ᠣᠷᠳᠣᠰ ᠬᠤᠲᠠ ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/10/31
    ᠣᠶᠢᠷ᠎ᠠ ᠳᠤ᠂ ᠣᠷᠳᠣᠰ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠠᠩᠬ᠎ᠠ ᠪᠦᠯᠦᠭ ᠤᠨ ᠴᠢᠳᠠᠪᠤᠷᠢᠲᠠᠨ ᠤ ᠭᠡᠷ ᠪᠠᠶᠢᠰᠢᠩ ᠳᠦᠷᠢᠶᠡᠰᠦᠯᠡᠭᠰᠡᠨ ᠨᠥᠬᠦᠪᠦᠷᠢ ᠶᠢ ᠵᠠᠷᠯᠠᠨ ᠨᠡᠶᠢᠲᠡᠯᠡᠵᠦ᠂ 31 ᠬᠥᠮᠥᠨ ᠳᠤ 57 ᠲᠦᠮᠡᠨ ᠲᠥᠭᠦᠷᠢᠭ ᠤᠨ ᠨᠥᠬᠦᠪᠦᠷᠢ ᠥᠭᠬᠦ ᠪᠠᠷ ᠲᠥᠯᠥᠪᠯᠡᠵᠤ ᠪᠣᠢ᠃    ᠣᠶᠢᠯᠭᠠᠭᠰᠠᠨ ᠢᠶᠠᠷ᠂ ᠭᠡᠷ ᠪᠠᠶᠢᠰᠢᠩ ᠳᠦᠷᠢᠶᠡᠰᠦᠯᠡᠬᠦ ᠨᠥᠬᠦᠪᠦᠷᠢ ᠪᠣᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠣᠷᠳᠣᠰ ᠬᠤᠲᠠ ᠶᠢᠨ ᠴᠢᠳᠠᠪᠤᠷᠢᠲᠠᠨ ᠤ ᠠᠮᠤᠭᠤᠯᠠᠩᠲᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ︾ ᠳᠤ ᠰᠢᠨ᠎ᠡ ᠪᠠᠷ ᠨᠡᠮᠡᠭᠰᠡᠨ ᠠᠭᠤᠯᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠷᠳᠣᠰ ᠤᠨ ᠤᠷᠢᠵᠤ ᠠᠪᠴᠢᠷᠠᠭᠰᠠᠨ ᠴᠢᠳᠠᠪᠤᠷᠢᠲᠠᠨ ᠤ ᠣᠷᠣᠨ ᠰᠠᠭᠤᠴᠠ ᠶᠢᠨ ᠤᠯᠠᠨ ᠡᠰᠢᠲᠦ ᠬᠡᠷᠡᠭᠴᠡᠭᠡ ᠳᠤ ᠴᠢᠭᠯᠡᠭᠦᠯᠦᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃ ᠭᠤᠣᠯᠳᠠᠭᠤ ᠮᠠᠨ ᠤ ᠬᠤᠲᠠ ᠳᠤ ᠠᠩᠬ᠎ᠠ ᠢᠷᠡᠵᠤ ᠠᠵᠢᠯ ᠣᠯᠵᠤ ᠦᠢᠯᠡᠰ ᠪᠦᠲᠦᠭᠡᠭᠰᠡᠨ ᠥᠨᠳᠥᠷ ᠰᠤᠷᠤᠯᠭ᠎ᠠ ᠶᠢᠨ ᠨᠠᠮᠲᠠᠷ ᠲᠠᠢ᠂ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠳᠤ ᠬᠠᠨᠳᠤᠭᠤᠯᠤᠨ᠂ ᠬᠠᠮᠤᠭ ᠠᠷᠪᠢᠨ ᠳᠠᠭᠠᠨ ᠰᠠᠷ᠎ᠠ ᠪᠦᠷᠢ 2000 ᠲᠥᠭᠦᠷᠢᠭ᠂ ᠬᠠᠮᠤᠭ ᠤᠷᠲᠤ ᠬᠤᠭᠤᠴᠠᠭ᠎ᠠ ᠳᠠᠭᠠᠨ 36 ᠰᠠᠷ᠎ᠠ ᠠᠴᠠ ᠬᠡᠲᠦᠷᠡᠬᠦ ᠦᠭᠡᠢ ᠭᠡᠷ ᠪᠠᠶᠢᠰᠢᠩ ᠲᠦᠷᠢᠶᠡᠰᠦᠯᠡᠬᠦ ᠨᠥᠭᠦᠪᠦᠷᠢ ᠬᠠᠩᠭᠠᠵᠤ ᠪᠠᠶᠢᠨ᠎ᠠ᠃ ᠭᠡᠷ ᠳᠦᠷᠢᠶᠡᠰᠦᠯᠡᠬᠦ ᠨᠥᠭᠦᠪᠦᠷᠢ ᠵᠡᠷᠭᠡ ᠠᠮᠤᠭᠤᠯᠠᠩᠲᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠷᠢᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠮᠠᠨ ᠤ ᠬᠤᠲᠠ ᠳᠤ ᠠᠩᠬ᠎ᠠ ᠢᠷᠡᠵᠤ ᠪᠠᠶᠢᠭ᠎ᠠ ᠴᠢᠳᠠᠪᠤᠷᠢᠲᠠᠨ ᠳᠤ ᠠᠵᠤ ᠠᠬᠤᠢ ᠶᠢᠨ ᠲᠠᠯ᠎ᠠ ᠶᠢᠨ ᠳᠡᠮᠵᠢᠯᠭᠡ ᠬᠠᠩᠭᠠᠵᠤ᠂ ᠣᠷᠣᠰᠢᠨ ᠠᠮᠢᠳᠤᠷᠠᠬᠤ ᠳᠤ ᠨᠡᠩ ᠲᠠᠭᠠᠯᠠᠮᠵᠢᠲᠠᠢ᠂ ᠦᠢᠯᠡᠰ ᠪᠦᠲᠦᠭᠡᠬᠦ ᠳᠤ ᠨᠡᠩ ᠲᠣᠬᠢᠷᠠᠮᠵᠢᠲᠠᠢ ᠴᠢᠳᠠᠪᠤᠷᠢᠲᠠᠨ ᠤ ᠣᠷᠴᠢᠨ ᠨᠥᠬᠦᠴᠡᠯ ᠢ ᠪᠣᠢ ᠪᠣᠯᠭᠠᠪᠠ᠃ 
ᠢᠷᠡᠯᠲᠡ᠄ ᠣᠷᠳᠣᠰ ᠤᠨ ᠡᠳᠦᠷ ᠤᠨ ᠰᠣᠨᠢᠨ