠠᠷ ᠮᠡᠳᠡᠭᠦᠯᠦᠨ ᠬᠦᠷᠭᠡᠵᠦ᠂ ᠴᠢᠬᠤᠯᠠ ᠪᠠᠶᠢᠳᠠᠯ ᠢ ᠲᠡᠷᠡ ᠳᠠᠷᠤᠢ ᠳᠤᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠮᠡᠳᠡᠭᠦᠯᠬᠦ ᠬᠡᠷᠡᠭᠲᠡᠢ᠃ ᠭᠡᠨᠡᠳᠲᠡ ᠶᠢᠨ ᠬᠡᠷᠡᠭ ᠢ ᠮᠡᠳᠡᠭᠦᠯᠬᠦ ᠲᠡᠰ ᠳᠠᠷᠠᠭᠠᠯᠠᠯ ᠪᠣᠯᠣᠨ ᠴᠠᠭ ᠤᠨ ᠬᠢᠵᠠᠭᠠᠷ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠵᠡᠷᠭᠡ ᠡᠯ᠎ᠡ ᠵᠦᠢᠯ ᠤᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠮᠡᠳᠡᠭᠦᠯᠦᠨ ᠬᠦᠷᠭᠡᠬᠦ ᠳᠡᠭᠡᠨ ᠬᠢᠨᠠᠨ ᠬᠠᠷᠭᠤᠭᠤᠯᠬᠤ ᠶᠢ ᠣᠨᠴᠠᠭᠠᠶᠢᠯᠠᠨ ᠠᠩᠬᠠᠷᠴᠤ᠂ ᠭᠠᠳᠠᠭᠰᠢ ᠨᠡᠶᠢᠲᠡᠯᠡᠭᠰᠡᠨ ᠮᠡᠳᠡᠭᠡ ᠵᠠᠩᠭᠢ ᠶᠢ ᠡᠷᠬᠡᠪᠰᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠳᠡᠭᠡᠭᠰᠢ ᠮᠡᠳᠡᠭᠦᠯᠬᠦ ᠪᠠ ᠭᠠᠳᠠᠭᠰᠢ ᠨᠡᠶᠢᠲᠡᠯᠡᠨ᠎ᠡ᠃ ᠤᠬᠠᠭᠤᠯᠬᠤ ᠰᠠᠯᠠᠭ᠎ᠠ ᠮᠥᠴᠢᠷ ᠤᠳ ᠮᠡᠳᠡᠭᠡ ᠵᠠᠩᠭᠢ ᠨᠡᠶᠢᠲᠡᠯᠡᠬᠦ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃                                                    ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                             2023 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ