ᠮᠠᠰᠢᠨ ᠲᠡᠷᠭᠡᠨ ᠤ ᠦᠢᠯᠡᠳᠪᠦᠷᠢᠯᠡᠯ ᠪᠠ ᠪᠤᠷᠤᠯᠠᠭᠤᠯᠭ᠎ᠠ ᠲᠤᠰ ᠪᠦᠷᠢ 3000 ᠲᠦᠮᠡ ᠶᠢ ᠳᠠᠪᠠᠵᠠᠢ
ᠨᠡᠶᠢᠲᠡᠯᠡᠭᠰᠡᠨ ᠴᠠᠭ᠄
2024/1/18
    1 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠬᠡᠮᠯᠢᠭ ᠠᠴᠠ ᠣᠶᠢᠯᠭᠠᠭᠰᠠᠨ ᠢᠶᠠᠷ 2023 ᠤᠨ  ᠳᠤ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠤᠨ ᠬᠡᠮᠵᠢᠶ᠎ᠡ ᠪᠠ ᠪᠤᠷᠤᠯᠠᠭᠤᠯᠭ᠎ᠠ ᠶᠢᠨ ᠬᠡᠮᠵᠢᠶ᠎ᠡ ᠨᠢ ᠲᠤᠰ ᠪᠦᠷᠢ 3016.1 ᠲᠦᠮᠡ ᠪᠠ 3009.4 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 11.6% ᠪᠠ 12% ᠢᠶᠠᠷ ᠨᠡᠮᠡᠭᠳᠡᠵᠡᠢ᠃ ᠡᠭᠦᠨ ᠳᠤ᠂ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠤᠨ ᠬᠡᠮᠵᠢᠶ᠎ᠡ ᠪᠠ ᠪᠤᠷᠤᠯᠠᠭᠤᠯᠭ᠎ᠠ ᠶᠢᠨ ᠬᠡᠮᠵᠢᠶ᠎ᠡ ᠨᠢ ᠲᠤᠰ ᠪᠦᠷᠢ 958.5 ᠲᠦᠮᠡ ᠬᠦᠷᠴᠦ᠂ ᠠᠠᠳᠠᠯᠢ ᠬᠤᠭᠤᠴᠠᠭᠠᠨ ᠤ ᠬᠢ ᠠᠴᠠ ᠲᠤᠰ ᠪᠦᠷᠢ 35.8% ᠪᠠ 37.9 % ᠨᠡᠮᠡᠭᠳᠡᠵᠡᠢ᠃ 2023 ᠣᠨ ᠳᠤ ᠮᠠᠨ  ᠤ ᠤᠯᠤᠰ ᠤᠨ ᠭᠠᠳᠠᠭᠠᠳᠤ ᠳᠤ ᠭᠠᠷᠭᠠᠭᠰᠠᠨ ᠮᠠᠰᠢᠨ ᠲᠡᠷᠭᠡ 491 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 57.9% ᠨᠡᠮᠡᠭᠳᠡᠵᠡᠢ᠃
微信图片_20240118111102.jpg
ᠢᠷᠡᠯᠲᠡ᠄ ᠥᠪᠥᠷ ᠮᠤᠩᠭᠤᠯ ᠤᠨ ᠡᠳᠦᠷ ᠤᠨ ᠰᠤᠨᠢᠨ ᠤ ᠮᠤᠩᠭᠤᠯ ᠰᠤᠨᠢᠨ ᠤ ᠵᠢᠷᠬᠢᠶ᠎ᠡ ᠶᠢᠨ ᠳᠠᠪᠴᠠᠩ