ᠣᠷᠳᠣᠰ ᠬᠤᠲᠠ ᠶᠢᠨ ᠣᠶᠢᠵᠢᠭᠤᠯᠤᠯᠲᠠ ᠣᠯᠠᠨ ᠤᠯᠤᠰ ᠤᠨ ᠠᠩᠬᠠᠷᠤᠯ ᠢ ᠲᠠᠲᠠᠵᠤ ᠪᠠᠶᠢᠨ᠎ᠠ
ᠨᠡᠶᠢᠲᠡᠯᠡᠭᠰᠡᠨ ᠴᠠᠭ᠄
2024/10/17
    10 ᠰᠠᠷ᠎ᠠ ᠶᠢᠨ 14᠎ ᠠᠴᠠ 16 ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠠᠴᠠ ᠭᠤᠣᠯᠯᠠᠨ ᠡᠷᠬᠢᠯᠡᠵᠤ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠮᠵᠢᠨ ᠡᠷᠬᠢᠯᠡᠭᠰᠡᠨ ︽ᠨᠣᠭᠤᠭᠠᠨ ᠢᠷᠡᠭᠡᠳᠦᠢ︾ ᠭᠤᠣᠯ ᠰᠡᠳᠦᠪᠲᠦ ᠬᠠᠮ ᠵᠠᠭᠤᠴᠢᠯᠠᠭᠤᠷ ᠤᠨ ᠭᠠᠳᠠᠭᠠᠳᠤ ᠤᠬᠠᠭᠤᠯᠭ᠎ᠠ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠠᠮᠵᠢᠯᠲᠠ ᠳᠦᠭᠦᠷᠡᠩ ᠶᠠᠪᠤᠭᠳᠠᠵᠤ᠂ ᠣᠯᠠᠨ ᠤᠯᠤᠰ ᠤᠨ ᠮᠡᠳᠡᠭᠡ ᠵᠠᠭᠤᠴᠢᠯᠠᠭᠤᠷ ᠤᠨ ᠰᠤᠷᠪᠤᠯᠵᠢᠯᠠᠭᠴᠢ ᠰᠡᠳᠬᠦᠯᠴᠢ ᠨᠠᠷ ᠣᠷᠳᠣᠰ ᠤᠨ ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ ᠭᠠᠶᠢᠬᠠᠮᠰᠢᠭᠲᠠᠢ ᠦᠷ᠎ᠡ ᠪᠦᠲᠦᠮᠵᠢ ᠶᠢ ᠣᠯᠠᠨ ᠤᠯᠤᠰ ᠤᠨ ᠳᠠᠪᠴᠠᠩ ᠳᠤ ᠳᠠᠬᠢᠨᠲᠠ ᠠᠯᠳᠠᠷᠰᠢᠭᠤᠯᠵᠤ ᠪᠠᠶᠢᠨ᠎ᠠ᠃    ᠲᠣᠰ ᠤᠳᠠᠭᠠᠨ ᠤ ᠰᠤᠷᠪᠤᠯᠵᠢᠯᠠᠭ᠎ᠠ ᠶᠢᠨ ᠠᠵᠢᠯᠯᠠᠭ᠎ᠠ ᠳᠤ᠂ ᠮᠣᠩᠭᠤᠯ ᠤᠯᠤᠰ ᠤᠨ ᠦᠨᠳᠦᠰᠦᠲᠡᠨ ᠤ ᠣᠯᠠᠨ ᠨᠡᠶᠢᠲᠡ ᠶᠢᠨ ᠲᠧᠯᠸᠢᠰ᠂ ᠮᠣᠩᠭᠤᠯ ᠤᠯᠤᠰ ᠤᠨ ᠪᠣᠯᠪᠠᠰᠤᠷᠠᠯ ᠲᠧᠯᠸᠢᠰ᠂ ᠣᠷᠣᠰ ᠤᠨ ᠬᠤᠯᠪᠣᠭᠠᠨ ᠤ ᠪᠦᠭᠦᠳᠡ ᠨᠠᠶᠢᠢᠷᠠᠮᠳᠠᠬᠤ ᠪᠤᠷᠢᠶᠠᠳ ᠤᠯᠤᠰ ᠤᠨ BURIAD UNEN ᠰᠦᠯᠵᠢᠶ᠎ᠡ᠂ ᠳᠤᠮᠳᠠᠳᠤ ᠤᠯᠤᠰ ᠤᠨ ᠲᠥᠪ ᠲᠧᠯᠸᠢᠰ ᠤᠨ ᠮᠣᠩᠭᠤᠯ ᠰᠦᠯᠵᠢᠶ᠎ᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠤᠯᠠᠨ ᠤᠯᠤᠰ ᠤᠨ ᠮᠡᠳᠡᠭᠡᠯᠡᠯ ᠬᠠᠷᠢᠯᠴᠠᠭᠠᠨ ᠤ ᠲᠥᠪ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠣᠯᠣᠩᠭ᠎ᠠ ᠮᠡᠳᠡᠭᠡᠯᠡᠯ ᠤᠨ ᠲᠥᠪ ᠵᠡᠷᠭᠡ ᠭᠤᠷᠪᠠᠨ ᠤᠯᠤᠰ ᠣᠷᠣᠨ ᠤ ᠡᠯ᠎ᠡ ᠮᠡᠳᠡᠭᠡ ᠵᠠᠭᠤᠴᠢᠯᠠᠭᠤᠷ ᠤᠨ ᠬᠤᠷᠢᠭᠠᠳ ᠰᠤᠷᠪᠤᠯᠵᠢᠯᠠᠭᠴᠢ ᠰᠡᠳᠬᠦᠯᠴᠢ ᠣᠷᠣᠯᠴᠠᠵᠤ᠂ ᠭᠤᠷᠪᠠᠨ ᠡᠳᠦᠷ ᠤᠨ ᠲᠤᠷᠰᠢᠳᠠ ᠤᠷᠢᠳ ᠬᠤᠵᠢᠳ ᠣᠷᠳᠣᠰ ᠬᠤᠲᠠ ᠶᠢᠨ ᠳᠠᠯᠠᠳ ᠬᠤᠰᠢᠭᠤᠨ ᠤ ᠬᠥᠪᠴᠢ ᠶᠢᠨ ᠡᠯᠡᠰᠦᠨ ᠴᠥᠯ ᠤᠨ ᠳᠤᠮᠳᠠ ᠬᠤᠶᠢᠳᠤ ᠬᠡᠰᠡᠭ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ᠂ ᠣᠷᠳᠣᠰ ᠬᠤᠲᠠ ᠶᠢᠨ ᠣᠶᠢᠵᠢᠭᠤᠯᠤᠯᠲᠠ ᠶᠢᠨ ᠰᠠᠭᠤᠷᠢᠨ ᠤ ᠣᠩᠭᠤᠨ ᠲᠠᠯ᠎ᠠ ᠠᠵᠢᠯᠯᠠᠬᠤ ᠲᠣᠭᠤᠷᠢᠭ᠂ ᠣᠲᠤᠭ ᠬᠤᠰᠢᠭᠤᠨ ᠤ ᠰᠦᠮᠡᠲᠦ ᠰᠤᠮᠤ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠲᠣᠭᠤᠷᠢᠭ᠂ ᠦᠦᠰᠢᠨ ᠬᠤᠰᠢᠭᠤᠨ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠦᠦᠰᠢᠨ ᠬᠤᠰᠢᠭᠤᠨ ᠤ ᠮᠤᠤᠠᠤᠰᠤ ᠶᠢᠨ ᠡᠯᠡᠰᠦᠨ ᠭᠠᠵᠠᠷ ᠤᠨ ᠪᠠᠶᠢᠭᠠᠯᠢᠯᠢᠭ ᠠᠷᠴᠠ ᠶᠢᠨ ᠬᠠᠮᠠᠭᠠᠯᠠᠯᠲᠠ ᠶᠢᠨ ᠣᠷᠣᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠠᠷᠠᠳ ᠣᠯᠠᠨ ᠲᠠᠢ ᠬᠠᠯᠠᠭᠤᠨ ᠶᠠᠷᠢᠯᠴᠠᠭ᠎ᠠ ᠥᠷᠨᠢᠭᠦᠯᠦᠨ᠂ ᠪᠣᠳᠠᠲᠤ ᠪᠠᠶᠢᠳᠠᠯ ᠢ ᠪᠡᠶᠡᠴᠢᠯᠡᠨ ᠣᠶᠢᠯᠠᠭᠠᠵᠤ᠂ ᠣᠷᠳᠣᠰ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠶᠠᠪᠤᠴᠠ ᠳᠠᠬᠢ ᠰᠢᠨ᠎ᠡ ᠶᠢ ᠡᠭᠦᠳᠦᠭᠰᠡᠨ ᠠᠷᠭ᠎ᠠ ᠠᠪᠴᠠᠯ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠬᠤᠪᠢᠷᠠᠯᠲᠠ ᠶᠢ ᠪᠥᠬᠦ ᠲᠠᠯ᠎ᠠ ᠪᠠᠷ ᠰᠤᠷᠪᠤᠯᠵᠢᠯᠠᠨ ᠮᠡᠳᠡᠭᠡᠯᠡᠵᠦ᠂ ᠣᠯᠠᠨ ᠤᠯᠤᠰ ᠤᠨ ᠡᠯ᠎ᠡ ᠮᠡᠳᠡᠭᠡ ᠵᠠᠭᠤᠴᠢᠯᠠᠭᠤᠷ ᠤᠨ ᠳᠠᠪᠴᠠᠩ ᠢᠶᠠᠷ ᠥᠷᠭᠡᠨ ᠢᠶᠠᠷ ᠤᠬᠠᠭᠤᠯᠤᠨ ᠨᠡᠶᠢᠲᠡᠯᠡᠵᠦ ᠪᠣᠢ᠃    ︽ᠤᠮᠠᠷᠠᠳᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠥᠬᠦ ᠲᠠᠯ᠎ᠠ ᠪᠠᠷ ᠡᠬᠢᠯᠡᠭᠰᠡᠨ ᠨᠢᠭᠡ ᠵᠢᠯ ᠤᠨ ᠲᠤᠷᠰᠢ᠂ ᠣᠷᠳᠣᠰ ᠬᠤᠲᠠ ᠶᠢᠨ ᠬᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠬᠦᠨᠳᠦ ᠡᠭᠦᠷᠭᠡ ᠶᠢ ᠡᠭᠦᠷᠭᠡᠯᠡᠵᠦ᠂ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠯᠠᠭᠴᠢ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠣᠳᠣᠬᠠᠨ ᠪᠣᠯᠲᠠᠯ᠎ᠠ᠂ ᠣᠷᠳᠣᠰ ᠬᠤᠲᠠ ᠶᠢᠨ ᠡᠳᠦᠷ ᠳᠤᠮᠳᠠᠴᠢ ᠶᠢᠨ ᠡᠯᠡᠰᠦ ᠶᠢ ᠵᠠᠰᠠᠭᠰᠠᠨ ᠲᠠᠯᠠᠪᠠᠢ 10000 ᠮᠤ᠋ ᠶᠢ ᠳᠠᠪᠠᠵᠤ᠂ ᠬᠥᠪᠴᠢ ᠶᠢᠨ ᠡᠯᠡᠰᠦ ᠶᠢ ᠵᠠᠰᠠᠭᠰᠠᠨ ᠨᠣᠷᠮ᠎ᠠ 32%᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠨᠣᠷᠮ᠎ᠠ 75%᠎ ᠳᠤ ᠬᠦᠷᠴᠦ᠂ ᠲᠠᠴᠢᠷᠵᠢᠭᠰᠠᠨ ᠪᠡᠯᠴᠢᠭᠡᠷ ᠨᠤᠲᠤᠭ ᠢ ᠵᠠᠰᠠᠭᠰᠠᠨ ᠲᠠᠯᠠᠪᠠᠢ 500 ᠲᠦᠮᠡᠨ ᠮᠤ᠋ ᠳᠤ ᠬᠥᠷᠥᠭᠰᠡᠨ ᠰᠢᠯᠢᠳᠡᠭ ᠰᠠᠶᠢᠨ ᠬᠢᠷᠢ ᠪᠦᠲᠦᠮᠵᠢ ᠶᠢ ᠣᠯᠣᠭᠰᠠᠨ ᠪᠠᠶᠢᠨ᠎ᠠ᠃   ᠰᠤᠷᠪᠤᠯᠵᠢᠯᠠᠭ᠎ᠠ ᠶᠢᠨ ᠶᠠᠪᠤᠴᠠ ᠳᠤ ᠰᠤᠷᠪᠤᠯᠵᠢᠯᠠᠭᠴᠢ ᠰᠡᠳᠬᠦᠯᠴᠢ ᠨᠠᠷ ᠣᠷᠳᠣᠰ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠶᠠᠪᠤᠴᠠ ᠳᠠᠬᠢ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠭᠰᠠᠨ ᠰᠢᠨ᠎ᠡ ᠡᠭᠦᠳᠦᠯᠲᠡ ᠣᠯᠠᠨ᠂ ᠡᠯᠡᠰᠦᠨ ᠤ ᠰᠦᠷᠳᠡᠭᠦᠯᠦᠯ ᠢ ᠳᠠᠪᠠᠭᠤᠯᠢᠭ ᠪᠣᠯᠭᠠᠨ ᠥᠭᠡᠷᠡᠴᠢᠯᠡᠨ ᠠᠰᠢᠭᠯᠠᠭᠰᠠᠨ ᠪᠠ ᠰᠡᠷᠭᠡᠶᠢᠯᠡᠨ ᠵᠠᠰᠠᠭᠰᠠᠨ ᠠᠷᠭ᠎ᠠ ᠲᠤᠷᠰᠢᠯᠭ᠎ᠠ ᠨᠢ ᠦᠯᠡᠮᠵᠢ ᠪᠠᠶᠠᠯᠢᠭ ᠠᠴᠠ ᠬᠠᠮᠲᠤᠷᠠᠨ ᠰᠤᠳᠤᠯᠵᠤ ᠬᠠᠮᠵᠢᠯᠴᠠᠨ ᠠᠵᠢᠯᠯᠠᠬᠤ ᠪᠣᠯᠣᠮᠵᠢ ᠶᠡᠬᠡᠬᠡᠨ ᠪᠠᠶᠢᠨ᠎ᠠ ᠭᠡᠵᠤ ᠰᠠᠨᠠᠯ ᠨᠢᠭᠡᠲᠡᠢ ᠦᠵᠡᠵᠡᠭᠡᠭᠰᠡᠨ ᠪᠠᠶᠢᠨ᠎ᠠ᠃ ᠲᠣᠰ ᠤᠳᠠᠭᠠᠨ ᠤ ᠣᠯᠠᠨ ᠤᠯᠤᠰ ᠤᠨ ᠰᠤᠷᠪᠤᠯᠵᠢᠯᠠᠭᠴᠢ ᠰᠡᠳᠬᠦᠯᠴᠢ ᠨᠠᠷ ᠤᠨ ᠬᠤᠯᠪᠣᠭᠠᠯᠠᠭᠰᠠᠨ ᠮᠡᠳᠡᠭᠡᠯᠡᠯ ᠤᠨ ᠠᠵᠢᠯᠯᠠᠭ᠎ᠠ ᠨᠢ ᠳᠡᠯᠡᠬᠡᠢ ᠨᠡᠶᠢᠲᠡ ᠳᠤ ᠢᠯᠠᠩᠭᠤᠶ᠎ᠠ ᠮᠣᠩᠭᠤᠯ ᠤᠯᠤᠰ ᠤᠨ ᠬᠦᠯᠢᠶᠡᠨ ᠠᠪᠤᠭᠴᠢᠳ ᠲᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤᠮᠳᠠᠳᠤ ᠤᠯᠤᠰ ᠤᠨ ᠣᠶᠣᠨ ᠤᠬᠠᠭᠠᠨ᠂ ᠥᠪᠥᠷ ᠮᠣᠩᠭᠤᠯ ᠤᠨ ᠲᠥᠰᠥᠯ ᠢ ᠲᠠᠨᠢᠯᠴᠠᠭᠤᠯᠬᠤ ᠳᠤ ᠢᠳᠡᠪᠬᠢ ᠦᠢᠯᠡᠳᠦᠯ ᠦᠵᠡᠭᠦᠯᠵᠤ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ