ᠵᠠᠰᠠᠭ ᠪᠠᠯᠭᠠᠰᠤ ᠶᠢᠨ ᠰᠠᠶᠢᠬᠤᠰᠤ ᠲᠤᠰᠬᠤᠨ ᠠᠰᠢᠭ ᠤᠷᠤᠯᠭ᠎ᠠ ᠪᠠᠨ ᠬᠤᠪᠢᠶᠠᠷᠢᠯᠠᠯ᠎ᠠ
ᠨᠡᠶᠢᠲᠡᠯᠡᠭᠰᠡᠨ ᠴᠠᠭ᠄
2024/1/18
     ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠰᠠᠶᠢᠬᠤᠰᠤ ᠲᠤᠰᠬᠤᠨ ᠤ ᠠᠷᠠᠳ ᠤᠨ ᠵᠥᠪᠯᠡᠯ ᠨᠢ ᠲᠤᠰ ᠲᠤᠰᠬᠤᠨ ᠤ ᠠᠷᠠᠳ  ᠲᠠᠭᠠᠨ ᠠᠲᠠᠷᠰᠢᠭᠰᠠᠨ ᠭᠠᠵᠠᠷ ᠰᠢᠷᠤᠢ ᠶᠢ ᠨᠢᠭᠡᠳᠬᠡᠨ ᠳᠠᠭᠠᠭᠠᠴᠢᠯᠠᠭᠤᠯᠵᠤ ᠤᠯᠤᠭᠰᠠᠨ ᠠᠰᠢᠭ ᠤᠷᠤᠯᠭ᠎ᠠ ᠪᠠᠨ ᠬᠤᠪᠢᠶᠠᠷᠢᠯᠠᠪᠠ᠃     ᠡᠨᠡ ᠡᠳᠦᠷ᠂ ᠰᠠᠶᠢᠬᠤᠰᠤ ᠲᠤᠰᠬᠤᠨ ᠤ ᠲᠠᠷᠢᠶᠠᠴᠢᠨ ᠪᠠᠢ ᠯᠢᠨ 9000 ᠲᠦᠭᠦᠷᠢᠭ ᠬᠤᠪᠢᠶᠠᠷᠢᠯᠠᠵᠤ ᠤᠯᠤᠭᠰᠠᠨ ᠪᠠᠶᠢᠨ᠎ᠠ᠃ ᠣᠶᠢᠯᠭᠠᠭᠰᠠᠨ ᠢᠶᠠᠷ᠂ 2023 ᠤᠨ ᠳᠤ ᠲᠤᠰᠬᠤᠨ ᠤ ᠠᠷᠠᠳ ᠤᠨ ᠵᠥᠪᠯᠡᠯ ᠠᠴᠠ ᠭᠠᠵᠠᠷ ᠰᠢᠷᠤᠢ ᠶᠢ ᠨᠢᠭᠡᠳᠬᠡᠬᠦ ᠳᠤ ᠲᠡᠳᠡᠨ ᠤ ᠬᠢᠨ ᠪᠠᠷᠤᠭ 15 ᠮᠤ᠋ ᠲᠠᠷᠢᠶ᠎ᠠ ᠪᠠᠨ ᠨᠡᠶᠢᠯᠡᠭᠦᠯᠵᠡᠢ᠃ ᠪᠠᠢ ᠯᠢᠨ᠄ ︽ᠭᠠᠵᠠᠷ ᠲᠠᠷᠢᠶ᠎ᠠ ᠶᠢ ᠨᠢᠭᠡᠳᠬᠡᠨ ᠨᠡᠶᠢᠯᠡᠭᠦᠯᠵᠤ ᠳᠠᠭᠠᠭᠠᠴᠢᠯᠠᠭᠤᠯᠤᠭᠰᠠᠨ ᠶᠠᠪᠤᠳᠠᠯ ᠪᠢᠳᠠᠨ ᠳᠤ ᠲᠤᠩ ᠠᠰᠢᠭᠲᠠᠢ ᠪᠠᠶᠢᠨ᠎ᠠ᠃ ᠡᠩ ᠤᠨ ᠦᠶᠡᠰ ᠪᠢᠳᠠ ᠭᠠᠳᠠᠭᠰᠢ ᠭᠠᠷᠴᠦ ᠬᠥᠯᠥᠰᠦᠨ ᠠᠵᠢᠯ ᠬᠢᠵᠤ ᠪᠤᠯᠬᠤ ᠮᠥᠷᠲᠡᠭᠡᠨ ᠪᠠᠰᠠ ᠬᠡᠰᠡᠭ ᠭᠠᠵᠠᠷ ᠲᠠᠷᠢᠶᠠᠨ ᠤ ᠲᠦᠷᠢᠶᠡᠰᠦᠨ ᠮᠥᠩᠬᠦ ᠪᠠᠨ ᠣᠯᠴᠢᠬᠠᠬᠤ ᠤᠴᠢᠷ ᠠᠴᠠ ᠠᠮᠢᠳᠤᠷᠠᠯ ᠳᠤ ᠨᠡᠯᠢᠶᠡᠳ ᠲᠤᠰᠠ ᠪᠤᠯᠵᠤ ᠪᠠᠶᠢᠨ᠎ᠠ︾ ᠭᠡᠵᠤ ᠪᠠᠶᠢᠯ᠎ᠠ᠃
微信图片_20240118155340.png
    ᠰᠠᠶᠢᠬᠤᠰᠤ ᠲᠤᠰᠬᠤᠨ ᠤ ᠲᠠᠷᠢᠶᠠᠨ ᠭᠠᠵᠠᠷ ᠤᠨ ᠲᠠᠯᠠᠪᠠᠢ ᠨᠢ 3726.88 ᠮᠤ᠋᠂ 321 ᠡᠷᠦᠬᠡ 800 ᠭᠠᠷᠤᠢ ᠬᠦᠮᠦᠨ ᠠᠮᠠ ᠲᠠᠢ᠃ ᠤᠷᠴᠢᠮ ᠤᠨ ᠵᠢᠯ  ᠤᠳ ᠲᠤ ᠲᠤᠰᠬᠤᠨ ᠤ ᠠᠷᠠᠳ ᠭᠠᠳᠠᠭᠰᠢ ᠭᠠᠷᠴᠦ ᠠᠵᠢᠯ ᠬᠢᠳᠡᠭ ᠬᠦᠮᠦᠰ ᠤᠯᠠᠮ ᠢᠶᠠᠷ ᠤᠯᠠᠰᠢᠷᠠᠭᠰᠠᠨ ᠠᠴᠠ ᠲᠤᠰᠬᠤᠨ ᠳᠤ ᠪᠠᠶᠢᠩᠭᠤ ᠰᠠᠭᠤᠭ᠎ᠠ ᠬᠦᠮᠦᠰ ᠤᠨ ᠤᠯᠠᠩᠬᠢ ᠨᠢ ᠨᠠᠰᠤᠲᠠᠶᠢᠴᠤᠳ ᠪᠤᠯᠵᠤ᠂ ᠬᠥᠳᠡᠯᠮᠦᠷᠢ ᠬᠦᠴᠦ ᠲᠤᠲᠠᠭᠳᠠᠭᠰᠠᠨ ᠵᠡᠷᠭᠡ ᠰᠢᠯᠲᠠᠭᠠᠨ ᠠᠴᠠ ᠪᠤᠯᠵᠤ ᠲᠠᠷᠢᠶ᠎ᠠ ᠲᠥᠮᠥᠰᠦ ᠪᠠᠨ ᠴᠠᠭ ᠤᠨ ᠴᠠᠭ ᠲᠠᠭᠠᠨ ᠲᠠᠷᠢᠵᠤ ᠳᠡᠶᠢᠯᠬᠦ ᠦᠭᠡᠢ ᠪᠤᠯᠤᠭᠰᠠᠨ ᠠᠴᠠ ᠠᠲᠠᠷᠰᠢᠭᠰᠠᠨ ᠪᠠᠶᠢᠳᠠᠯ ᠤᠯᠠᠰᠢᠷᠠᠵᠠᠢ᠃ ᠡᠨᠡᠬᠦ ᠪᠠᠶᠢᠳᠠᠯ ᠳᠤ ᠴᠢᠭᠯᠡᠭᠦᠯᠦᠨ ᠲᠤᠰ ᠲᠤᠰᠬᠤᠨ ᠤ ᠠᠷᠠᠳ ᠤᠨ ᠵᠥᠪᠯᠡᠯ  ᠤᠨ ᠬᠢᠨ ᠲᠤᠰᠬᠠᠢ ᠪᠠᠶᠢᠴᠠᠭᠠᠨ ᠰᠤᠳᠤᠯᠬᠤ ᠪᠠᠷ ᠳᠠᠮᠵᠢᠨ 2023 ᠣᠨ ᠤ ᠰᠡᠭᠦᠯᠴᠢ ᠪᠠᠷ ᠪᠠᠷᠤᠭ ᠠᠷᠪᠠᠭᠠᠳ ᠡᠷᠦᠬᠡ ᠶᠢᠨ ᠨᠡᠶᠢᠲᠡ 450 ᠮᠤ᠋ ᠠᠲᠠᠷᠰᠢᠭᠰᠠᠨ ᠭᠠᠵᠠᠷ ᠢ ᠨᠢᠭᠡᠳᠬᠡᠨ ᠭᠠᠳᠠᠭᠰᠢ ᠳᠠᠭᠠᠭᠠᠴᠢᠯᠠᠭᠤᠯᠵᠤ᠂ 213200 ᠲᠦᠭᠦᠷᠢᠭ ᠤᠨ ᠭᠠᠵᠠᠷ ᠰᠢᠷᠦᠢ ᠶᠢᠨ ᠲᠦᠷᠢᠶᠡᠰᠦᠨ ᠮᠥᠩᠬᠦ ᠶᠢᠨ ᠠᠰᠢᠭ ᠤᠷᠤᠯᠭ᠎ᠠ ᠶᠢ ᠡᠭᠦᠳᠴᠦ᠂ ᠲᠤᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠭᠦᠯᠵᠡᠢ᠃ ᠲᠤᠰᠬᠤᠨ ᠤ ᠨᠠᠮ ᠤᠨ ᠡᠭᠦᠷ ᠤᠨ ᠱᠦᠵᠢ ᠵᠢᠶᠤᠤ ᠬᠠᠢ ᠵᠢᠶᠦ᠋ᠨ᠄ ︽ᠭᠠᠵᠠᠷ ᠰᠢᠷᠤᠢ ᠶᠢ ᠨᠢᠭᠡᠳᠬᠡᠨ ᠳᠠᠭᠠᠭᠠᠴᠢᠯᠠᠭᠤᠯᠤᠭᠰᠠᠨ ᠡᠨᠡ ᠶᠠᠪᠤᠳᠠᠯ ᠠᠩᠬ᠎ᠠ ᠠᠯᠬᠤᠮ ᠤᠨ ᠠᠮᠵᠢᠯᠲᠠ ᠶᠢ ᠤᠯᠵᠠᠢ ᠭᠡᠵᠤ ᠬᠡᠯᠡᠵᠤ ᠪᠤᠯᠤᠨ᠎ᠠ᠃ 2024 ᠤᠨ ᠳᠤ ᠪᠢᠳᠠ ᠪᠠᠰᠠ ᠨᠢᠭᠡ ᠪᠦᠯᠦᠭ ᠭᠠᠵᠠᠷ ᠰᠢᠷᠤᠢ ᠶᠢ ᠨᠢᠭᠡᠳᠬᠡᠬᠦ ᠪᠠᠷ ᠵᠢᠱᠢᠵᠣ ᠪᠠᠶᠢᠨ᠎ᠠ᠃ ᠠᠷᠠᠳ ᠤᠯᠠᠨ ᠤ ᠤᠷᠤᠯᠭ᠎ᠠ ᠶᠢ ᠳᠡᠭᠡᠭᠰᠢᠯᠡᠭᠦᠯᠦᠨ ᠠᠮᠢᠳᠤᠷᠠᠯ ᠢ ᠨᠢ ᠰᠠᠶᠢᠵᠢᠷᠠᠭᠤᠯᠬᠤ ᠪᠤᠯ ᠪᠢᠳᠠᠨ ᠤ ᠵᠤᠷᠢᠯᠭ᠎ᠠ ᠮᠦᠨ︾ ᠭᠡᠵᠤ ᠪᠠᠶᠢᠯ᠎ᠠ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ