2023 ᠣᠨ ᠤ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ    ᠤᠷᠳᠤᠰ ᠵᠠᠰᠠᠭ ᠠᠯᠪᠠᠨ ᠲᠠᠷᠬᠠᠭᠠᠭᠰᠠᠨ ﹇2023﹈ 57 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠡᠳᠦᠭᠡ ︽ᠣᠷᠳᠣᠰ ᠬᠤᠲᠠ ᠶᠢᠨ 2023 ᠣᠨ ᠤ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ   ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠰᠦᠭᠡᠢ᠃                                                ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                   2023ᠣᠨ ᠤ 6 ᠳ᠋ᠤᠭᠠᠷ ᠰᠠᠷ᠎ᠠ ᠶᠢᠨ15 ᠤ ᠡᠳᠦᠷ2023 ᠣᠨ ᠤ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠠᠵᠢᠯᠯᠠᠭ᠎ᠠ ᠶᠢᠨ ᠲᠥᠰᠥᠯ        ᠬᠡᠷᠡᠭᠯᠡᠭᠡᠨ ᠤ ᠢᠲᠡᠭᠡᠯ ᠢ ᠤᠯᠠᠮ ᠬᠥᠭᠵᠢᠭᠡᠵᠤ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡᠨ ᠤ ᠲᠦᠷᠭᠡᠨ ᠰᠠᠶᠢᠵᠢᠷᠠᠬᠤ ᠶᠢ ᠠᠬᠢᠭᠤᠯᠤᠨ᠂ ᠰᠠᠶᠢᠨ ᠰᠠᠶᠢᠬᠠᠨ ᠬᠡᠷᠡᠭᠯᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠠᠶᠠᠯᠢᠭ ᠰᠠᠶᠢᠬᠠᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠤ᠂ ᠮᠠᠨ ᠤ ᠬᠤᠲᠠ ᠶᠢᠨ ᠬᠡᠷᠡᠭᠯᠡᠭᠡᠨ ᠤ ᠦᠷᠭᠦᠯᠵᠢᠯᠡᠨ ᠨᠡᠮᠡᠭᠳᠡᠬᠦ ᠶᠢ ᠠᠬᠢᠭᠤᠯᠬᠤ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃ᠨᠢᠭᠡ᠂ ᠶᠡᠷᠦᠩᠬᠡᠢ ᠱᠠᠭᠠᠷᠳᠠᠯᠭ᠎ᠠ     ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ᠂ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠣᠰᠣᠭᠠᠷ᠂ ︽ᠠᠵᠢᠯᠯᠠᠭ᠎ᠠ + ᠲᠥᠷᠥ ᠶᠢᠨ ᠪᠣᠳᠣᠯᠭ᠎ᠠ︾᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠂ ︽ᠵᠠᠰᠠᠭ ᠤᠨ ᠣᠷᠳᠣᠨ + ᠠᠵᠤ ᠠᠬᠤᠶᠢᠯᠠᠯ︾ ᠵᠡᠷᠭᠡ ᠣᠯᠠᠨ ᠲᠠᠯ᠎ᠠ ᠠᠴᠠ ᠬᠤᠯᠪᠣᠭᠠᠯᠠᠬᠤ ᠠᠵᠢᠯ ᠤᠨ ᠠᠷᠭ᠎ᠠ ᠬᠡᠯᠪᠡᠷᠢ ᠶᠢ ᠠᠪᠴᠤ᠂ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠡᠳ᠋ᠯᠡᠯ ᠬᠡᠷᠡᠭᠰᠡᠯ᠂ ᠮᠠᠰᠢᠨ ᠲᠡᠷᠭᠡ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠠ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠬᠤ ᠲᠥᠷᠥᠯ ᠵᠦᠢᠯ ᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠬᠡᠷᠡᠭᠯᠡᠭᠡ ᠶᠢ ᠳᠠᠶᠢᠴᠢᠯᠠᠵᠤ ᠬᠠᠷᠢᠴᠠᠯ ᠢ 1᠄ 6 ᠠᠴᠠ ᠳᠡᠭᠡᠭᠰᠢ ᠳᠤ ᠬᠦᠷᠦᠭᠦᠯᠦᠨ᠎ᠡ᠃ᠬᠤᠶᠠᠷ᠂  ᠭᠤᠣᠯᠴᠢᠯᠠᠨ ᠡᠷᠬᠢᠯᠡᠬᠦ ᠨᠢᠭᠡᠴᠢ     ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨᠭᠤᠷᠪᠠ᠂ ᠠᠵᠢᠯᠯᠠᠭᠠᠨ ᠤ ᠬᠤᠭᠤᠴᠠᠭ᠎ᠠ     2023 ᠣᠨ ᠤ 4 ᠰᠠᠷ᠎ᠠ ᠶᠢᠨ 28 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠤᠯᠠᠷᠢᠯ ᠢᠶᠠᠷ ᠶᠠᠪᠤᠭᠳᠠᠨ᠎ᠠ᠃ᠳᠥᠷᠪᠡ᠂ ᠪᠡᠯᠡ ᠮᠥᠩᠭᠦᠨ ᠤ ᠲᠣᠬᠢᠷᠠᠭᠤᠯᠤᠯᠲᠠ     ᠬᠤᠲᠠ ᠶᠢᠨ ᠡᠳ᠋ ᠤᠨ ᠵᠠᠰᠠᠭ ᠠᠴᠠ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ᠲᠠᠪᠤ᠂ ᠠᠵᠢᠯᠯᠠᠭᠠᠨ ᠤ ᠠᠷᠭ᠎ᠠ ᠮᠠᠶ᠋ᠢᠭ     ︵ᠨᠢᠭᠡ︶ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠬᠡᠷᠡᠭᠯᠡᠭᠡᠨ ᠳᠤ ᠨᠥᠬᠦᠪᠥᠷᠢ ᠥᠭᠬᠦ ᠠᠵᠢᠯᠯᠠᠭᠠᠨ ᠤ ᠠᠷᠭ᠎ᠠ ᠮᠠᠶ᠋ᠢᠭ᠃ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠡᠳ᠋ᠯᠡᠯ ᠬᠡᠷᠡᠭᠰᠡᠯ ᠤᠨ ᠠᠵᠤ ᠠᠬᠤᠶᠢᠯᠠᠯ   ᠠᠵᠢᠯᠯᠠᠭ᠎ᠠ ᠶᠢᠨ ᠬᠤᠭᠤᠴᠠᠭᠠᠨ ᠳᠤ ᠪᠣᠶ ᠪᠣᠯᠤᠭᠰᠠᠨ ᠵᠠᠰᠠᠭ ᠤᠨ ᠣᠷᠳᠣᠨ ᠤ ᠨᠥᠬᠦᠪᠥᠷᠢ ᠮᠥᠩᠭᠦ ᠶᠢ ᠤᠷᠢᠳᠠᠪᠠᠷ ᠣᠷᠣᠯᠠᠨ ᠥᠭᠴᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠠᠵᠢᠯᠯᠠᠭ᠎ᠠ ᠳᠤ ᠣᠷᠣᠯᠴᠠᠭᠰᠠᠨ ᠪᠣᠷᠣᠯᠠᠭᠤᠯᠭ᠎ᠠ ᠶᠢᠨ ᠨᠠᠷᠢᠨ ᠲᠠᠩᠰᠠ᠂ ᠪᠠᠷᠠᠭ᠎ᠠ ᠬᠤᠳᠠᠯᠳᠤᠨ ᠠᠪᠤᠭᠰᠠᠨ ᠪᠠᠷᠢᠮᠲᠠ ᠶᠢᠨ ᠬᠠᠭᠤᠯᠪᠤᠷᠢ᠂ ᠪᠠᠯᠠ ᠮᠥᠩᠭᠦ ᠶᠢᠨ ᠭᠤᠶᠤᠴᠢᠯᠠᠯ ᠤᠨ ᠮᠡᠳᠡᠭᠦᠯᠦᠯᠲᠡ᠂ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠬᠠᠩᠭᠠᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠲᠥᠷᠥᠯ ᠵᠦᠢᠯ ᠢ ᠬᠡᠷᠡᠭᠵᠢᠭᠦᠯᠦᠭᠰᠡᠨ ᠠᠵᠢᠯ ᠤᠨ ᠪᠦᠲᠦᠮᠵᠢ ᠶᠣᠰᠣᠭᠠᠷ᠂ ᠠᠵᠤ ᠠᠬᠤᠶᠢᠯᠠᠯ ᠳᠤ ᠣᠷᠣᠯᠠᠨ ᠥᠭᠭᠦᠭᠰᠡᠨ ᠵᠠᠰᠠᠭ ᠤᠨ ᠣᠷᠳᠣᠨ ᠤ ᠨᠥᠬᠦᠪᠥᠷᠢ ᠶᠢ ᠨᠢᠭᠡ ᠤᠳᠠᠭ᠎ᠠ ᠶᠢᠨ ᠴᠢᠨᠠᠷᠲᠠᠶ ᠪᠠᠷ ᠣᠯᠭᠤᠨ᠎ᠠ᠃     ︵ᠬᠤᠶᠠᠷ︶ ᠮᠠᠰᠢᠨ ᠲᠡᠷᠭᠡᠨ ᠤ ᠰᠢᠨᠡᠳᠬᠡᠬᠦ ᠬᠡᠷᠡᠭᠯᠡᠭᠡᠨ ᠤ ᠨᠥᠬᠦᠪᠥᠷᠢ ᠶᠢᠨ ᠠᠵᠢᠯᠯᠠᠭᠠᠨ ᠤ ᠠᠷᠭ᠎ᠠ ᠮᠠᠶ᠋ᠢᠭ᠃ ᠮᠠᠰᠢᠨ ᠲᠡᠷᠭᠡᠨ ᠤ ᠰᠢᠨᠡᠳᠬᠡᠬᠦ ᠬᠡᠷᠡᠭᠯᠡᠭᠡ ᠶᠢ ᠠᠬᠢᠭᠤᠯᠬᠤ ᠠᠵᠢᠯ ᠢ ᠰᠠᠶᠢᠲᠤᠷ ᠬᠢᠵᠦ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠰᠢᠨ ᠲᠡᠷᠭᠡᠨ ᠤ ᠰᠢᠨᠡᠳᠬᠡᠬᠦ ᠬᠡᠷᠡᠭᠯᠡᠭᠡ ᠶᠢ ᠲᠦᠷᠭᠡᠳᠬᠡᠨ᠎ᠡ᠃ ᠬᠡᠷᠡᠭᠯᠡᠭᠴᠢᠳ ᠬᠤᠳᠠᠯᠳᠤᠨ ᠠᠪᠤᠭᠰᠠᠨ ᠪᠦᠭᠡᠳ ᠮᠠᠨ ᠤ ᠬᠤᠲᠠ ᠳᠤ ᠲᠣᠰ ᠭᠠᠵᠠᠷ ᠤᠨ ᠬᠤᠳᠠᠯᠳᠤᠨ ᠠᠪᠤᠭᠰᠠᠨ ᠭᠠᠶᠢᠯᠢ ᠶᠢᠨ ᠪᠠᠷᠢᠮᠲᠠ  ᠭᠠᠷᠭᠠᠵᠤ᠂ ᠮᠠᠰᠢᠨᠲᠤ ᠲᠡᠷᠭᠡ ᠢᠶᠠᠨ ᠳᠠᠩᠰᠠᠯᠠᠭᠤᠯᠤᠨ ᠨᠣᠮᠧᠷᠲᠤ ᠫᠠᠶᠢᠰᠠ ᠪᠠᠨ ᠬᠠᠳᠠᠭᠰᠠᠨ ᠪᠤᠯ ᠬᠠᠮᠢᠶ᠎ᠠ ᠪᠥᠬᠦᠶ ᠮᠠᠲ᠋ᠧᠷᠢᠶᠠᠯ ᠢᠶᠠᠷ ᠢᠶᠠᠨ ᠪᠠᠯᠠ ᠮᠥᠩᠭᠦ ᠶᠢᠨ ᠨᠥᠬᠦᠪᠥᠷᠢ ᠭᠤᠶᠤᠴᠢᠯᠠᠵᠤ ᠪᠣᠯᠤᠨ᠎ᠠ᠃ ᠵᠢᠷᠭᠤᠭ᠎ᠠ᠂ ᠨᠥᠬᠦᠪᠥᠷᠢ ᠥᠭᠬᠦ ᠡᠲᠡᠭᠡᠳ     ︵ᠨᠢᠭᠡ︶ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠬᠡᠷᠡᠭᠯᠡᠭᠡᠨ ᠤ ᠨᠥᠬᠦᠪᠥᠷᠢ ᠶᠢᠨ ᠠᠵᠢᠯᠯᠠᠭ᠎ᠠ᠃ ᠬᠡᠷᠡᠭᠯᠡᠭᠴᠢᠳ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠳᠤ ᠬᠡᠷᠡᠭᠯᠡᠭᠡ ᠬᠢᠭᠰᠡᠨ ᠪᠤᠯ ︵ᠠᠵᠢᠯᠯᠠᠭ᠎ᠠ ᠳᠤ ᠣᠷᠣᠯᠴᠠᠬᠤ ᠠᠵᠤ ᠠᠬᠤᠶᠢᠯᠠᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠲᠣᠰ ᠠᠵᠢᠯᠯᠠᠭ᠎ᠠ ᠳᠤ ᠣᠷᠣᠯᠴᠠᠬᠤ ᠶᠢ ᠭᠤᠶᠤᠴᠢᠯᠠᠨ ᠮᠡᠳᠡᠭᠦᠯᠦᠭᠰᠡᠨ︶ ᠬᠡᠷᠡᠭᠯᠡᠭᠡᠨ ᠤ ᠨᠥᠬᠦᠪᠥᠷᠢ ᠶᠢᠨ ᠠᠵᠢᠯᠯᠠᠭ᠎ᠠ ᠳᠤ ᠣᠷᠣᠯᠴᠠᠵᠤ ᠪᠣᠯᠤᠨ᠎ᠠ᠃     ︵ᠬᠤᠶᠠᠷ︶ ᠮᠠᠰᠢᠨ ᠲᠡᠷᠭᠡᠨ ᠤ ᠰᠢᠨᠡᠳᠬᠡᠬᠦ ᠬᠡᠷᠡᠭᠯᠡᠭᠡ ᠶᠢᠨ ᠨᠥᠬᠦᠪᠥᠷᠢ ᠶᠢᠨ ᠠᠵᠢᠯᠯᠠᠭ᠎ᠠ᠃ ᠬᠡᠷᠡᠭᠯᠡᠭᠴᠢᠳ ︵ᠬᠤᠪᠢ ᠬᠥᠮᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ᠂ ᠪᠠᠶᠢᠭᠤᠯᠤᠮᠵᠢ ᠵᠡᠷᠭᠡ ᠡᠳ᠋ ᠤᠨ ᠵᠠᠰᠠᠭ ᠠᠴᠠ ᠠᠰᠠᠷᠠᠨ ᠲᠡᠵᠢᠭᠡᠵᠤ ᠪᠠᠶᠢᠭ᠎ᠠ ᠨᠢᠭᠡᠴᠢ ᠶᠢ ᠪᠠᠭᠲᠠᠭᠠᠬᠤ ᠦᠭᠡᠶ︶ ᠮᠠᠨ ᠤ ᠬᠤᠲᠠ ᠳᠤ ᠳᠠᠩᠰᠠᠯᠠᠭᠤᠯᠤᠨ ᠪᠦᠷᠢᠳᠬᠡᠭᠦᠯᠦᠭᠰᠡᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠬᠤ ᠠᠵᠤ ᠠᠬᠤᠶᠢᠯᠠᠯ ᠠᠴᠠ ᠴᠣ ᠰᠢᠨ᠎ᠡ ᠮᠠᠰᠢᠨ ᠲᠡᠷᠭᠡ ᠬᠤᠳᠠᠯᠳᠤᠨ ᠠᠪᠤᠭᠰᠠᠨ ᠮᠥᠷᠲᠡᠭᠡᠨ ᠮᠠᠨ ᠤ ᠬᠤᠲᠠ ᠳᠤ ᠲᠣᠰ ᠭᠠᠵᠠᠷ ᠤᠨ ᠬᠤᠳᠠᠯᠳᠤᠨ ᠠᠪᠤᠭᠰᠠᠨ ᠭᠠᠶᠢᠯᠢ ᠶᠢᠨ ᠪᠠᠷᠢᠮᠲᠠ ᠭᠠᠷᠭᠠᠵᠤ᠂ ᠮᠠᠰᠢᠨᠲᠤ ᠲᠡᠷᠭᠡ ᠪᠠᠨ ᠳᠠᠩᠰᠠᠯᠠᠭᠤᠯᠤᠨ ᠨᠣᠮᠧᠷᠲᠤ ᠫᠠᠶᠢᠰᠠ ᠪᠠᠨ ᠬᠠᠳᠠᠭᠰᠠᠨ ᠪᠤᠯ ᠬᠠᠮᠢᠶ᠎ᠠ ᠪᠦᠬᠦᠢ ᠮᠠᠲ᠋ᠧᠷᠢᠶᠠᠯ ᠢᠶᠠᠷ ᠢᠶᠠᠨ ᠪᠡᠯᠡ ᠮᠥᠩᠭᠦ ᠶᠢᠨ ᠨᠥᠬᠦᠪᠥᠷᠢ ᠭᠤᠶᠤᠴᠢᠯᠠᠵᠤ ᠪᠣᠯᠤᠨ᠎ᠠ᠃ᠳᠣᠯᠤᠭ᠎ᠠ᠂ ᠨᠥᠬᠦᠪᠥᠷᠢ ᠶᠢᠨ ᠪᠠᠷᠢᠮᠵᠢᠶ᠎ᠠ     ︵ᠨᠢᠭᠡ︶ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ ᠤᠨ ᠬᠡᠷᠡᠭᠯᠡᠭᠡᠨ ᠤ ᠨᠥᠬᠦᠪᠥᠷᠢ ᠶᠢᠨ ᠠᠵᠢᠯᠯᠠᠭ᠎ᠠ᠃ ᠡᠳ᠋ ᠪᠠᠷᠠᠭᠠᠨ ᠤ ᠵᠢᠯᠥᠭᠤᠳᠬᠤ ᠦᠨ᠎ᠡ ᠶᠢᠨ 20% ᠪᠠᠷ ᠨᠥᠬᠦᠪᠥᠷᠢ ᠥᠭᠭᠦᠨ᠎ᠡ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 10% ᠶᠢ ᠡᠭᠦᠷᠭᠡᠯᠡᠨ᠎ᠡ︶᠂ ᠭᠠᠭᠴᠠ ᠤᠳᠠᠭ᠎ᠠ ᠶᠢᠨ ᠬᠡᠷᠡᠭᠯᠡᠭᠡ ᠨᠢ 1000 ᠲᠥᠭᠦᠷᠢᠭ᠂ 3000 ᠲᠥᠭᠦᠷᠢᠭ᠂ 5000 ᠲᠥᠭᠦᠷᠢᠭ᠂ 8000 ᠲᠥᠭᠦᠷᠢᠭ ᠬᠦᠷᠦᠭᠰᠡᠨ ᠪᠤᠯ ᠲᠣᠰ ᠲᠣᠰ 200 ᠲᠥᠭᠦᠷᠢᠭ᠂ 600 ᠲᠥᠭᠦᠷᠢᠭ᠂ 1000 ᠲᠥᠭᠦᠷᠢᠭ᠂ 1600 ᠲᠥᠭᠦᠷᠢᠭ ᠵᠡᠷᠭᠡ ᠳᠥᠷᠪᠡᠨ ᠲᠠᠰ ᠬᠠᠰᠤᠨ᠎ᠠ᠃     ︵ᠬᠤᠶᠠᠷ︶ ᠮᠠᠰᠢᠨ ᠲᠡᠷᠭᠡᠨ ᠤ ᠰᠢᠨᠡᠳᠬᠡᠬᠦ ᠬᠡᠷᠡᠭᠯᠡᠭᠡ ᠶᠢᠨ ᠨᠥᠬᠦᠪᠥᠷᠢ ᠶᠢᠨ ᠠᠵᠢᠯᠯᠠᠭ᠎ᠠ᠃ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ ᠠᠷᠭ᠎ᠠ ᠮᠠᠶ᠋ᠢᠭ ᠢ ᠠᠪᠴᠤ᠂ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ︵ᠥᠷᠲᠡᠭ ᠨᠡᠮᠡᠭᠳᠡᠯ ᠤᠨ ᠭᠠᠶᠢᠯᠢ ᠶᠢ ᠪᠠᠭᠲᠠᠭᠠᠬᠤ ᠥᠬᠡᠶ︶ 10 ᠲᠦᠮᠡᠨ ᠲᠥᠭᠦᠷᠢᠭ ᠠᠴᠠ ᠳᠣᠷᠣᠭᠰᠢ᠂ 10 - 20 ᠲᠦᠮᠡᠨ ᠲᠥᠭᠦᠷᠢᠭ ︵ᠪᠠᠭᠲᠠᠨ᠎ᠠ︶᠂ 20 ᠲᠦᠮᠡᠨ ᠲᠥᠭᠦᠷᠢᠭ ᠠᠴᠠ ᠳᠡᠭᠡᠭᠰᠢ ᠬᠦᠷᠦᠭᠰᠡᠨ ᠪᠤᠯ ᠲᠣᠰ ᠲᠣᠰ 2000 ᠲᠥᠭᠦᠷᠢᠭ᠂ 3000 ᠲᠥᠭᠦᠷᠢᠭ᠂ 4000 ᠲᠥᠭᠦᠷᠢᠭ ᠭᠡᠬᠦᠴᠢᠯᠡᠨ ᠭᠤᠷᠪᠠᠨ ᠳᠡᠰ ᠢᠶᠠᠷ ᠭᠤᠶᠤᠴᠢᠯᠠᠨ ᠠᠪᠴᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 1000 ᠲᠥᠭᠦᠷᠢᠭ ᠨᠡᠮᠡᠨ ᠨᠥᠬᠦᠪᠦᠷᠢᠯᠡᠨ᠎ᠡ᠃ᠨᠠᠢᠮᠠ᠂ ᠬᠡᠷᠡᠭᠯᠡᠭᠡᠨ ᠤ ᠨᠥᠬᠦᠪᠥᠷᠢ ᠶᠢ ᠬᠡᠷᠡᠭᠯᠡᠬᠦ ᠲᠦᠷᠢᠮ     ︵ᠨᠢᠭᠡ︶ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ ᠤᠨ ᠬᠡᠷᠡᠭᠯᠡᠭᠡᠨ ᠤ ᠨᠥᠬᠦᠪᠦᠷᠢ ᠶᠢᠨ ᠠᠵᠢᠯᠯᠠᠭ᠎ᠠ     1. ᠪᠣᠳᠠᠲᠠᠶ ᠬᠡᠷᠡᠭᠯᠡᠭᠡᠨ ᠤ ᠲᠥᠯᠥᠪᠦᠷᠢ ᠶᠢᠨ ᠵᠣᠭᠤᠰ ᠤᠨ ᠲᠤᠭ᠎ᠠ ᠨᠢ ᠬᠡᠷᠡᠭᠯᠡᠭᠡᠨ ᠤ ᠨᠥᠬᠦᠪᠥᠷᠢ ᠶᠢᠨ ᠵᠣᠭᠤᠰ ᠤᠨ ᠲᠤᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠤᠯ᠂ ᠨᠥᠬᠦᠪᠥᠷᠢ ᠶᠢᠨ ᠵᠣᠭᠤᠰ ᠢ ᠴᠠᠭ ᠲᠤᠬᠠᠶ ᠳᠤᠨᠢ ᠬᠠᠰᠤᠵᠤ᠂ ᠦᠯᠡᠳᠡᠭᠰᠡᠨ ᠵᠣᠭᠤᠰ ᠢ ᠨᠢ ᠥᠭᠪᠡᠯ ᠪᠣᠯᠴᠢᠬᠠᠨ᠎ᠠ᠃     2. ᠬᠡᠷᠡᠭᠯᠡᠭᠴᠢᠳ ᠬᠦᠮᠦᠨ ᠪᠦᠷᠢ ᠡᠳᠦᠷ ᠪᠤᠯᠭᠠᠨ ᠭᠠᠭᠴᠠ ᠤᠳᠠᠭ᠎ᠠ ᠬᠡᠷᠡᠭᠯᠡᠭᠡ ᠬᠢᠬᠦ ᠳᠤ ᠪᠠᠨ ᠵᠥᠪᠬᠡᠨ ᠨᠢᠭᠡ ᠤᠳᠠᠭ᠎ᠠ ᠬᠡᠷᠡᠭᠯᠡᠭᠡᠨ ᠤ ᠨᠥᠬᠦᠪᠥᠷᠢ ᠶᠢ ᠬᠡᠷᠡᠭᠯᠡᠵᠤ ᠪᠤᠯᠤᠨ᠎ᠠ᠃     3. ᠵᠠᠬᠢᠶᠠᠯᠠᠭ᠎ᠠ ᠶᠢ ᠪᠦᠬᠦ ᠵᠣᠭᠤᠰᠣᠨ ᠲᠤᠭ᠎ᠠ ᠪᠠᠷ ᠪᠤᠴᠠᠭᠠᠬᠤ ᠪᠠᠶᠢᠳᠠᠯ ᠭᠠᠷᠪᠠᠯ᠂ ᠬᠠᠷᠠᠬᠠᠨ ᠬᠦᠴᠦᠨ ᠲᠠᠢ ᠬᠤᠭᠤᠴᠠᠭᠠᠨ ᠳᠤ ᠪᠠᠶᠢᠭ᠎ᠠ ᠬᠡᠷᠡᠭᠯᠡᠭᠡᠨ ᠤ ᠨᠥᠬᠦᠪᠥᠷᠢ ᠶᠢ ᠳᠠᠬᠢᠨᠲᠠ ᠬᠡᠷᠡᠭᠯᠡᠵᠦ ᠪᠣᠯᠤᠨ᠎ᠠ᠃ ᠬᠡᠷᠪᠡ ᠵᠣᠭᠤᠰ ᠪᠤᠴᠠᠭᠠᠬᠤ ᠦᠶ᠎ᠡ ᠳᠤ ᠬᠡᠷᠡᠭᠯᠡᠭᠡᠨ ᠤ ᠨᠥᠬᠦᠪᠥᠷᠢ ᠶᠢᠨ ᠬᠦᠴᠦᠨ ᠲᠠᠢ ᠬᠤᠭᠤᠴᠠᠭ᠎ᠠ ᠨᠢ ᠥᠩᠭᠡᠷᠡᠭᠰᠡᠨ ᠪᠤᠶᠤ ᠬᠦᠴᠦᠨ ᠲᠠᠢ ᠬᠤᠭᠤᠴᠠᠭᠠᠨ ᠤ ᠳᠣᠲᠣᠷ᠎ᠠ ᠵᠠᠬᠢᠶᠠᠯᠠᠭ᠎ᠠ ᠶᠢᠨ ᠬᠡᠰᠡᠭ ᠵᠣᠭᠤᠰ ᠢ ᠪᠤᠴᠠᠭᠠᠬᠤ ᠦᠶ᠎ᠡ ᠳᠤ᠂ ᠬᠡᠷᠡᠭᠯᠡᠭᠡᠨ ᠤ ᠨᠥᠬᠦᠪᠥᠷᠢ ᠶᠢ ᠳᠠᠬᠢᠨᠲᠠ ᠬᠡᠷᠡᠭᠯᠡᠵᠤ ᠪᠤᠯᠬᠤ ᠦᠭᠡᠶ᠃     ︵ᠬᠤᠶᠠᠷ︶ ᠮᠠᠰᠢᠨ ᠲᠡᠷᠭᠡ ᠰᠢᠨᠡᠳᠬᠡᠬᠦ ᠬᠡᠷᠡᠭᠯᠡᠭᠡᠨ ᠤ ᠨᠥᠬᠦᠪᠥᠷᠢ ᠶᠢᠨ ᠠᠵᠢᠯᠯᠠᠭ᠎ᠠᠬᠡᠨ ᠤᠷᠢᠳ ᠢᠶᠠᠷ ᠭᠤᠶᠤᠴᠢᠯᠠᠨ ᠮᠡᠳᠡᠭᠦᠯᠪᠡᠯ᠂ ᠲᠡᠷᠡ ᠤᠷᠢᠳ ᠢᠶᠠᠷ ᠤᠯᠬᠤ ᠵᠠᠷᠴᠢᠮ ᠢ ᠦᠨᠳᠦᠰᠦᠯᠡᠨ ᠲᠤᠭ᠎ᠠ ᠨᠢ ᠭᠦᠢᠴᠡᠪᠡᠯ ᠳᠠᠷᠤᠢ ᠳᠤᠨᠢ ᠵᠣᠭᠰᠣᠭᠠᠨ᠎ᠠ᠃ ᠲᠡᠷᠭᠡ ᠬᠤᠳᠠᠯᠳᠤᠨ ᠠᠪᠬᠤ ᠨᠥᠬᠦᠪᠥᠷᠢ ᠨᠢ ᠳᠠᠷᠠᠭ᠎ᠠ ᠳᠤᠨᠢ ᠣᠯᠭᠤᠬᠤ ᠠᠷᠭ᠎ᠠ ᠮᠠᠶ᠋ᠢᠭ ᠢ ᠠᠪᠴᠤ᠂ ᠬᠡᠷᠡᠭᠯᠡᠭᠴᠢᠳ ᠤᠨ ᠪᠠᠩᠬᠢ ᠶᠢᠨ ᠬᠠᠳᠠᠭᠠᠯᠠᠮᠵᠢ ᠶᠢᠨ ᠺᠠᠷᠲ ᠤᠨ ᠳᠠᠩᠰᠠᠨ ᠡᠷᠦᠬᠡ ᠳᠤ ᠲᠠᠯᠪᠢᠵᠤ ᠣᠷᠣᠭᠤᠯᠣᠨ᠎ᠠ᠃ᠶᠢᠰᠦ᠂ ᠣᠷᠣᠯᠴᠠᠬᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠦᠨᠳᠦᠰᠦᠨ ᠱᠠᠭᠠᠷᠳᠠᠯᠭ᠎ᠠ     ︵ᠨᠢᠭᠡ︶ ᠠᠵᠢᠯᠯᠠᠭ᠎ᠠ ᠳᠤ ᠣᠷᠣᠯᠴᠠᠬᠤ ᠠᠵᠤ ᠠᠬᠤᠶᠢᠯᠠᠯ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠠᠸᠠᠷ ᠤᠨ ᠶᠠᠰᠤ ᠴᠢᠨᠠᠷ ᠪᠠ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠨ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ᠃     ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠮᠦᠨ ᠣᠯᠠᠨ ᠴᠤᠭᠯᠠᠷᠠᠬᠤ ᠲᠠᠯᠠᠪᠤᠷ ᠤᠨ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2008﹈ 66 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠬᠠᠤᠯᠢ ᠶᠣᠰᠤᠭᠠᠷ ᠡᠵᠡᠩᠨᠡᠬᠦ ᠶᠢ ᠴᠢᠩᠭ᠎ᠠ ᠬᠡᠷᠡᠭᠵᠢᠭᠦᠯᠵᠦ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠪᠣᠷᠣᠯᠠᠭᠤᠯᠭ᠎ᠠ ᠶᠢ ᠵᠢᠷᠤᠮᠵᠢᠭᠤᠯᠬᠤ ᠬᠡᠷᠡᠭᠲᠡᠢ᠃ ᠬᠦᠮᠦᠰ ᠶᠡᠬᠡᠪᠡᠷ ᠴᠤᠭᠯᠠᠷᠠᠬᠤ᠂ ᠬᠥᠮᠦᠨ ᠤ ᠪᠡᠶ᠎ᠡ ᠮᠠᠬᠠᠪᠤᠳ ᠪᠠ ᠡᠳ᠋ ᠬᠥᠷᠥᠩᠭᠡ ᠶᠢ ᠬᠤᠬᠢᠷᠠᠭᠤᠯᠬᠤ᠂ ᠬᠡᠷᠡᠭᠯᠡᠭᠡᠨ ᠤ ᠣᠷᠴᠢᠨ ᠲᠣᠭᠤᠷᠢᠨ ᠤ ᠡᠮᠬᠢ ᠳᠢᠭᠯᠢᠮ ᠢ ᠰᠠᠮᠠᠭᠤᠷᠠᠭᠤᠯᠤᠭᠰᠠᠨ ᠬᠤᠭᠤᠴᠠᠭ᠎ᠠ ᠶᠢ ᠬᠢᠵᠠᠭᠠᠷᠯᠠᠭᠰᠠᠨ ᠬᠡᠮᠵᠢᠶ᠎ᠡ ᠶᠢ ᠬᠢᠵᠠᠭᠠᠷᠯᠠᠭᠰᠠᠨ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠬᠤ ᠥᠬᠡᠶ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠢ᠃     ︵ᠭᠤᠷᠪᠠ︶ ᠠᠵᠢᠯᠯᠠᠭ᠎ᠠ ᠳᠤ ᠣᠷᠣᠯᠴᠠᠬᠤ ᠠᠵᠤ ᠠᠬᠤᠶᠢᠯᠠᠯ ᠡᠯ᠎ᠡ ᠵᠦᠢᠯ ᠤᠨ ᠦᠢᠯᠡᠴᠢᠯᠡᠭᠡᠨ ᠤ ᠪᠠᠷᠢᠮᠵᠢᠶ᠎ᠠ ᠪᠠ ᠠᠮᠠᠯᠠᠯᠲᠠ ᠪᠠᠨ ᠬᠢᠨᠠᠮᠠᠭᠠᠶ ᠭᠦᠢᠴᠡᠳᠬᠡᠵᠦ᠂ ᠦᠢᠯᠡᠴᠢᠯᠡᠭᠡᠨ ᠤ ᠴᠢᠳᠠᠮᠵᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠢᠯᠲᠠᠨ ᠠᠵᠢᠯᠴᠢᠨ ᠤ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠳᠥᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠠᠵᠢᠯᠯᠠᠭ᠎ᠠ ᠶᠢ ᠳᠠᠭᠠᠭᠠᠴᠢᠯᠠᠨ‌ᠡᠷᠭᠢᠯᠡᠬᠦ ᠠᠵᠤ ᠠᠬᠤᠶᠢᠯᠠᠯ ᠨᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠬᠠᠮᠢᠶ᠎ᠠ ᠪᠥᠬᠦᠶ ᠦᠢᠯᠡᠴᠢᠯᠡᠭᠡᠨ ᠤ ᠠᠮᠠᠯᠠᠯᠲᠠ ᠶᠢᠨ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ᠠᠷᠪᠠ᠂ ᠪᠠᠯᠠ ᠮᠥᠩᠭᠦ ᠶᠢᠨ ᠠᠮᠤᠷ ᠲᠦᠪᠰᠢᠨ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ     ᠣᠷᠣᠯᠴᠠᠬᠤ ᠠᠵᠤ ᠠᠬᠤᠶᠢᠯᠠᠯ ᠳᠤ ᠪᠡᠯᠡ ᠮᠥᠩᠭᠦ ᠥᠭᠬᠦ ᠶᠠᠪᠤᠴᠠ ᠶᠢ ᠮᠥᠷᠳᠡᠬᠦ ᠲᠣᠭᠲᠠᠴᠠ ᠶᠢ ᠪᠠᠶᠢᠭᠤᠯᠵᠤ᠂ ᠨᠥᠬᠦᠪᠦᠷᠢ ᠶᠢᠨ ᠪᠡᠯᠡ ᠮᠥᠩᠭᠦ ᠪᠣᠯᠭᠠᠨ ᠢ ᠣᠨᠣᠪᠴᠢᠲᠠᠢ ᠥᠭᠬᠦ ᠶᠢ ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠭᠠᠨ ᠤ ᠡᠷᠦᠬᠡ ᠲᠠᠢ ᠳᠠᠩᠰᠠ ᠬᠠᠷᠭᠤᠭᠤᠯᠵᠤ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠣᠷᠣᠯᠴᠠᠭᠰᠠᠨ ᠠᠷᠠᠯᠵᠢᠶᠠᠴᠢᠳ ᠯᠤᠭ᠎ᠠ ᠳᠠᠩᠰᠠ ᠪᠠᠨ ᠢᠯᠭᠠᠷᠠᠭᠤᠯᠤᠨ ᠪᠣᠳᠤᠬᠤ ᠬᠡᠷᠡᠭᠲᠡᠢ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ