ᠳ᠋ᠦ᠋ ᠬᠤᠢ ᠯᠢᠶᠠᠩ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ ᠭᠦᠸᠧ ᠯᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/14
    10 ᠰᠠᠷ᠎ᠠ ᠶᠢᠨ 12᠎ ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ ᠭᠦᠸᠧ ᠯᠢᠨ ᠨᠡᠷ ᠲᠠᠢ ᠠᠭᠤᠯᠵᠠᠪᠠ᠃
图片1.png
    ᠳ᠋ᠦ᠋ ᠬᠤᠢ ᠯᠢᠶᠠᠩ᠂ ᠣᠷᠳᠣᠰ ᠬᠤᠲᠠ ᠪᠣᠯᠤᠨ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠨᠢᠭᠲᠠ ᠰᠠᠶᠢᠨ ᠬᠠᠮᠲᠤᠷᠠᠯᠴᠠᠭᠠᠨ ᠤ ᠬᠠᠷᠢᠴᠠᠭ᠎ᠠ ᠲᠠᠢ ᠪᠠᠶᠢᠵᠤ᠂ ᠣᠳᠣᠬᠠᠨ ᠳᠤ ᠣᠷᠳᠣᠰ ᠤᠨ ᠰᠢᠨ᠎ᠡ ᠠᠵᠤ ᠦᠢᠯᠡᠰ ᠰᠢᠨ᠎ᠡ ᠬᠥᠳᠡᠯᠭᠡᠬᠦ ᠬᠦᠴᠦᠨ ᠲᠦᠷᠭᠡᠨ ᠪᠣᠶᠢᠵᠢᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠥᠷᠨᠢᠨ ᠬᠥᠭᠵᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠥᠬᠦ ᠲᠠᠯ᠎ᠠ ᠪᠠᠷ ᠳᠡᠭᠡᠭᠰᠢᠯᠡᠪᠡ᠃ ᠬᠤᠶᠠᠷ ᠲᠠᠯ᠎ᠠ ᠪᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠪᠠᠲᠤ ᠲᠣᠭᠲᠠᠭᠠᠵᠤ᠂ ᠰᠢᠢᠳᠪᠦᠷᠢᠯᠡᠬᠦ ᠰᠡᠳᠬᠢᠬᠦᠶ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠭᠦᠸᠧ ᠯᠢᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠭᠵᠢᠯᠲᠡ ᠪᠠ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠢᠶᠠᠷ ᠣᠷᠳᠣᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃    
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ