ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠡᠭᠡᠨ ᠪᠠᠶᠢᠭᠤᠯᠤᠯᠲᠠ ᠶᠢᠨ ᠶᠠᠮᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭᠠᠨ ᠤ | ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠤᠨ ᠨᠠᠷᠢᠨ ᠳᠠᠩᠰᠠ ︵ᠭᠤᠷᠪᠠᠳᠤᠭᠠᠷ ᠪᠦᠯᠦᠭ︶ ᠶᠢ ᠬᠡᠷᠡᠭᠵᠢᠭᠦᠯᠬᠦ ᠪᠠᠷ ᠳᠠᠷᠤᠮᠠᠯᠯᠠᠨ ᠲᠠᠷᠬᠠᠭᠠᠵᠤ᠂ | ᠣᠷᠳᠣᠰ ᠬᠤᠲᠠ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠢ ᠵᠣᠷᠢᠭᠵᠢᠭᠤᠯᠵᠤ ᠪᠠᠶᠢᠭᠠᠳ ᠬᠤᠲᠠ ᠶᠢᠨ ᠰᠢᠨᠡᠴᠢᠯᠡᠯᠲᠡ ᠶᠢ ᠨᠢᠭᠡᠳᠦᠯᠲᠡᠢ ᠲᠥᠯᠥᠪᠯᠡᠨ | ᠬᠡᠷᠡᠭᠵᠢᠭᠦᠯᠦᠭᠰᠡᠨ ᠠᠷᠭ᠎ᠠ ᠬᠢᠳᠡᠯ ᠨᠢ ᠮᠠᠨ ᠤ ᠣᠷᠣᠨ ᠤ ᠬᠤᠲᠠ ᠶᠢᠨ ᠰᠢᠨᠡᠴᠢᠯᠠᠯᠲᠠ ᠶᠢᠨ ᠣᠯᠠᠨ ᠲᠠᠯ᠎ᠠ ᠶᠢᠨ ᠬᠢᠨ ᠢ ᠣᠷᠣᠯᠴᠠᠭᠤᠯᠬᠤ ᠲᠣᠭᠲᠠᠴᠠ ᠶᠢᠨ ᠠᠷᠭ᠎ᠠ | ᠬᠡᠮᠵᠢᠶ᠎ᠡ ᠶᠢ ᠰᠦᠪᠡᠭᠴᠢᠯᠡᠬᠦ ᠲᠠᠯ᠎ᠠ ᠪᠠᠷ ᠬᠢ ᠲᠥᠯᠥᠭᠡᠯᠡᠭᠴᠢ ᠲᠥᠷᠥᠯ ᠵᠦᠢᠯ ᠢᠶᠠᠷ ᠠᠮᠵᠢᠯᠲᠠ ᠲᠠᠢ ᠪᠠᠷ ᠰᠣᠩᠭᠤᠭᠳᠠᠭᠰᠠᠨ ᠤ ᠬᠠᠮᠲᠤ ᠪᠥᠬᠦ ᠤᠯᠤᠰ ᠲᠤ | ᠳᠡᠯᠭᠡᠷᠡᠭᠦᠯᠪᠡ᠃ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 1980 ᠬᠠᠭᠤᠴᠢᠨ ᠵᠡᠭᠡᠯᠢ ᠲᠣᠭᠤᠷᠢᠭ ᠤᠨ ᠲᠥᠷᠥᠯ ᠵᠦᠢᠯ ᠢ ᠲᠣᠭᠤᠷᠢᠭ ᠤᠨ ᠬᠠᠷᠢᠶ᠎ᠠ | ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠨᠢᠭᠡᠳᠦᠯᠲᠡᠢ ᠡᠭᠡᠭᠦᠯᠦᠨ ᠲᠦᠷᠢᠶᠡᠰᠦᠯᠡᠭᠦᠯᠬᠦ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ | ᠥᠭᠡᠷᠡᠴᠢᠯᠡᠵᠦ᠂ ᠠᠷᠢᠬᠢᠨ ᠪᠠᠭᠠᠷ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ᠂ ᠣᠯᠠᠨ ᠡᠰᠢᠴᠢᠯᠡᠭᠰᠡᠨ | ᠡᠵᠡᠩᠨᠡᠯᠲᠡ ᠪᠠᠷ ᠳᠠᠮᠵᠢᠭᠤᠯᠤᠨ ᠬᠤᠳᠠᠯᠳᠤᠭᠠᠨ ᠤ ᠥᠷᠲᠡᠭ ᠢ ᠨᠢ ᠭᠦᠢᠯᠭᠡᠭᠡᠨ ᠲᠠᠢ ᠪᠣᠯᠭᠠᠵᠤ᠂ ᠵᠡᠭᠡᠯᠢ ᠲᠣᠭᠤᠷᠢᠭ ᠤᠨ ᠤᠤᠭᠠᠯ ᠰᠠᠭᠤᠭᠠᠯᠢ ᠠᠷᠠᠳ ᠢ ᠳᠠᠶᠢᠴᠢᠯᠠᠨ | ᠰᠠᠨᠠᠭᠠᠴᠢᠯᠠᠭ᠎ᠠ ᠠᠴᠠ ᠪᠠᠨ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢᠶᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠨᠠᠶᠢᠳᠠᠵᠤ ᠨᠢᠭᠡᠳᠦᠯᠲᠡᠢ | ᠬᠠᠮᠢᠶᠠᠷᠤᠭᠤᠯᠵᠤ᠂ ᠰᠠᠶᠢᠨ ᠳᠤᠷ᠎ᠠ ᠠᠴᠠ ᠪᠠᠨ ᠵᠡᠭᠡᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠳᠤ ᠣᠷᠣᠯᠴᠠᠭᠤᠯᠪᠠ᠃ ᠤᠯᠤᠰ ᠤᠨ ᠥᠮᠴᠢᠯᠡᠯᠲᠤ ᠠᠵᠤ | ᠠᠬᠤᠶᠢᠯᠡᠯ ᠨᠡᠶᠢᠲᠡ 1700 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠳᠠᠯᠳᠤᠭᠠᠴᠢᠨ ᠡᠷᠦᠬᠡ ᠶᠢ ᠲᠠᠶᠢᠴᠢᠯᠡᠨ 2000 ᠲᠦᠮᠡᠨ ᠲᠦᠭᠦᠷᠢᠭ ᠤᠨ ᠪᠡᠯᠡ | ᠣᠷᠣᠭᠤᠯᠵᠤ᠂ ᠨᠡᠶᠢᠲᠡ 94 ᠢᠵᠢ ᠭᠡᠷ ᠪᠠᠶᠢᠰᠢᠩ ᠢ ᠭᠦᠢᠶᠢᠯᠭᠡᠭᠡᠨ ᠲᠠᠢ ᠪᠣᠯᠭᠠᠪᠠ᠃ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠠᠮᠵᠢᠯᠲᠠ ᠤᠯᠤᠭᠰᠠᠨ ᠤ ᠲᠠᠷᠠᠭ᠎ᠠ᠂ ᠬᠠᠮᠢᠶ᠎ᠠ ᠪᠦᠬᠦᠢ ᠣᠨᠴᠠᠯᠢᠠᠨᠲᠤ 6 ᠵᠡᠭᠡᠯᠢ ᠲᠣᠭᠤᠷᠢᠭ ᠢ ᠦᠭᠡᠷᠡᠴᠢᠯᠡᠨ ᠰᠢᠨᠡᠳᠭᠡᠬᠦ ᠶᠢ ᠳᠡᠯᠭᠡᠷᠡᠭᠦᠯᠵᠦ᠂ 1000 ᠭᠠᠷᠤᠢ ᠭᠡᠷ | ᠪᠠᠶᠢᠰᠢᠩ ᠢ ᠭᠦᠢᠯᠭᠡᠭᠡᠨ ᠳᠤ ᠣᠷᠣᠭᠤᠯᠤᠨ ᠭᠦᠢᠯᠭᠡᠭᠡᠨ ᠲᠠᠢ ᠪᠣᠯᠭᠠᠬᠤ ᠪᠣᠯᠣᠨ᠎ᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠲᠢᠩᠭᠢᠮ᠂ ᠤᠷᠳᠤᠰ ᠬᠤᠲᠠ ᠶᠢᠨ ᠵᠠᠰᠠᠭ ᠤᠨ ᠤᠷᠳᠤᠨ︶ | | | |