2024 ᠣᠨ ᠤ ᠠᠷᠠᠳ ᠲᠤ ᠠᠰᠢᠭ ᠬᠦᠷᠲᠡᠭᠡᠬᠦ ᠪᠤᠳᠠᠳᠤ ᠶᠠᠪᠤᠳᠠᠯ ᠤᠳ —  ᠳᠠᠯᠠᠳ ᠬᠤᠰᠢᠭᠤ
ᠨᠡᠶᠢᠲᠡᠯᠡᠭᠰᠡᠨ ᠴᠠᠭ᠄
2024/1/24
ᠳᠠᠯᠠᠳ ᠬᠤᠰᠢᠭᠤᠨ ᠤ 2024 ᠣᠨ ᠤ ᠠᠷᠠᠳ ᠲᠤ ᠠᠰᠢᠭ ᠬᠦᠷᠲᠡᠭᠡᠬᠦ ᠪᠤᠳᠠᠳᠤ ᠶᠠᠪᠤᠳᠠᠯ ᠤᠳ    1. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃    2. ᠸᠠᠩ ᠤᠨ ᠵᠤᠤ ᠪᠠᠯᠭᠠᠰᠤᠨ ᠤ ᠰᠢ ᠱᠧ ᠴᠢᠦᠢ ᠺᠧᠦ ᠠᠴᠠ X618 ᠴᠢᠩ ᠢ ᠾᠧ ᠬᠦᠷᠬᠦ ᠬᠤᠣᠰ ᠲᠡᠷᠭᠡᠨ ᠵᠠᠮ ᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃    3. ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠷᠥ ᠵᠦᠢᠯ ᠢ ᠬᠡᠷᠡᠭᠵᠢᠭᠦᠯᠦᠨ᠎ᠡ᠃    4. ᠵᠤᠤ ᠵᠢᠶᠦ᠋ᠨ ᠪᠠᠯᠭᠠᠰᠤᠨ ᠤ ᠬᠠᠲᠤᠨ ᠭᠤᠣᠯ ᠳᠠᠭᠠᠤ 9 ᠲᠤᠰᠬᠤᠨ ᠤ ᠬᠦᠳᠡᠭᠡ ᠲᠤᠰᠬᠤᠨ ᠤ ᠤᠰᠤ ᠬᠠᠩᠭᠠᠬᠤ ᠪᠠᠲᠤᠯᠠᠭ᠎ᠠ ᠶᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃    5. ᠠᠷᠠᠳ ᠤᠨ ᠡᠮᠨᠡᠯᠭᠡ ᠶᠢᠨ ᠬᠤᠷᠢᠶᠠᠨ ᠤ ᠲᠡᠷᠭᠡᠨ ᠵᠤᠭᠰᠤᠭᠠᠯ ᠤᠨ ᠲᠥᠷᠥᠯ ᠵᠦᠢᠯ ᠢ ᠬᠡᠷᠡᠭᠵᠢᠭᠦᠯᠥᠨ᠎ᠡ᠃    6. ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠳᠥᠬᠦᠭᠡᠷᠦᠮᠵᠢ ᠶᠢ ᠢᠵᠢ ᠪᠦᠷᠢᠳᠦᠭᠦᠯᠦᠨ ᠳᠡᠭᠡᠭᠰᠢᠯᠡᠬᠦᠯᠬᠦ ᠪᠠ ᠡᠨᠧᠷᠬᠢ ᠠᠷᠪᠢᠯᠠᠬᠤ ᠥᠭᠡᠷᠡᠴᠢᠯᠡᠯᠲᠡ ᠎ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃    7. ᠬᠠᠭᠤᠴᠢᠨ ᠰᠠᠭᠤᠭᠠᠯᠢ ᠲᠤᠭᠤᠷᠢᠭ ᠤᠨ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃    8. ᠬᠤᠲᠠ ᠲᠤᠭᠤᠷᠢᠭ ᠤᠨ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃    9. ᠱᠠᠭᠵᠠᠮᠤᠨᠢ ᠪᠠᠯᠭᠠᠰᠤ᠂ ᠽᠠᠨᠳᠠᠨᠵᠤᠤ ᠰᠤᠮᠤ ᠶᠢᠨ ᠬᠡᠰᠡᠭ ᠭᠠᠴᠠᠭ᠎ᠠ ᠲᠤᠰᠬᠤᠨ ᠤ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃    10. ᠲᠠᠪᠤᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ