ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ — ᠣᠳᠬᠤᠠᠨᠣᠷᠪᠤ
ᠨᠡᠶᠢᠲᠡᠯᠡᠭᠰᠡᠨ ᠴᠠᠭ᠄
2024/1/23
      ᠮᠠᠯ ᠤᠨ ᠦᠨ᠎ᠡ ᠪᠠᠭᠤᠷᠠᠵᠤ ᠪᠠᠶᠢᠨ᠎ᠠ ᠪᠢᠳᠠ ᠶᠠᠭᠠᠬᠢᠵᠤ ᠠᠵᠢᠯᠯᠠᠬᠤ ᠬᠡᠷᠡᠭᠲᠡᠢ ᠪᠤᠢ︖      ᠣᠳᠬᠤᠠᠨᠣᠷᠪᠤ ᠪᠤᠯ ᠦᠦᠰᠢᠨ ᠬᠤᠰᠢᠭᠤᠨ ᠤ ᠲᠤᠭ ᠪᠠᠯᠭᠠᠰᠤᠨ ᠤ ᠬᠦᠮᠦᠨ᠂ ᠲᠡᠷᠡ ᠶᠡᠭᠡ ᠰᠤᠷᠭᠠᠭᠤᠯᠢ ᠪᠠᠨ ᠲᠡᠭᠦᠰᠦᠮᠡᠭᠴᠡ ᠨᠤᠲᠤᠭ ᠲᠠᠭᠠᠨ ᠪᠤᠴᠠᠵᠤ ᠴᠠᠭᠠᠨ ᠢᠳᠡᠭᠡᠨ ᠤ ᠦᠢᠯᠡᠳᠪᠦᠷᠢ ᠪᠠᠶᠢᠭᠤᠯᠤᠨ ᠤᠳᠤ ᠪᠤᠯᠬᠤ ᠳᠤ ᠨᠡᠯᠢᠶᠡᠳ ᠬᠡᠮᠵᠢᠶᠡᠨ ᠤ ᠠᠮᠵᠢᠯᠲᠠ ᠭᠠᠷᠭᠠᠭᠰᠠᠨ ᠶᠤᠮ᠃ ᠲᠡᠭᠦᠨ ᠤ ᠦᠢᠯᠡᠳᠪᠦᠷᠢᠯᠡᠵᠤ ᠪᠠᠶᠢᠭ᠎ᠠ ᠴᠠᠭᠠᠨ ᠢᠳᠡᠭᠡᠨ ᠤ ᠲᠥᠷᠥᠯ ᠵᠦᠢᠯ ᠨᠢ ᠵᠥᠪᠬᠡᠨ ᠠᠷᠤ ᠭᠠᠵᠠᠷ ᠲᠡᠳᠦᠢ ᠦᠭᠡᠢ ᠡᠮᠦᠨᠡᠲᠦ ᠤᠷᠤᠨ ᠢᠶᠠᠷ ᠴᠦ ᠥᠷᠭᠡᠨ ᠪᠤᠷᠤᠯᠠᠭᠤᠯᠤᠭᠳᠠᠵᠤ ᠪᠤᠢ᠂ ᠲᠡᠭᠦᠨ ᠎ ᠤ ᠦᠢᠯᠡᠳᠪᠦᠷᠢ ᠳᠤ ᠲᠡᠷᠢᠭᠦᠨ ᠤ ᠰᠢᠨᠵᠢᠯᠡᠭᠡ ᠮᠡᠷᠭᠡᠵᠢᠯ ᠤᠨ ᠮᠠᠰᠢᠨ ᠪᠠᠶᠢᠭ᠎ᠠ ᠮᠦᠷᠲᠡᠭᠡᠨ ᠬᠢᠵᠤ ᠭᠠᠷᠭᠠᠭᠰᠠᠨ ᠴᠠᠭᠠᠨ ᠢᠳᠡᠭᠡᠨ ᠨᠢ ᠤᠤᠯ ᠤᠨ ᠥᠨᠥᠷ ᠠᠮᠲᠠ ᠎ ᠪᠠᠨ ᠬᠠᠳᠠᠭᠠᠯᠠᠵᠤ᠂ ᠡᠨᠡ ᠨᠢ ᠮᠠᠨ ᠤ ᠬᠤᠲᠠ ᠶᠢᠨ ᠬᠡᠪᠴᠢᠶᠡᠨ ᠳᠤ ᠠᠪᠤᠭᠠᠳ ᠬᠡᠯᠡᠪᠡᠯ ᠬᠠᠮᠤᠭ ᠤᠨ ᠲᠤᠮᠤ᠂ ᠬᠠᠮᠤᠭ ᠤᠨ ᠴᠡᠪᠡᠷ ᠪᠠᠶᠢᠭᠠᠯᠢᠯᠢᠭ ᠴᠠᠭᠠᠨ ᠢᠳᠡᠭᠡᠨ ᠎ ᠤ ᠦᠢᠯᠡᠳᠪᠦᠷᠢ ᠪᠤᠯᠬᠤ ᠶᠤᠮ᠃ ᠳᠡᠭᠡᠷ᠎ᠡ ᠵᠢᠯ ᠤᠨ ᠬᠤᠶᠠᠷ ᠬᠤᠷᠠᠯ ᠳᠤ ᠲᠡᠷᠡ᠄ ︽ᠣᠷᠳᠣᠰ ᠤᠨ ᠤᠯᠠᠮᠵᠢᠯᠠᠯᠲᠤ ᠴᠠᠭᠠᠨ ᠢᠳᠡᠭᠡᠨ ᠢ ᠶᠠᠭᠠᠬᠢᠵᠤ ᠵᠠᠬ᠎ᠠ ᠳᠡᠯᠭᠡᠭᠦᠷ ᠎ ᠲᠤ ᠨᠡᠩ ᠶᠡᠭᠡ ᠬᠡᠪᠴᠢᠶ᠎ᠡ ᠪᠠᠷ ᠪᠤᠷᠤᠯᠠᠭᠤᠯᠬᠤ ᠪᠤᠢ︾ ᠭᠡᠬᠦ ᠰᠠᠨᠠᠯ ᠰᠠᠨᠠᠭᠤᠯᠭ᠎ᠠ ᠪᠠᠨ ᠳᠡᠪᠰᠢᠭᠦᠯᠵᠤ᠂ ᠰᠡᠭᠦᠯᠡᠷ ᠨᠢ ᠵᠠᠰᠠᠭ ᠤᠨ ᠤᠷᠳᠤᠨ ᠤ ᠳᠡᠮᠵᠢᠯᠭᠡ ᠳᠣᠣᠷ᠎ᠠ ᠰᠢᠨ᠎ᠡ ᠽᠢᠯᠠᠨᠳ᠋ ᠠᠴᠠ ᠵᠢᠦᠸᠠᠨ ᠱᠠᠨ ᠥᠨᠢᠶ᠎ᠡ ᠶᠢ ᠤᠷᠤᠭᠤᠯᠤᠨ᠂ ᠲᠡᠭᠦᠨ ᠤ ᠰᠦ ᠪᠠᠷ ᠴᠠᠭᠠᠨ ᠢᠳᠡᠭᠡᠨ ᠢ ᠨᠡᠩ ᠶᠡᠭᠡ ᠬᠡᠪᠴᠢᠶ᠎ᠡ ᠲᠠᠢ ᠬᠢᠵᠤ ᠠᠮᠵᠢᠯᠲᠠ ᠭᠠᠷᠭᠠᠭᠰᠠᠨ ᠶᠤᠮ᠃ ᠲᠡᠭᠡᠪᠡᠯ ᠡᠨᠡ ᠵᠢᠯ ᠤᠨ ᠬᠤᠶᠠᠷ ᠬᠤᠷᠠᠯ ᠳᠤ ᠣᠳᠬᠤᠠᠨᠣᠷᠪᠤ ᠴᠤᠬᠤᠮ ᠶᠠᠮᠠᠷ ᠰᠠᠨᠠᠯ ᠰᠠᠨᠠᠭᠤᠯᠭ᠎ᠠ ᠲᠠᠢ ᠢᠷᠡᠭᠰᠡᠨ ᠪᠤᠯ︖      ᠴᠦᠭᠡᠨ ᠲᠤᠭᠠᠲᠤ ᠦᠨᠳᠦᠰᠦᠲᠡᠨ ᠤ ᠡᠲᠡᠭᠡᠳ ᠤᠨ ᠬᠤᠪᠢ ᠪᠠᠷ ᠬᠤᠶᠠᠷ ᠬᠤᠷᠠᠯ ᠳᠤ ᠤᠷᠤᠯᠴᠠᠵᠤ ᠪᠠᠶᠢᠭ᠎ᠠ ᠣᠳᠬᠤᠠᠨᠣᠷᠪᠤ ᠭᠤᠷᠪᠠᠨ ᠵᠦᠢᠯ ᠤᠨ ᠰᠠᠨᠠᠯ ᠰᠠᠨᠠᠭᠤᠯᠭ᠎ᠠ ᠳᠡᠪᠰᠢᠭᠦᠯᠵᠡᠢ᠃ ᠳᠠᠷᠤᠢ ᠨᠢᠭᠡ ᠳᠤ᠂ ᠤᠯᠠᠮᠵᠢᠯᠠᠯᠲᠤ ᠴᠠᠭᠠᠨ ᠢᠳᠡᠭᠡᠨ ᠤ ᠤᠯᠠᠨ ᠲᠥᠷᠥᠯ ᠵᠦᠢᠯ ᠳᠤᠲᠤᠷ᠎ᠠ ᠠᠴᠠ ᠰᠢᠷᠬᠤᠰᠤ ᠶᠢ ᠶᠠᠭᠠᠬᠢᠵᠤ ᠨᠡᠩ ᠤᠯᠠᠨ ᠬᠦᠮᠦᠨ ᠳᠤ ᠭᠦᠨᠵᠡᠭᠡᠢ ᠲᠠᠨᠢᠭᠤᠯᠬᠤ ᠪᠤᠢ︖ ᠬᠤᠶᠠᠷ ᠲᠤ᠂ ᠡᠨᠡ ᠵᠢᠯ ᠤᠨ ᠬᠤᠪᠢ ᠳᠤ ᠦᠬᠡᠷ ᠬᠤᠨᠢᠨ ᠤ ᠦᠨ᠎ᠡ ᠶᠡᠭᠡ ᠪᠠᠷ ᠪᠠᠭᠤᠷᠠᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠥᠯᠥᠭᠡᠯᠡᠵᠤ ᠪᠠᠶᠢᠨ᠎ᠠ᠂ ᠡᠭᠦᠨ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ ᠭᠤᠷᠪᠠ ᠳᠤ᠂ ᠮᠠᠨ ᠤ ᠬᠤᠲᠠ ᠶᠢᠨ ᠵᠠᠷᠢᠮ ᠵᠤᠷᠯᠤᠩ ᠤᠨ ᠬᠠᠨ᠎ᠠ ᠪᠤᠶᠤ ᠬᠤᠭ ᠨᠤᠪᠰᠢ ᠶᠢᠨ ᠰᠠᠪᠠᠨ ᠳᠤ ᠦᠨᠳᠦᠰᠦᠲᠡᠨ ᠤ ᠣᠨᠴᠠᠯᠢᠭᠲᠤ ᠬᠡ ᠤᠭᠠᠯᠵᠠ ᠵᠢᠷᠤᠭᠳᠠᠵᠤ ᠪᠤᠢ᠂ ᠲᠡᠭᠦᠨ ᠢ ᠶᠠᠭᠠᠬᠢᠵᠤ ᠠᠷᠢᠯᠭᠠᠬᠤ ᠪᠤᠢ︖      ᠣᠳᠬᠤᠠᠨᠣᠷᠪᠤ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠡᠨᠡ ᠵᠢᠯ ᠤᠨ ᠬᠤᠶᠠᠷ ᠬᠤᠷᠠᠯ ᠳᠠᠬᠢ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠰᠤᠨᠤᠰᠤᠭᠠᠳ ᠮᠠᠰᠢ ᠶᠡᠭᠡ ᠵᠤᠷᠢᠭᠵᠢᠯ᠎ᠠ᠂ ᠥᠩᠭᠡᠷᠡᠭᠰᠡᠨ ᠨᠢᠭᠡ ᠵᠢᠯ ᠳᠤ ᠮᠠᠨ ᠬᠤᠲᠠ ᠮᠠᠰᠢ ᠣᠯᠠᠨ ᠰᠠᠶᠢᠬᠠᠨ ᠠᠵᠢᠯ ᠢ ᠬᠢᠵᠤ᠂ ᠪᠦᠭᠦᠳᠡ ᠶᠢ ᠲᠤᠭ᠎ᠠ ᠮᠠᠭᠠᠳ ᠎ ᠲᠠᠢ ᠲᠣᠪ ᠲᠤᠳᠤᠷᠬᠠᠢ ᠶᠠᠷᠢᠯ᠎ᠠ᠂ ᠡᠭᠦᠨ ᠳᠤ ᠪᠢ ᠮᠠᠯ ᠠᠵᠤ ᠠᠬᠤᠢ ᠶᠢᠨ ᠲᠠᠯ᠎ᠠ ᠪᠠᠷ ᠬᠢ ᠠᠵᠢᠯ ᠪᠤᠯᠤᠨ ᠠᠷᠭ᠎ᠠ ᠪᠤᠳᠤᠯᠭ᠎ᠠ ᠳᠤ ᠨᠡᠩ ᠢᠯᠡᠭᠦᠦ ᠠᠩᠬᠠᠷᠤᠯ ᠢᠶᠠᠨ ᠲᠠᠯᠪᠢᠭᠰᠠᠨ ᠶᠤᠮ᠂ ᠡᠨᠡ ᠨᠢ ᠮᠦᠨ ᠴᠦ ᠮᠢᠨᠤ ᠬᠢᠵᠤ ᠪᠠᠶᠢᠭ᠎ᠠ ᠠᠵᠢᠯ ᠦᠢᠯᠡᠰ ᠲᠤ ᠬᠤᠯᠪᠤᠭ᠎ᠠ ᠲᠠᠢ᠃ ᠡᠨᠡ ᠤᠳᠠᠭ᠎ᠠ ᠪᠢ ᠭᠤᠷᠪᠠᠨ ᠰᠠᠨᠠᠯ ᠰᠠᠨᠠᠭᠤᠯᠭ᠎ᠠ ᠪᠠᠨ ᠳᠡᠪᠰᠢᠭᠦᠯᠥᠯ᠎ᠠ᠃ ᠲᠡᠭᠡᠪᠡᠯ ᠡᠨᠡ ᠭᠤᠷᠪᠠᠨ ᠠᠰᠠᠭᠤᠳᠠᠯ ᠤᠨ ᠲᠤᠭᠤᠷᠢᠨ ᠳᠤ ᠶᠠᠭᠠᠬᠢᠵᠤ ᠬᠢᠪᠡᠯ ᠨᠡᠩ ᠰᠠᠶᠢᠨ ᠪᠠᠶᠢᠬᠤ ᠲᠤᠬᠠᠢ ᠳᠥᠭᠦᠮ ᠦᠭᠦᠯᠡᠶ᠎ᠡ᠃ ᠤᠯᠠᠮᠵᠢᠯᠠᠯᠲᠤ ᠴᠠᠭᠠᠨ ᠢᠳᠡᠭᠡᠨ ᠤ ᠲᠥᠷᠥᠯ ᠳᠤᠲᠤᠷ᠎ᠠ ᠠᠴᠠ ᠰᠢᠷᠬᠤᠰᠤ ᠪᠤᠯ ᠬᠦᠮᠦᠨ ᠤ ᠪᠡᠶ᠎ᠡ ᠳᠤ ᠮᠠᠰᠢ ᠰᠠᠶᠢᠨ ᠤᠮᠳᠠᠭᠠᠨ ᠪᠠᠶᠢᠵᠤ᠂ ᠡᠯ᠎ᠡ ᠵᠦᠢᠯ ᠤᠨ ᠡᠪᠡᠳᠴᠢᠨ ᠬᠠᠭᠤᠴᠢᠨ ᠳᠤ ᠴᠦ ᠲᠤᠰᠠᠲᠠᠢ᠂ ᠤᠤᠯ ᠨᠢ ᠪᠢᠳᠠ ᠰᠢᠷᠬᠤᠰᠤ ᠶᠢ ᠬᠤᠨᠢ ᠮᠠᠯ ᠳᠤ ᠤᠤᠭᠤᠯᠭᠠᠬᠤ ᠪᠤᠶᠤ ᠨᠠᠪᠴᠢ ᠨᠤᠭᠤᠭ᠎ᠠ ᠢᠰᠭᠡᠬᠦ ᠳᠤ ᠵᠠᠷᠤᠳᠠᠭ᠂ ᠨᠡᠩ ᠵᠠᠷᠢᠮ ᠨᠢ ᠰᠢᠭᠤᠳ ᠬᠠᠶᠠᠴᠢᠬᠠᠳᠠᠭ ᠨᠢ ᠪᠠᠰᠠ ᠪᠠᠶᠢᠨ᠎ᠠ᠃ ᠲᠡᠭᠡᠬᠦᠯᠡᠷ ᠮᠠᠨ ᠤ ᠦᠢᠯᠡᠳᠪᠦᠷᠢ  ᠡᠮᠦᠨ᠎ᠡ ᠵᠢᠯ ᠤᠳ ᠲᠤ ᠰᠢᠷᠬᠤᠰᠤ ᠪᠠᠨ ᠠᠪᠤᠭᠠᠳ ᠶᠠᠫᠤᠨ ᠤᠯᠤᠰ ᠲᠤ ᠬᠦᠷᠴᠦ᠂ ᠲᠡᠨᠳᠡᠬᠢ ᠶᠢᠨ ᠰᠢᠨᠵᠢᠯᠡᠭᠡ ᠮᠡᠷᠭᠡᠵᠢᠯ ᠤᠨ ᠬᠢᠨᠠᠨ ᠰᠢᠯᠭᠠᠯᠲᠠ ᠶᠢ ᠳᠠᠮᠵᠢᠨ ᠰᠢᠷᠬᠤᠰᠤ ᠶᠢ ᠤᠤᠭᠤᠪᠠᠯ ᠬᠦᠮᠦᠨ ᠤ ᠪᠡᠶ᠎ᠡ ᠳᠤ ᠮᠠᠰᠢ ᠤᠯᠠᠨ ᠰᠠᠶᠢᠨ ᠲᠠᠯ᠎ᠠ ᠲᠠᠢ ᠭᠡᠳᠡᠭ ᠦᠨᠡᠮᠯᠡᠯ ᠭᠡᠷᠡᠴᠢᠯᠡᠭᠡ ᠭᠠᠷᠭᠠᠵᠤ ᠠᠪᠤᠭᠰᠠᠨ ᠶᠤᠮ᠃ ᠤᠳᠤ ᠪᠢᠳᠠ ᠡᠶᠢᠮᠦ ᠰᠠᠶᠢᠬᠠᠨ ᠵᠦᠢᠯ ᠢᠶᠠᠨ ᠨᠡᠩ ᠤᠯᠠᠨ ᠬᠦᠮᠦᠨ ᠳᠤ ᠲᠠᠨᠢᠭᠤᠯᠤᠨ ᠮᠡᠳᠡᠭᠦᠯᠵᠤ᠂ ᠰᠢᠷᠬᠤᠰᠤ ᠶᠢᠨ ᠦᠢᠯᠡᠳᠪᠦᠷᠢᠯᠡᠯ ᠢᠶᠠᠨ ᠥᠷᠭᠡᠳᠬᠡᠬᠦ ᠶᠢᠨ ᠬᠠᠮᠲᠤ ᠡᠭᠦᠨ ᠲᠠᠯ᠎ᠠ ᠪᠠᠷ ᠨᠡᠩ ᠭᠦᠨᠵᠡᠭᠡᠢ ᠰᠤᠳᠤᠯᠭᠠᠨ ᠬᠢᠬᠦ ᠴᠢᠬᠤᠯᠠᠲᠠᠢ ᠪᠠᠶᠢᠨ᠎ᠠ᠃ ᠡᠭᠦᠨ ᠳᠤ ᠵᠠᠰᠠᠭ ᠤᠨ ᠤᠷᠳᠤᠨ ᠤ ᠳᠡᠮᠵᠢᠯᠭᠡ ᠬᠡᠷᠡᠭᠲᠡᠢ ᠮᠥᠷᠲᠡᠭᠡᠨ ᠲᠤᠰᠬᠠᠢ ᠮᠡᠷᠭᠡᠵᠢᠯ ᠤᠨ ᠡᠷᠳᠡᠮᠲᠡᠨ ᠬᠢᠭᠡᠳ ᠶᠡᠭᠡ ᠰᠤᠷᠭᠠᠭᠤᠯᠢ ᠪᠠᠨ ᠲᠡᠭᠦᠰᠦᠭᠡᠭᠰᠡᠨ ᠤᠶᠤᠲᠠᠨ ᠮᠡᠷᠭᠡᠵᠢᠯᠲᠡᠨ ᠱᠠᠭᠠᠷᠳᠠᠭᠳᠠᠵᠤ ᠪᠠᠶᠢᠨ᠎ᠠ᠃ ᠳᠠᠷᠠᠭ᠎ᠠ ᠨᠢ ᠦᠬᠡᠷ ᠬᠤᠨᠢᠨ ᠤ ᠮᠢᠬ᠎ᠠ ᠥᠷᠲᠡᠭ ᠪᠠᠭᠤᠷᠠᠭᠰᠠᠨ ᠳᠤ ᠪᠢᠳᠠ ᠶᠠᠮᠠᠷ ᠠᠷᠭ᠎ᠠ ᠬᠡᠮᠵᠢᠶ᠎ᠡ ᠠᠪᠬᠤ ᠪᠤᠢ︖ ᠡᠮᠦᠨᠡᠬᠢ ᠵᠢᠯ ᠤᠳ ᠲᠤ ᠨᠢᠭᠡ ᠠᠮᠢᠳᠤ ᠦᠬᠡᠷ ᠤᠨ ᠥᠷᠲᠡᠭ ᠪᠠᠷᠤᠭ 12000 — 13000 ᠲᠦᠭᠦᠷᠢᠭ ᠬᠦᠷᠳᠡᠭ ᠪᠠᠶᠢᠭᠰᠠᠨ᠂ ᠬᠠᠷᠢᠨ ᠤᠳᠤ ᠪᠤᠯᠬᠤ ᠳᠤ ᠨᠢᠭᠡ ᠠᠮᠢᠳᠤ ᠦᠬᠡᠷ ᠤᠨ ᠥᠷᠲᠡᠭ ᠪᠠᠷᠤᠭ 5000 —6000 ᠲᠦᠭᠦᠷᠢᠭ ᠬᠦᠷᠴᠦ ᠪᠠᠶᠢᠨ᠎ᠠ᠂ ᠨᠡᠩ ᠵᠠᠷᠢᠮ ᠮᠠᠯᠴᠢᠨ ᠲᠠᠷᠢᠶᠠᠴᠢᠨ ᠡᠷᠦᠬᠡ ᠶᠢᠨ ᠦᠬᠡᠷ ᠬᠤᠨᠢ ᠨᠢ ᠨᠢᠭᠡ ᠴᠦ ᠬᠤᠳᠠᠯᠳᠤᠵᠤ ᠭᠠᠷᠬᠤ ᠦᠭᠡᠢ ᠮᠥᠷᠲᠡᠭᠡᠨ ᠡᠪᠡᠰᠦ ᠪᠤᠷᠳᠤᠭᠠᠨ ᠦᠨ᠎ᠡ ᠥᠰᠥᠭᠰᠡᠨ ᠠᠴᠠ ᠠᠵᠤ ᠠᠬᠤᠢ ᠳᠤᠨᠢ ᠮᠠᠰᠢ ᠶᠡᠭᠡ ᠳᠠᠷᠤᠭᠠᠰᠤ ᠠᠪᠴᠢᠷᠠᠵᠠᠢ᠃ ᠡᠨᠡ ᠨᠢ ᠬᠡᠯᠡᠯᠭᠡᠨ ᠦᠭᠡᠢ ᠭᠠᠳᠠᠨ᠎ᠠ ᠠᠴᠠ ᠶᠡᠭᠡ ᠬᠡᠮᠵᠢᠶᠡᠨ ᠤ ᠮᠠᠯ ᠤᠨ ᠮᠢᠬ᠎ᠠ ᠤᠷᠤᠵᠤ ᠢᠷᠡᠭᠰᠡᠨ ᠲᠠᠢ ᠬᠤᠯᠪᠤᠭ᠎ᠠ ᠲᠠᠢ ᠮᠥᠷᠲᠡᠭᠡᠨ ᠢᠷᠡᠬᠦ ᠲᠠᠪᠤ ᠭᠤᠷᠪᠠᠨ ᠵᠢᠯ ᠳᠤ ᠮᠦᠨ ᠦᠷᠭᠦᠯᠵᠢᠯᠡᠨ ᠶᠡᠭᠡ ᠬᠡᠪᠴᠢᠶ᠎ᠡ ᠲᠠᠢ ᠤᠷᠤᠵᠤ ᠢᠷᠡᠬᠦ ᠨᠢ ᠯᠠᠪᠲᠠᠢ᠃ ᠡᠶᠢᠮᠦ ᠪᠠᠶᠢᠳᠠᠯ ᠳᠤ ᠪᠢᠳᠠ ᠪᠠᠰᠠ ᠬᠡᠯᠪᠡᠷᠢ ᠪᠠᠨ ᠬᠤᠪᠢᠷᠠᠭᠤᠯᠤᠨ ᠮᠠᠯᠵᠢᠬᠤ ᠴᠢᠬᠤᠯᠠ ᠮᠥᠷᠲᠡᠭᠡᠨ ᠵᠠᠰᠠᠭ ᠤᠨ ᠤᠷᠳᠤᠨ ᠤ ᠳᠡᠮᠵᠢᠯᠭᠡ ᠪᠠᠰᠠ ᠴᠦ ᠶᠡᠭᠡ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠮᠠᠯᠵᠢᠬᠤ᠂ ᠬᠡᠪᠴᠢᠶᠡᠵᠢᠭᠦᠯᠦᠨ ᠡᠵᠡᠩᠨᠡᠬᠦ᠂ ᠬᠠᠮᠲᠤᠷᠠᠯ ᠬᠤᠷᠰᠢᠶᠠᠵᠢᠯ ᠪᠠᠶᠢᠭᠤᠯᠬᠤ ᠵᠡᠷᠭᠡ ᠠᠷᠭ᠎ᠠ ᠬᠡᠯᠪᠡᠷᠢ ᠶᠢ ᠪᠢᠳᠠ ᠶᠠᠭᠠᠬᠢᠵᠤ ᠠᠰᠢᠭᠯᠠᠵᠤ ᠬᠡᠷᠡᠭᠵᠢᠭᠦᠯᠬᠦ ᠪᠤᠢ ᠬᠡᠳᠡᠭ ᠨᠢ ᠴᠢᠬᠤᠯᠠ ᠪᠤᠯᠵᠠᠢ᠃ ᠭᠤᠷᠪᠠᠳᠠᠬᠢ ᠠᠰᠠᠭᠤᠳᠠᠯ ᠳᠤ ᠮᠠᠨ ᠤ ᠵᠠᠰᠠᠭ ᠤᠨ ᠤᠷᠳᠤᠨ ᠠᠴᠠ ᠰᠠᠨᠠᠭᠠᠴᠢᠯᠠᠭ᠎ᠠ ᠭᠠᠷᠭᠠᠵᠤ ᠪᠠᠶᠢᠭᠠᠳ ᠵᠠᠷᠢᠮ ᠵᠤᠬᠢᠰᠲᠡᠢ ᠭᠠᠵᠠᠷ ᠎ ᠨᠢ ᠵᠢᠷᠤᠵᠤ ᠠᠰᠢᠭᠯᠠᠨ᠂ ᠵᠤᠬᠢᠰ ᠦᠭᠡᠢ ᠭᠠᠵᠠᠷ ᠨᠢ ᠬᠡᠷᠡᠭᠯᠡᠬᠦ ᠦᠭᠡᠢ ᠪᠠᠶᠢᠬᠤ ᠶᠢ ᠤᠷᠢᠶᠡᠯᠠᠶ᠎ᠠ︾ ᠭᠡᠵᠤ ᠶᠠᠷᠢᠯ᠎ᠠ᠃  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ