2024 ᠤᠨ ᠤ ᠤᠷᠳᠤᠰ ᠬᠤᠲᠠ ᠶᠢᠨ ᠬᠤᠶᠠᠷ ᠬᠤᠷᠠᠯ — ᠳ᠋ᠦ᠋ ᠬᠤᠢ ᠯᠢᠶᠠᠩ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠳᠠᠯᠠᠳ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠪᠠ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠳᠠᠯᠠᠳ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠲᠡᠷᠡ ᠬᠤᠲᠠ ᠶᠢᠨ ᠤᠳᠤᠷᠢᠳᠤᠯᠭ᠎ᠠ ᠪᠦᠷᠢᠨᠴᠢᠮᠡᠭ᠂ ᠱᠢ ᠶᠠᠨ ᠵᠢᠶᠧ ᠬᠢᠨᠠᠨ ᠵᠥᠪᠯᠡᠬᠦ ᠳᠤ ᠤᠷᠤᠯᠴᠠᠪᠠ᠃
640.jpg
      ᠸᠠᠩ ᠰᠢᠶᠤᠤ ᠫᠢᠩ᠂ ᠴᠢᠶᠤᠤ ᠵᠢᠦ ᠱᠢ᠂ ᠯᠢ ᠫᠧᠩ ᠪᠤᠯᠤᠨ ᠸᠠᠩ ᡁᠢ ᠯᠢᠶᠠᠨ ᠵᠡᠷᠭᠡ 11 ᠲᠥᠯᠥᠭᠡᠯᠡᠭᠴᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠤᠭᠰᠠᠨ ᠤ ᠳᠠᠷᠠᠭ᠎ᠠ᠂ ᠳ᠋ᠦ᠋ ᠬᠤᠢ ᠯᠢᠶᠠᠩ᠂ ᠥᠩᠭᠡᠷᠡᠭᠰᠡᠨ ᠨᠢᠭᠡ ᠵᠢᠯ ᠳᠤ ᠳᠠᠯᠠᠳ ᠬᠤᠰᠢᠭᠤᠨ ᠤ ᠡᠯ᠎ᠡ ᠲᠥᠷᠥᠯ ᠤᠨ ᠠᠵᠢᠯ ᠳᠤ ᠬᠢᠯᠠᠰ ᠴᠡᠭ ᠵᠠᠯᠭᠠᠭ᠎ᠠ  ᠪᠠᠷ ᠢᠯᠡᠷᠡᠵᠤ᠂ ᠠᠵᠤ ᠠᠬᠤᠢ ᠨᠡᠶᠢᠬᠡᠮ ᠤᠨ ᠬᠥᠭᠵᠢᠯᠲᠡ ᠪᠦᠬᠦ ᠲᠠᠯ᠎ᠠ ᠪᠠᠷ ᠳᠠᠪᠰᠢᠪᠠ᠃ ᠰᠢᠨ᠎ᠡ ᠨᠢᠭᠡ ᠵᠢᠯ ᠳᠤ᠂  ᠠᠵᠠ ᠲᠤᠬᠢᠶᠠᠯ ᠢ ᠡᠵᠡᠮᠳᠠᠨ᠂ ᠡᠷᠡᠯᠬᠡᠭᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠰᠦᠷ ᠳᠠᠯᠠᠶᠢᠴᠢᠲᠠᠢ ᠬᠦᠳᠡᠯᠬᠡᠬᠦ ᠬᠦᠴᠦᠨ ᠢ ᠨᠢᠭᠳᠠᠷᠠᠭᠤᠯᠤᠨ᠂ ᠪᠦᠬᠦ ᠬᠤᠲᠠ ᠶᠢᠨ ︽ᠰᠢᠨ᠎ᠡ ᠵᠠᠮ ᠢᠶᠠᠷ ᠵᠠᠮᠨᠠᠵᠤ᠂ ᠡᠮᠦᠨ᠎ᠡ ᠡᠩᠨᠡᠭᠡᠨ ᠳᠤ ᠤᠷᠤᠬᠤ︾ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃      ᠳ᠋ᠦ᠋ ᠬᠤᠢ ᠯᠢᠶᠠᠩ᠂ ︽ᠵᠢᠷᠭᠤᠭᠠᠨ ᠢᠨᠵᠧᠨᠧᠷᠢᠩ︾ ᠢ ᠥᠨᠳᠥᠷ ᠪᠠᠶᠢᠷᠢ ᠲᠤᠭᠲᠠᠭᠠᠯᠲᠠ ᠠᠴᠠ ᠤᠴᠢᠵᠤ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ  ᠢ ᠰᠠᠶᠢᠳᠤᠷ ᠬᠢᠬᠦ ᠲᠠᠢ ᠠᠭᠤᠰᠤᠯᠴᠠᠭᠤᠯᠤᠨ ᠠᠬᠢᠭᠤᠯᠵᠤ᠂ ᠠᠵᠠ ᠲᠤᠬᠢᠶᠠᠯ ᠢ ᠡᠵᠡᠮᠳᠡᠨ᠂ ᠰᠠᠨᠠᠭᠠᠴᠢᠯᠠᠭ᠎ᠠ ᠠᠴᠠ ᠪᠠᠨ ᠠᠷᠭ᠎ᠠ ᠰᠥᠪᠡᠭᠴᠢᠯᠡᠵᠤ᠂ ᠦᠨᠡᠨ ᠢ ᠪᠠᠷᠢᠮᠲᠠᠯᠠᠨ ᠪᠤᠳᠠᠲᠠᠢ ᠶᠢ ᠡᠷᠬᠢᠮᠯᠡᠵᠤ ᠨᠠᠶᠢᠳᠠᠪᠤᠷᠢᠵᠢᠭᠤᠯᠤᠯᠲᠠ ᠶᠢ ᠠᠳᠬᠤᠨ᠂ ᠡᠷᠲᠡ ᠠᠴᠠ ᠬᠥᠲᠡᠯᠥᠯᠴᠡᠵᠤ᠂ ᠲᠦᠷᠭᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠲᠥᠷᠥᠯ ᠵᠦᠢᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠲᠤᠭᠤᠷᠢᠨ ᠳᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠥᠷᠨᠢᠭᠦᠯᠦᠨ᠂ ᠪᠦᠲᠦᠮᠵᠢᠲᠠᠢ ᠪᠡᠯᠡ ᠤᠷᠤᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠴᠢᠨᠠᠷ ᠰᠠᠶᠢᠲᠠᠢ ᠠᠳᠬᠤᠨ᠂ ᠠᠵᠤ ᠦᠢᠯᠡᠰ ᠤᠨ ᠲᠤᠭᠲᠠᠯᠴᠠᠭ᠎ᠠ ᠶᠢ ᠬᠦᠴᠦᠯᠡᠨ ᠰᠢᠯᠢᠳᠡᠭᠵᠢᠭᠦᠯᠵᠤ᠂ ᠤᠴᠠᠯᠢᠭᠲᠤ ᠲᠥᠷᠥᠯ ᠲᠡᠮᠲᠡᠭᠲᠦ ᠶᠢ ᠡᠭᠦᠳᠴᠦ᠂ ᠪᠦᠬᠦ ᠬᠦᠴᠦᠨ ᠵᠦᠢᠯ᠂ ᠪᠦᠬᠦ ᠶᠠᠪᠤᠴᠠ ᠪᠠᠷ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠬᠦᠯᠬᠦ ᠬᠡᠷᠡᠭᠲᠡᠢ᠃ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠠᠷᠢᠮᠵᠢᠶ᠎ᠡ ᠪᠠᠷ ᠠᠬᠢᠭᠤᠯᠵᠤ᠂ ᠠᠮᠤ ᠪᠤᠳᠠᠭᠠᠨ ᠤ ᠠᠮᠤᠷ ᠳᠥᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠤ ᠬᠠᠮᠲᠤ ᠪᠠᠷ ᠴᠢᠨᠡᠭᠡᠯᠢᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠠᠮᠤᠷ ᠳᠥᠪᠰᠢᠨ ᠢ ᠥᠨᠳᠥᠷ ᠳᠥᠪᠰᠢᠨ ᠢᠶᠠᠷ ᠪᠠᠲᠤᠯᠠᠨ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠤ᠂ ᠦᠨᠳᠦᠰᠦᠨ ᠱᠠᠳᠤᠨ ᠤ ᠨᠡᠶᠢᠬᠡᠮ ᠤᠨ ᠵᠠᠰᠠᠯᠲᠠ ᠶᠢ ᠴᠢᠩᠭᠠᠳᠬᠠᠨ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ᠂ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢ ᠥᠩᠭᠡᠷᠡᠭᠦᠯᠬᠦ  ᠶᠢ ᠪᠠᠲᠤᠯᠠᠵᠤ᠂ ᠨᠡᠶᠢᠬᠡᠮ ᠤᠨ ᠪᠦᠬᠦ ᠲᠠᠯ᠎ᠠ ᠶᠢᠨ ᠡᠶ᠎ᠡ ᠵᠤᠬᠢᠴᠠᠯ ᠲᠤᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠡ᠃  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ