ᠲᠤᠭ ᠪᠠᠯᠭᠠᠰᠤ 300 ᠲᠦᠮᠡᠨ ᠲᠦᠭᠦᠷᠢᠭ ᠤᠨ ᠠᠰᠢᠭ ᠤᠷᠤᠯᠭ᠎ᠠ ᠬᠤᠪᠢᠶᠠᠯ᠎ᠠ
ᠨᠡᠶᠢᠲᠡᠯᠡᠭᠰᠡᠨ ᠴᠠᠭ᠄
2024/1/4
      ᠤᠶᠢᠷ᠎ᠠ ᠶᠢᠨ ᠡᠳᠦᠷ᠂ ᠦᠦᠰᠢᠨ ᠬᠤᠰᠢᠭᠤᠨ ᠤ ᠲᠤᠭ ᠪᠠᠯᠭᠠᠰᠤ 300 ᠲᠦᠮᠡᠨ ᠲᠦᠭᠦᠷᠢᠭ ᠤᠨ ᠠᠰᠢᠭ ᠤᠷᠤᠯᠭ᠎ᠠ ᠶᠢ 10 ᠭᠠᠴᠠᠭ᠎ᠠ ᠲᠤᠰᠬᠤᠨ ᠳᠤ ᠬᠤᠪᠢᠶᠠᠵᠤ᠂ ᠭᠠᠴᠠᠭ᠎ᠠ ᠲᠤᠰᠬᠤᠨ ᠨᠢᠭᠡᠪᠦᠷᠢ 30.79 ᠲᠦᠮᠡᠨ ᠲᠦᠭᠦᠷᠢᠭ ᠬᠤᠪᠢᠶᠠᠨ ᠤᠯᠵᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠳᠤ ᠤᠷᠤᠯᠭ᠎ᠠ ᠡᠭᠦᠳᠦᠭᠰᠡᠨ ᠪᠠᠶᠢᠨ᠎ᠠ᠃      2023 ᠤᠨ ᠳᠤ᠂ ᠲᠤᠭ ᠪᠠᠯᠭᠠᠰᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠭᠦᠩ ᠹᠦ᠋ ᠺᠤᠮᠫᠠᠨᠢ ᠶᠢᠨ ᠥᠪᠥᠷ ᠮᠤᠩᠭᠤᠯ ᠤᠨ ᠬᠤᠩ ᠲᠤ ᠠᠵᠤ ᠦᠢᠯᠡᠰ ᠤᠨ ᠬᠢᠵᠠᠭᠠᠷᠲᠤ ᠺᠤᠮᠫᠠᠨᠢ ᠶᠢ ᠪᠠᠶᠢᠭᠤᠯᠵᠤ᠂ 10 ᠭᠠᠴᠠᠭ᠎ᠠ ᠲᠤᠰᠬᠤᠨ ᠢ ᠡᠨᠡᠬᠦ ᠺᠤᠮᠫᠠᠨᠢ ᠳᠤ ᠬᠤᠪᠢ ᠤᠷᠤᠭᠤᠯᠤᠭᠰᠠᠨ ᠪᠠᠶᠢᠨ᠎ᠠ᠃      2023 ᠤᠨ ᠳᠤ᠂ ᠲᠤᠭ ᠪᠠᠯᠭᠠᠰᠤ ᠶᠢᠨ ᠪᠦᠬᠦ ᠪᠠᠯᠭᠠᠰᠤ ᠶᠢᠨ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠤᠷᠤᠯᠭ᠎ᠠ 8600 ᠲᠦᠮᠡᠨ ᠲᠦᠭᠦᠷᠢᠭ ᠢ ᠳᠠᠪᠠᠵᠤ᠂ ᠴᠡᠪᠡᠷ ᠤᠷᠤᠯᠭ᠎ᠠ 2500 ᠲᠦᠮᠡᠨ ᠲᠦᠭᠦᠷᠢᠭ ᠲᠤ ᠬᠦᠷᠴᠦ᠂ ᠪᠦᠬᠦ ᠪᠠᠯᠭᠠᠰᠤ ᠶᠢᠨ 10 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠴᠡᠪᠡᠷ ᠤᠷᠤᠯᠭ᠎ᠠ ᠪᠦᠬᠦᠨ ᠢᠶᠠᠷ ᠢᠶᠠᠨ 100 ᠲᠦᠮᠡᠨ ᠲᠦᠭᠦᠷᠢᠭ ᠢ ᠳᠠᠪᠠᠭ᠋ᠤ ᠬᠠᠷᠠᠯᠲᠠ ᠶᠢ ᠪᠡᠶᠡᠯᠡᠭᠦᠯᠵᠡᠢ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ