ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ    ᠤᠷᠳᠤᠰ ᠵᠠᠰᠠᠭ ᠠᠯᠪᠠᠨ ᠲᠠᠷᠬᠠᠭᠠᠭᠰᠠᠨ  ﹇2023﹈ 42 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠡᠳᠦᠭᠡ ︽ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                               ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                    2023 ᠣᠨ ᠤ 5 ᠳ᠋ᠤᠭᠠᠷ ᠰᠠᠷ᠎ᠠ ᠶᠢᠨ 5 ᠤ ᠡᠳᠦᠷᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ     ︽ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠪᠠ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠣᠷᠳᠣᠰ ᠬᠤᠲᠠ ᠶᠢᠨ ᠬᠤᠲᠠ  ᠠᠴᠠ ᠳᠣᠷᠣᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠣᠷᠳᠣᠰ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠭᠤᠣᠯ ᠬᠠᠷᠠᠯᠲᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠬᠠᠮᠵᠢᠯᠴᠠᠭᠰᠠᠨ ᠪᠥᠭᠡᠳ ᠥᠨᠳᠥᠷ ᠪᠦᠲᠦᠮᠵᠢᠲᠡᠶ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠢ  ᠬᠠᠷᠢᠯᠴᠠᠨ ᠵᠣᠬᠢᠴᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠢ ᠪᠣᠶ ᠪᠣᠯᠭᠠᠵᠤ᠂ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃     ︵ᠬᠤᠶᠠᠷ︶ ᠦᠨᠳᠦᠰᠦᠨ ᠵᠠᠷᠴᠢᠮ     1. ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠨᠣᠲᠠᠯᠠᠨ ᠲᠣᠭᠲᠠᠭᠠᠬᠤ ᠪᠠ ᠬᠤᠪᠢᠶᠠᠷᠢᠯᠠᠬᠤ ᠲᠠᠯ᠎ᠠ ᠪᠠᠷ ᠬᠢ ᠲᠣᠭᠲᠠᠭᠠᠬᠤ ᠡᠷᠬᠡ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠬᠤᠲᠠ ᠵᠢᠴᠢ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠭᠲᠠᠭᠠᠯ ᠶᠣᠰᠣᠭᠠᠷ ᠭᠦᠢᠴᠡᠳᠭᠡᠬᠦ ᠶᠢ ᠨᠠᠶᠢᠳᠠᠪᠤᠷᠢᠵᠢᠭᠤᠯᠵᠤ᠂ ᠬᠤᠰᠢᠭᠤ ᠲᠣᠭᠤᠷᠢᠭ ᠤᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃     2. ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠵᠦᠢ ᠵᠣᠬᠢᠰᠲᠠᠢ ᠪᠠᠷ ᠬᠤᠪᠢᠶᠠᠷᠢᠯᠠᠨ᠎ᠠ᠃ ︽ᠬᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠲᠠᠢ ᠪᠣᠯ ᠬᠡᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ ᠵᠠᠷᠴᠢᠮ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠭᠦᠢᠴᠡᠳᠬᠡᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠲᠣᠭᠲᠠᠭᠠᠬᠤ᠂ ᠬᠡᠷᠡᠭᠵᠢᠭᠦᠯᠦᠨ ᠦᠢᠯᠡᠳᠦᠯᠭᠡᠵᠢᠭᠦᠯᠬᠦ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠯ᠎ᠡ ᠭᠤᠭᠴᠤᠭ᠎ᠠ ᠶᠢ ᠬᠤᠲᠠ ᠬᠤᠰᠢᠭᠤ ︵ᠲᠣᠭᠤᠷᠢᠭ︶ ᠵᠠᠰᠠᠭ ᠤᠨ ᠣᠷᠳᠣᠨ ᠤ ᠬᠤᠭᠤᠷᠣᠨᠳᠤ ᠵᠦᠢ ᠵᠣᠬᠢᠰᠲᠠᠢ ᠲᠣᠬᠢᠷᠠᠭᠤᠯᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠭᠦᠢᠴᠡᠳᠬᠡᠬᠦ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠪᠠ ᠪᠥᠬᠦ ᠶᠠᠪᠤᠴᠠ ᠶᠢ ᠬᠠᠮᠤᠷᠬᠤ ᠶᠢ ᠪᠡᠶᠡᠯᠡᠭᠦᠯᠦᠨ᠎ᠡ᠃     3. ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠶᠢᠨ ᠬᠠᠮᠲᠤ᠂ ᠠᠵᠤ ᠠᠬᠤᠶᠢᠯᠠᠯ ᠵᠢᠴᠢ ᠪᠥᠬᠦ ᠨᠡᠶᠢᠭᠡᠮ ᠤᠨ ᠬᠥᠮᠥᠨ ᠤ ᠬᠦᠴᠦᠨ᠂ ᠪᠣᠳᠠᠰ ᠤᠨ ᠬᠦᠴᠦᠨ ᠪᠠ ᠡᠳ᠋ ᠤᠨ ᠬᠦᠴᠦᠨ ᠢ ᠳᠠᠶᠢᠴᠢᠯᠠᠨ᠂ ᠣᠯᠠᠨ ᠨᠡᠶᠢᠲᠡ ᠶᠢᠨ ᠬᠦᠴᠦᠨ ᠳᠤ ᠲᠦᠰᠢᠭᠯᠡᠵᠦ᠂ ᠬᠠᠮᠵᠢᠯᠴᠠᠨ ᠬᠠᠪᠰᠤᠷᠤᠯᠴᠠᠭᠰᠠᠨ᠂ ᠪᠥᠬᠦ ᠠᠷᠠᠳ ᠢᠶᠠᠷ ᠢᠶᠠᠨ ᠬᠦᠴᠦ ᠪᠠᠨ ᠬᠠᠮᠲᠤᠳᠬᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ᠬᠤᠶᠠᠷ᠂ ᠭᠤᠣᠯ ᠠᠭᠤᠯᠭ᠎ᠠ     ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠣᠷᠣ ᠲᠥᠯᠥᠪ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠮᠰᠢᠭ ᠪᠠ ᠡ᠊ᠨᠳᠡᠯ ᠤᠨ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠵᠡᠷᠭᠡ ᠭᠤᠷᠪᠠᠨ ᠲᠠᠯ᠎ᠠ ᠶᠢᠨ 8 ᠵᠦᠢᠯ ᠤᠨ ᠪᠣᠳᠠᠲᠠᠢ ᠠᠭᠤᠯᠭ᠎ᠠ ᠶᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠪᠠᠷ ᠬᠤᠪᠢᠶᠠᠷᠢᠯᠠᠨ᠎ᠠ᠃     ︵ᠨᠢᠭᠡ︶ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ     1. ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ᠃     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠪᠥᠬᠦ ᠬᠤᠲᠠ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠬᠤᠲᠠ ᠶᠢᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠬᠠᠤᠯᠢ ᠶᠣᠰᠤᠭᠠᠷ ᠰᠣᠳᠣᠯᠣᠨ ᠲᠣᠭᠲᠠᠭᠠᠬᠤ᠂ ᠪᠥᠬᠦ ᠬᠤᠲᠠ ᠶᠢᠨ ᠴᠢᠨᠠᠷᠲᠠᠢ ᠶᠡᠷᠦᠩᠬᠡᠢ ᠲᠥᠯᠦᠪᠵᠢᠭᠦᠯᠭᠡ ᠪᠠ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠥᠬᠦ ᠬᠤᠲᠠ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠥᠯ ᠢ ᠨᠠᠶᠢᠷᠠᠭᠤᠯᠤᠨ ᠵᠣᠬᠢᠶᠠᠬᠤ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠠᠴᠠ ᠰᠢᠭᠤᠳ ᠵᠣᠬᠢᠶᠠᠨ ᠪᠠᠶᠢᠭᠤᠯᠤᠭᠰᠠᠨ ᠪᠥᠬᠦ ᠬᠤᠲᠠ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠤᠨ ᠰᠣᠷᠢᠯᠲᠠ ᠬᠢᠬᠦ ᠵᠡᠷᠭᠡ᠃ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ᠂ ᠬᠤᠰᠢᠭᠤ ᠲᠣᠭᠤᠷᠢᠭ ᠠᠴᠠ ᠬᠠᠮᠲᠤᠷᠠᠨ ᠭᠤᠣᠯᠴᠢᠯᠠᠨ ᠡᠷᠭᠢᠯᠡᠭᠰᠡᠨ ᠪᠤᠶᠤ ᠬᠤᠲᠠ ᠠᠴᠠ ᠭᠤᠣᠯᠴᠢᠯᠠᠨ ᠡᠷᠭᠢᠯᠡᠵᠦ᠂ ᠬᠤᠰᠢᠭᠤ ᠲᠣᠭᠤᠷᠢᠭ ᠠᠴᠠ ᠳᠠᠭᠠᠭᠠᠴᠢᠯᠠᠨ ᠡᠷᠬᠢᠯᠡᠭᠰᠡᠨ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠣᠷᠢᠯᠲᠠ᠃ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠰᠤᠳᠤᠯᠤᠨ ᠲᠣᠭᠲᠠᠭᠠᠬᠤ᠂ ᠭᠠᠵᠠᠷ ᠣᠷᠣᠨ ᠤ ᠴᠢᠨᠠᠷᠲᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠣᠷᠢᠯᠲᠠ ᠬᠢᠬᠦ ᠵᠡᠷᠭᠡ᠃     2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ᠃     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ ᠶᠢᠨ ᠱᠠᠲᠤᠨ ᠤ ᠬᠦᠨᠳᠦ ᠶᠡᠭᠡ ᠭᠠᠢ ᠭᠠᠮᠰᠢᠭ ᠢ ᠠᠷᠭᠠᠴᠠᠭᠠᠬᠤ ᠪᠠ ᠠᠳᠡᠯ ᠢ ᠵᠣᠬᠢᠴᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ᠂ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ᠂ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠢ ᠪᠠᠶᠢᠭᠤᠯᠬᠤ ᠪᠠ ᠠᠵᠢᠯᠯᠠᠭᠤᠯᠵᠤ ᠪᠠᠲᠤᠯᠠᠬᠤ᠂ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ᠃ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ  ᠬᠠᠮᠢᠶᠠᠷᠬᠤ᠂ ᠣᠷᠣᠨ ᠪᠦᠰᠡ ᠠᠯᠤᠰᠯᠠᠨ ᠲᠤᠰᠠᠯᠠᠬᠤ ᠡᠭᠦᠷᠭᠡ ᠶᠢ ᠡᠭᠦᠷᠭᠡᠯᠡᠬᠦ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠠ ᠬᠠᠮᠢᠶᠠᠷᠬᠤ᠂ ᠬᠤᠲᠠ ᠶᠢᠨ ᠱᠠᠲᠤᠨ ᠤ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠪᠦᠲᠦᠭᠡᠨ ᠪᠠᠶᠢᠭᠤᠯᠬᠤ ᠪᠠ ᠠᠵᠢᠯᠯᠠᠭᠤᠯᠵᠤ ᠪᠠᠲᠤᠯᠠᠬᠤ᠃ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠰᠢᠭᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠢ ᠪᠦᠲᠦᠭᠡᠨ ᠪᠠᠶᠢᠭᠤᠯᠬᠤ ᠪᠠ ᠠᠵᠢᠯᠯᠠᠭᠤᠯᠵᠤ ᠪᠠᠲᠤᠯᠠᠬᠤ᠂ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠠ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠥᠬᠦᠭᠡᠷᠦᠮᠵᠢ ᠶᠢ  ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ᠃     3. ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ᠃     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠵᠢᠴᠢ ᠬᠠᠮᠠᠭᠠᠯᠠᠬᠤ᠃     ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠪᠠ ᠪᠥᠬᠦ ᠬᠤᠲᠠ ᠶᠢᠨ ᠨᠢᠭᠡᠳᠦᠯᠲᠡᠢ ᠱᠠᠭᠠᠷᠳᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ᠃ ᠬᠤᠲᠠ ᠶᠢᠨ ᠱᠠᠲᠤᠨ ᠤ ᠬᠢᠨ ᠭᠤᠣᠯᠳᠠᠭᠤ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠥᠯᠦᠪᠵᠢᠭᠦᠯᠵᠦ ᠵᠢᠷᠤᠭᠯᠠᠨ ᠲᠥᠯᠦᠪᠯᠡᠬᠦ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠪᠠ ᠬᠠᠮᠠᠭᠠᠯᠠᠬᠤ ᠶᠢ ᠬᠠᠷᠢᠭᠤᠴᠠᠨ᠎ᠠ︔ ᠡᠯ᠎ᠡ ᠬᠤᠰᠢᠭᠤ ᠲᠣᠭᠤᠷᠢᠭ ᠨᠢ ᠭᠤᠣᠯᠳᠠᠭᠤ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠬᠠᠮᠠᠭᠠᠯᠠᠯᠲᠠ ᠶᠢ ᠬᠠᠷᠢᠭᠤᠴᠠᠨ᠎ᠠ᠃     ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠰᠢᠭᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ  ᠪᠠᠶᠢᠭᠤᠯᠬᠤ ᠵᠢᠴᠢ ᠬᠠᠮᠠᠭᠠᠯᠠᠬᠤ᠃     4. ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠃     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠡᠯ᠎ᠡ ᠬᠤᠰᠢᠭᠤ ᠲᠣᠭᠤᠷᠢᠭ ᠢ ᠵᠢᠯᠣᠭᠤᠳᠤᠨ ᠵᠣᠬᠢᠴᠠᠭᠤᠯᠵᠤ ᠦᠢᠯᠡᠴᠢᠯᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠰᠢᠭᠤᠳ ᠵᠣᠬᠢᠶᠠᠨ ᠪᠠᠶᠢᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠶᠢ ᠬᠢᠨᠠᠨ ᠰᠢᠯᠭᠠᠬᠤ᠂ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠦᠨᠡᠯᠡᠨ ᠵᠢᠱᠢᠬᠦ᠂ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠢᠴᠢ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ ᠶᠢᠨ ᠠᠵᠤ ᠠᠬᠤᠶᠢᠯᠠᠯ ᠵᠡᠷᠭᠡ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠃     ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠡᠯ᠎ᠡ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠦᠢᠯᠡᠰ᠃     5. ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ᠃     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠰᠢᠭᠤᠳ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠥᠬᠦ ᠬᠤᠲᠠ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠤᠨ ᠠᠵᠢᠯ᠃     ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠡᠯ᠎ᠡ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠤᠨ ᠠᠵᠢᠯ᠃     ︵ᠬᠤᠶᠠᠷ︶ ᠭᠠᠮᠰᠢᠭ ᠪᠠ ᠡ᠊ᠨᠳᠡᠯ ᠤᠨ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ ᠵᠢᠴᠢ ᠬᠢᠨᠠᠨ ᠬᠡᠮᠵᠢᠵᠦ ᠰᠡᠷᠡᠮᠵᠢᠯᠡᠭᠦᠯᠬᠦ     1. ᠭᠠᠮᠰᠢᠭ ᠪᠠ ᠡ᠊ᠨᠳᠡᠯ ᠤᠨ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ᠃     ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠪᠠ ᠪᠥᠬᠦ ᠬᠤᠲᠠ ᠶᠢᠨ ᠨᠢᠭᠡᠳᠦᠯᠲᠡᠢ ᠱᠠᠭᠠᠷᠳᠠᠭᠰᠠᠨ ᠭᠠᠮᠰᠢᠭ ᠪᠠ ᠡ᠊ᠨᠳᠡᠯ ᠤᠨ ᠲᠦᠭᠰᠢᠭᠦᠷᠢ ᠶᠢ ᠪᠠᠶᠢᠴᠠᠭᠠᠬᠤ ᠪᠠ ᠭᠤᠣᠯᠳᠠᠯᠭ᠎ᠠ ᠲᠠᠢ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ᠃ ᠬᠤᠲᠠ ᠵᠢᠴᠢ ᠬᠤᠰᠢᠭᠤ ᠲᠣᠭᠤᠷᠢᠭ ᠠᠴᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠡᠭᠦᠨ ᠳᠤ ᠬᠤᠲᠠ ᠶᠢᠨ ᠱᠠᠲᠤᠨ ᠤ ᠬᠢᠨ ᠭᠤᠣᠯᠳᠠᠭᠤ ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠶᠡᠷᠦᠩᠬᠡᠢ ᠲᠥᠰᠥᠯ᠂ ᠪᠠᠶᠢᠴᠠᠭᠠᠵᠤ ᠦᠨᠡᠯᠡᠨ ᠵᠢᠱᠢᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠪᠣᠶ ᠪᠣᠯᠭᠠᠬᠤ ᠵᠡᠷᠭᠡ ᠶᠢ ᠬᠠᠷᠢᠭᠤᠴᠠᠨ᠎ᠠ︔ ᠡᠯ᠎ᠡ ᠬᠤᠰᠢᠭᠤ ᠲᠣᠭᠤᠷᠢᠭ ᠨᠢ ᠭᠤᠣᠯᠳᠠᠭᠤ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠮᠰᠢᠭ ᠪᠠ ᠠᠳᠡᠯ ᠤᠨ ᠲᠦᠭᠰᠢᠭᠦᠷᠢ ᠶᠢ ᠪᠠᠶᠢᠴᠠᠭᠠᠵᠤ ᠦᠨᠡᠯᠡᠨ ᠵᠢᠱᠢᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠠᠮᠰᠢᠭ ᠪᠠ ᠡ᠊ᠨᠳᠡᠯ ᠤᠨ ᠳᠠᠯᠳᠠ ᠬᠡᠮ ᠤᠨ ᠰᠠᠭᠤᠷᠢ ᠳ᠋ᠠᠶᠢᠲ᠋ᠠ ᠶᠢᠨ ᠬᠥᠮᠥᠷᠭᠡ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     2. ᠭᠠᠮᠰᠢᠭ ᠪᠠ ᠡ᠊ᠨᠳᠡᠯ ᠢ ᠬᠢᠨᠠᠨ ᠬᠡᠮᠵᠢᠵᠦ ᠰᠡᠷᠡᠮᠵᠢᠯᠡᠭᠦᠯᠬᠦ᠃     ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠪᠠ ᠪᠥᠬᠦ ᠬᠤᠲᠠ ᠶᠢᠨ ᠨᠢᠭᠡᠳᠦᠯᠲᠡᠢ ᠱᠠᠭᠠᠷᠳᠠᠭᠰᠠᠨ ᠪᠠᠶᠢᠭᠠᠯᠢ ᠶᠢᠨ ᠭᠠᠮᠰᠢᠭ᠂ ᠠᠶᠤᠯᠭᠦᠢ ᠦᠢᠯᠡᠳᠪᠦᠷᠢᠯᠡᠯ ᠵᠢᠴᠢ ᠭᠠᠯ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠯᠴᠠᠭ᠎ᠠ ᠶᠢ ᠪᠠᠶᠢᠭᠤᠯᠬᠤ ᠠᠵᠢᠯ᠃ ᠪᠥᠬᠦ ᠬᠤᠲᠠ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢᠴᠢᠳ ᠤᠨ ᠡᠩᠨᠡᠭᠡ ᠶᠢ ᠪᠠᠶᠢᠭᠤᠯᠬᠤ᠃ ᠡᠭᠦᠨ ᠳᠤ᠂ ᠬᠤᠲᠠ ᠶᠢᠨ ᠱᠠᠲᠤᠨ ᠤ ᠬᠢᠨ ᠭᠤᠣᠯᠳᠠᠭᠤ ᠬᠤᠲᠠ ᠶᠢᠨ ᠱᠠᠲᠤᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ ᠶᠢ ᠬᠠᠷᠢᠭᠤᠴᠠᠵᠤ᠂ ᠡᠯ᠎ᠡ ᠬᠤᠰᠢᠭᠤ ᠲᠣᠭᠤᠷᠢᠭ ᠨᠢ ᠭᠤᠣᠯᠳᠠᠭᠤ ᠲᠣᠰ ᠬᠠᠷᠢᠶ᠎ᠠ ᠣᠷᠣᠨ ᠤ ᠳᠣᠲᠣᠷᠠᠬᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ ᠶᠢ ᠬᠠᠷᠢᠭᠤᠴᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ ᠶᠠᠪᠤᠴᠠ ᠳᠤ ᠬᠠᠮᠢᠶ᠎ᠠ ᠪᠦᠬᠦᠢ ᠮᠡᠳᠡᠭᠡ ᠵᠠᠩᠭᠢᠵᠢᠯᠲᠠ ᠶᠢᠨ ᠠᠵᠢᠯ ᠢ ᠪᠥᠬᠦ ᠤᠯᠤᠰ᠂ ᠪᠥᠬᠦ ᠣᠷᠣᠨ ᠪᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠨᠢᠭᠡᠳᠦᠯᠲᠡᠢ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠤᠨ᠎ᠠ᠃     ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ     ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠨᠡᠯᠢᠶᠡᠳ ᠶᠡᠭᠡ ᠪᠠ ᠡᠩ ᠤᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ᠂ ᠵᠣᠬᠢᠴᠠᠩᠭᠤᠢ ᠲᠠᠰ ᠤᠨ ᠪᠠᠶᠢᠭᠠᠯᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠬᠤᠲᠠ ᠶᠢᠨ ᠲᠠᠰ ᠳᠡᠪᠰᠢᠭᠦᠯᠦᠨ ᠪᠠᠶᠢᠴᠠᠭᠠᠬᠤ ᠠᠳᠡᠯ ᠢ ᠪᠠᠶᠢᠴᠠᠭᠠᠬᠤ ᠪᠠ ᠰᠢᠢᠳᠪᠦᠷᠢᠯᠡᠬᠦ ᠠᠵᠢᠯ᠃     ᠬᠤᠲᠠ ᠵᠢᠴᠢ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠬᠢᠯᠡᠭᠦᠯᠦᠭᠰᠡᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠶᠠᠪᠤᠴᠠ ᠳᠤ ᠣᠷᠣᠨ ᠨᠤᠲᠤᠭ ᠠᠴᠠ ᠡᠭᠦᠷᠭᠡᠯᠡᠬᠦ ᠪᠠᠷ ᠨᠤᠳᠠᠯᠠᠨ ᠲᠣᠭᠲᠠᠭᠠᠭᠰᠠᠨ ᠵᠦᠢᠯᠡᠰ᠂ ᠬᠤᠲᠠ ᠠᠴᠠ ᠪᠠᠴᠢᠮ ᠪᠠᠶᠢᠳᠠᠯ ᠢ ᠠᠷᠭᠠᠴᠠᠭᠠᠬᠤ ᠳᠠᠭᠠᠯᠲᠠ ᠬᠢᠬᠦ ᠶᠢ ᠡᠬᠢᠯᠡᠭᠦᠯᠦᠭᠰᠡᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠵᠡᠷᠭᠡ ᠵᠦᠢᠯᠡᠰ᠃ ᠡᠭᠦᠨ ᠳᠤ᠂ ᠬᠤᠲᠠ ᠶᠢᠨ ᠱᠠᠲᠤᠨ ᠤ ᠬᠢᠨ ᠭᠤᠣᠯᠳᠠᠭᠤ ᠣᠷᠣᠨ ᠪᠦᠰᠡ ᠠᠯᠤᠰᠯᠠᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ᠂ ᠲᠤᠰᠬᠠᠢ ᠮᠡᠷᠭᠡᠵᠢᠯᠲᠡᠨ ᠪᠠ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠢ ᠰᠢᠯᠵᠢᠭᠦᠯᠬᠦ ᠵᠠᠷᠤᠯᠭ᠎ᠠ ᠶᠢ  ᠬᠠᠷᠢᠭᠤᠴᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ ᠲᠣᠭᠤᠷᠢᠭ ᠲᠤ ᠵᠣᠬᠢᠬᠤ ᠵᠠᠷᠤᠳᠠᠯ ᠪᠤᠶᠤ ᠡᠳ᠋ ᠪᠣᠳᠠᠰ ᠣᠯᠭᠤᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠠᠪᠤᠷᠠᠨ ᠲᠤᠰᠠᠯᠠᠬᠤ ᠵᠠᠷᠯᠢᠭ ᠢ ᠦᠨᠳᠦᠰᠦᠯᠡᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠣᠷᠣᠯᠴᠠᠬᠤ ᠳᠤ ᠵᠠᠷᠤᠴᠠᠭᠤᠯᠤᠭᠰᠠᠨ ᠵᠠᠷᠤᠳᠠᠯ ᠢ ᠡ᠊ᠨᠳᠡᠯ ᠤᠨ ᠬᠠᠷᠢᠭᠤᠴᠠᠬᠤ ᠨᠢᠭᠡᠴᠢ ᠡᠭᠦᠷᠭᠡᠯᠡᠨ᠎ᠡ︔ ᠡ᠊ᠨᠳᠡᠯ ᠤᠨ ᠬᠠᠷᠢᠭᠤᠴᠠᠬᠤ ᠨᠢᠭᠡᠴᠢ ᠡᠭᠦᠷᠭᠡᠯᠡᠬᠦ ᠴᠢᠳᠠᠯ ᠦᠭᠡᠢ ᠪᠠᠶᠢᠪᠠᠯ᠂ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠠᠴᠠ ᠵᠣᠬᠢᠴᠠᠭᠤᠯᠤᠨ ᠰᠢᠢᠳᠪᠦᠷᠢᠯᠡᠨ᠎ᠡ᠃     ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠃ ᠬᠤᠰᠢᠭᠤ ᠲᠣᠭᠤᠷᠢᠭ ᠠᠴᠠ ᠬᠠᠷᠢᠭᠤᠴᠠᠭᠰᠠᠨ ᠪᠤᠰᠤᠳ ᠠᠶᠤᠯᠭᠦᠢ ᠦᠢᠯᠡᠳᠪᠦᠷᠢᠯᠡᠯ ᠤᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ᠂ ᠪᠠᠶᠢᠭᠠᠯᠢ ᠶᠢᠨ ᠭᠠᠮᠰᠢᠭ ᠢ ᠪᠠᠶᠢᠴᠠᠭᠠᠨ ᠦᠨᠡᠯᠡᠬᠦ᠂ ᠭᠠᠮᠰᠢᠭ ᠪᠠ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠵᠡᠷᠭᠡ᠃     ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠪᠤᠰᠤᠳ ᠵᠢᠭᠰᠠᠭᠠᠭᠰᠠᠨ ᠦᠭᠡᠢ ᠵᠦᠢᠯᠡᠰ ᠢ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠲᠣᠭᠲᠠᠭᠠᠨ᠎ᠠ᠃ᠭᠤᠷᠪᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠨ ᠬᠦ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠣᠯ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠵᠢᠴᠢ ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠨᠠᠶᠢᠲᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃     ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠦᠢᠯᠡᠳᠦᠯᠭᠡᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠥᠭᠡᠷᠡᠴᠢᠯᠡᠯᠲᠡ ᠳᠤ ᠲᠣᠭᠲᠠᠭᠠᠭᠰᠠᠨ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠵᠦ᠂ ᠲᠥᠰᠥᠪ ᠢ ᠵᠦᠢ ᠵᠣᠬᠢᠰᠲᠠᠢ ᠲᠣᠬᠢᠷᠠᠭᠤᠯᠵᠤ᠂ ᠴᠠᠭ ᠲᠤᠬᠠᠢ ᠳᠤᠨᠢ ᠪᠡᠯᠡ ᠮᠥᠩᠭᠦ ᠪᠠᠭᠤᠯᠭᠠᠵᠤ᠂ ᠡᠯ᠎ᠡ ᠱᠠᠲᠤᠨ ᠤ ᠡᠭᠦᠷᠭᠡᠯᠡᠵᠦ ᠪᠦᠬᠦᠢ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠬᠢᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃     ︵ᠭᠤᠷᠪᠠ︶ ᠥᠭᠡᠷᠡᠴᠢᠯᠡᠯᠲᠡ ᠶᠢ ᠵᠣᠯᠭᠠᠭᠤᠯᠬᠤ ᠶᠢ ᠴᠢᠬᠤᠯᠠᠴᠢᠯᠠᠵᠤ᠂ ᠰᠠᠶᠢᠨ ᠦᠢᠯᠡᠳᠦᠯᠴᠡᠯ ᠢ ᠪᠣᠶ ᠪᠣᠯᠭᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠬᠤᠲᠠ ᠵᠢᠴᠢ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠪᠤᠰᠤᠳ ᠥᠭᠡᠷᠡᠴᠢᠯᠡᠯᠲᠡ ᠯᠦᠭᠡ ᠨᠢᠭᠲᠠ ᠤᠶᠠᠯᠳᠤᠭᠤᠯᠵᠤ᠂ ᠬᠠᠮᠵᠢᠯᠴᠠᠨ ᠠᠬᠢᠭᠤᠯᠵᠤ᠂ ᠰᠠᠶᠢᠨ ᠦᠢᠯᠡᠳᠦᠯᠴᠡᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠱᠠᠲᠤ ᠦᠶ᠎ᠡ ᠶᠢᠨ ᠭᠠᠵᠠᠷ ᠵᠦᠢ ᠶᠢᠨ ᠭᠠᠮᠰᠢᠭ ᠢ ᠪᠠᠶᠢᠴᠠᠭᠠᠵᠤ ᠬᠢᠨᠠᠨ ᠬᠡᠮᠵᠢᠬᠦ ᠵᠡᠷᠭᠡ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠮᠲᠤᠪᠠᠷ ᠰᠤᠳᠤᠯᠤᠨ ᠲᠣᠭᠲᠠᠭᠠᠨ᠎ᠠ᠃ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠡᠮᠬᠢᠯᠡᠨ ᠨᠡᠶᠢᠯᠡᠭᠦᠯᠬᠦ ᠠᠴᠠ ᠡᠮᠦᠨ᠎ᠡ᠂ ᠮᠠᠨ ᠤ ᠬᠤᠲᠠ ᠳᠤ ᠰᠠᠭᠤᠭ᠎ᠠ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠵᠠᠷᠤᠳᠠᠯ ᠳᠠᠬᠢ ᠣᠷᠣᠨ ᠨᠤᠲᠤᠭ ᠤᠨ ᠡᠳ᠋ ᠤᠨ ᠵᠠᠰᠠᠭ ᠠᠴᠠ ᠪᠠᠲᠤᠯᠠᠬᠤ ᠬᠡᠰᠡᠭ ᠢ ᠬᠠᠷᠢᠭᠤᠴᠠᠵᠤ᠂ ᠤᠤᠯ ᠤᠨ ᠵᠠᠷᠤᠳᠠᠯ ᠤᠨ ᠪᠠᠲᠤᠯᠠᠭ᠎ᠠ ᠶᠢᠨ ᠵᠠᠭᠪᠤᠷ ᠢ ᠶᠡᠷᠦᠩᠬᠡᠢ  ᠳᠤᠨᠢ ᠪᠠᠷᠢᠮᠲᠠᠯᠠᠵᠤ᠂ ᠡᠩᠨᠡᠭᠡ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠵᠦ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠬᠤᠲᠠ ᠪᠠ ᠬᠤᠰᠢᠭᠤ ᠲᠣᠭᠤᠷᠢᠭ ᠤᠨ ᠵᠠᠷᠤᠯᠭ᠎ᠠ ᠶᠢᠨ ᠬᠠᠷᠢᠭᠤᠴᠠᠯᠭ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃     ᠲᠣᠰ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ