1 — 8 ᠰᠠᠷ᠎ᠠ ᠳᠤ᠂ ᠮᠠᠨ ᠤ ᠬᠤᠳᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠪᠠ
ᠨᠡᠶᠢᠲᠡᠯᠡᠭᠰᠡᠨ ᠴᠠᠭ᠄
2024/10/18
    ᠤᠢᠢᠷ᠎ᠠ ᠶᠢᠨ ᠡᠳᠦᠷ᠂ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠠᠴᠠ ᠤᠢᠢᠯᠠᠭᠠᠭᠰᠠᠨ ᠢᠶᠠᠷ᠂ 1 — 8 ᠰᠠᠷ᠎ᠠ ᠳᠤ᠂ ᠮᠠᠨ ᠤ ᠬᠤᠳᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠪᠠ᠃     ᠵᠠᠬ᠎ᠠ ᠳᠡᠯᠭᠡᠭᠦᠷ ᠤᠨ ᠬᠡᠪᠴᠢᠶᠡᠵᠢᠯ ᠦᠷᠭᠦᠯᠵᠢᠯᠡᠨ ᠥᠷᠭᠡᠵᠢᠪᠡ᠃ 1 — 8 ᠰᠠᠷ᠎ᠠ ᠳᠤ᠂ ᠣᠷᠳᠣᠰ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 436.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2 %᠎ ᠪᠠᠷ ᠨᠡᠮᠡᠭᠳᠡᠨ᠂ 1 — 7 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 0.2 ᠳᠡᠭᠡᠭᠰᠢᠯᠡᠵᠡᠶ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 182.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5 %᠎ ᠪᠠᠷ ᠨᠡᠮᠡᠭᠳᠡᠨ᠂ 1 - 7 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 0.6 ᠳᠡᠭᠡᠭᠰᠢᠯᠡᠵᠡᠶ᠃     ᠭᠤᠣᠯᠳᠠᠯᠭ᠎ᠠ ᠲᠠᠢ ᠲᠠᠸᠠᠷ ᠯᠠᠪᠳᠠᠭᠤᠨ ᠢᠶᠠᠷ ᠨᠡᠮᠡᠭᠳᠡᠪᠡ᠃ 1 - 8 ᠰᠠᠷ᠎ᠠ ᠳᠤ᠂ ᠮᠠᠰᠢᠨ ᠲᠡᠷᠭᠡ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠵᠦᠢᠯ ᠤᠨ ᠭᠤᠤᠯᠳᠠᠯᠭ᠎ᠠ ᠲᠠᠢ ᠲᠠᠸᠠᠷ ᠴᠥᠮ ᠡᠶᠡᠷᠭᠦ ᠨᠡᠮᠡᠭᠳᠡᠯ ᠲᠠᠢ ᠪᠣᠯᠪᠠ᠃ ᠡᠭᠦᠨ ᠳᠤ᠂ ᠠᠮᠤ ᠪᠤᠳᠠᠭ᠎ᠠ ᠢᠳᠡᠰᠢᠨ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 14.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1 %᠎ ᠪᠠᠷ ᠨᠡᠮᠡᠭᠳᠡᠪᠡ︔ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 84.8 ᠳ᠋ᠦᠩᠰᠢᠭᠤᠷ ᠲᠥᠭᠦᠷᠢᠭ ᠲᠤ ᠬᠦᠷᠴᠤ᠂ 30.5 %᠎ ᠪᠠᠷ ᠨᠡᠮᠡᠭᠳᠡᠪᠡ︔ ᠬᠤᠶᠠᠷ ᠲᠥᠷᠥᠯ ᠤᠨ ᠲᠠᠸᠠᠷ ᠤᠨ ᠨᠡᠮᠡᠭᠳᠡᠯ ᠤᠨ ᠬᠤᠷᠳᠤᠴᠠ ᠨᠢ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 12.4 ᠨᠡᠮᠡᠭᠳᠡᠭᠦᠯᠵᠠᠢ᠃     ᠬᠡᠷᠡᠭᠯᠡᠭᠡᠨ ᠤ ᠪᠦᠲᠦᠴᠡ ᠡᠳᠦᠷ ᠢᠷᠡᠬᠦᠶ᠎ᠡ ᠰᠢᠯᠢᠳᠡᠭᠵᠢᠪᠡ᠃ 1 — 8 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠶᠢᠨ ᠲᠠᠰ ᠤᠨ 1 ᠲᠠᠰ ᠪᠠ 2 ᠲᠠᠰ ᠤᠨ ᠬᠡᠷ ᠤᠨ ᠴᠠᠬᠢᠯᠭᠠᠨ ᠬᠡᠷᠡᠭᠰᠡᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 1.1 ᠳ᠋ᠦᠩᠰᠢᠭᠤᠷ ᠲᠥᠭᠦᠷᠢᠭ ᠲᠤ ᠬᠦᠷᠴᠦ᠂ 26.9 %᠎ ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 46.5 ᠳ᠋ᠦᠩᠰᠢᠭᠤᠷ ᠲᠥᠭᠦᠷᠢᠭ ᠲᠤ ᠬᠦᠷᠴᠤ᠂ 105.1 %᠎ ᠪᠠᠷ ᠨᠡᠮᠡᠭᠳᠡᠪᠡ᠃     ᠬᠥᠮᠥᠷᠭᠡ ᠳᠤ ᠣᠷᠣᠭᠤᠯᠤᠭᠰᠠᠨ ᠰᠢᠨ᠎ᠡ ᠠᠵᠤ ᠠᠬᠤᠶᠢᠯᠠᠯ ᠶᠡᠭᠡ ᠪᠠᠷ ᠨᠡᠮᠡᠭᠳᠡᠪᠡ᠃ 1-8 ᠰᠠᠷ᠎ᠠ ᠳᠤ᠂ ᠰᠢᠨ᠎ᠡ ᠪᠠᠷ ᠨᠡᠮᠡᠭᠳᠡᠭᠰᠡᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ 10 ᠵᠢᠵᠢᠭᠯᠡᠨ ᠪᠤᠷᠤᠯᠠᠭᠤᠯᠬᠤ ᠠᠷᠠᠯᠵᠢᠶᠠᠨ ᠤ ᠨᠢᠭᠡᠴᠢ ᠶᠢᠨ ᠵᠢᠵᠢᠭᠯᠡᠨ ᠪᠤᠷᠤᠯᠠᠭᠤᠯᠤᠭᠰᠠᠨ ᠲᠤᠭ᠎ᠠ 1.8 ᠳ᠋ᠦᠩᠰᠢᠭᠤᠷ ᠲᠥᠭᠦᠷᠢᠭ ᠲᠤ ᠬᠦᠷᠴᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 1.1 ᠳᠠᠶᠢᠴᠢᠯᠠᠪᠠ᠃ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠠᠵᠤ ᠠᠬᠤᠶᠢᠯᠠᠯ ᠤᠨ ᠳᠣᠲᠣᠷ᠎ᠠ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠨᠡᠶᠢᠲᠡ 6 ᠪᠠᠶᠢᠵᠤ᠂ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠵᠢᠵᠢᠭᠯᠡᠨ ᠪᠤᠷᠤᠯᠠᠭᠤᠯᠬᠤ ᠠᠵᠤ ᠠᠬᠤᠶᠢᠯᠠᠯ ᠤᠨ 60 %᠎ ᠶᠢ ᠡᠵᠡᠯᠡᠪᠡ᠃
ᠢᠷᠡᠯᠲᠡ᠄ ᠤᠷᠳᠤᠰ ᠤᠨ ᠡᠳᠤᠷ ᠤᠨ ᠰᠤᠨᠢᠨ