ᠰᠢᠯᠭᠠᠭᠤᠯᠤᠭᠴᠢ ᠶᠢᠨ ᠮᠡᠳᠡᠭᠡ ᠵᠠᠩᠭᠢ ᠲᠠᠭᠯᠠᠬᠤ ᠴᠢᠳᠠᠮᠵᠢ ᠶᠢ ᠨᠡᠭᠡᠭᠡᠯ᠎ᠡ
ᠨᠡᠶᠢᠲᠡᠯᠡᠭᠰᠡᠨ ᠴᠠᠭ᠄
2024/10/8
    ᠠᠰᠫᠢᠷᠠᠨᠲ ᠡᠯᠰᠡᠬᠦ ᠨᠢᠭᠡᠳᠦᠯᠲᠠᠢ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠤᠨ ᠰᠢᠯᠭᠠᠭᠤᠯᠤᠭᠴᠢ ᠶᠢᠨ ᠮᠡᠳᠡᠭᠡ ᠵᠠᠩᠬᠢ ᠲᠠᠭᠯᠠᠬᠤ ᠴᠢᠳᠠᠮᠵᠢ ᠶᠢ 10 ᠳ᠋ᠤᠭᠠᠷ ᠰᠠᠷ᠎ᠠ  ᠶᠢᠨ 8 ᠎ ᠤ ᠡᠳᠦᠷ ᠠᠴᠠ ᠡᠬᠢᠯᠡᠵᠦ ᠨᠡᠬᠡᠭᠡᠯ᠎ᠡ᠃ ᠲᠣᠰ ᠴᠢᠳᠠᠮᠵᠢ ᠨᠢ 10 ᠳ᠋ᠤᠭᠠᠷ ᠰᠠᠷ᠎ᠠ  ᠶᠢᠨ 28 ᠎ ᠤ ᠡᠳᠤᠷ ᠤᠨ 22᠄ 00 ᠴᠠᠭ ᠲᠤ ᠨᠢᠭᠡᠳᠦᠯᠲᠠᠢ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠵᠢᠩᠭᠢᠨᠢ ᠪᠠᠷ ᠳᠠᠭᠤᠰᠬᠤ ᠪᠣᠯᠳᠠᠯ᠎ᠠ ᠶᠠᠪᠤᠭᠲᠠᠨ᠎ᠠ᠃    ︽2025 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ  ᠶᠢᠨ ᠲᠣᠭᠲᠠᠭᠠᠯ︾᠎ ᠢ ᠦᠨᠳᠦᠰᠦᠯᠡᠪᠡᠯ᠂ ᠠᠰᠫᠢᠷᠠᠨᠲ ᠡᠯᠰᠡᠬᠦ ᠨᠢᠭᠡᠳᠦᠯᠲᠡᠢ ᠰᠢᠯᠭᠠᠯᠲᠡ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 2024 ᠣᠨ ᠤ 10 ᠳ᠋ᠤᠭᠠᠷ ᠰᠠᠷ᠎ᠠ ᠶᠢᠨ 15᠎ ᠤ ᠡᠳᠤᠷ ᠠᠴᠠ 10 ᠰᠠᠷ᠎ᠠ ᠶᠢᠨ 28᠎ ᠤ ᠡᠳᠤᠷ ᠤᠨ9᠄ 00 —22᠄ 00᠃ ᠰᠦᠯᠵᠢᠶᠡᠨ ᠳᠡᠭᠡᠷ᠎ᠡ ᠤᠷᠢᠳᠴᠢᠯᠠᠵᠦ ᠨᠡᠷ᠎ᠡ ᠮᠡᠳᠡᠭᠦᠯᠬᠦ ᠴᠠᠭ ᠨᠢ 2024 ᠣᠨ ᠤ 10 ᠳ᠋ᠤᠭᠠᠷ ᠰᠠᠷ᠎ᠠ ᠶᠢᠨ 9᠎ ᠤ ᠡᠳᠤᠷ ᠠᠴᠠ 10 ᠳ᠋ᠤᠭᠠᠷ ᠰᠠᠷ᠎ᠠ ᠶᠢᠨ 12᠎ ᠤᠨ ᠡᠳᠤᠷ ᠤᠨ 9᠄ 00 —22᠄ 00᠃ ᠲᠤᠬᠠᠢ ᠶᠢᠨ ᠦᠶ᠎ᠡ ᠳᠤ ᠰᠢᠯᠭᠠᠭᠤᠯᠤᠭᠴᠢ ︽ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠲᠡᠪᠴᠡᠩ︾᠎ ᠳᠤ ᠭᠠᠷᠴᠤ ᠨᠡᠷ᠎ᠡ ᠮᠡᠳᠡᠭᠦᠯᠵᠦ ᠪᠣᠯᠣᠨ᠎ᠠ᠃ ᠬᠠᠮᠢᠶ᠎ᠠ ᠪᠦᠬᠦᠢ ᠨᠠᠷᠢᠨ ᠪᠠᠶᠢᠳᠠᠯ ᠢ ᠤᠭ ᠮᠠᠲ᠋ᠧᠷᠢᠶᠠᠯ ᠠᠴᠠ ᠣᠶᠢᠯᠠᠭᠠᠭᠠᠷᠠᠢ᠃
ᠢᠷᠡᠯᠲᠡ᠄ ᠥᠪᠥᠷ ᠮᠣᠩᠭᠤᠯ ᠤᠨ ᠮᠣᠩᠭᠤᠯ ᠷᠠᠳᠢᠣ᠋ ᠶᠢᠨ ᠸᠢᠴᠠᠲ ᠳᠠᠪᠴᠠᠩ