ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ — ᠮᠠᠰᠢᠪᠢᠯᠢᠭ᠌
ᠨᠡᠶᠢᠲᠡᠯᠡᠭᠰᠡᠨ ᠴᠠᠭ᠄
2024/1/22
      ᠬᠠᠮᠲᠤᠷᠠᠭᠰᠠᠨ ᠴᠤᠭᠴᠠ ᠶᠢ ᠪᠦᠲᠦᠭᠡᠨ ᠪᠠᠶᠢᠭᠤᠯᠵᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠶ᠎ᠡ      ᠪᠡᠶᠡᠴᠢ ᠲᠠᠯ᠎ᠠ ᠪᠠ ᠪᠣᠰᠣᠳᠴᠢ ᠲᠠᠯ᠎ᠠ ᠶᠢᠨ ᠰᠢᠯᠲᠠᠭᠠᠨ ᠠᠴᠠ ᠪᠤᠯᠵᠤ ᠬᠥᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠳᠤ ᠪᠠᠶᠢᠭ᠎ᠠ ᠮᠠᠯᠴᠢᠨ ᠲᠠᠷᠢᠶᠠᠴᠢᠳ ᠤᠨ ᠤᠷᠤᠯᠭ᠎ᠠ ᠵᠠᠷᠤᠯᠭ᠎ᠠ ᠨᠢ ᠤᠷᠴᠢᠮ ᠤᠨ ᠬᠡᠳᠦᠨ ᠵᠢᠯ ᠳᠤ ᠬᠡᠲᠦ ᠶᠡᠭᠡ ᠬᠤᠪᠢᠷᠠᠯᠳᠠ ᠲᠠᠢ ᠪᠤᠯᠤᠭᠰᠠᠨ ᠨᠢ ᠦᠨᠡᠨ᠃ ᠡᠨᠡ ᠨᠢ ᠮᠥᠨ ᠴᠦ᠋ ᠨᠡᠶᠢᠬᠡᠮ ᠤᠨ ᠵᠠᠶᠢᠯᠠᠰᠢ ᠦᠭᠡᠢ ᠬᠤᠪᠢᠷᠠᠯᠲᠠ ᠶᠢᠨ ᠶᠠᠪᠤᠴᠠ ᠳᠠᠬᠢ ᠨᠢᠭᠡ ᠭᠤᠭᠴᠤᠭ᠎ᠠ ᠪᠤᠯᠬᠤ ᠶᠤᠮ᠃ ᠡᠶᠢᠮᠦ ᠪᠠᠶᠢᠳᠠᠯ ᠳᠤᠤᠷ᠎ᠠ ᠮᠠᠯᠴᠢᠨ ᠲᠠᠷᠢᠶᠠᠴᠢᠳ ᠴᠠᠭ ᠤᠨ ᠪᠠᠶᠢᠳᠠᠯ ᠢ ᠭᠢᠷᠠᠬᠠᠢ ᠪᠠᠷ ᠲᠠᠨᠢᠵᠤ᠂ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠨ ᠤᠷᠤᠭᠰᠢᠯᠠᠬᠤ ᠬᠡᠷᠡᠭᠲᠡᠢ᠃ ᠡᠨᠡ ᠤᠳᠠᠭᠠᠨ ᠤ ᠬᠤᠶᠠᠷ ᠬᠤᠷᠠᠯ ᠳᠤ ᠦᠦᠰᠢᠨ ᠬᠤᠰᠢᠭᠤᠨ ᠠᠴᠠ ᠢᠷᠡᠭᠰᠡᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ ᠮᠠᠰᠢᠪᠢᠯᠢᠭ᠌ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠲᠠᠯ᠎ᠠ ᠪᠠᠷ ᠪᠤᠳᠠᠲᠠᠢ ᠲᠤᠷᠰᠢᠯᠭ᠎ᠠ ᠶᠠᠷᠢᠵᠤ᠂ ᠡᠨᠡ ᠬᠦ ᠲᠤᠷᠰᠢᠯᠭ᠎ᠠ ᠶᠢ ᠨᠢ ᠪᠦᠬᠦ ᠬᠤᠲᠠ ᠶᠢᠨ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠢᠶᠠᠷ ᠲᠥᠭᠡᠮᠡᠯᠵᠢᠭᠦᠯᠪᠡᠯ ᠨᠡᠩ ᠰᠠᠶᠢᠨ ᠪᠠᠶᠢᠨ᠎ᠠ ᠭᠡᠬᠦ ᠰᠠᠨᠠᠯ ᠰᠠᠨᠠᠭᠤᠯᠭ᠎ᠠ ᠪᠠᠨ ᠶᠠᠷᠢᠯ᠎ᠠ᠃      ᠮᠠᠰᠢᠪᠢᠯᠢᠭ᠌ ᠰᠤᠷᠪᠤᠯᠵᠢᠯᠠᠭᠴᠢ ᠳᠤ᠄ ︽ᠮᠠᠨ ᠤ ᠦᠦᠰᠢᠨ ᠬᠤᠰᠢᠭᠤᠨ ᠤ ᠰᠢᠷᠬᠤᠰᠤ ᠪᠠᠯᠭᠠᠰᠤᠨ ᠳᠤ ᠠᠵᠤ ᠠᠬᠤᠶᠢᠯᠠᠯ ᠤᠨ ᠨᠢᠭᠡ ᠬᠠᠮᠲᠤᠷᠠᠭᠰᠠᠨ ᠴᠤᠭᠴᠠ ᠪᠠᠶᠢᠳᠠᠭ᠃ ᠡᠨᠡ ᠬᠦ ᠠᠵᠤ ᠠᠬᠤᠶᠢᠯᠠᠯ ᠨᠢ 2021 ᠣᠨ ᠳᠤ ᠲᠤᠰ ᠪᠠᠯᠭᠠᠰᠤᠨ ᠤ ᠬᠡᠰᠡᠭ ᠪᠦᠯᠦᠭ ᠠᠶᠢᠯ ᠡᠷᠦᠬᠡ ᠶᠢᠨ 2700 ᠮᠤ᠋ ᠲᠠᠷᠢᠶᠠᠨ ᠭᠠᠵᠠᠷ ᠎ ᠢ ᠨᠢᠭᠡᠳᠦᠯᠲᠡᠢ ᠪᠠᠷ ᠳᠠᠭᠠᠭᠠᠴᠢᠯᠠᠨ ᠠᠪᠴᠦ᠂ ᠬᠠᠪᠤᠷ ᠲᠠᠷᠢᠵᠤ᠂ ᠵᠤᠨ ᠠᠷᠠᠴᠢᠯᠠᠨ᠂ ᠨᠠᠮᠤᠷ ᠬᠤᠷᠢᠶᠠᠭᠰᠠᠨ ᠠᠴᠠ ᠤᠷᠤᠯᠭ᠎ᠠ ᠨᠢ ᠤᠤᠯ ᠤᠨ ᠬᠢ ᠠᠴᠠ ᠪᠠᠨ ᠬᠤᠯᠠ ᠳᠠᠪᠠᠵᠠᠢ᠃ ᠤᠭ ᠨᠢ ᠬᠤᠪᠢ ᠠᠶᠢᠯ ᠡᠷᠦᠬᠡ ᠥᠪᠡᠷ ᠤᠨ ᠢᠶᠠᠨ ᠲᠠᠷᠢᠶᠠᠨ ᠭᠠᠵᠠᠷ ᠲᠠᠭᠠᠨ ᠡᠷᠳᠡᠨᠢ ᠰᠢᠰᠢ ᠲᠠᠷᠢᠪᠠᠯ ᠮᠤ᠋ ᠪᠦᠷᠢ ᠠᠴᠠ ᠪᠠᠷᠤᠭ 1500 ᠵᠢᠩ ᠬᠤᠷᠢᠶᠠᠯᠲᠠ ᠤᠯᠳᠠᠭ ᠪᠠᠶᠢᠭᠰᠠᠨ ᠪᠤᠯ ᠲᠤᠰ ᠠᠵᠤ ᠠᠬᠤᠶᠢᠯᠠᠯ ᠳᠤ ᠨᠠᠶᠢᠳᠠᠨ ᠳᠠᠭᠠᠭᠠᠴᠢᠯᠠᠭᠤᠯᠤᠭᠰᠠᠨ ᠤ ᠳᠠᠷᠠᠭ᠎ᠠ ᠮᠤ᠋ ᠪᠦᠷᠢ ᠠᠴᠠ ᠠᠳᠠᠭ ᠲᠠᠭᠠᠨ1700 ᠵᠢᠩ ᠡᠷᠳᠡᠨᠢ ᠰᠢᠰᠢ ᠬᠤᠷᠢᠶᠠᠳᠠᠭ᠃ ᠬᠡᠷᠪᠡ ᠡᠭᠦᠨ ᠠᠴᠠ ᠪᠠᠰᠠ ᠢᠯᠡᠭᠦᠦ ᠬᠤᠷᠢᠶᠠᠯᠲᠠ ᠤᠯᠪᠠᠯ ᠲᠡᠭᠦᠨ ᠢ ᠨᠢ ᠰᠢᠭᠤᠳ ᠮᠠᠯᠴᠢᠨ ᠲᠠᠷᠢᠶᠠᠴᠢᠳ ᠲᠤ ᠬᠤᠪᠢᠶᠠᠭᠠᠳ ᠥᠭᠴᠢᠬᠡᠳᠡᠭ᠃ ᠠᠩᠬᠠᠨ ᠵᠢᠯ ᠢᠩᠬᠢᠵᠤ ᠬᠢᠭᠡᠳ ᠥᠨᠳᠥᠷ ᠠᠮᠵᠢᠯᠲᠠ ᠲᠠᠢ ᠪᠤᠯᠬᠤᠷ 2022 ᠤᠨ ᠳᠤ ᠲᠠᠷᠢᠶᠠᠨ ᠭᠠᠵᠠᠷ ᠤᠨ ᠲᠠᠯᠠᠪᠠᠢ ᠪᠠᠨ ᠨᠡᠩ ᠥᠷᠭᠡᠳᠬᠡᠨ18000 ᠮᠤ᠋ ᠪᠤᠯᠭᠠᠵᠤ ᠨᠡᠩ ᠤᠯᠠᠨ ᠮᠠᠯᠴᠢᠨ ᠲᠠᠷᠢᠶᠠᠴᠢᠨ ᠡᠷᠦᠬᠡ ᠶᠢᠨ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠢ ᠳᠠᠭᠠᠭᠠᠴᠢᠯᠠᠨ ᠠᠪᠴᠠᠢ᠃ 2024 ᠣᠨ ᠳᠤ ᠲᠡᠳᠡ ᠡᠭᠦᠨ ᠤ ᠰᠠᠭᠤᠷᠢᠨ ᠳᠡᠭᠡᠷ᠎ᠡ ᠪᠠᠨ ᠪᠠᠰᠠ ᠥᠷᠭᠡᠳᠬᠡᠵᠤ50000 ᠮᠤ᠋ ᠲᠠᠷᠢᠶᠠᠨ ᠭᠠᠵᠠᠷ ᠢ ᠳᠠᠭᠠᠭᠠᠴᠢᠯᠠᠨ ᠠᠪᠬᠤ ᠪᠠᠷ ᠲᠤᠭᠲᠠᠭᠰᠠᠠᠨ ᠪᠠᠶᠢᠨ᠎ᠠ᠃ ᠡᠨᠡ ᠬᠦ ᠠᠵᠤ ᠠᠬᠤᠶᠢᠯᠠᠯ ᠤᠨ ᠬᠠᠮᠲᠤᠷᠠᠭᠰᠠᠨ ᠴᠤᠭᠴᠠ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠨᠢ ᠭᠤᠷᠪᠠᠨ ᠲᠠᠯ᠎ᠠ ᠶᠢᠨ ᠠᠰᠢᠭ ᠲᠠᠢ᠃ ᠨᠢᠭᠡ ᠎ ᠳᠤ᠂ ᠮᠠᠯᠴᠢᠨ ᠲᠠᠷᠢᠶᠠᠴᠢᠳ ᠥᠪᠡᠷᠲᠡᠭᠡᠨ ᠬᠥᠷᠦᠩᠭᠡ ᠤᠷᠤᠭᠤᠯᠬᠤ᠂ ᠠᠷᠠᠴᠢᠯᠠᠨ ᠤᠰᠤᠯᠠᠬᠤ ᠵᠢᠴᠢ ᠪᠤᠷᠤᠯᠠᠭᠤᠯᠬᠤ ᠳᠤ ᠵᠤᠪᠠᠭ᠋ᠤ ᠤᠴᠢᠷ ᠦᠭᠡᠢ᠂ ᠤᠴᠢᠷ ᠨᠢ ᠠᠵᠤ ᠠᠬᠤᠶᠢᠯᠠᠯ ᠠᠴᠠ ᠰᠢᠭᠤᠳ ᠢᠷᠡᠭᠡᠳ ᠰᠢᠨᠵᠢᠯᠡᠬᠦ ᠤᠬᠠᠭᠠᠨᠴᠢ ᠪᠠᠷ ᠲᠡᠷᠡ ᠪᠦᠬᠦᠨ ᠢ ᠨᠢ ᠬᠢᠭᠡᠳ ᠥᠭᠴᠢᠭᠡᠨ᠎ᠡ᠃ ᠬᠤᠶᠠᠷ ᠲᠤ᠂ ᠠᠵᠤ ᠠᠬᠤᠶᠢᠯᠠᠯ ᠠᠴᠠ ᠰᠢᠭᠤᠳ ᠬᠢᠵᠤ ᠪᠠᠶᠢᠭ᠎ᠠ ᠪᠤᠯᠬᠤᠷ ᠤᠨᠠᠯᠲᠠ ᠥᠨᠳᠥᠷ᠂ ᠪᠠᠷᠤᠭ ᠳᠡᠭᠰᠢᠳᠬᠡᠭᠡᠳ ᠤᠤᠯ ᠤᠨ ᠬᠢ ᠠᠴᠠ ᠪᠠᠨ ᠮᠤ᠋ ᠪᠦᠷᠢ ᠳᠤ 200 ᠵᠢᠩ ᠢᠯᠡᠭᠦᠦ ᠬᠤᠷᠢᠶᠠᠯᠲᠠ ᠤᠯᠤᠨ᠎ᠠ᠃ ᠭᠤᠷᠪᠠ ᠳᠤ᠂ ᠡᠨᠡ ᠬᠦ ᠬᠡᠪ ᠵᠠᠭᠪᠤᠷ ᠨᠢ ᠬᠠᠮᠳᠤᠷᠠᠭᠰᠠᠨ ᠴᠤᠭᠴᠠ ᠪᠤᠯᠬᠤᠷ ᠪᠦᠭᠦᠳᠡ ᠶᠢ ᠨᠢᠭᠡᠳᠦᠯᠲᠡᠢ ᠬᠢᠵᠤ ᠮᠠᠯᠴᠢᠨ ᠲᠠᠷᠢᠶᠠᠴᠢᠳ ᠤᠨ ᠴᠠᠭ ᠢ ᠶᠡᠬᠡᠳᠡ ᠠᠷᠪᠢᠯᠠᠭᠰᠠᠨ ᠪᠠᠶᠢᠨ᠎ᠠ᠃ ᠮᠠᠯᠴᠢᠨ ᠲᠠᠷᠢᠶᠠᠴᠢᠳ ᠲᠠᠷᠢᠶᠠᠨ ᠳᠠᠭᠠᠨ ᠬᠦᠴᠦ ᠬᠥᠳᠡᠯᠮᠦᠷᠢ ᠤᠷᠤᠭᠤᠯᠬᠤ ᠴᠢᠬᠤᠯᠠ ᠦᠭᠡᠢ ᠪᠤᠯᠵᠤ᠂ ᠰᠡᠯᠡᠬᠦᠦ ᠴᠠᠭ ᠢᠶᠠᠷ ᠎ ᠢᠶᠠᠨ ᠥᠭᠡᠷ᠎ᠡ ᠪᠤᠰᠤᠳ ᠠᠵᠢᠯ ᠳᠠᠭᠠᠨ ᠶᠠᠭᠠᠷᠠᠬᠤ ᠪᠤᠶᠤ ᠭᠠᠳᠠᠭᠤᠷ ᠳᠤᠲᠤᠭᠤᠷ ᠬᠥᠳᠡᠯᠮᠦᠷᠢ ᠬᠢᠵᠤ ᠠᠰᠢᠭ ᠤᠯᠵᠤ ᠳᠡᠶᠢᠯᠦᠨ᠎ᠡ᠃  ᠢᠩᠬᠢᠵᠤ ᠬᠢᠭᠡᠳ ᠭᠤᠷᠪᠠᠨ ᠵᠢᠯ ᠤᠨ ᠳᠠᠷᠠᠭ᠎ᠠ ᠪᠤᠯᠬᠤ ᠳᠤ ᠭᠤᠰ ᠬᠠᠮᠲᠤᠷᠠᠭᠰᠠᠨ ᠴᠤᠭᠴᠠ ᠨᠢ ᠮᠠᠯᠴᠢᠨ ᠲᠠᠷᠢᠶᠠᠴᠢᠳ ᠤᠨ ᠢᠳᠡᠭᠡᠯ ᠢ ᠶᠡᠭᠡ ᠪᠠᠷ ᠤᠯᠵᠤ᠂ ᠨᠡᠩ ᠤᠯᠠᠨ ᠠᠶᠢᠯ ᠡᠷᠦᠬᠡ ᠲᠠᠷᠢᠶᠠᠨ ᠭᠠᠵᠠᠷ ᠢᠶᠠᠨ ᠲᠡᠳᠡᠨ ᠳᠤ ᠨᠠᠶᠢᠳᠠᠨ ᠳᠠᠭᠠᠭᠠᠴᠢᠯᠠᠭᠤᠯᠵᠤ ᠪᠠᠶᠢᠨ᠎ᠠ᠃ ᠡᠨᠡ ᠪᠤᠯ ᠲᠤᠷᠰᠢᠯᠭ᠎ᠠ᠂ ᠲᠡᠭᠡᠭᠦᠯᠡᠷ ᠪᠢ ᠲᠤᠰ ᠤᠳᠠᠭᠠᠨ ᠤ ᠬᠤᠶᠠᠷ ᠬᠤᠷᠠᠯ ᠳᠤ ᠡᠨᠡ ᠬᠦ ᠲᠤᠷᠰᠢᠯᠭ᠎ᠠ ᠶᠢ ᠰᠠᠨᠠᠯ ᠰᠠᠨᠠᠭᠤᠯᠭ᠎ᠠ ᠪᠤᠯᠭᠠᠨ ᠳᠡᠪᠰᠢᠭᠦᠯᠵᠤ᠂ ᠡᠶᠢᠮᠦ ᠰᠠᠶᠢᠬᠠᠨ ᠬᠡᠪ ᠵᠠᠭᠪᠤᠷ ᠢ ᠮᠠᠨ ᠤ ᠬᠤᠲᠠ ᠶᠢᠨ ᠤᠯᠠᠨ ᠰᠤᠮᠤ ᠪᠠᠯᠭᠠᠰᠤ ᠪᠠᠷ ᠲᠦᠭᠡᠮᠡᠯᠵᠢᠭᠦᠯᠦᠨ ᠳᠡᠯᠭᠡᠷᠡᠭᠦᠯᠪᠡᠯ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠳᠤ ᠨᠢᠭᠡ ᠮᠥᠷᠥᠨ ᠤ ᠲᠤᠰᠠ ᠪᠤᠯᠬᠤ ᠪᠤᠯᠪᠠ ᠤᠤ ᠭᠡᠵᠤ ᠪᠤᠳᠤᠯ᠎ᠠ︾ ᠭᠡᠵᠤ ᠬᠡᠯᠡᠯ᠎ᠡ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ