2024 ᠣᠨ ᠤ ᠣᠷᠳᠣᠰ ᠬᠤᠲᠠ ᠶᠢᠨ ᠬᠤᠶᠠᠷ ᠬᠤᠷᠠᠯ — ᠤᠯᠤᠰ ᠲᠥᠷᠥ ᠶᠢᠨ ᠵᠥᠪᠯᠡᠯᠭᠡᠨ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠠᠮᠵᠢᠯᠲᠠ ᠲᠠᠢ ᠥᠨᠳᠥᠷᠯᠡᠯ᠎ᠡ
ᠨᠡᠶᠢᠲᠡᠯᠡᠭᠰᠡᠨ ᠴᠠᠭ᠄
2024/1/23
      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠤ᠂ 1 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ ᠤᠷᠳᠤᠰ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠠᠮᠵᠢᠯᠲᠠ ᠲᠠᠢ ᠥᠨᠳᠥᠷᠯᠡᠯ᠎ᠡ᠃
微信图片_20240122105351.jpg
      ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠨᠡᠶᠢᠲᠡ 287 ᠬᠡᠰᠢᠭᠦᠨ ᠲᠠᠢ ᠪᠠᠶᠢᠵᠤ᠂ ᠲᠤᠰ ᠤᠳᠠᠭᠠᠨ ᠤ ᠬᠤᠷᠠᠯ ᠳᠤ 257 ᠬᠡᠰᠢᠭᠦᠨ ᠲᠠᠢ ᠪᠠᠶᠢᠵᠤ᠂ ᠲᠤᠰ ᠤᠳᠠᠭᠠᠨ ᠤ ᠬᠤᠷᠠᠯ ᠳᠤ 257 ᠬᠡᠰᠢᠭᠦᠨ ᠤᠷᠤᠯᠴᠠᠵᠤ᠂ ᠲᠤᠭᠲᠠᠭᠠᠭᠰᠠᠨ ᠬᠦᠮᠦᠨ ᠤ ᠲᠤᠭ᠎ᠠ  ᠳᠤ ᠨᠡᠶᠢᠴᠡᠪᠡ᠃      ᠬᠤᠷᠠᠯ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠥᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠰᠢᠢᠳᠪᠦᠷᠢ ᠶᠢ ᠪᠠᠲᠤᠯᠠᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠠᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠰᠢᠢᠳᠪᠦᠷᠢ ᠶᠢ ᠪᠠᠲᠤᠯᠠᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ  ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ  ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ᠶᠢ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠲᠠ ᠶᠢᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠬᠡᠰᠢᠭᠦᠳ ᠪᠤᠯᠤᠨ ᠬᠤᠷᠠᠯ ᠳᠤ ᠤᠷᠤᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ᠃ ᠬᠤᠷᠠᠯ ᠤᠨ ᠬᠤᠭᠤᠴᠠᠭᠠᠨ ᠳᠤ᠂ ᠤᠯᠤᠰ ᠲᠥᠷᠥ ᠶᠢᠨ ᠵᠥᠪᠯᠡᠯᠭᠡᠨ ᠤ ᠪᠦᠬᠦ ᠬᠡᠰᠢᠭᠦᠳ ᠪᠠᠲᠤ ᠴᠢᠩᠭ᠎ᠠ ᠤᠯᠤᠰ ᠲᠥᠷᠥ ᠶᠢᠨ ᠤᠬᠠᠮᠰᠠᠷ ᠪᠤᠯᠤᠨ ᠣᠷᠬᠢᠯᠤᠮ᠎ᠠ ᠬᠠᠯᠠᠭᠤᠨ ᠤᠯᠤᠰ ᠲᠥᠷᠥ ᠶᠢᠨ ᠰᠡᠳᠬᠢᠯᠭᠡ ᠪᠠᠷ ᠵᠠᠰᠠᠭ ᠤᠨ ᠶᠠᠪᠤᠳᠠᠯ ᠳᠤ ᠤᠷᠤᠯᠴᠠᠨ ᠲᠥᠷᠥ ᠶᠢᠨ ᠬᠡᠷᠡᠭ ᠢ ᠵᠥᠪᠯᠡᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠮᠳᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠠᠮᠢᠵᠢᠷᠠᠯ ᠤᠨ ᠬᠦᠴᠦᠨ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ ᠬᠠᠷᠢᠶ᠎ᠠ ᠰᠡᠳᠬᠢᠯᠭᠡ ᠬᠠᠷᠢᠭᠤᠴᠠᠯᠭ᠎ᠠ ᠶᠢ ᠢᠯᠡᠷᠡᠭᠦᠯᠪᠡ᠃ ᠬᠤᠷᠠᠯ ᠨᠢ ᠦᠨᠡᠨ ᠢ ᠪᠠᠷᠢᠮᠲᠠᠯᠠᠵᠤ ᠪᠤᠳᠠᠲᠠᠢ ᠶᠢ ᠡᠷᠬᠢᠮᠯᠡᠨ᠂ ᠪᠦᠯᠬᠦᠮᠳᠡᠯ ᠠᠷᠠᠳᠴᠢᠯᠠᠯ ᠤᠨ ᠭᠤᠤᠯ ᠬᠥᠭ ᠠᠶᠠᠰ ᠢ ᠪᠠᠳᠠᠷᠠᠭᠤᠯᠵᠤ᠂ ᠲᠤᠭ ᠢ ᠥᠨᠳᠥᠷ ᠮᠠᠨᠳᠤᠭᠤᠯᠤᠨ᠂ ᠰᠡᠳᠬᠢᠯ ᠢᠶᠠᠨ ᠨᠢᠭᠡᠳᠬᠡᠨ ᠬᠦᠴᠦᠨ ᠪᠠᠨ ᠬᠠᠮᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠭᠰᠠᠨ ᠨᠢᠭᠡ ᠤᠳᠠᠭᠠᠨ ᠤ ᠶᠡᠭᠡ ᠬᠤᠷᠠᠯ ᠪᠤᠯᠤᠭᠰᠠᠨ ᠪᠠᠶᠢᠨ᠎ᠠ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ