ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵2023 ᠣᠨ︶ ᠶᠢ ᠨᠡᠶᠢᠲᠡᠯᠡᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ  ᠤᠷᠳᠤᠰ ᠵᠠᠰᠠᠭ ᠲᠠᠷᠬᠠᠭᠠᠭᠰᠠᠨ ﹇2023﹈ 62 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶᠢ  ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 208 ᠳ᠋ᠤᠭᠠᠷ ᠲᠣᠭᠠᠲᠤ ᠵᠠᠷᠯᠢᠭ︶ ᠵᠢᠴᠢ ︽︿ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ﹀ ᠲᠤᠰᠬᠠᠢ ᠠᠵᠢᠯᠯᠠᠭ᠎ᠠ ᠶᠢ ᠥᠷᠨᠢᠭᠦᠯᠵᠦ ᠶᠡᠭᠡ ᠲᠠᠯ᠎ᠠ ᠳᠤ ᠦᠢᠯᠡᠴᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ᠴᠠᠬᠢᠯᠭᠠᠨ ﹇2022﹈ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠣᠷᠳᠣᠰ ᠬᠤᠲᠠ ᠶᠢᠨ ᠲᠤᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵2020 ᠣᠨ︶︾ ︵ᠣᠷᠳᠣᠰ ᠵᠠᠰᠠᠭ ᠲᠠᠷᠬᠠᠭᠠᠭᠰᠠᠨ ﹇2020﹈ 36 ᠳ᠋ᠤᠭᠠᠷ ᠲᠣᠭᠠᠲᠤ︶ ᠶᠢᠨ ᠰᠠᠭᠤᠷᠢᠨ ᠳᠡᠭᠡᠷ᠎ᠡ᠂ ︽ᠣᠷᠳᠣᠰ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾ ᠲᠠᠢ ᠤᠶᠠᠯᠳᠤᠭᠤᠯᠤᠨ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ︽ᠣᠷᠳᠣᠰ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵2023 ᠣᠨ︶︾ ᠶᠢ ᠪᠣᠶ ᠪᠣᠯᠭᠠᠵᠤ᠂ ᠡᠳᠦᠭᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ︽ᠣᠷᠳᠣᠰ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵2023 ᠣᠨ︶︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠨᠡᠶᠢᠲᠡᠯᠡᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠠᠴᠠ ᠭᠠᠳᠠᠨ᠎ᠠ ᠪᠤᠰᠤᠳ ᠵᠠᠰᠠᠭ ᠵᠠᠬᠢᠷᠭᠠᠨ ᠤ ᠡᠷᠬᠡ ᠲᠤᠰᠢᠶᠠᠯ ᠢ ᠲᠣᠭᠲᠠᠭᠠᠬᠤ ᠪᠠ ᠬᠡᠷᠡᠭᠵᠢᠭᠦᠯᠵᠦ ᠪᠣᠯᠬᠤ ᠦᠭᠡᠢ᠃     ᠬᠤᠶᠠᠷ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠡᠶᠢᠲᠡᠯᠡᠬᠦ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠵᠢᠴᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ᠂ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠭᠰᠡᠨ ᠵᠡᠷᠭᠡ ᠪᠠᠶᠢᠳᠠᠯ ᠢ ᠦᠨᠳᠦᠰᠦᠯᠡᠨ᠂ ᠲᠣᠰ ᠬᠤᠰᠢᠭᠤ ᠲᠣᠭᠤᠷᠢᠭ᠂ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠠᠷᠢᠨ ᠳᠠᠩᠰᠠ ᠶᠢᠨ ᠬᠠᠤᠯᠢ ᠶᠣᠰᠣᠴᠢ ᠴᠢᠨᠠᠷ᠂ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃     ᠭᠤᠷᠪᠠ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠳᠤ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠢ᠃                                                  ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                  2023 ᠣᠨ ᠤ 9 ᠰᠠᠷ᠎ᠠ ᠶᠢᠨ 23 ᠤ ᠡᠳᠦᠷ
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ