2024 ᠣᠨ ᠤ ᠠᠷᠠᠳ ᠲᠤ ᠠᠰᠢᠭ ᠬᠦᠷᠲᠡᠭᠡᠬᠦ ᠪᠤᠳᠠᠳᠤ ᠶᠠᠪᠤᠳᠠᠯ ᠤᠳ — ᠬᠠᠩᠭᠢᠨ ᠬᠤᠰᠢᠭᠤ
ᠨᠡᠶᠢᠲᠡᠯᠡᠭᠰᠡᠨ ᠴᠠᠭ᠄
2024/1/24
ᠬᠠᠩᠭᠢᠨ ᠬᠤᠰᠢᠭᠤᠨ ᠤ 2024 ᠣᠨ ᠤ ᠠᠷᠠᠳ ᠲᠤ ᠠᠰᠢᠭ ᠬᠦᠷᠲᠡᠭᠡᠬᠦ ᠪᠤᠳᠠᠳᠤ ᠶᠠᠪᠤᠳᠠᠯ ᠤᠳ    1. ᠬᠠᠩᠭᠢᠨ ᠬᠤᠰᠢᠭᠤᠨ ᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ︽ᠪᠡᠶ᠎ᠡ ᠰᠡᠳᠬᠢᠴᠡ ᠪᠦᠬᠦᠯᠢ ᠴᠤᠭᠴᠠ ᠶᠢᠨ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ︾ ᠤᠨ ᠪᠦᠲᠦᠭᠡᠨ ᠪᠠᠶᠢᠭᠤᠯᠤᠯᠲᠠ ᠶᠢᠨ ᠲᠥᠷᠥ ᠵᠦᠢᠯ ᠢ ᠬᠡᠷᠡᠭᠵᠢᠭᠦᠯᠦᠨ᠎ᠡ᠃    2. ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠭᠤᠣᠯ ᠨᠢᠷᠤᠭᠤ ᠮᠣᠷᠣᠶᠢᠬᠤ ᠶᠢ ᠵᠠᠰᠠᠬᠤ ᠵᠢᠴᠢ ᠦᠨ᠎ᠡ ᠲᠥᠯᠥᠪᠦᠷᠢ ᠦᠭᠡᠢ  ᠪᠠᠷ ᠪᠡᠶ᠎ᠡ ᠶᠢᠨ ᠪᠠᠶᠢᠴᠠᠭᠠᠯᠲᠠ ᠬᠢᠯᠭᠡᠬᠦ ᠲᠥᠷᠥᠯ ᠵᠦᠢᠯ ᠢ ᠬᠡᠷᠡᠭᠵᠢᠭᠦᠯᠦᠨ᠎ᠡ᠃    3. ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠠᠭ᠎ᠠ ᠶᠢ ᠲᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃    4. ᠨᠡᠶᠢᠲᠡ ᠶᠢᠨ ᠮᠠᠰᠢᠨ ᠲᠡᠷᠭᠡᠨ ᠳᠤ ᠦᠨ᠎ᠡ ᠲᠥᠯᠥᠪᠦᠷᠢ ᠦᠭᠡᠢ ᠰᠠᠭᠤᠯᠭᠠᠬᠤ ᠲᠥᠷᠥᠯ ᠵᠦᠢᠯ ᠢ ᠬᠡᠷᠡᠭᠵᠢᠭᠦᠯᠦᠨ᠎ᠡ᠃    5. ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃    6. ᠰᠢᠨᠡᠪᠠᠯᠭᠠᠰᠤ ᠶᠢᠨ ᠪᠤᠬᠠᠳᠠᠢ ᠵᠡᠷᠭᠡ 8 ᠲᠤᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃    7. ᠰᠢᠨᠡᠪᠠᠯᠭᠠᠰᠤ ᠶᠢᠨ 2024 ᠤᠨ ᠤ ᠬᠠᠭᠤᠴᠢᠨ ᠰᠠᠭᠤᠭᠠᠯᠢ ᠲᠤᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃    8. ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠪᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠭᠡᠷ ᠪᠠᠶᠢᠰᠢᠩ ᠢ ᠵᠠᠰᠠᠵᠤ ᠴᠢᠮᠡᠬᠦ ᠲᠥᠷᠥᠯ ᠵᠦᠢᠯ ᠢ ᠬᠡᠷᠡᠭᠵᠢᠭᠦᠯᠦᠨ᠎ᠡ᠃    9. ᠳᠤᠭᠤᠶᠢᠳᠠᠯ᠎ᠠ ᠪᠠᠯᠭᠠᠰᠤ ᠶᠢᠨ ᠤᠷᠤᠨ ᠰᠠᠭᠤᠴᠠ ᠶᠢᠨ ᠲᠤᠭᠤᠷᠢᠭ ᠢ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃   10. ᠥᠪᠥᠷ ᠮᠣᠩᠭᠤᠯ ᠤᠨ ᠡᠨᠧᠷᠬᠢ ᠪᠠᠷ ᠴᠠᠬᠢᠯᠭᠠᠨ ᠭᠠᠷᠭᠠᠬᠤ ᠺᠤᠮᠫᠠᠨᠢ ᠶᠢᠨ ᠬᠠᠩᠬᠢᠨ ᠬᠤᠰᠢᠭᠤᠨ ᠳᠠᠬᠢ ᠢᠯᠴᠢ ᠬᠠᠩᠭᠠᠬᠤ ᠢᠵᠢ ᠪᠦᠷᠢᠳᠦᠭᠦᠯᠬᠦ ᠬᠤᠭᠤᠯᠠᠢ ᠲᠣᠣᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ