ᠳᠤᠯᠠᠭᠠᠨ ᠢᠨᠵᠧᠨᠧᠷᠢᠩ ᠪᠣᠯ ᠠᠷᠠᠳ ᠤᠨ ᠠᠮᠢᠳᠤᠷᠠᠯ ᠳᠤ ᠬᠤᠯᠪᠣᠭᠳᠠᠬᠤ ︽ᠴᠢᠬᠤᠯᠠ ᠪᠠᠭ᠎ᠠ ᠶᠠᠪᠤᠳᠠᠯ︾ ᠪᠣᠯᠬᠤ ᠪᠠᠷ ᠪᠠᠷᠠᠬᠤ ᠦᠭᠡᠢ᠂ ᠪᠠᠰᠠ ᠴᠤ | ᠬᠥᠮᠥᠰ ᠤᠨ ︽ᠰᠡᠳᠬᠢᠯ ᠢ ᠳᠤᠯᠠᠭᠠᠴᠠᠭᠤᠯᠬᠤ ᠶᠡᠭᠡ ᠶᠠᠪᠤᠳᠠᠯ︾ ᠪᠣᠯᠣᠨ᠎ᠠ᠃ ᠡᠨᠡ ᠵᠢᠯ ᠠᠴᠠ ᠨᠠᠰᠢ᠂ ᠣᠷᠳᠣᠰ ᠬᠤᠲᠠ ᠶᠢᠨ ᠬᠢᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠯᠠᠭᠠᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠰᠢᠰᠲ᠋ᠧᠮ ᠲᠠᠢ ᠪᠠᠷ ᠨᠠᠶᠢᠳᠠᠪᠤᠷᠢᠵᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠢᠨᠵᠧᠨᠧᠷᠢᠩ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 5 | ᠰᠠᠷ᠎ᠠ ᠭᠠᠷᠤᠢ ᠶᠢᠨ ᠪᠠᠴᠢᠮ ᠶᠠᠭᠠᠷᠠᠯᠲᠠᠢ ᠠᠵᠢᠯ ᠢᠶᠠᠷ ᠳᠡᠮᠵᠢᠨ᠂ ᠪᠥᠬᠦ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠳᠤᠯᠠᠭᠠᠨ ᠢᠨᠵᠧᠨᠧᠷᠢᠩ ᠢ ᠨᠢᠭᠡᠨᠲᠡ ᠪᠥᠬᠦ | ᠲᠠᠯ᠎ᠠ ᠪᠠᠷ ᠪᠠᠶᠢᠭᠤᠯᠤᠨ ᠳᠠᠭᠤᠰᠬᠠᠪᠠ᠃ ᠣᠳᠣᠬᠠᠨ ᠪᠣᠯᠲᠠᠯ᠎ᠠ ᠮᠠᠨ ᠤ ᠬᠤᠲᠠ ᠶᠢᠨ ᠬᠡᠷᠡᠭᠵᠢᠭᠦᠯᠦᠭᠰᠡᠨ ᠳᠤᠯᠠᠭᠠᠨ ᠢᠨᠵᠧᠨᠧᠷᠢᠩ ᠤᠨ 61 ᠲᠥᠷᠥᠯ ᠵᠦᠢᠯ ᠢ | ᠪᠦᠬᠦᠨ ᠢ ᠪᠠᠶᠢᠭᠤᠯᠤᠨ ᠳᠠᠭᠤᠰᠬᠠᠵᠤ᠂ 74.51 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠢᠯᠴᠢ ᠬᠠᠩᠭᠠᠬᠤ ᠲᠠᠯ᠎ᠠ ᠪᠠᠷ᠄ | ᠨᠢᠭᠡᠳᠦᠭᠡᠷ ᠳᠡᠰ ᠤᠨ ᠬᠤᠭᠤᠯᠠᠢ ᠲᠣᠣᠷ ᠢ ᠨᠡᠶᠢᠳᠡ 168.48 ᠺᠢᠯᠣᠮᠧᠲᠷ᠂ ᠬᠤᠶᠠᠳᠤᠭᠠᠷ ᠳᠡᠰ ᠤᠨ ᠬᠤᠭᠤᠯᠠᠢ ᠲᠣᠣᠷ ᠢ 476 ᠺᠢᠯᠣᠮᠧᠲᠷ᠂ ᠠᠰᠠᠷ ᠤᠨ | ᠬᠤᠭᠤᠷᠤᠨᠳᠤᠬᠢ ᠪᠣᠰᠤᠭ᠎ᠠ ᠬᠤᠭᠤᠯᠠᠢ ᠶᠢ ᠨᠡᠶᠢᠳᠡ 264 ᠺᠢᠯᠣᠮᠧᠲᠷ ᠪᠠᠶᠢᠭᠤᠯᠵᠤ᠂ ᠢᠯᠴᠢ ᠶᠢᠨ ᠬᠦᠴᠦᠨ ᠤ ᠦᠷᠳᠡᠭᠡ ᠶᠢ 222 ᠪᠠᠶᠢᠭᠤᠯᠪᠠ︔ ᠤᠰᠤ | ᠬᠠᠩᠭᠠᠬᠤ ᠲᠠᠯ᠎ᠠ ᠪᠠᠷ᠄ ᠤᠰᠤ ᠬᠠᠩᠭᠠᠬᠤ ᠬᠤᠭᠤᠯᠠᠢ ᠲᠣᠣᠷ ᠢ ᠨᠡᠶᠢᠳᠡ 145.7 ᠺᠢᠯᠣᠮᠧᠲᠷ ᠰᠢᠨ᠎ᠡ ᠪᠠᠷ ᠪᠠᠶᠢᠭᠤᠯᠵᠤ᠂ ᠤᠰᠤ ᠬᠠᠩᠭᠠᠬᠤ ᠬᠤᠭᠤᠯᠠᠢ ᠲᠣᠣᠷ ᠢ | 88.5 ᠺᠢᠯᠣᠮᠧᠲᠷ ᠥᠭᠡᠷᠡᠴᠢᠯᠡᠵᠦ᠂ 46 ᠰᠠᠭᠤᠭᠠᠯᠢ ᠲᠣᠭᠤᠷᠢᠭ ᠤᠨ ᠬᠤᠶᠠᠳᠠᠭᠢ ᠤᠳᠠᠭ᠎ᠠ ᠶᠢᠨ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ | ᠪᠡᠶᠡᠯᠡᠭᠦᠯᠪᠡ︔ ᠰᠢᠲᠠᠮᠠᠬᠠᠢ ᠬᠡᠢ ᠬᠠᠩᠭᠠᠬᠤ ᠲᠠᠯ᠎ᠠ ᠪᠠᠷ᠄ ᠰᠢᠲᠠᠮᠠᠬᠠᠢ ᠬᠡᠢ ᠶᠢᠨ ᠬᠤᠭᠤᠯᠠᠢ ᠶᠢ 200.63 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ | ᠵᠠᠰᠠᠵᠤ᠂ ︽ᠯᠣᠩᠬᠤᠲᠤ ᠰᠠᠪᠠ ᠬᠡᠷᠡᠭᠯᠡᠵᠦ ᠪᠠᠶᠢᠭᠰᠠᠨ ᠢ ᠬᠤᠭᠤᠯᠠᠢ ᠪᠠᠷ ᠳᠠᠮᠵᠢᠭᠤᠯᠬᠤ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢ 192 | ᠡᠷᠦᠬᠡ ᠪᠡᠶᠡᠯᠡᠭᠦᠯᠪᠡ︔ ᠴᠠᠬᠢᠯᠭᠠᠨ ᠬᠠᠩᠭᠠᠬᠤ ᠲᠠᠯ᠎ᠠ ᠪᠠᠷ᠄ 500 ᠺᠢᠯᠤᠸᠤᠯᠲ ᠤᠨ ᠨᠡᠭᠡᠭᠡᠯᠭᠡ ᠶᠢᠨ ᠦᠷᠳᠡᠭᠡ ᠶᠢ 1 ᠰᠠᠭᠤᠷᠢ᠂ 220 ᠺᠢᠯᠤᠸᠤᠯᠲ ᠤᠨ | ᠬᠦᠴᠦᠳᠡᠯ ᠥᠭᠡᠷᠡᠴᠢᠯᠡᠬᠦ ᠦᠷᠳᠡᠭᠡ ᠶᠢ 2 ᠪᠠᠶᠢᠭᠤᠯᠵᠤ᠂ 1715.7 ᠺᠢᠯᠣᠮᠧᠲᠷ ᠵᠠᠮ ᠱᠤᠭᠤᠮ ᠢ ᠵᠠᠰᠠᠵᠤ᠂ ᠬᠦᠴᠦᠳᠡᠯ ᠥᠭᠡᠷᠡᠴᠢᠯᠡᠬᠦ ᠪᠠᠭᠲᠠᠭᠠᠮᠵᠢ ᠶᠢ 558. | 5 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ | |