ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠷᠳᠣᠰ ᠬᠤᠲᠠ ᠶᠢᠨ ︿ᠬᠠᠶᠢᠷ᠎ᠠ ᠬᠠᠯᠠᠮᠵᠢᠲᠤ ᠬᠤᠲᠠ · ᠲᠠᠪᠤᠨ ᠬᠠᠨᠤᠮᠵᠢᠲᠠᠢ﹀ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠴᠤᠭᠴᠠᠯᠠᠬᠤ 20 | ᠵᠤᠷᠪᠤᠰ ᠰᠢᠨ᠎ᠡ ᠶᠢ ᠡᠭᠦᠳᠬᠦ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠢ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠰᠠᠷ᠎ᠠ ᠶᠢᠨ 24 ᠤ ᠡᠳᠦᠷ | | | ᠣᠷᠳᠣᠰ ᠬᠤᠲᠠ ᠶᠢᠨ ︽ᠬᠠᠶᠢᠷ᠎ᠠ ᠬᠠᠯᠠᠮᠵᠢᠲᠤ ᠬᠤᠲᠠ · ᠲᠠᠪᠤᠨ ᠬᠠᠨᠤᠮᠵᠢᠲᠠᠢ︾ ᠬᠤᠳᠠᠯᠳᠤᠭ᠎ᠠ | ᠡᠷᠬᠢᠯᠡᠬᠦ ᠣᠷᠴᠢᠨ ᠠᠬᠤᠢ ᠶᠢ ᠴᠤᠭᠴᠠᠯᠠᠬᠤ 20 ᠵᠤᠷᠪᠤᠰ ᠰᠢᠨ᠎ᠡ ᠶᠢ ᠡᠭᠦᠳᠬᠦ ᠠᠷᠭ᠎ᠠ ᠬᠡᠮᠵᠢᠶ᠎ᠡ | ᠣᠷᠳᠣᠰ ᠬᠤᠳᠠ ᠶᠢᠨ ᠲᠡᠷᠢᠭᠦᠨ ᠤ ᠬᠢ ᠲᠠᠢ ᠬᠠᠷᠢᠴᠠᠭᠤᠯᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠪᠦᠲᠦᠭᠡᠨ ᠪᠠᠶᠢᠭᠤᠯᠬᠤ | 500 ᠵᠤᠷᠪᠤᠰ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠣᠷᠳᠣᠰ ᠬᠤᠳᠠ ᠶᠢᠨ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ | ᠡᠭᠦᠳᠬᠦ 300 ᠵᠤᠷᠪᠤᠰ ᠡᠭᠦᠷᠭᠡ ᠶᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠤᠭᠰᠠᠨ ᠰᠠᠭᠤᠷᠢᠨ ᠳᠡᠭᠡᠷ᠎ᠡ᠂ ᠣᠷᠳᠣᠰ ᠤᠯᠠᠮ ᠨᠢᠭᠡ ᠠᠯᠬᠤᠮ ᠳᠠᠪᠰᠢᠬᠤ ᠪᠠᠷ | ᠴᠢᠷᠮᠠᠶᠢᠵᠤ᠂ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠭᠦᠳᠬᠦ ᠡᠭᠦᠷᠭᠡ ᠬᠠᠷᠠᠯᠲᠠ ᠶᠢᠨ ᠲᠣᠭᠤᠷᠢᠨ ᠳᠤ ᠵᠠᠬ᠎ᠠ ᠳᠡᠯᠭᠡᠭᠦᠷ ᠤᠨ | ᠭᠤᠣᠯ ᠴᠣᠭᠴᠠ ᠪᠣᠯᠣᠨ ᠠᠷᠠᠳ ᠣᠯᠠᠨ ᠤ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠤᠨᠴᠢ ᠪᠥᠭᠡᠳ ᠥᠨᠳᠥᠷ ᠪᠦᠲᠦᠮᠵᠢᠲᠡᠶ ᠲᠡᠷᠢᠭᠦᠨ ᠤ | ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠠᠭᠤᠵᠢᠭᠤ ᠪᠥᠭᠡᠳ ᠡᠮᠬᠢ ᠳᠢᠭᠯᠢᠮ ᠲᠠᠢ ᠲᠡᠷᠢᠭᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠲᠥᠪ | ᠭᠤᠣᠯᠴᠢ ᠰᠢᠳᠤᠷᠭᠤ ᠶᠣᠰᠣᠨ ᠤ ᠲᠡᠷᠢᠭᠦᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠣᠷᠣᠰᠢᠨ ᠰᠠᠭᠤᠬᠤ ᠳᠤ ᠲᠠᠭᠠᠯᠠᠮᠵᠢᠲᠠᠢ᠂ ᠠᠵᠢᠯ ᠦᠢᠯᠡᠰ | ᠡᠷᠬᠢᠯᠡᠬᠦ ᠳᠤ ᠲᠣᠬᠢᠷᠠᠮᠵᠢᠲᠠᠢ ᠲᠡᠷᠢᠭᠦᠨ ᠤ ᠨᠡᠶᠢᠭᠡᠮ ᠤᠨ ᠣᠷᠴᠢᠨ ᠲᠣᠭᠤᠷᠢᠨ ᠢ ᠨᠢᠭᠡ ᠴᠣᠭᠴᠠᠵᠢᠭᠤᠯᠤᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠨᠠᠶᠢᠲᠠᠪᠤᠷᠢᠲᠠᠢ ᠵᠠᠰᠠᠭ ᠤᠨ ᠣᠷᠳᠣᠨ ᠤ ᠨᠠᠩ | ᠰᠠᠶᠢᠨ ᠤᠶᠠᠯᠳᠤᠯ ᠢ ᠭᠦᠨᠵᠡᠭᠡᠢ ᠠᠬᠢᠭᠤᠯᠵᠤ᠂ ︽ᠬᠠᠶᠢᠷ᠎ᠠ ᠬᠠᠯᠠᠮᠵᠢᠲᠤ ᠬᠤᠲᠠ · ᠲᠠᠪᠤᠨ ᠬᠠᠨᠤᠮᠵᠢᠲᠠᠢ︾ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠨᠡᠷ᠎ᠡ | ᠲᠡᠮᠲᠡᠭ ᠢ ᠬᠦᠴᠦᠯᠡᠨ ᠪᠣᠶ ᠪᠣᠯᠭᠠᠬᠤ ᠶᠢᠨ ᠲᠤᠰᠠᠳᠠ᠂ 20 ᠵᠤᠷᠪᠤᠰ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠣᠭᠲᠠᠭᠠᠪᠠ᠂ ᠪᠣᠳᠠᠲᠠᠢ ᠠᠭᠤᠯᠭ᠎ᠠ ᠨᠢ ᠳᠣᠣᠷᠠᠬᠢ | ᠮᠡᠲᠦ᠄ | ᠨᠢᠭᠡ᠂ ᠪᠣᠳᠠᠲᠠᠢ ᠠᠷᠭ᠎ᠠ ᠬᠡᠮᠵᠢᠶ᠎ᠡ | ︵ᠨᠢᠭᠡ︶ ᠰᠦᠢᠳᠬᠡᠯ ᠬᠤᠷᠢᠶᠠᠬᠤ ᠵᠠᠰᠠᠮᠠᠯ ᠵᠠᠮ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠠᠴᠠ ᠵᠥᠷᠢᠶᠡᠲᠦ ᠦᠨ᠎ᠡ ᠪᠠᠷ ᠰᠦᠢᠳᠬᠡᠯ ᠬᠤᠷᠢᠶᠠᠬᠤ ᠶᠢ | ᠬᠡᠷᠡᠭᠵᠢᠭᠦᠯᠦᠨ᠎ᠡ᠃ ᠪᠥᠬᠦ ᠬᠤᠲᠠ ᠶᠢᠨ ᠬᠢᠯᠢ ᠳᠣᠲᠣᠷᠠᠬᠢ 10 ᠬᠡᠰᠡᠭ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠰᠦᠢᠳᠬᠡᠯ ᠬᠤᠷᠢᠶᠠᠬᠤ ᠵᠠᠰᠠᠮᠠᠯ ᠵᠠᠮ ᠳᠤ | ᠰᠢᠨ᠎ᠡ ᠡᠨᠧᠷᠭᠢ ᠶᠢᠨ ᠮᠠᠰᠢᠨ ᠲᠡᠷᠭᠡᠨ ᠠᠴᠠ 2 ᠢᠶᠠᠷ ᠨᠤᠭᠤᠯᠤᠨ ᠪᠣᠳᠤᠭᠰᠠᠨ ᠵᠥᠷᠢᠶᠡᠲᠦ ᠦᠨ᠎ᠡ ᠪᠠᠷ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠰᠢᠨ᠎ᠡ | ᠡᠨᠧᠷᠭᠢ ᠶᠢᠨ ᠮᠠᠰᠢᠨ ᠲᠡᠷᠭᠡ ᠶᠢᠨ ᠪᠣᠷᠤᠯᠠᠭᠤᠯᠭ᠎ᠠ ᠪᠠ ᠲᠦᠭᠡᠮᠡᠯᠵᠢᠯᠲᠡ ᠶᠢ ᠠᠬᠢᠭᠤᠯᠤᠨ᠂ ᠮᠠᠰᠢᠨ ᠲᠡᠷᠭᠡᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠵᠤ᠂ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 | ᠰᠠᠷ᠎ᠠ ᠶᠢᠨ 31 ᠤ ᠡᠳᠦᠷ ᠠᠴᠠ ᠡᠮᠦᠨ᠎ᠡ︶ | ︵ᠬᠤᠶᠠᠷ︶ ᠭᠡᠷ ᠪᠠᠶᠢᠰᠢᠩ ᠤᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠢ ᠱᠠᠲᠤ ᠬᠤᠪᠢᠶᠠᠨ ᠭᠦᠢᠴᠡᠳᠬᠡᠬᠦ ᠶᠢ ᠬᠡᠷᠡᠭᠵᠢᠭᠦᠯᠦᠨ᠎ᠡ᠃ ᠵᠣᠬᠢᠬᠤ | ᠨᠥᠬᠦᠴᠡᠯ ᠢ ᠬᠠᠩᠭᠠᠭᠰᠠᠨ ᠭᠡᠷ ᠪᠠᠶᠢᠰᠢᠩ ᠤᠨ ᠪᠠᠷᠢᠯᠭ᠎ᠠ ᠳᠤ ᠪᠠᠷᠢᠯᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠥᠷᠥᠯ ᠵᠦᠢᠯ ᠤᠨ ᠭᠤᠣᠯ ᠴᠣᠭᠴᠠ ᠨᠢ | ᠤᠷᠢᠳᠠᠪᠠᠷ ᠮᠧᠲᠷ ᠰᠢᠷᠣᠢ ᠮᠠᠯᠲᠠᠬᠤ ᠪᠠ ᠭᠠᠵᠠᠷ ᠤᠨ ᠰᠠᠭᠤᠷᠢ ᠶᠢ ᠰᠢᠢᠳᠪᠦᠷᠢᠯᠡᠬᠦ ᠱᠠᠲᠤᠨ ᠤ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠵᠦ᠂ ᠲᠠᠷᠠᠭ᠎ᠠ ᠳᠤ ᠨᠢ | ᠭᠤᠣᠯ ᠴᠣᠭᠴᠠ ᠶᠢᠨ ᠪᠠᠷᠢᠯᠭ᠎ᠠ ᠶᠢᠨ ᠱᠠᠲᠤᠨ ᠤ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠵᠦ᠂ ᠡᠭᠦᠨ ᠤ ᠤᠯᠠᠮ ᠢᠶᠠᠷ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠭᠤᠷᠪᠠ︶ ᠰᠢᠯᠵᠢᠭᠦᠯᠦᠨ ᠬᠤᠳᠠᠯᠳᠤᠬᠤ ᠭᠠᠵᠠᠷ ᠰᠢᠷᠣᠢ ᠶᠢ ᠠᠩᠬ᠎ᠠ ᠤᠳᠠᠭ᠎ᠠ ᠳᠠᠩᠰᠠᠯᠠᠭᠤᠯᠬᠤ ᠳᠤ ︽ᠨᠢᠭᠡ ᠯᠠ ᠤᠠᠳᠠᠭᠠ ᠳᠤ ᠭᠦᠢᠴᠡᠳᠭᠡᠵᠦ | ᠳᠠᠭᠤᠰᠬᠠᠬᠤ︾ ᠶᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠦᠨ᠂ ︽ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠪᠠ ᠫᠠᠶᠢᠰᠠ ᠡᠯᠭᠦᠬᠦ︾ ᠠᠷᠭ᠎ᠠ ᠮᠠᠶ᠋ᠢᠭ ᠢᠶᠠᠷ ᠣᠯᠣᠭᠰᠠᠨ ᠰᠢᠯᠵᠢᠭᠦᠯᠦᠨ | ᠬᠤᠳᠠᠯᠳᠤᠬᠤ ᠭᠠᠵᠠᠷ ᠰᠢᠷᠣᠢ ᠶᠢ ᠠᠩᠬᠠᠨ ᠤᠳᠠᠭ᠎ᠠ ᠳᠠᠩᠰᠠᠯᠠᠭᠤᠯᠬᠤ ᠳᠤ 30 ᠠᠵᠢᠯᠯᠠᠬᠤ ᠡᠳᠦᠷ ᠬᠡᠷᠡᠭᠯᠡᠵᠦ ᠪᠠᠶᠢᠭᠰᠠᠨ ᠠᠴᠠ ︽ᠨᠢᠭᠡ ᠯᠠ ᠤᠳᠠᠭ᠎ᠠ ᠳᠤ | ᠭᠦᠢᠴᠡᠳᠭᠡᠵᠦ ᠳᠠᠭᠤᠰᠬᠠᠬᠤ︾ ᠪᠣᠯᠭᠠᠨ ᠪᠣᠭᠤᠨᠢᠰᠬᠠᠪᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠳᠥᠷᠪᠡ︶ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨᠠᠬᠢ᠂ ᠳᠣᠲᠣᠨ᠎ᠠ ᠭᠠᠳᠠᠨᠠᠬᠢ ᠶᠢ ᠠᠭᠤᠰᠤᠯᠴᠠᠭᠤᠯᠤᠭᠰᠠᠨ ᠰᠢᠭᠦᠬᠦ ᠲᠢᠩᠬᠢᠮ ᠢᠶᠠᠷ ᠰᠢᠭᠦᠬᠦ | ᠰᠢᠨ᠎ᠡ ᠵᠠᠭᠪᠤᠷ ᠢ ᠪᠠᠶᠢᠭᠤᠯᠤᠨ᠎ᠠ᠃ ᠰᠦᠯᠵᠢᠶ᠎ᠡ ᠰᠢᠰᠲ᠋ᠧᠮ ᠠᠯᠤᠰᠯᠠᠭᠰᠠᠨ ᠬᠠᠮ ᠰᠢᠭᠦᠬᠦ ᠲᠢᠩᠬᠢᠮ ᠤᠨ ᠲᠠᠪᠴᠠᠩ ᠢ ᠪᠠᠶᠢᠭᠤᠯᠵᠤ᠂ ᠤᠤᠯ ᠤᠨ ᠳᠣᠲᠣᠭᠠᠳᠤ | ᠭᠠᠳᠠᠭᠠᠳᠤ ᠰᠦᠯᠵᠢᠶ᠎ᠡ ᠶᠢᠨ ᠬᠠᠮ ᠬᠢᠵᠠᠭᠠᠷᠯᠠᠯ ᠢ ᠡᠪᠳᠡᠵᠦ᠂ ᠰᠢᠨ᠎ᠡ ᠨᠢᠭᠡ ᠦᠶ᠎ᠡ ᠶᠢᠨ ᠬᠠᠮ ᠰᠢᠭᠦᠬᠦ ᠲᠢᠩᠬᠢᠮ ᠢ ᠪᠠᠶᠢᠭᠤᠯᠵᠤ᠂ ᠨᠢᠭᠡ ᠲᠢᠩᠬᠢᠮ ᠢ ᠤᠯᠠᠨ | ᠲᠠᠯ᠎ᠠ ᠪᠠᠷ ᠬᠡᠷᠡᠭᠯᠡᠬᠦ᠂ ᠳᠣᠲᠣᠭᠠᠳᠤ ᠭᠠᠳᠠᠭᠠᠳᠤ ᠰᠦᠯᠵᠢᠶ᠎ᠡ ᠬᠠᠮᠲᠤ ᠪᠠᠷ ᠡᠳ᠋ᠯᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠢᠯᠭᠠᠭ᠎ᠠ ᠦᠭᠡᠢ ᠪᠠᠷ | ᠲᠢᠩᠬᠢᠮ ᠢᠶᠠᠷ ᠰᠢᠭᠦᠬᠦ ᠶᠢ ᠪᠡᠶᠡᠯᠡᠭᠦᠯᠵᠦ᠂ ᠲᠤᠬᠠᠢ ᠶᠢᠨ ᠬᠥᠮᠥᠨ ᠤ ᠵᠠᠷᠭᠤᠯᠠᠬᠤ ᠥᠪᠡᠷ ᠤᠨ ᠦᠷᠳᠡᠭ ᠢ ᠠᠷᠪᠢᠯᠠᠵᠤ᠂ ᠰᠢᠭᠦᠨ ᠲᠠᠰᠤᠯᠵᠤ ᠬᠡᠷᠡᠭᠵᠢᠭᠦᠯᠬᠦ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠲᠠᠪᠤ︶ ᠬᠠᠷᠢᠯᠴᠠᠨ ᠬᠥᠳᠡᠯᠦᠯᠴᠡᠬᠦ ᠮᠠᠶ᠋ᠢᠭ ᠤᠨ ᠪᠥᠬᠦ ᠶᠠᠪᠤᠴᠠ ᠶᠢ ᠠᠯᠤᠰ ᠡᠵᠡᠮᠳᠡᠯ ᠢᠶᠠᠷ ᠬᠠᠪᠰᠤᠷᠤᠨ ᠵᠢᠯᠤᠭᠤᠳᠬᠤ ᠶᠢ ᠬᠡᠷᠡᠭᠵᠢᠭᠦᠯᠦᠨ᠎ᠡ᠃ | ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠪᠰᠤᠷᠤᠨ ᠵᠢᠯᠤᠭᠤᠳᠬᠤ ᠲᠥᠪ ᠢ ᠪᠠᠶᠢᠭᠤᠯᠵᠤ᠂ ᠰᠦᠯᠵᠢᠶᠡᠨ ᠳᠡᠭᠡᠷ᠎ᠡ ᠵᠥᠪᠯᠡᠯᠭᠡ ᠥᠭᠴᠦ | ᠬᠠᠪᠰᠤᠷᠤᠨ ᠵᠢᠯᠤᠭᠤᠳᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠠᠯᠤᠰ ᠡᠵᠡᠮᠰᠢᠯᠲᠦ ᠸᠢᠳᠢᠤ᠋ ᠪᠠᠷ ᠬᠠᠷᠢᠯᠴᠠᠨ ᠬᠥᠳᠡᠯᠦᠯᠴᠡᠬᠦ᠂ ᠰᠢᠭᠤᠳ ᠨᠡᠪᠲᠡᠷᠡᠭᠦᠯᠭᠡ | ᠳᠡᠭᠡᠷ᠎ᠡ ᠠᠰᠠᠭᠤᠬᠤ ᠬᠠᠷᠢᠭᠤᠯᠬᠤ ᠪᠠ ᠰᠦᠯᠵᠢᠶᠡᠨ ᠭᠠᠳᠠᠨᠠᠬᠢ ᠲᠤᠭ᠎ᠠ ᠪᠠᠷᠢᠮᠲᠠ ᠶᠢ ᠠᠵᠢᠯᠯᠠᠭᠤᠯᠵᠤ ᠪᠠᠲᠤᠯᠠᠬᠤ᠂ ᠨᠢᠭᠤᠷᠲᠠᠨ ᠪᠣᠯᠪᠠᠰᠤᠷᠠᠭᠤᠯᠬᠤ ᠵᠡᠷᠭᠡ | ᠴᠢᠳᠠᠮᠵᠢ ᠶᠢ ᠠᠭᠤᠰᠤᠯᠴᠠᠭᠤᠯᠤᠨ᠂ ᠭᠠᠶᠢᠯᠢ ᠶᠢᠨ ᠶᠠᠪᠤᠳᠠᠯ ᠢ ᠭᠦᠢᠴᠡᠳᠬᠡᠵᠦ ᠰᠦᠢᠳᠬᠡᠯ ᠲᠤᠰᠢᠶᠠᠬᠤ ᠳᠤ ᠨᠠᠩ ᠳᠦᠭᠦᠮ ᠦᠵᠡᠭᠦᠯᠦᠨ᠎ᠡ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ | ᠡᠳᠦᠷ ᠠᠴᠠ ᠡᠮᠦᠨ᠎ᠡ︶ | ︵ᠵᠢᠷᠭᠤᠭ᠎ᠠ︶ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠮᠡᠳᠡᠭᠦᠯᠦᠨ ᠤᠭᠰᠠᠷᠠᠬᠤ ᠲᠥᠷᠥᠯ ᠵᠦᠢᠯ ᠤᠨ ᠬᠠᠮᠢᠶᠠᠷᠤᠭᠴᠢ ᠶᠢᠨ | ᠦᠢᠯᠡᠴᠢᠯᠡᠭᠡ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠭᠠᠳᠠᠨᠠᠬᠢ ᠤᠲᠠᠰᠤ ᠱᠤᠭᠤᠮ ᠤᠨ ᠬᠢᠨᠠᠨ ᠵᠥᠪᠰᠢᠶᠡᠷᠡᠯ ᠪᠣᠯᠲᠠᠯᠠᠬᠢ | ᠲᠣᠭᠠᠴᠢᠯᠠᠭᠰᠠᠨ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠲᠦᠷᠭᠡᠨ ᠭᠦᠢᠴᠡᠳᠬᠡᠬᠦ ᠦᠢᠯᠡᠴᠢᠯᠡᠭᠡᠨ ᠢ ᠴᠢᠩᠭᠠᠳᠬᠠᠵᠤ᠂ ᠲᠣᠭᠠᠴᠢᠯᠠᠭᠰᠠᠨ ᠠᠷᠭ᠎ᠠ | ᠪᠠᠷᠢᠯ ᠢᠶᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠶᠠᠪᠤᠴᠠ ᠳᠠᠬᠢ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ | ᠰᠦᠯᠵᠢᠶ᠎ᠡ ᠶᠢ ᠮᠡᠳᠡᠭᠦᠯᠦᠨ ᠤᠭᠰᠠᠷᠠᠭᠤᠯᠬᠤ ᠠᠵᠢᠯ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠤᠨ ︽ᠳᠦᠭᠦᠮ ᠲᠦᠳᠡᠴᠢᠯᠡᠭᠰᠡᠨ ᠭᠤᠶᠤᠴᠢᠯᠠᠨ ᠮᠡᠳᠡᠭᠦᠯᠦᠯᠲᠡ | ᠂ ᠳᠦᠭᠦᠮ ᠲᠦᠳᠡᠴᠢᠯᠡᠭᠰᠡᠨ ᠬᠢᠨᠠᠨ ᠵᠥᠪᠰᠢᠶᠡᠷᠡᠯ︾ ᠢ ᠪᠡᠶᠡᠯᠡᠭᠦᠯᠵᠦ᠂ ︽ᠣᠴᠢᠬᠤ ᠦᠭᠡᠢ ᠪᠠᠷ ᠭᠦᠢᠴᠡᠳᠭᠡᠵᠦ︾ ᠳᠡᠶᠢᠯᠬᠦ ᠶᠢ ᠪᠡᠶᠡᠯᠡᠭᠦᠯᠵᠦ᠂ ᠬᠤᠲᠠ ᠶᠢᠨ | ᠶᠠᠪᠤᠳᠠᠯ ᠤᠨ ᠭᠠᠳᠠᠭᠠᠳᠤ ᠱᠤᠭᠤᠮ ᠤᠨ ᠪᠠᠷᠢᠯᠭ᠎ᠠ ᠶᠢᠨ ᠲᠥᠬᠦᠮ ᠲᠥᠷᠥᠯ ᠵᠦᠢᠯ ᠢ ︽ᠬᠢᠨᠠᠨ ᠵᠥᠪᠰᠢᠶᠡᠷᠡᠭᠦᠯᠬᠦ ᠬᠡᠷᠡᠭ ᠦᠭᠡᠢ︾ ᠪᠣᠯᠭᠠᠬᠤ ᠶᠢ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠡᠶᠡᠯᠡᠭᠦᠯᠬᠦ | ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠳᠣᠯᠤᠭ᠎ᠠ︶ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠡᠶᠡᠲᠦ ᠴᠣᠭᠴᠠᠵᠢᠭᠤᠯᠤᠨ ᠦᠵᠡᠭᠳᠡᠬᠦᠶᠢᠴᠡ ᠪᠠᠷ ᠪᠠᠶᠢᠴᠠᠭᠠᠨ | ᠯᠠᠪᠯᠠᠬᠤ ᠶᠢ ᠪᠡᠶᠡᠯᠡᠭᠦᠯᠦᠨ᠎ᠡ᠃ ︽ᠡᠯᠧᠺᠲᠷᠣᠨ ᠭᠠᠵᠠᠷ ᠤᠨ ᠵᠢᠷᠤᠭ · ᠣᠷᠳᠣᠰ︾ ᠤᠨ ᠲᠠᠪᠴᠠᠩ ᠳᠤ ᠲᠦᠰᠢᠭᠯᠡᠨ᠂ ᠲᠣᠭᠲᠠᠮᠠᠯ ᠬᠥᠷᠥᠩᠭᠡ ᠶᠢᠨ | ᠳᠠᠩᠰᠠᠯᠠᠯᠲᠠ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠦᠵᠡᠭᠳᠡᠬᠦᠶᠢᠴᠡ ᠪᠠᠷ ᠡᠷᠢᠬᠦ ᠪᠠ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠥᠷᠭᠡᠳᠬᠡᠵᠦ᠂ | ᠡᠯᠧᠺᠲᠷᠣᠨ ᠭᠠᠵᠠᠷ ᠤᠨ ᠵᠢᠷᠤᠭ ᠳᠡᠭᠡᠷ᠎ᠡ ᠳᠦᠷᠰᠦ᠂ ᠭᠤᠷᠪᠠᠨ ᠬᠡᠮᠵᠢᠯᠲᠦ ᠪᠣᠰᠤᠭ᠎ᠠ ᠪᠡᠶᠡᠲᠦ ᠵᠡᠷᠭᠡ ᠠᠷᠭ᠎ᠠ ᠮᠠᠶ᠋ᠢᠭ ᠢᠶᠠᠷ ᠲᠣᠭᠲᠠᠮᠠᠯ ᠬᠥᠷᠥᠩᠭᠡ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠪᠠᠶᠢᠴᠠᠭᠠᠨ ᠯᠠᠪᠯᠠᠬᠤ ᠳᠤ ᠨᠠᠩ ᠲᠥᠬᠦᠮ ᠦᠵᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ | ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ | ᠡᠳᠦᠷ ᠠᠴᠠ ᠡᠮᠦᠨ᠎ᠡ︶ | ︵ᠨᠠᠢᠮᠠ︶ ︽ᠲᠠᠪᠤᠨ ᠰᠠᠭᠤᠷᠢ︾ ᠶᠢ ᠵᠣᠬᠢᠴᠠᠯᠳᠤᠭᠤᠯᠤᠭᠰᠠᠨ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠬᠡᠮᠵᠢᠵᠦ ᠬᠢᠨᠠᠨ ᠬᠠᠮᠢᠶᠠᠷᠬᠤ | ᠲᠣᠭᠲᠠᠯᠴᠠᠭ᠎ᠠ ᠶᠢ ᠪᠠᠶᠢᠭᠤᠯᠤᠨ᠎ᠠ᠃ ᠴᠢ ᠫᠠᠨ ᠵᠢᠩ ᠤᠨ ᠮᠧᠩ ᠰᠢ ᠭᠠᠵᠠᠷ ᠣᠷᠣᠨ ᠳᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ︽ᠲᠠᠪᠤᠨ ᠰᠠᠭᠤᠷᠢ︾ ᠶᠢ | ᠵᠣᠬᠢᠴᠠᠯᠳᠤᠭᠤᠯᠤᠭᠰᠠᠨ ︵ᠰᠠᠨᠰᠠᠷ ᠤᠨ ᠰᠠᠭᠤᠷᠢᠨ ᠤ ᠳᠠᠭᠠᠭᠤᠯᠢ ᠣᠲᠣ᠂ ᠠᠭᠠᠷ ᠤᠨ ᠰᠠᠭᠤᠷᠢᠨ ᠤ ᠠᠯᠤᠰ ᠰᠡᠷᠡᠯ᠂ ᠠᠭᠠᠷ ᠤᠨ ᠠᠶᠠᠯᠠᠯ ᠤᠨ ᠵᠢᠯᠣᠭᠤᠴᠢ ᠦᠭᠡᠢ | ᠨᠢᠰᠬᠡᠯ᠂ ᠣᠷᠣᠨ ᠲᠣᠭᠲᠠᠭᠠᠨ ᠠᠵᠢᠭᠯᠠᠬᠤ᠂ ᠳᠣᠣᠷ᠎ᠠ ᠠᠭᠠᠷ ᠤᠨ ᠵᠢᠯᠣᠭᠤᠴᠢ ᠦᠭᠡᠢ ᠨᠢᠰᠬᠡᠯ ᠪᠠ ᠠᠶᠠᠯᠠᠨ ᠲᠣᠭᠤᠷᠢᠨ ᠬᠠᠮᠠᠭᠠᠯᠠᠬᠤ︶ ᠪᠡᠶᠡᠲᠦ ᠠᠯᠤᠰ | ᠰᠡᠷᠡᠯ ᠤᠨ ᠬᠢᠨᠠᠨ ᠬᠡᠮᠵᠢᠬᠦ ᠲᠠᠪᠴᠠᠩ ᠢ ᠪᠠᠶᠢᠷᠢᠯᠠᠭᠤᠯᠵᠤ᠂ ᠪᠣᠬᠢᠷᠲᠤᠯ ᠪᠣᠳᠠᠰ ᠤᠨ ᠳᠠᠮᠵᠢᠭᠤᠯᠭ᠎ᠠ ᠶᠢ ᠬᠢᠨᠠᠨ ᠬᠡᠮᠵᠢᠭᠰᠡᠨ ᠦᠷ᠎ᠡ ᠳ᠋ᠦᠩ ᠤᠨ ᠶᠣᠰᠣᠭᠠᠷ᠂ | ᠭᠤᠣᠯᠳᠠᠯᠭ᠎ᠠ ᠲᠠᠢ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠡᠮᠦᠨᠡᠬᠢ ᠬᠢᠨᠠᠨ ᠬᠡᠮᠵᠢᠬᠦ ᠴᠡᠭ ᠤᠨ ᠪᠠᠶᠢᠷᠢ ᠶᠢ ᠬᠥᠳᠡᠯᠦᠩᠭᠦᠢ ᠪᠠᠷ ᠲᠣᠬᠢᠷᠠᠭᠤᠯᠤᠨ | ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠴᠢᠩᠭᠠᠳᠬᠠᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 | ᠰᠠᠷ᠎ᠠ ᠶᠢᠨ 31 ᠤ ᠡᠳᠦᠷ ᠠᠴᠠ ᠡᠮᠦᠨ᠎ᠡ︶ | ︵ᠶᠢᠰᠦ︶ ︽ᠬᠠᠶᠢᠷ᠎ᠠ ᠬᠠᠯᠠᠮᠵᠢᠲᠤ ᠬᠤᠲᠠ ᠶᠢᠨ ᠤᠩᠰᠢᠯᠭ᠎ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ︾ ᠠᠵᠢᠯᠯᠠᠭ᠎ᠠ ᠶᠢ ᠥᠷᠨᠢᠭᠦᠯᠦᠨ᠎ᠡ᠃ ᠳ᠋ᠦᠩᠱᠧᠩ | ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠨᠣᠮ ᠪᠢᠴᠢᠭ ᠤᠨ ᠳᠠᠮᠵᠢᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠴᠠᠭ᠂ ᠣᠷᠣᠨ ᠵᠠᠢ ᠶᠢᠨ | ᠬᠢᠵᠠᠭᠠᠷᠯᠠᠯ ᠢ ᠡᠪᠳᠡᠵᠦ᠂ ᠣᠯᠠᠨ ᠲᠦᠮᠡᠨ ᠬᠤᠳᠠᠯᠳᠤᠭᠠᠨ ᠤ ᠲᠠᠯᠠᠪᠤᠷ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ ᠵᠡᠷᠭᠡ ᠬᠥᠮᠥᠨ ᠣᠯᠠᠨ ᠲᠥᠪᠯᠡᠷᠡᠭᠰᠡᠨ | ᠭᠠᠵᠠᠷ ᠣᠷᠣᠨ ᠳᠤ ᠨᠣᠮ ᠵᠢᠭᠡᠯᠡᠬᠦ ᠦᠨᠡᠮᠯᠡᠯ ᠬᠡᠷᠡᠭᠯᠡᠬᠦ ᠦᠭᠡᠢ᠂ ᠪᠡᠷᠢᠴᠠᠭᠠᠨ ᠤ ᠮᠥᠩᠭᠦ ᠲᠤᠰᠢᠶᠠᠬᠤ ᠦᠭᠡᠢ᠂ ᠬᠤᠭᠤᠴᠠᠭ᠎ᠠ ᠬᠢᠵᠠᠭᠠᠷᠯᠠᠬᠤ ᠦᠭᠡᠢ ᠪᠠᠷ ᠰᠢᠭᠤᠳ | ᠮᠡᠷᠭᠡᠨ ᠴᠣᠬᠤᠷ ᠢ ᠰᠢᠷᠪᠢᠵᠦ ᠨᠣᠮ ᠵᠢᠭᠡᠯᠡᠨ ᠤᠩᠰᠢᠵᠤ ᠪᠣᠯᠬᠤ ᠪᠦᠭᠡᠳ ᠪᠣᠶ ᠪᠦᠬᠦᠢ ᠵᠢᠭᠡᠯᠡᠨ ᠤᠩᠰᠢᠬᠤ ᠭᠠᠵᠠᠷ ᠪᠤᠶᠤ ᠨᠣᠮ ᠤᠨ ᠰᠠᠩ ᠢ ᠰᠣᠩᠭᠤᠨ ᠪᠤᠴᠠᠭᠠᠵᠤ | ᠪᠣᠯᠣᠨ᠎ᠠ᠃ ︽ᠨᠣᠮ ᠪᠢᠴᠢᠭ ᠢ ᠣᠶᠤᠨᠴᠢ ᠪᠠᠷ ᠣᠷᠴᠢᠯᠳᠤᠭᠤᠯᠬᠤ︾ ᠠᠵᠢᠯᠯᠠᠭ᠎ᠠ ᠪᠠᠷ ᠳᠠᠮᠵᠢᠭᠤᠯᠤᠨ ᠨᠣᠮ ᠪᠢᠴᠢᠭ ᠤᠨ ᠣᠷᠴᠢᠯᠳᠤᠭᠤᠯᠬᠤ ᠲᠤᠭ᠎ᠠ ᠤᠳᠠᠭ᠎ᠠ ᠶᠢ | ᠲᠦᠷᠭᠡᠳᠬᠡᠵᠦ᠂ ᠣᠯᠠᠨ ᠲᠦᠮᠡᠨ ᠤ ᠨᠣᠮ ᠵᠢᠭᠡᠯᠡᠨ ᠤᠩᠰᠢᠬᠤ ᠳᠤ ᠨᠠᠩ ᠲᠥᠬᠦᠮ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠠᠷᠪᠠ︶ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠠᠰᠤᠵᠤ | ᠬᠡᠯᠲᠦᠷᠢᠭᠦᠯᠦᠨ᠎ᠡ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠠᠭᠠᠭᠠᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠲᠣᠰ ᠭᠠᠵᠠᠷ ᠣᠷᠣᠨ ᠤ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠠᠰᠤᠵᠤ ᠬᠡᠯᠲᠦᠷᠢᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠳᠠᠭᠠᠭᠠᠴᠢᠯᠠᠯᠲᠠ ᠵᠠᠷᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠢᠵᠢ ᠪᠦᠷᠢᠳᠦᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠂ ᠳᠦᠷᠢᠮ ᠤᠨ ᠴᠢᠨᠠᠷᠲᠠᠢ ᠠᠷᠠᠯᠵᠢᠶ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ | ᠳᠠᠷᠤᠭᠠᠰᠤ ᠶᠢ ᠦᠨᠡᠨᠬᠦ ᠭᠥᠩᠭᠡᠯᠡᠨᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ᠂ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 3 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠠᠷᠪᠠᠨ ᠨᠢᠭᠡ︶ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ ᠣᠨᠣᠰᠢᠯᠠᠯᠲᠠ ᠶᠢᠨ ᠦᠷ᠎ᠡ ᠳ᠋ᠦᠩ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | ᠡᠮᠴᠢᠯᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠠᠴᠠ ᠪᠤᠶ ᠪᠣᠯᠤᠭᠰᠠᠨ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ | ᠣᠨᠣᠰᠢᠯᠠᠯᠲᠠ ᠶᠢᠨ ᠦᠷ᠎ᠡ ᠳ᠋ᠦᠩ ᠢ ᠡᠭᠦᠯᠡᠨ ᠦᠵᠦᠭᠦᠷ ᠲᠤ ᠬᠠᠳᠠᠭᠠᠯᠠᠵᠤ᠂ ᠪᠥᠬᠦ ᠬᠤᠲᠠ ᠶᠢᠨ ᠨᠢᠭᠡᠳᠦᠯᠲᠡᠢ ᠦᠢᠯᠡᠴᠢᠯᠡᠭᠡᠨ ᠤ ᠲᠠᠪᠴᠠᠩ᠂ ᠨᠢᠭᠡᠳᠦᠯᠲᠡᠢ ᠲᠤᠭ᠎ᠠ | ᠪᠠᠷᠢᠮᠲᠠ ᠶᠢᠨ ᠬᠠᠳᠠᠭᠠᠯᠠᠯᠲᠠ ᠶᠢ ᠪᠡᠶᠡᠯᠡᠭᠦᠯᠵᠦ᠂ ᠥᠩᠭᠡᠷᠡᠭᠰᠡᠨ ᠤ ᠳᠦᠷᠰᠦ ᠰᠢᠩᠭᠡᠭᠡᠯᠲᠡ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ | ᠰᠡᠭᠦᠳᠡᠷ ᠦᠵᠡᠬᠦ᠂ ᠠᠯᠤᠰ ᠠᠴᠠ ᠠᠰᠠᠭᠤᠨ ᠣᠨᠣᠰᠢᠯᠠᠬᠤ᠂ ᠣᠶᠤᠨᠴᠢ ᠪᠠᠷ ᠬᠠᠪᠰᠤᠷᠤᠨ ᠣᠨᠣᠰᠢᠯᠠᠬᠤ ᠶᠢ ᠳᠡᠮᠵᠢᠵᠦ᠂ ᠡᠮᠨᠡᠯᠭᠡ ᠶᠢᠨ ᠬᠤᠷᠢᠶ᠎ᠠ ᠪᠠ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ ᠬᠤᠯᠪᠣᠭᠠᠯᠠᠬᠤ᠂ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠰᠤᠷᠤᠯᠴᠠᠬᠤ᠂ ᠬᠠᠷᠢᠯᠴᠠᠨ ᠲᠣᠯᠢᠯᠠᠬᠤ ᠶᠢ | ᠤᠯᠠᠮ ᠨᠢᠭᠡ ᠠᠯᠬᠤᠮ ᠠᠬᠢᠭᠤᠯᠵᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠠᠰ ᠬᠤᠪᠢᠶᠠᠨ ᠣᠨᠣᠰᠢᠯᠠᠨ ᠡᠮᠨᠡᠬᠦ ᠪᠠ ᠬᠤᠣᠰ ᠴᠢᠭᠯᠡᠯ ᠢᠶᠠᠷ | ᠰᠢᠯᠵᠢᠭᠦᠯᠦᠨ ᠣᠨᠣᠰᠢᠯᠠᠬᠤ ᠶᠢ ᠪᠦᠲᠦᠮᠵᠢᠲᠡᠶ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠦᠨ᠎ᠡ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 3 ᠰᠠᠷ᠎ᠠ ᠶᠢᠨ 31 ᠤ | ᠡᠳᠦᠷ ᠠᠴᠠ ᠡᠮᠦᠨ᠎ᠡ︶ | ︵ᠠᠷᠪᠠᠨ ᠬᠤᠶᠠᠷ︶ ᠴᠠᠬᠢᠯᠭᠠᠨ ᠬᠦᠴᠦᠨ ᠤ ᠬᠡᠷᠡᠭᠯᠡᠭᠡᠨ ᠤ 5G ᠶᠢᠨ ᠤᠲᠠᠰᠤ ᠦᠭᠡᠢ ᠨᠡᠶᠢᠲᠡ ᠶᠢᠨ ᠰᠦᠯᠵᠢᠶ᠎ᠡ ᠶᠢᠨ ᠲᠤᠰᠬᠠᠢ ᠨᠡᠪᠲᠡᠷᠡᠬᠦ ᠵᠠᠮ ᠢ | ᠪᠦᠲᠦᠭᠡᠨ ᠪᠠᠶᠢᠭᠤᠯᠤᠨ᠎ᠠ᠃ 5G ᠨᠡᠶᠢᠲᠡ ᠶᠢᠨ ᠰᠦᠯᠵᠢᠶᠡᠨ ᠤ ᠤᠲᠠᠰᠤ ᠦᠭᠡᠢ ᠢᠯᠭᠠᠷᠠᠯᠲᠤ ᠬᠠᠮᠠᠭᠠᠯᠠᠯᠲᠠ ᠶᠢᠨ ᠲᠣᠨᠣᠭᠯᠠᠯ ᠤᠨ ᠲᠤᠰᠬᠠᠢ ᠨᠡᠪᠲᠡᠷᠡᠬᠦ ᠵᠠᠮ ᠢ | ᠪᠠᠶᠢᠭᠤᠯᠵᠤ᠂ ᠬᠡᠮ ᠰᠣᠭᠤᠭ ᠤᠨ ᠣᠷᠣᠨ ᠪᠠᠶᠢᠷᠢ ᠶᠢ ᠣᠨᠤᠪᠴᠢᠲᠠᠢ ᠲᠣᠭᠲᠠᠭᠠᠬᠤ ᠪᠠ 60ms ᠲᠤ ᠲᠦᠷᠭᠡᠨ ᠲᠤᠰᠠᠭᠠᠷᠯᠠᠬᠤ ᠶᠢ ᠪᠡᠶᠡᠯᠡᠭᠦᠯᠵᠦ᠂ ᠴᠠᠬᠢᠯᠭᠠᠨ | ᠬᠠᠩᠭᠠᠬᠤ ᠨᠠᠶᠢᠳᠠᠪᠤᠷᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ | ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ︶ | ︵ᠠᠷᠪᠠᠨ ᠭᠤᠷᠪᠠ︶ ᠮᠡᠷᠭᠡᠵᠢᠯ ᠤᠨ ᠴᠢᠨᠠᠷᠲᠠᠢ ᠬᠢᠨᠠᠨ ᠪᠠᠶᠢᠴᠠᠭᠠᠯᠲᠠ ᠶᠢᠨ ᠮᠠᠲ᠋ᠧᠷᠢᠶᠠᠯ ᠢ ᠪᠥᠬᠦ ᠶᠠᠪᠤᠴᠠ ᠪᠠᠷ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | ᠲᠥᠯᠥᠪᠯᠡᠭᠡ ᠶᠢᠨ ᠲᠥᠰᠥᠯ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠵᠡᠷᠭᠡ ᠮᠡᠷᠭᠡᠵᠢᠯ ᠤᠨ ᠴᠢᠨᠠᠷᠲᠠᠢ ᠬᠢᠨᠠᠨ ᠪᠠᠶᠢᠴᠠᠭᠠᠯᠲᠠ ᠶᠢᠨ | ᠮᠠᠲ᠋ᠧᠷᠢᠶᠠᠯ ᠢ ᠪᠥᠬᠦ ᠶᠠᠪᠤᠴᠠ ᠪᠠᠷ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠶᠠᠪᠤᠴᠠ ᠶᠢᠨ ᠡᠮᠦᠨ᠎ᠡ ᠬᠢᠨᠠᠨ ᠪᠠᠶᠢᠴᠠᠭᠠᠬᠤ᠂ ᠶᠠᠪᠤᠴᠠ ᠶᠢᠨ ᠳᠤᠮᠳᠠ ᠪᠠ ᠶᠠᠪᠤᠴᠠ ᠶᠢᠨ ᠳᠠᠷᠠᠭ᠎ᠠ ᠬᠢᠨᠠᠨ | ᠬᠠᠮᠢᠶᠠᠷᠬᠤ ᠳᠤ ᠦᠨᠳᠦᠰᠦᠯᠡᠯ ᠬᠠᠩᠭᠠᠵᠤ᠂ ︽ᠨᠢᠭᠡ ᠢᠵᠢ ᠬᠥᠬᠡ ᠵᠢᠷᠤᠭ︾ ᠢ ᠡᠴᠦᠰ ᠲᠤᠨᠢ ᠲᠤᠯᠲᠠᠯ᠎ᠠ ᠬᠡᠷᠡᠭᠯᠡᠬᠦ ᠶᠢ ᠦᠨᠡᠨᠬᠦ ᠪᠠᠲᠤᠯᠠᠵᠤ᠂ ᠥᠷᠭᠡᠨ ᠣᠯᠠᠨ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ︶ | ︵ᠠᠷᠪᠠᠨ ᠳᠥᠷᠪᠡ︶ ︽ᠦᠨᠡᠮᠯᠡᠯ ᠢᠶᠠᠨ ᠰᠢᠨᠡᠳᠭᠡᠨ ᠰᠣᠯᠢᠬᠤ ᠶᠠᠪᠤᠴᠠ ᠶᠢ ᠳᠥᠭᠦᠮ ᠲᠦᠳᠡᠵᠢᠭᠦᠯᠬᠦ︾ ᠰᠠᠨᠠᠭᠠᠴᠢᠯᠠᠯᠲᠤ ᠦᠢᠯᠡᠴᠢᠯᠡᠭᠡᠨ ᠤ ᠰᠢᠨ᠎ᠡ | ᠵᠠᠭᠪᠤᠷ ᠢ ᠬᠡᠷᠡᠭᠵᠢᠭᠦᠯᠦᠨ᠎ᠡ᠃ ︽ᠦᠨᠡᠮᠯᠡᠯ ᠢᠶᠠᠨ ᠰᠢᠨᠡᠳᠭᠡᠨ ᠰᠣᠯᠢᠬᠤ ᠶᠠᠪᠤᠴᠠ ᠶᠢ ᠳᠦᠭᠦᠮ ᠲᠦᠳᠡᠵᠢᠭᠦᠯᠬᠦ︾ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠦᠨᠡᠮᠯᠡᠯ ᠢᠶᠠᠨ ᠰᠢᠨᠡᠳᠭᠡᠨ ᠰᠣᠯᠢᠬᠤ ᠦᠢᠯᠡᠴᠢᠯᠡᠬᠦ ᠡᠲᠡᠭᠡᠳ ᠢ ᠣᠶᠤᠨᠴᠢ ᠪᠠᠷ ᠰᠢᠯᠢᠨ ᠰᠣᠩᠭᠤᠵᠤ᠂ ᠦᠢᠯᠡᠴᠢᠯᠡᠭᠡᠨ ᠤ ᠰᠠᠨᠠᠭᠤᠯᠤᠮᠵᠢ ᠶᠢ ᠬᠠᠨᠳᠤᠯᠭ᠎ᠠ ᠲᠠᠢ ᠪᠠᠷ | ᠬᠦᠷᠭᠡᠬᠦ᠂ ᠮᠡᠳᠡᠭᠦᠯᠬᠦ ᠮᠠᠲ᠋ᠧᠷᠢᠶᠠᠯ ᠢ ᠠᠦ᠋ᠲ᠋ᠣᠴᠢᠯᠠᠨ ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠶᠢ ᠳᠣᠲᠣᠭᠠᠳᠤ ᠳᠠᠭᠠᠨ ᠡᠷᠭᠢᠯᠳᠦᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ ᠰᠦᠯᠵᠢᠶᠡᠨ ᠭᠠᠳᠠᠨ᠎ᠠ ᠬᠠᠪᠰᠤᠷᠤᠨ ᠭᠦᠢᠴᠡᠳᠬᠡᠬᠦ ᠶᠢ ᠬᠤᠣᠰ ᠴᠢᠭᠯᠡᠯ ᠢᠶᠠᠷ | ᠭᠦᠶᠦᠯᠭᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠪᠥᠬᠦ ᠶᠠᠪᠤᠴᠠ ᠳᠤ ᠥᠪᠡᠷ ᠢᠶᠠᠨ ᠭᠤᠶᠤᠴᠢᠯᠠᠬᠤ ᠴᠢᠬᠤᠯᠠ ᠦᠭᠡᠢ᠂ ᠮᠠᠲ᠋ᠧᠷᠢᠶᠠᠯ ᠢᠶᠠᠨ ᠳᠡᠭᠡᠭᠰᠢ | ᠮᠡᠳᠡᠭᠦᠯᠬᠦ ᠴᠢᠬᠤᠯᠠ ᠦᠭᠡᠢ ᠪᠠᠷ ᠦᠨᠡᠮᠯᠡᠯ ᠢᠶᠠᠨ ᠰᠢᠨᠡᠳᠭᠡᠨ ᠰᠣᠯᠢᠬᠤ ᠶᠢ ᠪᠡᠶᠡᠯᠡᠭᠦᠯᠵᠦ ᠪᠣᠯᠣᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠣᠲᠤᠭ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ︶ | ︵ᠠᠷᠪᠠᠨ ᠲᠠᠪᠤ︶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠦᠳᠡ ᠳᠤ ᠰᠤᠷᠭᠠᠭᠤᠯᠢ ᠳᠤ ᠢᠳᠡᠵᠦ ᠠᠮᠠᠷᠠᠬᠤ ᠰᠡᠳᠬᠢᠯ ᠢ ᠳᠤᠯᠠᠭᠠᠴᠠᠭᠤᠯᠬᠤ | ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠦᠨ᠎ᠡ᠃ ᠡᠵᠡᠨ ᠬᠤᠷᠤᠭ᠎ᠠ ᠬᠤᠰᠢᠭᠤ ᠰᠤᠷᠭᠠᠭᠤᠯᠢ ᠶᠢᠨ ᠴᠢᠳᠠᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠪᠥᠬᠦ | ᠬᠤᠰᠢᠭᠤᠨ ᠤ 30 ᠳᠤᠮᠳᠠᠳᠤ ᠪᠠᠭ᠎ᠠ ᠰᠤᠷᠭᠠᠭᠤᠯᠢ ᠳᠤ ᠦᠳᠡ ᠳᠤ ᠰᠤᠷᠭᠠᠭᠤᠯᠢ ᠳᠤ ᠢᠳᠡᠵᠦ ᠠᠮᠠᠷᠠᠬᠤ ᠦᠢᠯᠡᠴᠢᠯᠡᠭᠡ ᠶᠢ ᠬᠡᠷᠡᠭᠵᠢᠭᠦᠯᠵᠦ᠂ ᠭᠡᠷ ᠤᠨ | ᠠᠬᠠᠮᠠᠳ ᠤᠨ ᠳᠠᠷᠤᠭᠠᠰᠤ ᠶᠢ ᠬᠥᠩᠭᠡᠯᠡᠨ᠂ ᠰᠤᠷᠤᠭᠴᠢᠳ ᠢ ᠲᠠᠭᠠᠲᠠᠢ ᠢᠳᠡᠭᠦᠯᠵᠦ ᠠᠮᠠᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠵᠡᠨ ᠬᠤᠷᠤᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ︶ | ︵ᠠᠷᠪᠠᠨ ᠵᠢᠷᠭᠤᠭ᠎ᠠ︶ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠤᠶᠢᠳᠠᠪᠠᠷ ᠬᠡᠷᠡᠭᠵᠢᠭᠦᠯᠵᠦ ᠳᠠᠭᠤᠷᠢᠶᠠᠯ ᠦᠵᠡᠭᠦᠯᠦᠨ᠎ᠡ᠃ ︽ | ᠨᠡᠭᠦᠷᠡᠰᠦᠲᠥ᠋ᠷᠥᠭᠴᠢ ᠦᠯᠦ ᠭᠠᠳᠠᠭᠰᠢᠯᠠᠬᠤ ᠬᠦᠷᠢᠶᠡᠯᠡᠩ ᠲᠣᠭᠤᠷᠢᠭ︾ ᠢ ᠡᠬᠢᠯᠡᠭᠦᠯᠬᠦ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠣᠶᠤᠨᠴᠢ ᠴᠠᠬᠢᠯᠭᠠᠨ | ᠲᠣᠣᠷ ᠲᠤ ᠲᠦᠰᠢᠭᠯᠡᠨ᠂ ︽ᠴᠠᠬᠢᠯᠭᠠᠨ ᠲᠣᠣᠷ ᠴᠠᠬᠢᠯᠭᠠᠨ ᠰᠤᠷᠪᠤᠯᠵᠢ ᠳᠠᠭᠠᠭᠠᠴᠠ ᠴᠠᠬᠢᠯᠭᠠᠨ ᠡᠨᠧᠷᠭᠢ ᠬᠠᠳᠠᠭᠠᠯᠠᠴᠠ︾ ︽ᠰᠠᠯᠬᠢ ᠭᠡᠷᠡᠯ ᠴᠡᠨᠡᠭ | ᠤᠰᠤᠲᠥ᠋ᠷᠥᠭᠴᠢ ᠬᠠᠳᠠᠭᠠᠯᠠᠴᠠ︾ ᠶᠢᠨ ᠣᠯᠠᠨ ᠡᠨᠧᠷᠭᠢ ᠪᠠᠷ ᠬᠠᠷᠢᠯᠴᠠᠨ ᠨᠥᠬᠦᠪᠦᠷᠢᠯᠡᠬᠦ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠴᠠᠬᠢᠯᠭᠠᠨ ᠲᠣᠣᠷ ᠤᠨ | ᠪᠦᠲᠦᠭᠡᠨ ᠪᠠᠶᠢᠭᠤᠯᠤᠯᠲᠠ ᠶᠢᠨ ᠰᠠᠭᠠᠳ ᠦᠭᠡᠢ ᠨᠡᠪᠲᠡᠷᠡᠬᠦ ᠵᠠᠮ ᠢ ᠬᠠᠶᠢᠨ ᠰᠦᠪᠡᠭᠴᠢᠯᠡᠵᠦ᠂ ᠰᠢᠨ᠎ᠡ ᠡᠨᠧᠷᠭᠢ ᠶᠢ ᠬᠠᠮᠤᠭ ᠤᠨ ᠶᠡᠭᠡ ᠪᠠᠷ ᠰᠢᠩᠭᠡᠬᠡᠨ ᠠᠪᠬᠤ ᠶᠢ | ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ | 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ︶ | ︵ᠠᠷᠪᠠᠨ ᠳᠣᠯᠤᠭ᠎ᠠ︶ ︽ᠭᠡᠷᠡᠴᠢᠯᠡᠯ ᠵᠠᠷᠤᠬᠤ ᠦᠭᠡᠢ︾ ᠬᠤᠲᠠ ᠶᠢ ᠪᠠᠶᠢᠭᠤᠯᠤᠨ᠎ᠠ᠃ ︽ᠭᠡᠷᠡᠴᠢᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ᠂ | ᠭᠡᠷᠡᠴᠢᠯᠡᠯ ᠵᠠᠷᠤᠬᠤ ᠦᠭᠡᠢ ᠪᠠᠷ ᠠᠷᠠᠳ ᠲᠤ ᠠᠰᠢᠭ ᠬᠦᠷᠲᠡᠭᠡᠬᠦ︾ ᠪᠠᠷ ᠵᠣᠷᠢᠯᠲᠠ ᠪᠣᠯᠭᠠᠵᠤ᠂ ᠰᠢᠭᠤᠳ ᠬᠦᠴᠦᠨ ᠦᠭᠡᠢ ᠪᠣᠯᠭᠠᠬᠤ᠂ ᠮᠡᠳᠡᠭᠳᠡᠬᠦ ᠠᠮᠠᠯᠠᠯᠲᠠ ᠬᠢᠬᠦ᠂ | ᠰᠠᠯᠠᠭ᠎ᠠ ᠮᠥᠴᠢᠷ ᠠᠴᠠ ᠬᠢᠨᠠᠨ ᠰᠢᠯᠭᠠᠬᠤ᠂ ᠰᠦᠯᠵᠢᠶᠡᠨ ᠳᠡᠭᠡᠷ᠎ᠡ ᠭᠠᠷᠭᠠᠵᠤ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠶ᠎ᠠ ᠪᠠᠭᠰᠢ ᠲᠣᠭᠤᠷᠢᠭ ᠢ ︽ | ᠬᠠᠤᠯᠢ ᠲᠣᠭᠲᠠᠭᠠᠯ ᠳᠤ ᠲᠣᠭᠲᠠᠭᠰᠠᠨ ᠦᠭᠡᠢ ᠪᠣᠯ ᠴᠥᠮ ᠬᠦᠴᠦᠨ ᠦᠭᠡᠢ ᠪᠣᠯᠭᠠᠬᠤ︾ ᠪᠠ ︽ᠬᠠᠤᠯᠢ ᠲᠣᠭᠲᠠᠭᠠᠯ ᠳᠤ ᠪᠠᠶᠢᠬᠤ ᠪᠣᠯᠪᠠᠴᠤ ᠲᠤᠰᠢᠶᠠᠬᠤ ᠴᠢᠬᠤᠯᠠ | ᠦᠭᠡᠢ︾ ︽ᠭᠡᠷᠡᠴᠢᠯᠡᠯ ᠵᠠᠷᠤᠬᠤ ᠦᠭᠡᠢ︾ ᠬᠤᠲᠠ ᠪᠣᠯᠭᠠᠨ ᠪᠦᠲᠦᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠢᠶ᠎ᠠ ᠪᠠᠭᠰᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠠᠷᠪᠠᠨ ᠨᠠᠢᠮᠠ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠵᠢᠯᠴᠠᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠢ | ᠪᠠᠶᠢᠭᠤᠯᠤᠨ ᠠᠵᠢᠯᠯᠠᠭᠤᠯᠤᠨ᠎ᠠ᠃ ᠡᠯ᠎ᠡ ᠲᠠᠰ ᠳᠠᠪᠬᠤᠷᠭ᠎ᠠ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠰᠣᠯᠢᠯᠴᠠᠬᠤ ᠠᠷᠭ᠎ᠠ ᠵᠠᠮ ᠢ ᠨᠠᠪᠲᠠᠷᠡᠭᠦᠯᠵᠦ᠂ ᠤᠤᠯ ᠤᠨ | ᠲᠤᠭ᠎ᠠ ᠪᠠᠷᠢᠮᠲᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠬᠡᠷᠡᠭᠰᠡᠬᠦ ᠡᠯ᠎ᠡ ᠲᠥᠷᠥᠯ ᠤᠨ | ᠡᠯᠧᠺᠲᠷᠣᠨ ᠮᠠᠲ᠋ᠧᠷᠢᠶᠠᠯ ᠪᠣᠯᠭᠠᠨ ᠰᠢᠢᠳᠪᠦᠷᠢᠯᠡᠵᠦ᠂ ᠴᠠᠭᠠᠰᠤᠨ ᠮᠠᠲ᠋ᠧᠷᠢᠶᠠᠯ ᠲᠤᠰᠢᠶᠠᠬᠤ ᠲᠤᠭ᠎ᠠ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 | ᠰᠠᠷ᠎ᠠ ᠶᠢᠨ 31 ᠤ ᠡᠳᠦᠷ ᠠᠴᠠ ᠡᠮᠦᠨ᠎ᠡ︶ | ︵ᠠᠷᠪᠠᠨ ᠶᠢᠰᠦ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠲᠣᠭᠠᠴᠢᠯᠠᠭᠰᠠᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠥᠪᠰᠢᠶᠡᠷᠡᠭᠦᠯᠬᠦ᠂ ᠪᠠᠷᠢᠯᠭ᠎ᠠ ᠶᠢᠨ ᠠᠵᠢᠯ ᠢ ᠵᠥᠪᠰᠢᠶᠡᠷᠡᠭᠦᠯᠬᠦ ᠵᠡᠷᠭᠡ ᠱᠠᠲᠤᠨ ᠳᠤ᠂ BIM | ︵ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ︶ ᠢᠶᠠᠷ ᠮᠡᠳᠡᠭᠦᠯᠦᠨ ᠪᠠᠶᠢᠭᠤᠯᠬᠤ᠂ ᠵᠢᠷᠤᠭ ᠬᠢᠨᠠᠬᠤ᠂ ᠬᠡᠮᠵᠢᠨ ᠵᠢᠷᠤᠬᠤ ᠵᠡᠷᠭᠡ ᠶᠢ ᠥᠷᠨᠢᠭᠦᠯᠵᠦ᠂ ᠬᠢᠨᠠᠨ | ᠵᠥᠪᠰᠢᠶᠡᠷᠡᠯ᠂ ᠬᠢᠨᠠᠨ ᠬᠠᠮᠢᠶᠠᠷᠤᠯᠲᠠ ᠵᠢᠴᠢ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠵᠡᠷᠭᠡ ᠰᠠᠯᠠᠭ᠎ᠠ ᠮᠥᠴᠢᠷ ᠨᠢ ᠭᠤᠷᠪᠠᠨ ᠬᠡᠮᠵᠢᠯᠲᠦ ᠵᠠᠭᠪᠤᠷ ᠠᠴᠠ | ᠵᠠᠭᠪᠤᠷ ᠤᠨ ᠮᠡᠳᠡᠭᠡ ᠵᠠᠩᠭᠢ ᠶᠢ ᠰᠢᠭᠤᠳ ᠤᠩᠰᠢᠭᠤᠯᠬᠤ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ︵ᠬᠤᠷᠢ︶ ᠣᠯᠠᠨ ᠲᠦᠮᠡᠨ ᠪᠢᠯᠧᠲ ᠥᠭᠴᠦ ᠲᠣᠭᠲᠠᠭᠠᠬᠤ ᠪᠠᠷ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠠᠶᠢᠯᠭᠠᠵᠤ︾ ᠬᠢᠨᠠᠯᠲᠠ | ᠬᠠᠮᠢᠶᠠᠷᠤᠯᠲᠠ ᠳᠤ ᠣᠷᠤᠯᠴᠠᠬᠤ ᠶᠢ ᠬᠡᠷᠡᠭᠵᠢᠭᠦᠯᠦᠨ᠎ᠡ᠃ ᠠᠵᠢᠯ ᠲᠦᠷᠦᠯ ᠤᠨ ᠬᠦᠷᠢᠶᠡᠨ ᠳᠤ ᠰᠦᠯᠵᠢᠶᠡᠨ ᠳᠡᠭᠡᠷ᠎ᠡ ᠤᠯᠠᠨ ᠲᠦᠮᠡᠨ ᠤ ᠰᠠᠨᠠᠯ ᠢ ᠴᠤᠭᠯᠠᠭᠤᠯᠬᠤ | ᠰᠣᠩᠭᠤᠨ ᠪᠠᠶᠢᠴᠠᠭᠠᠯᠲᠠ ᠶᠢ ᠬᠡᠷᠡᠭᠵᠢᠭᠦᠯᠵᠦ᠂ ᠠᠷᠠᠳ ᠤᠯᠠᠨ ᠬᠠᠯᠠᠮᠵᠢᠯᠠᠵᠤ ᠪᠠᠶᠢᠭ᠎ᠠ᠂ ᠨᠡᠶᠢᠭᠡᠮ ᠢᠶᠠᠷ ᠢᠶᠠᠨ ᠠᠩᠬᠠᠷᠴᠤ ᠪᠠᠶᠢᠭ᠎ᠠ ᠠᠵᠢᠯ ᠲᠦᠷᠦᠯ ᠤᠨ | ᠬᠦᠷᠢᠶᠡᠨ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠰᠣᠩᠭᠤᠨ ᠪᠠᠶᠢᠴᠠᠭᠠᠬᠤ ᠬᠠᠷᠢᠴᠠᠯ ᠪᠠ ᠪᠠᠶᠢᠴᠠᠭᠠᠬᠤ ᠲᠤᠭ᠎ᠠ ᠤᠳᠠᠭ᠎ᠠ ᠶᠢ ᠨᠡᠮᠡᠭᠳᠡᠭᠦᠯᠵᠦ᠂ ᠠᠷᠠᠳ ᠤᠨ | ᠲᠥᠯᠥᠭᠡ ᠬᠠᠤᠯᠢ ᠬᠡᠷᠡᠭᠵᠢᠭᠦᠯᠬᠦ ᠶᠢᠨ ᠨᠠᠷᠢᠯᠢᠭ ᠣᠨᠤᠪᠴᠢᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ | ᠪᠠᠶᠢᠷᠢᠰᠢᠯ ᠢ ᠪᠤᠢ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶ | ᠬᠤᠶᠠᠷ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠪᠠᠨ | ᠲᠣᠳᠣᠷᠬᠠᠶᠢᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢᠨ ᠡᠯ᠎ᠡ ᠭᠤᠭᠴᠤᠭ᠎ᠠ ᠶᠢ ᠦᠨᠡᠨᠬᠦ ᠴᠢᠩᠭ᠎ᠠ ᠠᠳᠬᠤᠨ ᠰᠠᠶᠢᠲᠤᠷ | ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ | ︵ᠬᠤᠶᠠᠷ︶ ᠬᠠᠮᠵᠢᠯᠴᠠᠵᠤ ᠬᠠᠮᠲᠤᠷᠠᠨ ᠬᠥᠳᠡᠯᠦᠯᠴᠡᠬᠦ ᠶᠢ ᠨᠢᠭᠡᠳᠦᠯᠲᠡᠢ ᠲᠥᠯᠦᠪᠯᠡᠨᠡ᠃ ᠲᠤᠰᠬᠠᠢ ᠠᠩᠭᠢ ᠪᠠᠷ ᠠᠬᠢᠭᠤᠯᠬᠤ ᠠᠵᠢᠯ ᠤᠨ ᠲᠣᠭᠲᠠᠴᠠ ᠶᠢ | ᠴᠢᠩᠭᠠᠳᠬᠠᠵᠤ᠂ ᠡᠭᠦᠷᠭᠡ ᠶᠢ ᠲᠣᠭᠠᠵᠢᠭᠤᠯᠤᠨ ᠲᠣᠬᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠡᠭᠦᠷᠭᠡ ᠳᠤ ᠬᠤᠯᠪᠣᠭᠳᠠᠬᠤ ᠬᠤᠰᠢᠭᠤ ᠲᠣᠭᠤᠷᠢᠭ ᠪᠠ | ᠰᠠᠯᠠᠭ᠎ᠠ ᠮᠥᠴᠢᠷ ᠤᠳ ᠬᠠᠷᠢᠯᠴᠠᠨ ᠵᠣᠯᠭᠠᠭᠤᠯᠬᠤ᠂ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠤᠷᠤᠭᠰᠢᠲᠠᠢ | ᠶᠠᠪᠤᠭᠳᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ | ︵ᠭᠤᠷᠪᠠ︶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠱᠠᠲᠤ ᠦᠶ᠎ᠡ ᠶᠢᠨ ᠪᠦᠲᠦᠮᠵᠢᠲᠡᠶ ᠠᠷᠭ᠎ᠠ ᠪᠠᠷᠢᠯ ᠪᠠ ᠠᠮᠵᠢᠯᠲᠠ ᠲᠠᠢ | ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠠᠵᠢᠯ ᠤᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠮᠡᠳᠡᠭᠡᠯᠡᠨ᠂ ᠨᠡᠶᠢᠭᠡᠮ ᠤᠨ ᠬᠦᠴᠦᠨ ᠤ ᠣᠷᠣᠯᠴᠠᠬᠤ ᠶᠢ | ᠭᠦᠢᠴᠡᠳ ᠳᠠᠶᠢᠴᠢᠯᠠᠨ᠂ ᠠᠮᠢᠳᠤᠯᠢᠭ ᠥᠯᠢᠭᠡᠷ ᠢ ᠲᠠᠰᠤᠷᠠᠯᠲᠠ ᠦᠭᠡᠢ ᠠᠭᠤᠳᠠᠯᠵᠤ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠠ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠤᠬᠠᠭᠤᠯᠵᠤ ᠬᠥᠲᠥᠯᠥᠨ ᠵᠢᠯᠤᠭᠤᠳᠬᠤ ᠪᠠ ᠣᠯᠠᠨ ᠨᠡᠶᠢᠲᠡ ᠳᠤ | ᠤᠯᠠᠮᠵᠢᠯᠠᠨ ᠳᠠᠮᠵᠢᠭᠤᠯᠬᠤ ᠶᠢ ᠰᠠᠶᠢᠲᠤᠷ ᠬᠢᠵᠦ᠂ ᠰᠠᠶᠢᠨ ᠳᠠᠭᠤᠨ ᠢ ᠴᠤᠤᠷᠢᠶᠠᠳᠤᠭᠤᠯᠵᠤ᠂ ᠵᠥᠪ ᠡᠨᠧᠷᠭᠢ ᠶᠢ ᠳᠠᠮᠵᠢᠭᠤᠯᠵᠤ᠂ ᠰᠠᠶᠢᠨ ᠣᠷᠴᠢᠨ ᠲᠣᠭᠤᠷᠢᠨ ᠢ | ᠪᠣᠶ ᠪᠣᠯᠭᠠᠬᠤ ᠬᠡᠷᠡᠭᠲᠡᠢ᠃ | | | |