ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠰᠠᠶᠢᠵᠢᠷᠠᠭᠤᠯᠬᠤ ᠠᠵᠢᠯ ᠤᠨ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ  ᠤᠷᠳᠤᠰ ᠵᠠᠰᠠᠭ ᠲᠠᠷᠬᠠᠭᠠᠭᠰᠠᠨ ﹇2023﹈ 66 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2024/1/18
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤ᠄     ᠡᠨᠡ ᠵᠢᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠨᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠮᠠᠨ ᠤ ᠬᠤᠲᠠ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠪᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠲᠥᠬᠦᠭᠡᠷᠦᠮᠵᠢᠲᠦ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠤᠲᠤᠭ ᠪᠡᠯᠴᠢᠭᠡᠷ ᠤᠨ ᠠᠶᠠᠨᠳᠠᠭᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠰᠠᠶᠢᠵᠢᠷᠠᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ     ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠨ᠎ᠠ᠃ ᠣᠳᠣᠬᠠᠨ ᠳᠤ᠂ ᠶᠠᠭ ᠪᠥᠬᠦ ᠬᠤᠲᠠ ᠪᠠᠷ ᠢᠶᠠᠨ ᠬᠦᠴᠦᠨ ᠢᠶᠠᠨ ᠲᠥᠪᠯᠡᠷᠡᠭᠦᠯᠦᠨ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠥᠪᠴᠢ ᠶᠢᠨ ᠡᠯᠡᠰᠦ ᠶᠢ ᠪᠦᠬᠦ ᠲᠠᠯ᠎ᠠ ᠪᠠᠷ ᠵᠠᠰᠠᠬᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠰᠦᠨᠦᠭᠡᠬᠦ᠂ ︽ᠠᠷᠪᠠᠨ ᠶᠡᠭᠡ ᠬᠥᠨᠳᠡᠢ︾ ᠶᠢ ᠰᠢᠰᠲ᠋ᠧᠮ ᠲᠠᠢ ᠵᠠᠰᠠᠬᠤ᠂ ᠤᠰᠤ ᠶᠢ ᠠᠷᠪᠢᠯᠠᠵᠤ ᠤᠰᠤ ᠶᠢ ᠡᠵᠡᠮᠳᠡᠬᠦ ᠵᠡᠷᠭᠡ ᠪᠠᠷ ᠭᠤᠣᠯᠳᠠᠯᠭ᠎ᠠ ᠪᠣᠯᠭᠠᠭᠰᠠᠨ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠥᠪᠯᠡᠷᠡᠭᠦᠯᠦᠨ ᠠᠵᠢᠯ ᠡᠬᠢᠯᠡᠭᠦᠯᠵᠦ᠂ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠤᠭᠲᠤᠨ ᠠᠪᠴᠢᠷᠠᠪᠠ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠡᠯ᠎ᠡ ᠱᠠᠲᠤᠨ ᠤ ᠬᠦᠴᠦᠨ ᠢ ᠪᠦᠬᠦ ᠲᠠᠯ᠎ᠠ ᠪᠠᠷ ᠲᠠᠶᠢᠴᠢᠯᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃  ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠠᠯᠴᠢᠨ ᠲᠠᠷᠢᠶᠠᠴᠢᠳ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠦᠴᠦᠯᠡᠨ ᠳᠡᠭᠡᠭᠰᠢᠯᠡᠭᠦᠯᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠪᠦᠲᠦᠭᠡᠨ ᠪᠠᠶᠢᠭᠤᠯᠬᠤ ᠬᠠᠮᠢᠶᠠᠷᠬᠤ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠤᠨ᠎ᠠ᠃      ᠬᠤᠶᠠᠷ᠂ ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠴᠢᠩᠭ᠎ᠠ ᠨᠠᠶᠢᠲᠠᠪᠤᠷᠢᠵᠢᠭᠤᠯᠤᠨ᠎ᠠ     ᠣᠶᠢᠷ᠎ᠠ ᠶᠢᠨ ᠬᠤᠭᠤᠴᠠᠭᠠᠨ ᠳᠤ᠂ ᠱᠠᠯᠠᠪᠳᠠᠭᠤᠯᠤᠨ ᠲᠣᠭᠤᠷᠢᠨ ᠪᠠᠶᠢᠴᠠᠭᠠᠬᠤ ᠶᠠᠪᠤᠴᠠ ᠳᠤ ᠵᠠᠷᠢᠮ ᠭᠠᠵᠠᠷ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠤᠨ ᠲᠤᠬᠠᠢ ᠲᠠᠨᠢᠯᠲᠠ ᠬᠦᠷᠦᠯᠴᠡᠬᠦ ᠦᠭᠡᠢ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠦᠭᠡᠢ᠂ ᠴᠢᠬᠤᠯᠠ ᠶᠡᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠪᠦᠷᠢᠨ ᠲᠡᠭᠦᠯᠳᠡᠷ ᠪᠤᠰᠤ᠂ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠬᠤ ᠨᠢ ᠬᠦᠷᠦᠯᠴᠡᠬᠦ ᠦᠭᠡᠢ ᠪᠠᠶᠢᠬᠤ ᠶᠢ ᠢᠯᠡᠷᠡᠭᠦᠯᠪᠡ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠮᠢᠶᠠᠷᠴᠤ ᠬᠠᠮᠠᠭᠠᠯᠠᠬᠤ ᠵᠡᠷᠭᠡ ᠡᠭᠦᠷᠭᠡ ᠬᠠᠷᠠᠯᠲᠠ ᠶᠢᠨ ᠲᠣᠭᠤᠷᠢᠨ ᠳᠤ᠂ ᠡᠯ᠎ᠡ ᠵᠦᠢᠯ ᠤᠨ ᠠᠵᠢᠯ ᠢ ᠦᠨᠡᠨᠬᠦ ᠴᠢᠩᠭ᠎ᠠ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠢᠨᠠᠨ ᠪᠠᠶᠢᠴᠠᠭᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠪᠠᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ︾ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 64 ᠳ᠋ᠦ᠋ᠭᠡᠷ ᠲᠣᠭᠠᠲᠤ︶ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠦᠨᠳᠦᠰᠦᠯᠡᠵᠦ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠪᠠᠶᠢᠳᠠᠯ ᠵᠡᠷᠭᠡ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠡᠯᠴᠢᠭᠡᠷᠯᠡᠭᠦᠯᠬᠦ ᠳᠤ ᠲᠣᠬᠢᠷᠠᠬᠤ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠬᠠᠷᠢᠭᠤᠴᠠᠯᠭ᠎ᠠ ᠶᠢᠨ ᠪᠢᠴᠢᠭ ᠢ ᠱᠠᠲᠤ ᠳᠠᠷᠠᠭᠠᠯᠠᠨ ᠲᠣᠭᠲᠠᠭᠠᠬᠤ ᠶᠢᠨ ᠬᠠᠮᠲᠤ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠶᠢ ᠨᠥᠭᠡᠴᠡᠯᠡᠨ ᠬᠠᠩᠭᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠬᠠᠳᠤᠯᠠᠩ ᠪᠡᠯᠴᠢᠭᠡᠷ ᠢᠶᠠᠨ ᠥᠪᠡᠰᠦᠪᠡᠨ ᠰᠠᠶᠢᠵᠢᠷᠠᠭᠤᠯᠤᠨ ᠵᠠᠰᠠᠬᠤ ᠶᠢ ᠵᠣᠷᠢᠭᠵᠢᠭᠤᠯᠤᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠭᠠᠷᠭᠠᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠪᠦᠲᠦᠮᠵᠢᠲᠡᠶ ᠠᠰᠢᠭᠯᠠᠨ ᠮᠠᠯ ᠢᠶᠠᠨ ᠲᠦᠷᠭᠡᠨ ᠭᠠᠷᠭᠠᠵᠤ ᠣᠯᠠᠨ ᠭᠠᠷᠭᠠᠬᠤ ᠶᠢ ᠠᠬᠢᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠪᠡᠯᠴᠢᠭᠡᠷᠯᠡᠭᠦᠯᠬᠦ ᠶᠢ ᠬᠤᠷᠢᠭᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠢᠯᠡ ᠲᠣᠳᠣ ᠲᠡᠮᠳᠡᠭ ᠪᠠᠶᠢᠷᠢᠯᠠᠭᠤᠯᠵᠤ᠂ ᠬᠦᠷᠢᠶ᠎ᠡ ᠬᠡᠪᠴᠢᠶ᠎ᠡ᠂ ᠠᠷᠭ᠎ᠠ ᠬᠡᠮᠵᠢᠶ᠎ᠡ᠂ ᠬᠠᠷᠢᠭᠤᠴᠠᠬᠤ ᠬᠦᠮᠦᠨ ᠵᠡᠷᠭᠡ ᠵᠦᠢᠯ ᠤᠳ ᠢ ᠲᠣᠳᠣᠷᠬᠠᠶᠢᠯᠠᠵᠤ᠂ ᠪᠥᠬᠦ ᠵᠢᠯ ᠳᠤ ᠪᠡᠯᠴᠢᠭᠡᠷᠯᠡᠭᠦᠯᠵᠦ ᠪᠣᠯᠬᠤ ᠦᠭᠡᠢ᠃ ᠮᠠᠯ ᠪᠡᠯᠴᠢᠭᠡᠷ ᠢ  ᠲᠡᠩᠴᠡᠭᠦᠷᠢ ᠲᠠᠢ ᠪᠠᠶᠢᠯᠭᠠᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠣᠯᠣᠨ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ᢭ ᠲᠤ ᠥᠨᠵᠢᠭᠦᠯᠦᠨ ᠪᠡᠯᠴᠢᠭᠡᠷᠯᠡᠭᠦᠯᠦᠨ᠎ᠡ᠃      ᠭᠤᠷᠪᠠ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠨᠢᠭᠡᠳᠬᠡᠵᠦ᠂ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠂ ᠣᠲᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠤᠲᠤᠭ ᠪᠡᠯᠴᠢᠭᠡᠷ ᠤᠨ ᠪᠡᠯᠴᠢᠭᠡᠷ ᠤᠨ ᠳᠠᠭᠠᠭᠠᠴᠠ ᠶᠢ ᠴᠢᠩᠭ᠎ᠠ ᠬᠢᠵᠠᠭᠠᠷᠯᠠᠨ᠂ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯ ᠠᠵᠤ ᠠᠬᠤᠢ ᠶᠢ ᠮᠠᠯ ᠮᠠᠯᠵᠢᠬᠤ ᠠᠴᠠ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠬᠡᠲᠦ ᠪᠡᠯᠴᠢᠭᠡᠷᠯᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠤᠲᠤᠭ ᠪᠡᠯᠴᠢᠭᠡᠷ ᠢᠶᠠᠨ ᠨᠥᠭᠡᠴᠡᠯᠡᠵᠦ᠂ ᠬᠠᠮᠠᠭᠠᠯᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠵᠣᠬᠢᠬᠤ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠮᠠᠯᠵᠢᠬᠤ ᠣᠷᠣᠨ ᠳᠤ ︽ᠪᠠᠶᠢᠭᠠᠯᠢᠯᠢᠭ ᠨᠤᠲᠤᠭ ᠪᠡᠯᠴᠢᠭᠡᠷ + ᠲᠠᠷᠢᠮᠠᠯ ᠪᠡᠯᠴᠢᠭᠡᠷ + ᠵᠣᠬᠢᠬᠤ ᠬᠡᠪᠴᠢᠶᠡᠲᠦ ᠲᠡᠵᠢᠭᠡᠨ ᠦᠷᠡᠵᠢᠭᠦᠯᠬᠦ︾ ᠶᠢ ᠬᠠᠷᠢᠯᠴᠠᠨ ᠢᠵᠢ ᠪᠦᠷᠢᠳᠦᠭᠦᠯᠦᠭᠰᠡᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠲᠠᠷᠢᠶᠠᠯᠠᠬᠤ ᠣᠷᠣᠨ ᠳᠤ ︽ᠬᠦᠷᠢᠶᠡᠯᠡᠩ ᠲᠣᠭᠤᠷᠢᠭᠵᠢᠭᠤᠯᠤᠨ ᠲᠡᠵᠢᠭᠡᠨ ᠦᠷᠡᠵᠢᠭᠦᠯᠬᠦ + ᠦᠢᠯᠡᠳᠪᠦᠷᠢᠵᠢᠭᠦᠯᠦᠨ ᠪᠣᠷᠳᠣᠵᠤ ᠲᠠᠷᠭᠤᠯᠠᠭᠤᠯᠬᠤ + ᠣᠳᠣᠬᠢᠴᠢᠯᠠᠭᠰᠠᠨ ᠨᠠᠷᠢᠯᠢᠭ ᠭᠦᠨᠵᠡᠭᠡᠢ ᠡᠳ᠋ᠰᠢᠭᠦᠯᠬᠦ︾ ᠪᠥᠬᠦ ᠠᠵᠤ ᠦᠢᠯᠡᠰ ᠤᠨ ᠬᠡᠯᠬᠢᠶᠡᠵᠢᠭᠰᠡᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠠᠮᠤ ᠪᠤᠳᠠᠭ᠎ᠠ ᠲᠡᠵᠢᠭᠡᠯ ᠪᠣᠷᠳᠤᠭ᠎ᠠ ᠪᠠ ᠡᠰᠢ ᠰᠦᠷᠡᠯ ᠤᠨ ᠲᠡᠵᠢᠭᠡᠯ ᠪᠣᠷᠳᠣᠭᠠᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠶᠢ ᠬᠠᠰᠢᠶᠠᠯᠠᠨ ᠲᠡᠵᠢᠭᠡᠬᠦ᠂ ᠡᠷᠴᠢᠮᠵᠢᠭᠦᠯᠬᠦ᠂ ᠬᠡᠪᠴᠢᠶᠡᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠢ ᠥᠷᠭᠡᠳᠬᠡᠵᠦ᠂ ᠴᠢᠨᠠᠷ ᠰᠠᠶᠢᠲᠠᠢ ᠨᠣᠭᠤᠭᠠᠨ ᠪᠦᠳᠦᠭᠦᠯᠢᠭ ᠪᠣᠷᠳᠣᠭᠠᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠰᠢ ᠰᠦᠷᠡᠯ ᠢ ᠨᠣᠭᠤᠭᠠᠨ ︵ᠰᠢᠷ᠎ᠠ︶ ᠪᠠᠷ ᠳᠠᠷᠤᠰᠢᠭᠤᠯᠤᠨ ᠬᠠᠳᠠᠭᠠᠯᠠᠬᠤ᠂ ᠪᠠᠭ᠎ᠠ ᠯᠠ ᠳᠠᠷᠤᠰᠢᠭᠤᠯᠬᠤ ᠵᠡᠷᠭᠡ ᠪᠣᠯᠪᠠᠰᠤᠷᠠᠭᠤᠯᠬᠤ ᠮᠡᠷᠭᠡᠵᠢᠯ ᠢ ᠳᠡᠯᠭᠡᠷᠡᠭᠦᠯᠵᠦ᠂ ᠨᠣᠭᠤᠭᠠᠨ ᠢᠶᠠᠷ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠬᠡᠵᠦ᠂ ᠡᠷᠳᠡᠨᠢ ᠰᠢᠰᠢ᠂ ᠪᠤᠭᠤᠳᠠᠢ ᠵᠡᠷᠭᠡ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠡᠩ ᠤᠨ ᠲᠠᠷᠢᠶᠠᠨ ᠭᠠᠵᠠᠷ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ  ᠰᠡᠷᠭᠦᠭᠡᠬᠦ᠂ ᠠᠭᠤᠷᠬᠠᠢ ᠶᠢᠨ ᠣᠷᠣᠨ ᠢ ᠲᠠᠷᠢᠶᠠᠨ ᠭᠠᠵᠠᠷ ᠪᠣᠯᠭᠠᠨ ᠰᠡᠷᠭᠦᠭᠡᠬᠦ᠂ ᠡᠯᠡᠰᠦᠷᠬᠡᠭ ᠣᠷᠣᠨ ᠢ ᠰᠠᠶᠢᠵᠢᠷᠠᠭᠤᠯᠤᠭᠰᠠᠨ ᠭᠠᠵᠠᠷ ᠵᠢᠴᠢ ᠬᠤᠵᠢᠷᠯᠢᠭ ᠭᠠᠵᠠᠷ ᠢ ᠠᠰᠢᠭᠯᠠᠨ᠂ ᠴᠠᠷᠭᠠᠰᠤ᠂ ᠨᠣᠬᠠᠢ ᠶᠢᠨ ᠬᠤᠰᠢᠭᠤ ᠵᠢᠴᠢ ᠬᠢᠶᠠᠭ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ︽ᠤᠰᠤ ᠪᠠᠷ ᠪᠡᠯᠴᠢᠭᠡᠷ ᠢ ᠲᠣᠭᠲᠠᠭᠠᠬᠤ᠂ ᠪᠡᠯᠴᠢᠭᠡᠷ ᠢᠶᠠᠷ ᠮᠠᠯ ᠢ ᠲᠣᠭᠲᠠᠭᠠᠬᠤ︾ ᠶᠢ ᠪᠠᠷᠢᠮᠲᠠᠯᠠᠵᠤ᠂ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠣᠷᠳᠣᠰ ᠰᠢᠪᠠᠭ ᠤᠨ ᠪᠡᠯᠴᠢᠭᠡᠷ ᠤᠨ ᠰᠠᠶᠢᠵᠢᠷᠠᠭᠤᠯᠤᠯᠲᠠ ᠶᠢ ᠠᠬᠢᠭᠤᠯᠵᠤ᠂ ᠬᠠᠭᠠᠯᠪᠤᠷᠢᠯᠠᠬᠤ ᠦᠭᠡᠢ ᠪᠠᠷ ᠨᠥᠬᠦᠵᠦ ᠳᠠᠷᠢᠬᠤ ᠠᠷᠭ᠎ᠠ ᠮᠠᠶ᠋ᠢᠭ ᠢᠶᠠᠷ ᠳᠡᠮᠵᠢᠨ ᠨᠢᠮᠪᠡᠭᠡ ᠵᠡᠷᠭᠡ ᠲᠡᠵᠢᠭᠡᠯ ᠪᠣᠷᠳᠣᠭᠠᠨ ᠤ ᠪᠣᠳᠠ ᠮᠣᠳᠣ ᠵᠢᠴᠢ ᠣᠯᠠᠨ ᠨᠠᠰᠤᠲᠤ ᠴᠢᠨᠠᠷ ᠰᠠᠶᠢᠲᠠᠢ ᠲᠡᠵᠢᠭᠡᠯ ᠡᠪᠡᠰᠦ ᠶᠢ ᠳᠠᠷᠢᠵᠤ᠂ ᠪᠠᠶᠢᠭᠠᠯᠢᠯᠢᠭ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠮᠵᠢ ᠪᠠ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠢᠮᠪᠡᠭᠡ ᠪᠣᠳᠠ ᠰᠥᠭᠡᠭ ᠮᠣᠳᠣ ᠶᠢ ᠬᠠᠮᠢᠶᠠᠷᠴᠤ ᠬᠠᠮᠠᠭᠠᠯᠠᠬᠤ᠂ ᠭᠤᠤᠷᠰᠤ ᠲᠡᠭᠰᠢᠯᠡᠬᠦ᠂ ᠪᠣᠯᠪᠠᠰᠤᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠪᠠᠷᠢᠮᠵᠢᠶᠠᠵᠢᠭᠤᠯᠬᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠨᠢᠮᠪᠡᠭᠡ ᠶᠢᠨ ᠪᠣᠷᠳᠤᠭ᠎ᠠ ᠶᠢ ᠡᠳ᠋ᠰᠢᠭᠦᠯᠦᠨ ᠬᠤᠪᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠲᠣᠭᠤᠷᠢᠭ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠪᠦᠲᠦᠮᠵᠢᠲᠡᠶ ᠥᠷᠭᠡᠳᠭᠡᠨ᠎ᠡ᠃      ᠳᠥᠷᠪᠡ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠨᠠᠶᠢᠲᠠᠪᠤᠷᠢᠵᠢᠭᠤᠯᠤᠨ᠎ᠠ      ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠬᠦᠴᠦᠨ ᠪᠠ ᠥᠷᠭᠡᠨ ᠣᠯᠠᠨ ᠮᠠᠯᠴᠢᠨ ᠲᠠᠷᠢᠶᠠᠴᠢᠨ ᠢ ᠥᠷᠭᠡᠨ ᠢᠶᠠᠷ ᠳᠠᠶᠢᠴᠢᠯᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠳᠤ ᠢᠳᠡᠪᠬᠢᠲᠡᠢ ᠣᠷᠣᠯᠴᠠᠭᠤᠯᠵᠤ᠂ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠬᠤᠯᠪᠤᠭᠠᠯᠠᠨ ᠬᠠᠤᠯᠢ ᠬᠡᠷᠡᠭᠵᠢᠭᠦᠯᠬᠦ᠂ ᠬᠢᠨᠠᠨ ᠪᠠᠶᠢᠴᠠᠭᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠥᠴᠦᠬᠡᠨ ᠴᠦ ᠬᠠᠶᠠᠭᠳᠠᠭᠤᠯᠤᠯ ᠦᠭᠡᠢ᠂ ᠳᠠᠩᠰᠠ ᠡᠪᠬᠡᠮᠡᠯ ᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︽ᠲᠣᠣᠷᠵᠢᠯ ᠴᠡᠭ᠂ ᠬᠠᠷᠢᠭᠤᠴᠠᠯᠭ᠎ᠠ᠂ ᠬᠠᠷᠢᠭᠤᠴᠠᠬᠤ ᠬᠦᠮᠦᠨ ᠢ ᠲᠣᠭᠲᠠᠭᠠᠬᠤ︾ ᠵᠠᠷᠴᠢᠮ ᠶᠣᠰᠣᠭᠠᠷ᠂ ᠪᠦᠬᠦ ᠲᠠᠯ᠎ᠠ ᠶᠢ ᠬᠠᠮᠤᠷᠤᠭᠰᠠᠨ ᠲᠣᠥᠷᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠠᠮᠢᠶᠠᠷᠴᠤ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠣᠳᠣᠬᠢᠴᠢᠯᠠᠭᠰᠠᠨ᠂ ᠮᠡᠳᠡᠭᠡ ᠵᠠᠩᠭᠢᠵᠢᠭᠰᠠᠨ᠂ ᠣᠶᠤᠨᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠶᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠯᠤᠭ᠎ᠠ ᠬᠤᠯᠪᠣᠭᠳᠠᠭᠤᠯᠬᠤ ᠳᠦᠷᠢᠮ ᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠣᠨ ᠤ ᠬᠠᠷᠠᠯᠲᠠᠲᠤ ᠰᠢᠯᠭᠠᠨ ᠬᠢᠨᠠᠯᠲᠠ ᠳᠤ ᠣᠷᠣᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠤᠨ ᠰᠢᠯᠭᠠᠨ ᠬᠢᠨᠠᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠥᠨᠵᠢᠭᠦᠯᠦᠨ ᠪᠡᠯᠴᠢᠭᠡᠷᠯᠡᠭᠦᠯᠬᠦ ᠠᠵᠢᠯ ᠤᠨ ᠦᠷ᠎ᠡ ᠪᠦᠲᠦᠮᠵᠢ ᠪᠠᠷ ᠲᠣᠪᠣᠶᠢᠮ᠎ᠠ ᠪᠠᠶᠢᠭ᠎ᠠ ᠭᠠᠵᠠᠷ ᠣᠷᠣᠨ ᠳᠤ ᠲᠥᠷᠥᠯ ᠵᠦᠢᠯ᠂ ᠪᠡᠯᠡ ᠮᠥᠩᠭᠦ ᠵᠡᠷᠭᠡ ᠲᠠᠯ᠎ᠠ ᠪᠠᠷ ᠬᠡᠯᠪᠡᠶᠢᠯᠭᠡᠬᠦ ᠬᠡᠷᠡᠭᠲᠡᠢ︔ ᠠᠵᠢᠯᠯᠠᠭ᠎ᠠ ᠨᠢ ᠬᠦᠴᠦᠨ ᠦᠭᠡᠢ᠂ ᠬᠢᠨᠠᠨ ᠬᠠᠮᠢᠶᠠᠷᠬᠤ ᠶᠢ ᠣᠮᠲᠣᠭᠠᠶᠢᠯᠠᠭᠰᠠᠨ᠂ ᠮᠠᠯ ᠪᠡᠯᠴᠢᠭᠡᠷᠯᠡᠭᠦᠯᠬᠦ ᠪᠤᠶᠤ ᠬᠤᠯᠠᠭᠠᠢ ᠪᠠᠷ ᠮᠠᠯ ᠪᠡᠯᠴᠢᠭᠡᠷᠯᠡᠭᠦᠯᠬᠦ ᠰᠦᠨᠢ ᠮᠠᠯ ᠪᠡᠯᠴᠢᠭᠡᠷᠯᠡᠭᠦᠯᠬᠦ ᠦᠵᠡᠭᠳᠡᠯ ᠬᠦᠨᠳᠦ ᠨᠣᠴᠢᠲᠠᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠠᠰᠠᠭᠤᠳᠠᠯ ᠲᠣᠪᠣᠶᠢᠮ᠎ᠠ ᠪᠠᠶᠢᠭ᠎ᠠ ᠭᠠᠵᠠᠷ ᠣᠷᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠨ᠎ᠠ᠃                                               ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                   2023 ᠣᠨ ᠤ 10 ᠰᠠᠷ᠎ᠠ ᠶᠢᠨ 12 ᠤᠨ ᠡᠳᠦᠷ
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ