ᠨᠠᠭᠠᠲᠤ ᠵᠠᠭ᠎ᠠ ᠶᠢᠨ ᠴᠡᠯᠢᠩ ᠤᠨ ᠪᠠᠷᠢᠮᠵᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/10/17
    ᠣᠶᠢᠷ᠎ᠠ ᠳᠤ ᠪᠥᠬᠦ ᠤᠯᠤᠰ ᠤᠨ ᠡᠯ᠎ᠡ ᠭᠠᠵᠠᠷ ᠨᠠᠭᠠᠲᠤ ᠵᠠᠬ᠎ᠠ ᠶᠢᠨ ᠴᠡᠯᠢᠩ ᠤᠨ ᠪᠠᠷᠢᠮᠵᠢᠶ᠎ᠠ ᠶᠢ ᠨᠡᠶᠢᠲᠡᠯᠡᠪᠡ᠃ ᠮᠠᠨ ᠤ ᠣᠷᠣᠨ ᠤ ᠨᠢᠭᠡᠳᠦᠭᠡᠷ ᠲᠡᠰ ᠤᠨ ᠰᠠᠷ᠎ᠠ ᠶᠢᠨ ᠨᠠᠭᠠᠲᠤ ᠵᠠᠬ᠎ᠠ ᠶᠢᠨ ᠴᠡᠯᠢᠩ ᠤᠨ ᠪᠠᠷᠢᠮᠵᠢᠶ᠎ᠡ ᠨᠢ 1980 ᠲᠦᠭᠦᠷᠢᠭ᠂ ᠨᠢᠭᠡᠳᠦᠭᠡᠷ ᠲᠡᠰ ᠤᠨ ᠴᠠᠭ ᠤᠨ ᠴᠡᠯᠢᠩ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠎ ᠨᠢ 20.8ᠲᠥᠭᠦᠷᠢᠭ᠃    10 ᠰᠠᠷ᠎ᠠ ᠶᠢᠨ 12 ᠎ ᠤᠨ ᠡᠳᠤᠷ᠂ ᠬᠦᠮᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠥᠬᠦ ᠤᠯᠤᠰ ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠭᠠᠲᠤ ᠵᠠᠬ᠎ᠠ ᠶᠢᠨ ᠴᠡᠯᠢᠩ ᠤᠨ ᠪᠠᠷᠢᠮᠵᠢᠶ᠎ᠠ ᠶᠢᠨ ᠪᠠᠶᠢᠳᠠᠯ ︵2024 ᠣᠨ ᠤ 10 ᠰᠠᠷ᠎ᠠ ᠶᠢᠨ 1 ᠎ ᠤ ᠡᠳᠤᠷ︶᠎ ᠢ ᠨᠡᠶᠢᠲᠡᠯᠡᠪᠡ᠃    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠰᠠᠷ᠎ᠠ ᠶᠢᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ ᠲᠠᠯ᠎ᠠ ᠪᠠᠷ᠂ ᠱᠠᠩᠬᠠᠢ ᠬᠠᠮᠤᠭ ᠤᠨ ᠦᠨᠳᠤᠷ ᠪᠠᠶᠢᠵᠤ᠂ 2690 ᠲᠥᠭᠦᠷᠢᠭ ᠢᠶᠠᠷ ᠪᠥᠬᠦ ᠤᠯᠤᠰ ᠲᠤ ᠲᠥᠷᠤᠭᠦᠯᠡᠵᠤ ᠪᠣᠢ︔ ᠵᠢᠶᠠᠩᠰᠣ ᠮᠤᠵᠢ᠂ ᠵᠧᠵᠢᠶᠠᠠᠩ ᠮᠤᠵᠢ ᠶᠢᠨ ᠨᠢᠭᠡᠳᠦᠭᠡᠷ ᠲᠡᠰ ᠤᠨ ᠰᠠᠷ᠎ᠠ ᠶᠢᠨ ᠨᠠᠭᠠᠲᠤ ᠵᠠᠬ᠎ᠠ ᠶᠢᠨ ᠴᠡᠯᠢᠩ ᠤᠨ ᠪᠠᠷᠢᠮᠵᠢᠶ᠎ᠠ ᠨᠢ 2490 ᠲᠦᠭᠦᠷᠢᠭ ᠪᠠᠶᠢᠵᠤ᠂ ᠴᠤᠭ ᠢᠶᠠᠷ ᠬᠤᠶᠠᠳᠤᠭᠠᠷ ᠲᠤ ᠵᠢᠭᠰᠠᠵᠤ ᠪᠣᠢ︔ ᠪᠡᠭᠡᠵᠢᠩ ᠤᠨ ᠰᠠᠷ᠎ᠠ ᠶᠢᠨ ᠨᠠᠭᠠᠲᠤ ᠵᠠᠬ᠎ᠠ ᠶᠢᠨ ᠴᠡᠯᠢᠩ ᠤᠨ ᠪᠠᠷᠢᠮᠵᠢᠶ᠎ᠡ ᠨᠢ 2420 ᠲᠥᠭᠦᠷᠢᠭ ᠪᠣᠯᠣᠨ᠎ᠠ᠃                                     ︵ᠬᠥᠮᠥᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ︶
3.jpg
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠸᠢᠴᠠᠲ ᠳᠠᠪᠴᠠᠩ