ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠳᠠ ᠰᠢ ᠶᠢᠨ ᠫᠢᠡᠭ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠶᠢ ︽ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠭᠤᠤᠯ ᠡᠭᠦᠷᠭᠡ ᠪᠣᠯᠭᠠᠵᠦ᠂ ᠠᠷᠭ᠎ᠠ ᠪᠦᠬᠦᠨ ᠢ ᠬᠠᠶᠢᠨ ᠰᠦᠪᠡᠭᠴᠢᠯᠡᠵᠦ ᠪᠠᠶᠢᠭᠠᠳ | ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠬᠡᠯᠢᠭᠵᠢᠬᠦ ᠠᠷᠭ᠎ᠠ ᠵᠠᠮ ᠢ ᠥᠷᠭᠡᠳᠭᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠡᠩ ᠪᠠᠶᠠᠨ ᠴᠢᠨᠡᠭᠡᠯᠢᠭ ᠪᠣᠯᠭᠠᠬᠤ ᠶᠢ | ᠰᠡᠳᠭᠢᠯ ᠲᠠᠯᠪᠢᠨ ᠠᠬᠢᠭᠤᠯᠵᠠᠢ᠃ 2023 ᠣᠨ ᠳᠤ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27151 ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ | ᠣᠷᠣᠨ ᠨᠤᠳᠤᠭ ᠤᠨ ᠦ᠋ᠯᠡᠳᠪᠦᠷᠢᠯᠡᠯ ᠤᠨ ᠶᠡᠷᠦᠩᠬᠡᠢ ᠥᠷᠲᠡᠭ ᠪᠠ ᠬᠤᠲᠠ ᠪᠠᠯᠭᠠᠰᠤᠨ ᠳᠤ ᠪᠠᠶᠢᠩᠭᠤ ᠰᠠᠭᠤᠭ᠎ᠠ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠢ ᠲᠠᠪᠠᠪᠠ᠃ ᠡᠳᠡᠬᠡᠷ ᠠᠮᠵᠢᠯᠲᠠ ᠪᠦᠳᠦᠮᠵᠢ ᠶᠢᠨ ᠰᠠᠭᠤᠷᠢᠨ ᠲᠡᠭᠡᠷ᠎ᠠ ᠬᠦᠷᠦᠯᠴᠡᠬᠦ ᠤᠢᠭᠡᠢ ᠲᠠᠯ᠎ᠠ ᠪᠠᠨ ᠪᠠᠰᠠ ᠤᠯᠵᠦ ᠬᠠᠷᠠᠪᠠ᠄ | ᠨᠢᠭᠡ ᠳᠤ᠂ ᠬᠦᠳᠡᠭᠡ ᠲᠤᠰᠬᠤᠨ ᠤ ᠠᠷᠠᠳ ᠤᠯᠠᠨ ᠤ ᠤᠷᠤᠯᠭ᠎ᠠ ᠶᠢᠨ ᠬᠢᠷᠢ ᠲᠦᠪᠰᠢᠨ ᠬᠠᠷᠢᠴᠠᠩᠭᠤᠶ ᠪᠠᠷ ᠨᠡᠯᠢᠶᠡᠳ ᠪᠤᠭᠤᠨᠢ ᠪᠠᠶᠢᠨ᠎ᠠ᠃ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠲᠠᠢ ᠠᠳᠠᠯᠢᠳᠬᠠᠪᠠᠯ ᠮᠠᠯᠴᠢᠨ ᠲᠠᠷᠢᠶᠠᠴᠢᠨ ᠤ ᠣᠷᠣᠯᠭ᠎ᠠ ᠶᠢᠨ ᠬᠡᠮᠵᠢᠶ᠎ᠠ ᠨᠢ ᠬᠠᠷᠢᠴᠠᠩᠭᠤᠶ ᠪᠠᠷ ᠨᠡᠯᠢᠶᠡᠳ ᠪᠤᠭᠤᠨᠢ | ᠮᠥᠷᠲᠡᠭᠡᠨ ᠣᠷᠣᠯᠭ᠎ᠠ ᠶᠢᠨ ᠨᠡᠮᠡᠭᠳᠡᠯ ᠨᠢ ᠤᠳᠠᠭᠠᠨ ᠪᠠᠶᠢᠨ᠎ᠠ᠃ ᠬᠤᠶᠠᠷ ᠲᠤ᠂ ᠣᠷᠣᠯᠭ᠎ᠠ ᠶᠢᠨ ᠢᠷᠡᠯᠲᠡ ᠨᠢ ᠳᠠᠩ ᠴᠤᠯᠭᠤᠶ ᠪᠤᠢ᠃ ᠮᠠᠯᠴᠢᠨ ᠲᠠᠷᠢᠶᠠᠴᠢᠨ ᠤ | ᠣᠷᠣᠯᠭ᠎ᠠ ᠶᠢᠨ ᠭᠤᠤᠯ ᠢᠷᠡᠯᠲᠡ ᠪᠣᠯ ᠲᠠᠷᠢᠮᠠᠯ ᠪᠠ ᠲᠡᠵᠢᠭᠡᠨ ᠠᠷᠠᠴᠢᠯᠠᠬᠤ ᠠᠴᠠ ᠢᠷᠡᠯᠳᠡ ᠲᠠᠢ ᠪᠤᠯᠬᠤᠷ ᠤᠷᠤᠯᠭ᠎ᠠ ᠶᠢᠨ ᠢᠷᠡᠯᠳᠡ ᠨᠢ ᠳᠠᠩ ᠴᠤᠯᠭᠤᠶ ᠪᠠᠶᠢᠨ᠎ᠠ᠃ | ᠭᠤᠷᠪᠠ ᠳᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠶᠢᠨ ᠬᠡᠯᠪᠡᠯᠵᠡᠯᠳᠠ ᠨᠢ ᠶᠡᠭᠡ ᠪᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ | ᠦᠨ᠎ᠡ ᠨᠢ ᠤᠯᠠᠷᠢᠯ᠂ ᠠᠭᠤᠷ ᠠᠮᠢᠰᠬᠤᠯ ᠪᠠ ᠵᠠᠬ᠎ᠠ ᠳᠡᠯᠭᠡᠭᠦᠷ ᠵᠡᠷᠭᠡ ᠬᠦᠴᠦᠨ ᠵᠦᠢᠯ ᠤᠨ ᠨᠥᠯᠥᠭᠡᠯᠡᠯ ᠢ ᠬᠦᠷᠳᠡᠵᠦ᠂ ᠦᠨ᠎ᠡ ᠬᠠᠩᠰᠢ ᠶᠢᠨ ᠬᠡᠯᠪᠡᠯᠵᠡᠯᠳᠠ ᠨᠢ | ᠨᠡᠯᠢᠶᠡᠳ ᠶᠡᠭᠡ ᠪᠤᠯᠬᠤ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ ᠰᠢᠭᠤᠳ ᠨᠦᠯᠦᠬᠡᠯᠡᠪᠠ᠃ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ ᠤ ᠦᠳᠡᠯᠦᠭᠰᠡᠨ ᠨᠤᠷᠮ᠎ᠠ ᠨᠢ ᠦᠨᠳᠦᠷ ᠪᠤᠢ᠃ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠰᠢᠯᠵᠢᠯᠳᠠ ᠪᠠ ᠬᠥᠳᠡᠯᠮᠤᠷᠢ ᠬᠥᠴᠤᠨ ᠤ ᠦᠳᠡᠯᠬᠦ | ᠪᠠᠶᠢᠳᠠᠯ ᠬᠦᠨᠳᠦᠷᠡᠵᠦ᠂ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠶ ᠣᠷᠣᠯᠭ᠎ᠠ ᠶᠢᠨ ᠨᠡᠮᠡᠭᠳᠡᠯ ᠪᠤᠭᠤᠮᠢ ᠲᠠᠢ ᠪᠤᠯᠪᠠ᠃ | ᠡᠳᠡᠬᠡᠷ ᠤᠷᠤᠰᠢᠵᠦ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠶ ᠲᠠᠯ᠎ᠠ ᠳᠤ ᠬᠠᠨᠳᠤᠭᠤᠯᠵᠦ ᠳᠣᠣᠷᠠᠬᠢ ᠰᠠᠨᠠᠭᠤᠯᠭ᠎ᠠ ᠶᠢ ᠳᠤᠷᠠᠳᠤᠯ᠎ᠠ᠄ | ᠨᠢᠭᠡ᠂ ᠮᠠᠯᠴᠢᠨ ᠲᠠᠷᠢᠶᠠᠴᠢᠳ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠪᠦᠲᠦᠮᠵᠢᠲᠡᠶ ᠨᠡᠮᠡᠬᠳᠡᠭᠦᠯᠦᠨᠡ | ︵ᠨᠢᠭᠡ︶ ᠤᠨᠴᠠᠯᠢᠬᠳᠤ ᠠᠵᠤ ᠦᠢᠯᠡᠰ ᠢ ᠰᠠᠶᠢᠲᠤᠷ ᠬᠢᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ︽ᠨᠢᠭᠡᠳᠦᠭᠡᠷ ᠠᠵᠤ | ᠦᠢᠯᠡᠰ ᠢ ᠳᠠᠬᠢᠨ ᠴᠣᠭᠴᠠᠯᠠᠬᠤ︾ ᠲᠥᠯᠥᠪᠯᠡᠭᠡ᠂ ᠠᠮᠢ ᠠᠬᠤᠶ ᠶᠢᠨ ᠵᠤᠭᠠᠴᠠᠯ᠂ ᠠᠷᠠᠳ ᠤᠨ ᠵᠠᠩ ᠦᠢᠯᠡ ᠰᠣᠶᠣᠯ᠂ ᠰᠡᠯᠡᠭᠦᠴᠠᠵᠦ ᠵᠤᠭᠠᠴᠠᠬᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠭᠡ ᠪᠠᠷ ᠬᠦᠭᠵᠢᠬᠦᠯᠦᠨ᠎ᠠ᠃ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠬᠡᠭᠳᠡᠬᠦᠨ ᠤ ᠭᠠᠷᠤᠯᠳᠠ ᠶᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠰᠣᠷᠭᠤᠭ ᠢᠶᠠᠷ ᠬᠠᠳᠠᠭᠠᠯᠠᠬᠤ᠂ ᠲᠡᠭᠡᠭᠡᠪᠦᠷᠢᠯᠡᠵᠦ ᠪᠣᠷᠣᠯᠠᠭᠤᠯᠬᠤ | ᠭᠤᠬᠴᠤᠭ᠎ᠠ ᠶᠢ ᠪᠦᠳᠦᠮᠵᠢᠳᠡᠢ ᠠᠬᠢᠭᠤᠯᠵᠦ᠂ ᠨᠠᠩ ᠣᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠤᠨ ᠨᠡᠮᠡᠭᠳᠡᠯ ᠪᠦᠬᠦᠢ ᠠᠰᠢᠭ | ᠣᠷᠣᠯᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠤᠷᠤᠨᠵᠢᠭᠤᠯᠵᠦ᠂ ᠮᠠᠯᠴᠢᠨ ᠲᠠᠷᠢᠶᠠᠴᠢᠨ ᠳᠤ ᠠᠰᠢᠭ ᠬᠦᠷᠳᠡᠬᠡᠨ᠎ᠠ᠃ | ︵ᠬᠤᠶᠠᠷ︶ ᠵᠣᠬᠢᠶᠠᠨ ᠪᠠᠶᠢᠭᠤᠯᠬᠤ ᠴᠢᠳᠠᠪᠤᠷᠢ ᠪᠠᠨ ᠨᠡᠮᠡᠭᠳᠡᠬᠦᠯᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠢ ᠠᠬᠢᠭᠤᠯᠬᠤ ᠲᠣᠯᠣᠭᠠᠶᠢᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠷᠢᠵᠤ ᠲᠡᠵᠢᠭᠡᠵᠦ ᠠᠷᠠᠴᠢᠯᠠᠬᠤ | ᠲᠣᠮᠣ ᠡᠷᠦᠬᠡ᠂ ᠬᠡᠷ ᠪᠦᠯᠢ ᠶᠢᠨ ᠮᠠᠯᠵᠢᠯ ᠤᠨ ᠲᠠᠯᠠᠪᠡᠢ ᠲᠠᠷᠢᠶᠠᠯᠠᠩ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ ᠶᠢ ᠲᠠᠶᠢᠴᠢᠯᠠᠨ ᠬᠤᠷᠰᠢᠨ ᠬᠥᠭᠵᠢᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠤᠨ ᠬᠦᠭᠵᠢᠬᠦᠯᠵᠦ᠂ ᠠᠵᠤ ᠦᠢᠯᠡᠰ ᠤᠨ ᠨᠡᠶᠢᠭᠡᠮᠯᠢᠭ ᠪᠠ ᠠᠵᠤ | ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠲᠠᠷᠢᠶᠠᠯᠠᠩ ᠮᠠᠯ ᠡᠵᠤ ᠠᠬᠤᠢ ᠶᠢᠨ ᠠᠵᠤ ᠦᠢᠯᠡᠰ ᠤᠨ ᠵᠣᠬᠢᠶᠠᠨ ᠪᠠᠶᠢᠭᠤᠯᠤᠬᠵᠢᠬᠤ ᠬᠡᠮᠵᠢᠶ᠎ᠠ ᠶᠢ ᠲᠡᠭᠡᠭᠰᠢᠯᠡᠬᠦᠯᠦᠨ᠎ᠠ᠃ | ︵ᠭᠤᠷᠪᠠ︶ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠲᠤᠰᠬᠠᠶᠢᠵᠢᠵᠦ ᠨᠡᠶᠢᠭᠡᠮᠴᠢᠯᠡᠭᠦ ᠦᠢᠯᠡᠴᠢᠯᠡᠬᠡᠨ ᠤ ᠲᠤᠭᠳᠠᠯᠴᠠᠭ᠎ᠠ ᠶᠢ ᠪᠦᠷᠢᠨᠰᠢᠬᠦᠯᠵᠤ᠂ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ | ᠲᠡᠵᠢᠭᠡᠬᠦ᠂ ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ᠂ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠬᠡᠮᠴᠢᠯᠡᠭᠰᠡᠨ ᠦᠢᠯᠡᠴᠢᠯᠡᠭᠡ ᠪᠠᠷ ᠲᠠᠮᠵᠢᠵᠦ | ᠮᠠᠯᠵᠢᠬᠤ ᠲᠠᠷᠢᠶᠠᠯᠠᠬᠤ ᠡᠷᠦᠬᠡ ᠶᠢᠨ ᠥᠪᠡᠷ ᠤᠨ ᠥᠷᠲᠡᠭ ᠢᠶᠠᠨ ᠠᠷᠪᠢᠯᠠᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ᠃ | ︵ᠳᠥᠷᠪᠡ︶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠤᠨ᠎ᠠ᠃ ᠤᠯᠤᠰ ᠤᠨ ᠲᠠᠰ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠴᠢᠬᠤᠯᠠ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠮᠵᠢᠶ᠎ᠡ ᠶᠢ | ᠶᠡᠬᠡᠰᠬᠡᠵᠦ᠂ ᠴᠢᠨᠠᠷ ᠢ ᠨᠢ ᠰᠢᠯᠢᠳᠡᠭᠵᠢᠬᠦᠯᠬᠦ ᠲᠤᠭᠤᠷᠢᠨ ᠳᠤ᠂ ᠲᠦᠬᠦᠬᠡᠷᠦᠮᠵᠢᠳᠤ ᠲᠠᠷᠢᠶᠠᠯᠠᠩ ᠪᠠ ᠲᠦᠬᠦᠬᠡᠷᠦᠮᠵᠢᠳᠤ ᠮᠠᠯ ᠠᠵᠤ ᠠᠬᠤᠶ ᠶᠢ ᠶᠡᠭᠡ ᠪᠠᠷ | ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠦᠢᠯᠡᠳᠬᠦᠨ ᠤ ᠥᠷᠲᠡᠭ ᠢ ᠭᠤᠤᠯᠳᠠᠯᠭ᠎ᠠ ᠲᠠᠢ ᠪᠠᠷ | ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠪᠠ ᠮᠠᠯ ᠠᠵᠤ ᠠᠬᠤᠶ ᠶᠢᠨ ᠵᠢᠯ ᠤᠨ ᠭᠠᠷᠭᠠᠯᠳᠠ ᠶᠢᠨ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠶᠢᠨ ᠵᠡᠷᠭᠡ ᠳᠤ | ᠨᠡᠮᠡᠭᠳᠡᠭᠦᠯᠵᠦ᠂ ᠠᠮᠤ ᠪᠤᠳᠠᠭ᠎ᠠ ᠪᠣᠯᠤᠨ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠮᠤᠷ ᠲᠦᠪᠰᠢᠨ | ᠬᠠᠩᠭᠠᠯᠭ᠎ᠠ ᠶᠢ ᠪᠠᠲᠤᠯᠠᠵᠤ᠂ ᠥᠨᠳᠥᠷ ᠦᠷ᠎ᠡ ᠠᠰᠢᠭ ᠲᠠᠢ ᠲᠡᠷᠢᠵᠦ ᠲᠡᠵᠢᠭᠡᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ | ︵ᠲᠠᠪᠤ︶ ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ ᠬᠡᠷᠡᠭᠯᠡᠭᠡ ᠶᠢ | ᠬᠠᠪᠰᠤᠷᠤᠨ ᠲᠡᠳᠬᠦᠬᠦ ᠠᠵᠢᠯᠯᠠᠭ᠎ᠠ ᠶᠢ ᠨᠠᠷᠢᠨ ᠨᠢᠮᠪᠠᠶ ᠵᠤᠬᠢᠶᠠᠨ ᠪᠠᠶᠢᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ | ᠬᠡᠮᠵᠢᠶ᠎ᠡ ᠶᠢ ᠨᠡᠮᠡᠭᠳᠡᠬᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠬᠦ ᠬᠡᠷᠡᠭᠳᠡᠢ᠃ ᠨᠢᠭᠡ ᠪᠦᠯᠦᠭ ᠬᠥᠳᠡᠭᠡ ᠲᠣᠰᠬᠤᠨ ᠤ | ᠵᠤᠭᠠᠴᠠᠯ ᠤᠨ ᠪᠠᠯᠭᠠᠰᠤ᠂ ᠮᠠᠯᠴᠢᠨ ᠲᠠᠷᠢᠶᠠᠴᠢᠨ ᠤ ᠬᠡᠷ ᠪᠦᠯᠢ ᠶᠢᠨ ᠵᠤᠭᠠᠴᠠᠯ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠲᠠᠷᠢᠶᠠᠯᠠᠩ ᠮᠠᠯ ᠠᠵᠤ | ᠠᠬᠤᠶ ᠶᠢ ᠦᠢᠯᠠᠭᠠᠵᠦ ᠰᠡᠯᠡᠬᠦᠴᠡᠨ ᠵᠤᠭᠠᠴᠠᠬᠤ ᠵᠡᠷᠭᠡ ᠰᠡᠯᠡᠭᠦᠴᠡᠨ ᠵᠤᠭᠠᠴᠠᠵᠦ ᠪᠡᠶ᠎ᠠ ᠪᠠᠷ ᠢᠶᠠᠨ ᠦᠢᠯᠠᠭᠠᠬᠤ ᠠᠵᠤ ᠦᠢᠯᠡᠰ ᠢ ᠬᠥᠭᠵᠢᠭᠦᠯᠬᠦ ᠶᠢ ᠳᠡᠮᠵᠢᠵᠦ᠂ | ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠠ᠃ | ᠬᠤᠶᠠᠷ᠂ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠶ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ | ︵ᠨᠢᠭᠡ︶ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ | ᠠᠮᠤ ᠪᠤᠳᠠᠭ᠎ᠠ᠂ ᠢᠮᠠᠭᠠᠨ ᠨᠣᠤᠯᠤᠭᠤᠷ᠂ ᠠᠯᠠᠰᠢᠨ ᠬᠤᠨᠢ᠂ ᠠᠯᠠᠰᠢᠨ ᠦᠬᠡᠷ᠂ ᠰᠦᠨ ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ ᠢ ᠪᠦᠬᠦ | ᠬᠦᠴᠦᠨ ᠢᠶᠠᠷ ᠢᠶᠠᠨ ᠪᠤᠢ ᠪᠤᠯᠭᠠᠵᠦ᠂ ᠭᠤᠸ᠎ᠠ ᠵᠢᠮᠢᠰ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠵᠡᠷᠭᠡ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ | ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ | ᠬᠥᠭᠵᠢᠯᠲᠡ ᠪᠠᠷ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ | ︵ᠬᠤᠶᠠᠷ︶ ︽ᠨᠢᠭᠡ ᠠᠵᠤ ᠠᠬᠤᠶᠢᠯᠠᠯ ᠨᠢᠭᠡ ᠲᠣᠰᠬᠤᠨ ᠢ ᠬᠠᠪᠰᠤᠷᠤᠨ ᠲᠡᠳᠬᠦᠬᠦ︾ ᠠᠵᠢᠯᠯᠠᠭ᠎ᠠ ᠶᠢ ᠬᠡᠷᠡᠭᠵᠢᠭᠦᠯᠵᠦ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠭᠤᠯᠬᠤ ᠶᠢ ᠠᠬᠢᠭᠤᠯᠤᠨ᠎ᠠ᠃ ︽ᠬᠤᠶᠠᠳᠤᠭᠠᠷ ᠠᠵᠤ ᠦᠢᠯᠡᠰ ᠢᠶᠠᠷ ᠨᠢᠬᠡᠳᠦᠬᠡᠷ ᠠᠵᠤ ᠦᠢᠯᠡᠰ ᠢ ᠲᠠᠶᠢᠴᠢᠯᠠᠵᠦ᠂ ᠠᠵᠤ ᠦᠢᠯᠡᠳᠪᠤᠷᠢ ᠪᠠᠷ ᠲᠠᠷᠢᠶᠠᠯᠠᠩ ᠢ | ᠲᠡᠳᠬᠦᠬᠦ︾ ᠢᠢ ᠭᠦᠨᠵᠡᠭᠡᠶ ᠬᠡᠷᠡᠭᠵᠢᠭᠦᠯᠵᠦ᠂ ᠦᠢᠯᠡᠳᠪᠦᠷᠢ ᠠᠭᠤᠷᠬᠠᠶ ᠶᠢᠨ ᠡᠨᠧᠷᠭᠢ ᠶᠢᠨ ᠠᠵᠤ ᠠᠬᠤᠶᠢᠯᠠᠯ ᠭᠠᠴᠠᠭᠠᠨ ᠤ ᠬᠠᠮᠲᠤ ᠶᠢᠨ ᠠᠵᠤ ᠠᠬᠤᠶ ᠶᠢᠨ | ᠣᠷᠣᠯᠭ᠎ᠠ ᠪᠠᠭᠠᠳᠡᠢ ᠭᠠᠴᠠᠭ᠎ᠠ ᠲᠣᠰᠬᠤᠨ ᠢ ᠬᠠᠪᠰᠤᠷᠤᠨ ᠲᠡᠳᠬᠦᠬᠦ ᠶᠢ ᠵᠤᠷᠢᠭᠵᠢᠭᠤᠯᠵᠦ᠂ ᠲᠥᠷᠥᠯ ᠵᠦᠢᠯ ᠢ ᠬᠠᠮᠲᠤ ᠪᠠᠷ ᠪᠠᠶᠢᠭᠤᠯᠬᠤ᠂ ᠠᠵᠢᠯ ᠣᠯᠭᠤᠯᠲᠠ ᠶᠢ | ᠳᠠᠶᠢᠴᠢᠯᠠᠬᠤ᠂ ᠬᠡᠷᠡᠭᠯᠡᠭᠡ ᠶᠢ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠡᠬᠢ ᠪᠠᠶᠠᠯᠢᠭ ᠢᠶᠠᠨ ᠭᠠᠳᠠᠬᠰᠢ ᠲᠠᠷᠬᠠᠭᠠᠨ ᠳᠠᠭᠠᠭᠠᠴᠢᠯᠠᠭᠤᠯᠬᠤ᠂ ᠠᠳᠠᠯ ᠠᠬᠤᠶ ᠶᠢ | ᠲᠦᠷᠢᠶᠡᠰᠦᠯᠡᠭᠦᠯᠬᠦ᠂ ᠰᠠᠭᠤᠭᠠᠯᠢ ᠠᠷᠠᠳ ᠤᠨ ᠦᠢᠯᠡᠴᠢᠯᠡᠭᠡ ᠬᠢᠬᠦ᠂ ᠡᠳ᠋ ᠬᠥᠷᠥᠩᠭᠡ ᠶᠢᠨ ᠬᠤᠪᠢ ᠣᠷᠣᠭᠤᠯᠤᠯᠳᠠ ᠵᠡᠷᠭᠡ ᠣᠯᠠᠨ ᠶᠠᠩᠵᠤ ᠶᠢᠨ ᠠᠷᠭ᠎ᠠ ᠪᠠᠷᠢᠯ ᠢᠶᠠᠷ | ᠰᠢᠨ᠎ᠡ ᠬᠡᠯᠪᠡᠷᠢ ᠶᠢᠨ ᠬᠠᠮᠲᠤ ᠨᠡᠶᠢᠲᠡ ᠶᠢ ᠬᠥᠭᠵᠢᠭᠦᠯᠦᠨ ᠪᠤᠵᠠᠭᠠᠶᠢᠷᠠᠭᠤᠯᠵᠦ᠂ ᠬᠠᠮᠲᠤ ᠶᠢᠨ ᠠᠵᠤ ᠠᠬᠤᠶ ᠪᠠᠷ ᠮᠠᠯᠴᠢᠨ ᠲᠠᠷᠢᠶᠠᠴᠢᠨ ᠢ ᠳᠠᠶᠢᠴᠢᠯᠠᠨ ᠠᠵᠢᠯ | ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ | ︵ᠭᠤᠷᠪᠠ︶ ᠠᠵᠤ ᠦᠢᠯᠡᠳᠪᠤᠷᠢ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠵᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠶᠡᠭᠡ ᠪᠠᠷ | ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠬᠰᠠᠨ ᠭᠤᠣᠯᠳᠠᠯᠭ᠎ᠠ ᠲᠠᠢ ᠢᠨᠵᠧᠨᠧᠷᠢᠩ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠷᠤᠯᠴᠠᠬᠤ ᠶᠢ ᠶᠡᠭᠡ ᠪᠠᠷ ᠳᠡᠯᠭᠡᠷᠡᠭᠦᠯᠵᠦ᠂ ᠬᠥᠳᠡᠯᠮᠦᠷᠢ ᠬᠦᠴᠦᠨ ᠤ ᠬᠠᠷᠠᠮᠵᠢ ᠶᠢ | ᠣᠯᠭᠤᠬᠤ ᠬᠠᠷᠢᠴᠠᠯ ᠢ ᠪᠦᠲᠦᠮᠵᠢᠲᠡᠶ ᠨᠡᠮᠡᠭᠳᠡᠬᠦᠯᠵᠦ᠂ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠰᠠᠭᠤᠷᠢ ᠲᠦᠬᠦᠬᠡᠷᠦᠮᠵᠢ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠢᠨᠵᠧᠨᠧᠷᠢᠩ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠪᠠ ᠠᠵᠢᠯᠯᠠᠵᠦ ᠴᠠᠯᠢᠩ ᠤᠨ ᠴᠢᠨᠠᠷᠲᠠᠶ ᠣᠷᠣᠯᠭ᠎ᠠ ᠤᠯᠬᠤ ᠶᠢ ᠵᠤᠷᠢᠭᠵᠢᠭᠤᠯᠤᠨ᠎ᠠ᠃ | ︵ᠳᠥᠷᠪᠡ︶ ᠬᠥᠳᠡᠭᠡ ᠲᠣᠰᠬᠤᠨ ᠤ ᠠᠵᠢᠯ ᠣᠯᠭᠤᠵᠦ ᠦᠢᠯᠡᠰ ᠪᠤᠰᠬᠠᠬᠤ ᠶᠢ ᠠᠬᠢᠭᠤᠯᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ | ᠮᠠᠯᠴᠢᠨ ᠲᠠᠷᠢᠶᠠᠴᠢᠨ ᠳᠤ ᠠᠵᠢᠯ ᠣᠯᠭᠤᠬᠤ ︽121︾ ᠲᠦᠯᠦᠪᠯᠡᠭᠡ ᠢᠢ ᠬᠡᠷᠡᠭᠵᠢᠭᠦᠯᠵᠦ᠂ ᠬᠥᠳᠡᠯᠮᠦᠷᠢ ᠬᠦᠴᠦᠨ ᠲᠠᠢ᠂ ᠲᠤᠬᠠᠶ ᠶᠢᠨ ᠭᠠᠵᠠᠷ ᠲᠠᠭᠠᠨ ᠠᠵᠢᠯ | ᠤᠯᠬᠤ ᠬᠦᠰᠡᠯ ᠲᠠᠢ ᠬᠡᠷ ᠪᠦᠯᠢ ᠳᠤ ᠨᠠᠭᠠᠳᠤ ᠵᠠᠬ᠎ᠠ ᠳᠠᠭᠠᠨ ᠨᠢᠬᠡ ᠬᠥᠳᠡᠯᠮᠦᠷᠢ ᠶᠢ ᠨᠢ ᠲᠤᠬᠠᠢ ᠶᠢᠨ ᠭᠠᠵᠠᠷ ᠲᠠᠭᠠᠨ ᠬᠥᠯᠥᠰᠥᠨ ᠠᠵᠢᠯ ᠬᠢᠯᠬᠡᠵᠦ᠂ ᠣᠷᠣᠯᠭ᠎ᠠ ᠶᠢ | 2 ᠲᠦᠮᠡᠨ ᠲᠥᠭᠦᠷᠢᠭ ᠠᠴᠠ ᠲᠠᠪᠠᠭᠤᠯᠵᠦ᠂ ᠬᠡᠷ ᠪᠦᠯᠢ ᠶᠢᠨ ᠬᠥᠮᠦᠨ ᠳᠤᠮᠳᠠᠴᠢ ᠴᠠᠯᠢᠩ ᠤᠨ ᠴᠢᠨᠠᠷᠲᠠᠶ ᠣᠷᠣᠯᠭ᠎ᠠ ᠶᠢ ᠲᠦᠮᠡᠨ ᠲᠥᠭᠦᠷᠢᠭ ᠨᠡᠮᠡᠭᠳᠡᠭᠦᠯᠵᠦ | ᠦᠭᠬᠦᠨ᠎ᠠ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠦᠢᠯᠡᠰ᠂ ᠨᠡᠶᠢᠭᠡᠮ ᠤᠨ ᠵᠠᠰᠠᠯᠲᠠ | ᠵᠡᠷᠭᠡ ᠶᠢᠨ ᠲᠤᠭᠤᠷᠢᠨ ᠳᠤ ᠤᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠶᠡᠭᠡ ᠪᠠᠷ ᠨᠡᠬᠡᠬᠡᠨ᠎ᠠ᠃ | ︵ᠲᠠᠪᠤ︶ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ︽ᠰᠦᠯᠵᠢᠶᠡᠨ ᠳᠡᠭᠡᠷ᠎ᠡ + ᠪᠤᠳᠠᠳᠤ ᠲᠡᠯᠬᠡᠬᠦᠷ︾ ᠤᠨ ᠤᠶᠤᠨᠴᠢ ᠪᠠᠷ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠲᠣᠭᠲᠠᠮᠠᠯ | ᠬᠤᠭᠤᠴᠠᠭ᠎ᠠ ᠲᠠᠢ ᠪᠠᠷ ᠰᠢᠨᠡᠴᠢᠯᠡᠵᠦ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠳᠤᠨᠢ ᠬᠡᠷᠡᠭᠯᠡᠨ ᠮᠠᠯᠴᠢᠨ ᠲᠠᠷᠢᠶᠠᠴᠢᠳ ᠤᠨ ᠲᠤᠬᠳᠠᠪᠤᠷᠢᠳᠡᠢ ᠠᠵᠢᠯ ᠤᠨ ᠪᠠᠶᠢᠷᠢ ᠶᠢ ᠠᠬᠢᠭᠤᠯᠤᠨ᠎ᠠ᠃ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ | ᠠᠵᠢᠯᠴᠢᠨ᠂ ᠨᠤᠲᠤᠭ ᠤᠨ ᠤᠤᠭᠠᠯ ᠵᠡᠷᠭᠡ ᠬᠥᠮᠦᠰ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠬᠥᠲᠥᠯᠦᠨ ᠵᠢᠯᠣᠭᠤᠳᠤᠨ᠎ᠠ᠃ | ᠭᠤᠷᠪᠠ᠂ ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠴᠢᠨᠠᠭᠰᠢᠳᠠ ᠥᠷᠭᠡᠳᠭᠡᠨ᠎ᠡ | ︵ᠨᠢᠭᠡ︶ ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ | ︽ᠡᠬᠢ ᠪᠠᠶᠠᠯᠢᠭ ᠢ ᠬᠥᠷᠤᠩᠭᠡ ᠪᠤᠯᠭᠠᠨ ᠬᠤᠪᠢᠷᠠᠭᠤᠯᠬᠤ᠂ ᠪᠡᠯᠡ ᠮᠥᠡᠭᠭᠦ ᠶᠢ ᠬᠤᠪᠢ ᠪᠤᠯᠭᠠᠨ ᠬᠤᠪᠢᠷᠠᠭᠤᠯᠬᠤ᠂ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠨ | ᠬᠤᠪᠢᠷᠠᠭᠤᠯᠬᠤ︾ ᠥᠭᠡᠷᠡᠴᠢᠯᠡᠯᠲᠡ ᠶᠢ ᠪᠦᠲᠦᠮᠵᠢᠲᠡᠶ ᠠᠬᠢᠭᠤᠯᠵᠤ᠂ ᠮᠠᠯᠴᠢᠨ ᠲᠠᠷᠢᠶᠠᠴᠢᠨ ᠤ ᠬᠠᠮᠲᠤ ᠶᠢᠨ ᠡᠳ᠋ ᠬᠥᠷᠥᠩᠭᠡ ᠶᠢᠨ ᠬᠤᠪᠢ ᠣᠷᠣᠭᠤᠯᠤᠯᠲᠠ ᠶᠢ | ᠵᠠᠯᠭᠠᠮᠵᠢᠯᠠᠬᠤ᠂ ᠪᠤᠴᠠᠭᠠᠨ ᠭᠠᠷᠭᠠᠬᠤ᠂ ᠪᠠᠷᠢᠴᠠᠭᠠᠯᠠᠬᠤ ᠵᠡᠷᠭᠡ ᠡᠷᠬᠡ ᠴᠢᠳᠠᠪᠤᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠳᠤ ᠡᠷᠦᠬᠡ ᠠᠮᠠ ᠪᠠᠨ | ᠲᠠᠩᠰᠠᠯᠠᠭᠤᠯᠬᠤ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ᠂ ᠣᠶ | ᠮᠣᠳᠣᠨ ᠤ ᠡᠷᠬᠡ᠂ ᠭᠠᠵᠠᠷ ᠰᠢᠷᠣᠶ ᠪᠠ ᠬᠠᠳᠤᠯᠠᠩ ᠪᠡᠯᠴᠢᠭᠡᠷ ᠤᠨ ᠳᠠᠭᠠᠭᠠᠴᠢᠯᠠᠯᠲᠠ ᠶᠢᠨ ᠡᠵᠡᠩᠨᠡᠬᠦ ᠡᠷᠬᠡ ᠪᠠᠨ ᠪᠠᠷᠢᠴᠠᠭᠠᠯᠠᠬᠤ᠂ ᠳᠠᠨᠵᠢᠯᠠᠵᠤ ᠵᠢᠭᠡᠯᠡᠯᠭᠡ ᠲᠠᠯᠪᠢᠬᠤ | ᠪᠠ ᠬᠦᠳᠡᠭᠡ ᠲᠤᠰᠬᠤᠨ ᠤ ᠢᠲᠡᠭᠡᠮᠵᠢ ᠶᠢᠨ ᠲᠤᠬᠳᠠᠯᠴᠠᠭᠠᠨ ᠤ ᠪᠠᠶᠢᠭᠤᠯᠤᠯᠲᠠ ᠶᠢᠨ ᠠᠵᠢᠯ ᠢ ᠢᠳᠡᠪᠬᠢᠳᠡᠢ ᠦᠷᠨᠢᠬᠦᠯᠦᠨ᠎ᠠ᠃ ︵ᠬᠤᠶᠠᠷ︶ ᠡᠵᠡᠩᠨᠡᠯᠲᠡ ᠶᠢᠨ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠲᠠᠢ ᠨᠡᠶᠢᠯᠡᠭᠦᠯᠬᠦ︾ | ᠬᠥᠭᠵᠢᠯᠲᠡ ᠶᠢᠨ ᠰᠡᠳᠭᠢᠴᠡ ᠪᠠᠷ᠂ ︽ᠨᠢᠭᠡᠳᠦᠯᠲᠡᠶ ᠳᠠᠷᠢᠬᠤ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠡᠰᠡᠭ ᠪᠤᠰᠠᠭ᠂ | ᠬᠥᠳᠡᠯᠮᠦᠷᠢ ᠬᠦᠴᠦ ᠳᠤᠲᠠᠭᠳᠠᠬᠤ᠂ ᠲᠠᠷᠢᠶ᠎ᠠ ᠳᠠᠷᠢᠭᠠᠳ ᠪᠠᠭ᠎ᠠ ᠠᠰᠢᠭ ᠤᠯᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠦᠢᠯᠡᠳᠪᠦᠷᠢᠯᠡᠯ ᠤᠨ ᠥᠪᠡᠷ ᠤᠨ | ᠥᠷᠲᠡᠭ ᠢ ᠪᠠᠭᠤᠷᠠᠭᠤᠯᠵᠤ᠂ ᠠᠵᠤ ᠦᠢᠯᠡᠰ ᠤᠨ ᠴᠢᠨᠠᠷ ᠲᠡᠰ ᠪᠠ ᠦᠷ᠎ᠡ ᠠᠰᠢᠭ ᠢ ᠳᠡᠭᠡᠭᠰᠢᠯᠡᠭᠦᠯᠵᠦ᠂ ᠬᠡᠪᠴᠢᠶᠡᠵᠢᠭᠰᠡᠨ ᠡᠵᠡᠩᠨᠡᠯᠲᠡ ᠪᠠ ︽ᠨᠢᠭᠡᠳᠦᠯᠲᠡᠶ | ᠳᠠᠷᠢᠵᠤ ᠬᠠᠮᠲᠤ ᠪᠠᠷ ᠪᠠᠶᠠᠵᠢᠬᠤ︾ ᠶᠢ ᠪᠡᠶᠡᠯᠡᠭᠦᠯᠦᠨ᠎ᠡ᠃ ︽ᠲᠣᠮᠣ ᠮᠠᠯᠵᠢᠯ ᠤᠨ ᠲᠠᠯᠠᠪᠠᠶ ᠶᠢᠨ ᠲᠦᠷᠢᠮ︾ ᠤᠨ ᠬᠥᠭᠵᠢᠯᠲᠡ ᠶᠢᠨ ᠰᠡᠳᠭᠢᠴᠡ ᠶᠣᠰᠣᠭᠠᠷ᠂ | ︽ᠨᠢᠭᠡᠳᠦᠯᠲᠡᠶ ᠲᠡᠵᠢᠭᠡᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯ ᠠᠵᠤ ᠠᠬᠤᠶ ᠶᠢᠨ ᠦᠢᠯᠡᠰ ᠤᠨ ᠲᠦᠬᠦᠬᠡᠷᠦᠮᠵᠢ ᠶᠢᠨ ᠥᠪᠡᠷ ᠤᠨ ᠥᠷᠲᠡᠭ | ᠥᠨᠳᠥᠷ᠂ ᠬᠡᠪᠴᠢᠶᠡᠵᠢᠭᠦᠯᠦᠨ ᠪᠠᠷᠢᠮᠵᠢᠶᠠᠵᠢᠭᠤᠯᠤᠬᠰᠠᠨ ᠬᠡᠮᠵᠢᠶ᠎ᠡ ᠳᠣᠤᠷ᠎ᠠ᠂ ᠬᠠᠳᠤᠯᠠᠩ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠲᠠ ᠨᠢ ᠰᠢᠨᠵᠢᠯᠡᠬᠦ | ᠤᠬᠠᠭᠠᠨᠴᠢ ᠪᠤᠰᠤ ᠵᠡᠷᠭᠡ ᠠᠰᠠᠭᠤᠳᠠᠯ ᠢ ᠪᠦᠳᠦᠮᠵᠢᠳᠡᠢ ᠰᠶᠢᠳᠪᠤᠷᠢᠯᠡᠵᠦ᠂ ᠮᠠᠯ ᠠᠵᠤ ᠠᠬᠤᠶ ᠶᠢᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠬᠤᠷᠠᠮᠳᠤᠭᠤᠯᠵᠤ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠪᠠ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠶᠢ ᠪᠡᠶᠡᠯᠡᠭᠦᠯᠦᠨ᠎ᠡ᠃ ︵ᠭᠤᠷᠪᠠ︶ ᠭᠠᠴᠠᠭ᠎ᠠ | ᠲᠣᠰᠬᠤᠨ ᠨᠤᠭᠤᠳ ᠬᠤᠯᠪᠣᠭᠠᠯᠠᠵᠤ ᠪᠠᠶᠢᠭᠠᠳ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠷᠣᠨ ᠪᠦᠰᠡ ᠠᠯᠤᠰᠯᠠᠭᠰᠠᠨ ᠲᠣᠰᠬᠤᠨ ᠢ ᠬᠦᠴᠦᠷᠬᠡᠭᠵᠢᠭᠦᠯᠦᠨ ᠠᠷᠠᠳ ᠢ | ᠪᠠᠶᠠᠵᠢᠭᠤᠯᠬᠤ ᠺᠣᠮᠫᠠᠨᠢ ᠪᠤᠶᠤ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠬᠤ ᠶᠢ ᠵᠤᠷᠢᠬᠵᠢᠭᠤᠯᠵᠦ᠂ ᠲᠥᠯᠥᠪᠵᠢᠭᠦᠯᠭᠡ ᠪᠠᠷ ᠨᠢᠭᠡᠳᠦᠯᠲᠡᠶ ᠲᠥᠯᠥᠪᠯᠡᠬᠦ᠂ | ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ᠂ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠬᠦ᠂ ᠡᠵᠡᠩᠨᠡᠯᠲᠡ ᠶᠢ ᠤᠶᠠᠯᠳᠤᠭᠤᠯᠬᠤ᠂ ᠬᠠᠮᠢᠶᠠᠷᠤᠯᠲᠠ ᠶᠢ ᠨᠢᠭᠡᠳᠦᠯᠲᠡᠶ | ᠪᠠᠶᠢᠯᠭᠠᠬᠤ ᠵᠠᠭᠪᠤᠷ ᠢ ᠪᠠᠶᠢᠭᠤᠯᠵᠤ᠂ ᠣᠷᠣᠨ ᠪᠦᠰᠡ ᠬᠠᠮᠲᠤᠷᠠᠵᠦ ᠪᠥᠭᠡᠮᠨᠡᠷᠡᠨ ᠬᠥᠭᠵᠢᠬᠦ ᠶᠢ ᠪᠡᠶᠡᠯᠡᠭᠦᠯᠦᠨ᠎ᠡ᠃ | ᠳᠥᠷᠪᠡ᠂ ᠮᠠᠯᠴᠢᠨ ᠲᠠᠷᠢᠶᠠᠴᠢᠳ ᠤᠨ ᠰᠢᠯᠵᠢᠭᠦᠯᠤᠯᠲᠡ ᠶᠢᠨ ᠴᠢᠨᠠᠷᠲᠠᠶ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ | ︵ᠨᠢᠭᠡ︶ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ | ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ ᠤᠷᠢᠳ ᠢᠶᠠᠷ ᠲᠠᠮᠵᠢᠵᠦ᠂ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠪᠠᠯᠠ ᠣᠷᠣᠭᠤᠯᠤᠯᠲᠠ ᠶᠢ ᠵᠢᠯ ᠳᠠᠷᠠᠭᠠᠯᠠᠨ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠪᠡᠯᠡ ᠮᠥᠩᠭᠦ ᠶᠢ ᠰᠢᠯᠢᠳᠡᠭᠵᠢᠭᠦᠯᠵᠦ᠂ | ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠡᠮᠬᠢᠯᠡᠨ ᠨᠡᠶᠢᠯᠡᠭᠦᠯᠵᠦ᠂ ᠡᠳ᠋ ᠤᠨ ᠵᠠᠰᠠᠭ ᠤᠨ ᠬᠢᠵᠠᠭᠠᠷ ᠲᠠᠢ ᠪᠠᠯᠠ ᠮᠥᠩᠭᠦ ᠶᠢ ᠠᠷᠠᠳ ᠢ | ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ ᠶᠢᠨ ᠤᠨᠢᠨ ᠲᠡᠬᠡᠷ᠎ᠠ ᠨᠢ ᠬᠡᠷᠡᠭᠯᠡᠬᠦ ᠶᠢ ᠦᠨᠡᠨ ᠬᠦ ᠪᠠᠲᠤᠯᠠᠵᠦ᠂ ᠴᠢᠨᠠᠷ ᠰᠠᠶᠢᠲᠠᠶ ᠠᠵᠤ ᠦᠢᠯᠡᠰ ᠤᠨ | ᠬᠥᠭᠵᠢᠯᠲᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ᠃ | ︵ᠬᠤᠶᠠᠷ︶ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠮᠠᠯᠴᠢᠨ ᠲᠠᠷᠢᠶᠠᠴᠢᠳ ᠤᠨ ᠨᠥᠬᠦᠪᠥᠷᠢ ᠶᠢ ᠨᠡᠮᠡᠭᠳᠡᠬᠦᠯᠬᠦ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠬᠠᠶᠢᠨ ᠰᠦᠪᠡᠭᠴᠢᠯᠡᠵᠦ ᠪᠤᠢ ᠪᠤᠯᠭᠠᠨ᠂ ᠡᠯ᠎ᠡ ᠲᠥᠷᠥᠯ ᠤᠨ ᠱᠠᠩᠨᠠᠯ ᠤᠨ ᠨᠥᠬᠦᠪᠥᠷᠢ ᠶᠢᠨ ᠪᠠᠯᠠ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠦ᠂ ᠮᠠᠯᠴᠢᠨ ᠲᠠᠷᠢᠶᠠᠴᠢᠳ ᠤᠨ ᠨᠦᠬᠦᠪᠦᠷᠢ ᠶᠢᠨ ᠤᠷᠤᠯᠭ᠎ᠠ ᠶᠢ ᠨᠡᠮᠡᠭᠳᠡᠬᠦᠯᠦᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠵᠢᠭᠡᠯᠡᠯᠭᠡ ᠶᠢᠨ ᠡᠳ᠋ ᠤᠨ ᠵᠠᠰᠠᠭ ᠤᠨ ᠳᠠᠮ ᠬᠦᠤ ᠶᠢᠨ ᠡᠷᠴᠢᠮ ᠢ ᠴᠢᠩᠭᠠᠷᠠᠭᠤᠯᠵᠤ ᠮᠠᠯᠴᠢᠨ ᠲᠠᠷᠢᠶᠠᠴᠢᠨ ᠤ ᠵᠢᠬᠡᠯᠡᠯᠬᠡ ᠶᠢᠨ ᠪᠡᠯᠠ | ᠤᠷᠤᠭᠤᠯᠤᠯᠳᠠ ᠶᠢᠨ ᠮᠥᠡᠭᠬᠦ ᠶᠢᠨ ᠥᠪᠡᠷ ᠤᠨ ᠦᠷᠲᠡᠭ ᠢ ᠦᠨᠡᠨ ᠬᠦ ᠪᠠᠭᠤᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠬᠦᠷᠢᠶ᠎ᠡ | ᠬᠡᠪᠴᠢᠶ᠎ᠡ ᠶᠢ ᠥᠷᠭᠡᠳᠭᠡᠵᠦ᠂ ᠳᠠᠪᠠᠭᠤᠯᠢᠭ ᠤᠨᠴᠠᠯᠢᠭᠳᠤ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠳᠠᠭᠠᠳᠬᠠᠯ ᠢ ᠦᠷᠨᠢᠬᠦᠯᠵᠦ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠳᠤ ᠤᠴᠠᠷᠠᠭᠤᠯᠬᠤ ᠭᠠᠶ | ᠭᠠᠮᠰᠢᠭ ᠤᠨ ᠠᠶᠤᠯ ᠲᠦᠭᠰᠢᠭᠦᠷᠢ ᠶᠢ ᠠᠷᠭᠠᠴᠠᠭᠠᠬᠤ ᠶᠢ ᠲᠡᠭᠡᠭᠰᠢᠯᠡᠬᠦᠯᠦᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ | ᠨᠡᠶᠢᠭᠡᠮ ᠤᠨ ᠠᠪᠤᠷᠠᠨ ᠲᠤᠰᠠᠯᠠᠮᠵᠢ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠬᠳᠠᠭᠤᠨ ᠢᠶᠠᠷ ᠨᠡᠮᠡᠭᠳᠡᠬᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠭᠦ᠂ ᠬᠤᠳᠠ ᠶᠢᠨ | ᠬᠡᠪᠴᠢᠶ᠎ᠠ ᠶᠢ ᠨᠢᠬᠡᠳᠦᠯᠳᠡᠢ ᠲᠦᠯᠦᠪᠵᠢᠬᠦᠯᠵᠤ ᠪᠡᠶᠡᠯᠡᠬᠦᠯᠦᠨ᠎ᠠ᠃ ᠬᠦᠳᠡᠭᠡ ᠲᠤᠰᠬᠤᠨ ᠤ ᠮᠠᠯᠴᠢᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠮᠥᠡᠭᠬᠦ ᠶᠢᠨ | ᠬᠢᠷᠢ ᠬᠡᠮᠵᠢᠶ᠎ᠡ ᠶᠢ ᠲᠤᠬᠳᠠᠭᠤᠨ ᠢᠶᠠᠷ ᠨᠡᠮᠡᠭᠳᠡᠬᠦᠯᠵᠦ᠂ ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠵᠥᠷᠢᠶ᠎ᠡ ᠶᠢ ᠲᠠᠰᠤᠷᠠᠯᠳᠠ ᠦᠬᠡᠢ ᠪᠠᠭᠠᠰᠬᠠᠨ᠎ᠠ᠃ | ᠣᠷᠣᠯᠭ᠎ᠠ ᠪᠠᠭᠠᠲᠠᠶ ᠬᠥᠮᠦᠰ ᠪᠠ ᠣᠨᠴᠠᠭᠠᠶ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠲᠠᠯ᠎ᠠ ᠪᠠᠷ ᠪᠠᠳᠤᠯᠠᠵᠦ᠂ ᠮᠠᠯᠵᠢᠬᠤ ᠲᠠᠷᠢᠶᠠᠯᠠᠬᠤ | ᠣᠷᠣᠨ ᠤ ᠠᠷᠠᠳ ᠤᠨ ᠠᠮᠢᠳᠤᠷᠠᠯ ᠤᠨ ᠲᠦᠪᠰᠢᠨ ᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ᠂ ᠠᠷᠠᠳ ᠢ ᠪᠠᠶᠠᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ | ᠦᠨᠳᠦᠰᠦ ᠶᠢ ᠨᠢ ᠪᠠᠬᠢᠵᠢᠭᠦᠯᠬᠦ ᠪᠤᠯᠤᠨ᠎ᠠ᠃ ︵ᠵᠣᠬᠢᠶᠠᠭᠴᠢ᠄ ᠡᠤ ᠵᠢᠶᠠ ᠷᠦᠡᠭ ᠵᠤᠬᠢᠶᠠᠬᠴᠢ ᠶᠢᠨ ᠪᠠᠶᠢᠭᠤᠯᠭ᠎ᠠ ᠨᠢᠭᠡᠴᠢ᠄ ᠣᠷᠳᠣᠰ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ︶ | | |