1.35 ᠳ᠋ᠦᠩᠰᠢᠭᠤᠷ ᠬᠦᠮᠦᠨ ᠤᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2024/1/3
      ᠰᠤᠶᠤᠯ ᠪᠠ ᠵᠤᠭᠠᠴᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ  ᠤᠨ ᠲᠦᠰᠦᠭᠡᠯᠡᠨ ᠪᠤᠳᠤᠭᠰᠠᠨ ᠢᠶᠠᠷ᠂ ᠠᠮᠠᠷᠠᠯᠲᠠ ᠶᠢᠨ ᠬᠤᠭᠤᠴᠠᠭᠠᠨ ᠳᠤ᠂ ᠤᠯᠤᠰ  ᠤᠨ ᠳᠤᠲᠤᠭᠠᠳᠤ ᠶᠢᠨ ᠵᠤᠭᠠᠴᠠᠭᠰᠠᠳ ᠤᠨ ᠲᠤᠭ᠎ᠠ 1.35 ᠳ᠋ᠦᠩᠰᠢᠭᠤᠷ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 155.3%  ᠪᠠᠷ ᠨᠡᠮᠭᠳᠡᠨ᠂ 2019 ᠤᠨ ᠤ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ᠃ ᠤᠯᠤᠰ ᠤᠨ ᠲᠤᠳᠤᠭᠠᠳᠤ ᠶᠢᠨ ᠵᠤᠭᠠᠴᠠᠯ ᠤᠨ ᠤᠷᠤᠯᠭ᠎ᠠ 797.3 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 200.7%  ᠪᠠᠷ ᠨᠡᠮᠡᠭᠳᠡᠨ᠂ 2019 ᠤᠨ ᠤ ᠠᠳᠠᠯᠢ ᠬᠤᠭᠤᠴᠠᠭᠠᠨ  ᠤ ᠬᠢ ᠠᠴᠠ 5.6% ᠪᠠᠷ ᠨᠡᠮᠡᠭᠳᠡᠪᠡ᠃      ᠮᠦᠰᠦ ᠴᠠᠰᠤᠨ ᠤ ᠵᠤᠭᠠᠴᠠᠯ ᠤᠨ ᠬᠠᠯᠠᠭᠤᠷᠠᠯ ᠦᠷᠭᠦᠯᠵᠢᠯᠡᠨ ᠳᠡᠭᠡᠭᠰᠢᠯᠡᠪᠡ᠃ ᠹᠧᠢ ᠵᠤ᠋ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠮᠠᠷᠠᠯᠲᠠ ᠶᠢᠨ ᠬᠤᠭᠤᠴᠠᠭᠠᠨ ᠳᠤ᠂ ᠮᠦᠰᠦ ᠴᠠᠰᠤᠨ ᠤ ᠨᠠᠭᠠᠳᠤᠮ ᠤᠨ ᠵᠤᠭᠠᠴᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ126%  ᠪᠠᠷ ᠨᠡᠮᠡᠭᠳᠡᠵᠤ᠂ ᠬᠠᠷᠪᠢᠨ᠂ ᠴᠠᠩᠴᠦ᠋ᠨ᠂ ᠦᠷᠦᠮᠴᠢ᠂ ᠴᠢᠭᠤᠯᠤᠯᠳᠤ ᠬᠠᠭᠠᠯᠭ᠎ᠠ ᠨᠢ ᠬᠠᠯᠠᠮᠰᠢᠯ ᠭᠠᠵᠠᠷ ᠪᠤᠯᠵᠠᠢ᠃ 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ