1.35 ᠳ᠋ᠦᠩᠰᠢᠭᠤᠷ ᠬᠦᠮᠦᠨ ᠤᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2024/1/2
    ᠰᠤᠶᠤᠯ ᠪᠠ ᠵᠤᠭᠠᠴᠠᠯ ᠤᠨ ᠶᠠᠮᠤᠨ ᠤ ᠲᠤᠭ᠎ᠠ ᠪᠠᠷᠢᠮᠳᠠ ᠶᠢᠨ ᠲᠥᠪ ᠤᠨ ᠲᠦᠰᠦᠭᠡᠯᠡᠨ ᠪᠤᠳᠤᠭᠰᠠᠨ ᠢᠶᠠᠷ᠂ ᠠᠮᠠᠷᠠᠯᠳᠠ ᠶᠢᠨ ᠬᠤᠭᠤᠴᠠᠭᠠᠨ ᠳᠤ᠂ ᠤᠯᠤᠰ ᠎ ᠤᠨ ᠲᠤᠲᠤᠭᠠᠳᠤ ᠶᠢᠨ ᠵᠤᠭᠠᠴᠠᠭᠰᠠᠳ ᠤᠨ ᠲᠤᠭ᠎ᠠ 1035 ᠳ᠋ᠦᠩᠰᠢᠭᠤᠷ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 155.3% ᠎ ᠪᠠᠷ ᠨᠡᠮᠡᠭᠳᠡᠨ᠂ 2019 ᠤᠨ ᠤ ᠠᠳᠠᠯᠢ ᠬᠤᠭᠤᠴᠠᠭᠠᠨ ᠤ ᠬᠢ ᠠᠴᠠ 9.4%᠎ ᠪᠠᠷ ᠨᠡᠮᠡᠭᠳᠡᠪᠡ᠃ ᠤᠯᠤᠰ ᠤᠨ ᠲᠤᠲᠤᠭᠠᠳᠤ ᠶᠢᠨ ᠵᠤᠭᠠᠴᠠᠯ ᠤᠨ ᠤᠷᠤᠯᠭ᠎ᠠ 797.3 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 200.7%᠎ ᠪᠠᠷ ᠨᠡᠮᠡᠭᠳᠡᠨ᠂ 2019 ᠤᠨ ᠤ ᠠᠳᠠᠯᠢ ᠬᠤᠭᠤᠴᠠᠭᠠᠨ ᠎ ᠤ ᠬᠢ ᠠᠴᠠ 5.6%᠎ ᠪᠠᠷ ᠨᠡᠮᠡᠭᠳᠡᠪᠡ᠃    ᠮᠦᠰᠦ ᠴᠠᠰᠤᠨ ᠤ ᠵᠤᠭᠠᠴᠠᠯ ᠤᠨ ᠬᠠᠯᠠᠭᠤᠷᠠᠯ ᠦᠷᠭᠦᠯᠵᠢᠯᠡᠨ ᠳᠡᠭᠡᠭᠰᠢᠯᠡᠪᠡ᠃ ᠹᠧᠢ ᠵᠤ᠋ ᠲᠤᠭ᠎ᠠ ᠪᠠᠷᠢᠮᠳᠠ ᠳᠤ ᠢᠯᠡᠷᠡᠭᠦᠯᠦᠭᠰᠡᠨ ᠢᠶᠠᠷ ᠠᠮᠠᠷᠠᠯᠲᠠ ᠶᠢᠨ ᠬᠤᠭᠤᠴᠠᠭᠠᠨ ᠳᠤ᠂ ᠮᠦᠰᠦ ᠴᠠᠰᠤᠨ ᠤ ᠨᠠᠭᠠᠳᠤᠮ ᠤᠨ ᠵᠤᠭᠠᠴᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 126% ᠎ ᠪᠠᠷ ᠨᠡᠮᠡᠭᠳᠡᠵᠤ᠂ ᠬᠠᠷᠪᠢᠨ᠂ ᠴᠠᠩᠴᠦ᠋ᠨ᠂ ᠦᠷᠦᠮᠴᠢ᠂ ᠴᠢᠭᠤᠯᠤᠯᠲᠤ ᠬᠠᠭᠠᠯᠭ᠎ᠠ ᠨᠢ ᠬᠠᠯᠠᠮᠰᠢᠯ ᠭᠠᠵᠠᠷ ᠪᠤᠯᠵᠠᠢ᠃
ᠢᠷᠡᠯᠲᠡ᠄ ᠰᠢᠨᠬᠤᠸᠠ ᠬᠤᠷᠢᠶ᠎ᠠ