ᠳ᠋ᠦ᠋ ᠬᠤᠢ ᠯᠢᠶᠠᠩ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/18
     ᠣᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠤᠷᠳᠤᠰ ᠤᠨ ᠲᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠳᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠪᠠᠶᠢᠴᠠᠭᠠᠨ ᠰᠤᠳᠤᠯᠪᠠ᠃
1.jpg
    ᠲᠣᠭᠠᠴᠢᠯᠠᠭᠰᠠᠨ ᠠᠵᠤ ᠠᠬᠤᠢ ᠶᠢᠨ ᠨᠡᠪᠴᠢᠭᠦᠯᠦᠯᠲᠡ ᠶᠢᠨ ᠪᠡᠶᠡᠴᠢᠯᠡᠨ ᠣᠶᠢᠯᠠᠭᠠᠬᠤ ᠲᠥᠪ᠂ ᠶᠦᠨ ᠲᠠᠢ ᠢᠨᠲ᠋ᠧᠷ ᠰᠦᠯᠵᠢᠶ᠎ᠡ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠸᠠᠨ ᠵᠢᠶᠧ ᠲᠤᠭ᠎ᠠ ᠪᠠᠷᠢᠮᠲᠠ ᠶᠢᠨ ᠣᠶᠤᠨᠴᠢ ᠪᠣᠳᠣᠯᠲᠠ ᠶᠢᠨ ᠲᠥᠪ᠂ ᠨᠣᠣᠯᠣᠭᠤᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠬᠦᠷᠢᠶᠡᠯᠡᠩ ᠳᠤ᠂ ᠳ᠋ᠦ᠋ ᠬᠤᠢ ᠯᠢᠶᠠᠩ ᠲᠥᠷᠥᠯ ᠵᠦᠢᠯ ᠤᠨ ᠠᠬᠢᠴᠠ᠂ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠪᠣᠬᠢᠷᠲᠤᠯ ᠦᠭᠡᠢ ᠴᠠᠬᠢᠯᠭᠠᠨ ᠤ ᠦᠢᠯᠡᠰ ᠪᠠ ᠣᠶᠤᠨᠴᠢ ᠪᠣᠳᠣᠯᠲᠠ ᠶᠢᠨ ᠦᠢᠯᠡᠰ ᠤᠨ ᠬᠤᠯᠪᠣᠯᠳᠤᠯ ᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰᠵᠢᠯᠲᠡ ᠪᠣᠯᠤᠨ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠵᠢᠷᠤᠵᠤ ᠲᠥᠯᠥᠪᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠡᠯᠧᠺᠲᠷᠤᠨ ᠬᠤᠳᠠᠯᠳᠤᠭᠠᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠨᠢᠭᠡ ᠴᠤᠬᠴᠠᠵᠢᠭᠤᠯᠤᠬᠰᠠᠨ ᠨᠣᠣᠯᠣᠭᠤᠷ ᠤᠨ ᠦᠢᠯᠡᠳᠬᠦᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠬᠤ ᠬᠡᠷᠡᠭᠲᠡᠶ ᠭᠡᠪᠡ᠃
2.jpg
     ᠷᠦᠢ ᠯᠦᠩ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠺᠣᠮᠫᠠᠨᠢ᠂ ᠴᠢᠨ ᠬᠤᠢ ᠮᠠᠰᠢᠨ ᠲᠡᠷᠭᠡᠨ ᠤ ᠤᠭᠰᠠᠷᠠᠭ᠎ᠠ ᠲᠤᠨᠤᠭ ᠦᠢᠯᠡᠳᠬᠦ ᠺᠣᠮᠫᠠᠨᠢ ᠳᠤ᠂ ᠳ᠋ᠦ᠋ ᠬᠤᠢ ᠯᠢᠶᠠᠩ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠠᠵᠤ ᠦᠢᠯᠡᠰ ᠤᠨ ᠳᠡᠭᠡᠳᠦ ᠳᠤᠤᠷᠠᠳᠤ ᠬᠡᠯᠬᠢᠶ᠎ᠡ ᠶᠢᠨ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠰᠡᠯᠪᠢᠭ ᠲᠣᠨᠤᠭ ᠢ ᠲᠤᠬᠠᠢ ᠶᠢᠨ ᠭᠠᠵᠠᠷ ᠲᠤᠨᠢ ᠢᠵᠢ ᠪᠦᠷᠢᠳᠦᠭᠦᠯᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠶᠢ ᠳᠡᠯᠭᠡᠷᠡᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠢᠯᠡᠳᠬᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃
3.jpg
     ᠵᠢᠩ ᠤᠣ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠣᠣᠷ᠎ᠠ ᠨᠡᠭᠦᠷᠡᠰᠦᠲᠥ᠋ᠷᠥᠭᠴᠢᠲᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ᠂ ᠵᠤ᠋ ᠵᠧᠦ ᠱᠢ ᠳ᠋ᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠴᠠᠬᠢᠯᠭᠠᠨ ᠬᠡᠢ ᠶᠢᠨ ᠺᠣᠮᠫᠠᠨᠢ ᠳᠤ᠂ ᠳ᠋ᠦ᠋ ᠬᠤᠢ ᠯᠢᠶᠠᠩ ᠦᠢᠯᠡᠳᠪᠦᠷᠢᠯᠡᠯ ᠤᠨ ᠴᠢᠳᠠᠪᠬᠢ ᠶᠢᠨ ᠪᠠᠶᠢᠷᠢᠰᠢᠭᠤᠯᠤᠯᠲᠠ᠂ ᠦᠢᠯᠡᠳᠪᠦᠷᠢᠯᠡᠯ ᠪᠣᠷᠣᠯᠠᠭᠤᠯᠭ᠎ᠠ᠂ ᠴᠢᠳᠠᠪᠤᠷᠢᠲᠠᠨ ᠢ ᠤᠷᠢᠨ ᠣᠷᠣᠭᠤᠯᠵᠤ ᠠᠵᠢᠯᠴᠢᠨ ᠬᠡᠷᠡᠭᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠦᠨ᠂ ᠮᠡᠷᠭᠡᠵᠢᠯ ᠢ ᠲᠡᠰ ᠳᠡᠪᠰᠢᠭᠦᠯᠵᠦ᠂ ᠦᠢᠯᠡᠳᠬᠦᠨ ᠤ ᠲᠦᠷᠦᠯ ᠵᠦᠢᠯ ᠢ ᠪᠠᠶᠠᠯᠢᠭᠵᠢᠭᠤᠯᠤᠨ᠂ ᠠᠵᠢᠯ ᠲᠦᠷᠦᠯ ᠤᠨ ᠡᠮᠦᠨ᠎ᠡ ᠡᠩᠨᠡᠭᠡᠨ ᠳᠤ ᠬᠤᠰᠢᠭᠤᠷᠠᠬᠤ ᠬᠡᠷᠡᠭᠲᠡᠢ᠃ ︽ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠳᠤᠯᠠᠭᠠᠨ ᠬᠤᠲᠠ ᠶᠢᠨ ︽ᠬᠤᠳᠠ ᠶᠢᠨ ᠰᠢᠨ᠎ᠡ ᠠᠷᠠᠳ︾ ᠲᠤ ᠦᠢᠯᠡᠴᠢᠯᠡᠬᠦ ᠰᠢᠷᠢᠰ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠦᠢᠯᠡᠰ ᠢᠶᠠᠷ ᠬᠥᠮᠥᠨ ᠢ ᠴᠤᠭᠯᠠᠷᠠᠭᠤᠯᠵᠤ᠂ ᠠᠵᠤ ᠦᠢᠯᠡᠰ ᠢᠶᠠᠷ ᠬᠤᠳᠠ ᠪᠠᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠪᠡ᠃
4.jpg
    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠳ᠋ᠦ᠋ ᠬᠤᠢ ᠯᠢᠶᠠᠩ ᠪᠠᠰᠠ ᠨᠡᠭᠡᠭᠡᠯᠲᠡ ᠶᠢᠨ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠡᠰ ᠳᠡᠪᠰᠢᠭᠦᠯᠵᠦ ᠵᠢᠭᠰᠠᠭᠠᠯᠲᠠ ᠳᠤ ᠳᠡᠪᠰᠢᠭᠦᠯᠬᠦ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠣᠭᠤᠮᠲᠠ ᠰᠢᠪᠲᠤᠯᠬᠤ ᠰᠢᠪᠲᠤᠯᠤᠯᠲᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠥᠰᠥᠪᠯᠡᠨ᠂ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠂ ᠪᠣᠬᠢᠷᠲᠤᠯ ᠦᠭᠡᠢ ᠦᠢᠯᠡᠳᠬᠦ ᠦᠢᠯᠡᠰ ᠢ ᠰᠠᠶᠢᠲᠤᠷ ᠬᠥᠭᠵᠢᠭᠦᠯᠵᠦ᠂ ᠰᠠᠶᠢᠨ ᠰᠠᠶᠢᠬᠠᠨ ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃     ᠬᠤᠳᠠ ᠶᠢᠨ ᠳᠡᠳ᠋ ᠳᠠᠷᠤᠭ᠎ᠠ ᠵᠠᠩ ᠰᠢᠤ ᠯᠢᠩ ᠣᠷᠣᠯᠴᠠᠪᠠ᠃
5.jpg
    
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ