ᠮᠠᠨ ᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ 3000᠎ ᠶᠢ ᠳᠠᠪᠠᠵᠠᠢ
ᠨᠡᠶᠢᠲᠡᠯᠡᠭᠰᠡᠨ ᠴᠠᠭ᠄
2024/10/9
     ᠰᠤᠷᠪᠤᠯᠵᠢᠯᠠᠬᠴᠢ 20᠎ ᠠᠴᠠ 21᠎ ᠤ ᠡᠳᠦᠷ ᠪᠤᠯᠲᠠᠯ᠎ᠠ ᠬᠠᠶᠢᠨᠠᠨ ᠤ ᠬᠠᠶᠢᠺᠧᠦ ᠳᠤ ᠬᠤᠷᠠᠯᠳᠤᠭᠰᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠡᠷᠳᠡᠮ ᠰᠢᠨᠵᠢᠯᠡᠭᠡᠨ ᠤ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠲᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ 3082᠂ ᠬᠡᠦᠬᠡᠳ ᠤᠨ ᠡᠮᠨᠡᠯᠭᠡ ᠶᠢᠨ ᠬᠤᠷᠢᠶ᠎ᠠ 158᠂ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠥᠪ 3364᠂ ᠬᠦᠨᠳᠦ ᠲᠦᠭᠰᠢᠭᠦᠷᠢᠲᠡᠢ ᠨᠢᠯᠬ᠎ᠠ ᠬᠡᠦᠬᠡᠳ ᠢ ᠠᠪᠤᠷᠠᠨ ᠵᠠᠰᠠᠬᠤ ᠲᠥᠪ 3070 ᠪᠣᠯᠵᠠᠢ᠃     ︽ᠳᠤᠮᠳᠠᠳᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠳᠡᠯᠡᠬᠡᠢ ᠨᠡᠶᠢᠭᠡᠮ ᠳᠤ ᠳᠡᠭᠡᠳᠦ ᠬᠡᠮᠵᠢᠶ᠎ᠡ ᠪᠠᠷ ᠮᠡᠳᠡᠷᠡᠭᠳᠡᠪᠡ︾᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠺᠧ ᠷᠠᠩ᠂ ᠣᠳᠣᠬᠠᠨ ᠳᠤ ᠮᠠᠨ ᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠭᠤᠣᠯ ᠭᠦᠢᠴᠡᠳᠬᠡᠯ ᠲᠤᠭ᠎ᠠ ᠶᠢᠨ ᠬᠢᠷᠢ ᠲᠦᠪᠰᠢᠨ ᠪᠦᠭᠦ ᠳᠡᠯᠡᠬᠡᠢ ᠶᠢᠨ ᠳᠤᠮᠳᠠ ᠥᠨᠳᠥᠷ ᠣᠷᠣᠯᠭ᠎ᠠ ᠲᠠᠢ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ 2023 ᠣᠨ ᠤ ᠪᠦᠭᠦ ᠤᠯᠤᠰ ᠤᠨ ᠨᠢᠯᠬ᠎ᠠ ᠬᠡᠦᠬᠡᠳ ᠤᠨ ᠦᠬᠦᠯ ᠤᠨ ᠨᠣᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯ ᠤᠨ ᠨᠣᠷᠮ᠎ᠠ᠂ ᠵᠢᠷᠮᠦᠰᠦᠨ ᠡᠮᠡᠭᠲᠡᠢ ᠶᠢᠨ ᠦᠬᠦᠯ ᠤᠨ ᠨᠣᠷᠮ᠎ᠠ 2012 ᠣᠨ ᠤ ᠎ ᠬᠢ ᠠᠴᠠ ᠲᠣᠰ ᠲᠣᠰ 56.3%᠂ 53% ᠪᠠ 38.4%᠎ ᠪᠠᠷ ᠪᠠᠭᠤᠷᠠᠵᠠᠢ ᠭᠡᠵᠦ ᠢᠯᠡᠳᠬᠡᠪᠡ᠃     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2012 ᠣᠨ ᠠᠴᠠ ᠡᠬᠢᠯᠡᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠡᠬᠢᠯᠡᠭᠦᠯᠵᠦ᠂ ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ ᠤ 6 ᠰᠠᠷ᠎ᠠ ᠠᠴᠠ 24 ᠰᠠᠷ᠎ᠠ ᠶᠢᠨ ᠨᠢᠯᠬ᠎ᠠ ᠬᠡᠦᠬᠡᠳ ᠲᠤ ᠡᠳᠦᠷ ᠪᠦᠷᠢ 1 ᠪᠠᠭᠯᠠᠭ᠎ᠠ ᠰᠢᠮ᠎ᠡ ᠲᠡᠵᠢᠭᠡᠯ ᠤᠨ ᠪᠣᠭᠤᠳᠠᠯ ᠬᠠᠩᠭᠠᠪᠠ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠠᠶᠢᠴᠠᠭᠠᠭᠰᠠᠨ ᠭᠠᠵᠠᠷ ᠣᠷᠣᠨ ᠤ 6 ᠰᠠᠷ᠎ᠠ ᠠᠴᠠ 24 ᠰᠠᠷ᠎ᠠ ᠶᠢᠨ ᠬᠤᠭᠤᠷᠣᠨᠳᠣᠭᠢ ᠨᠢᠯᠬ᠎ᠠ ᠬᠡᠦᠬᠡᠳ ᠤᠨ ᠳᠤᠮᠳᠠᠴᠢ ᠴᠢᠰᠤ ᠳᠤᠲᠠᠬᠤ ᠨᠣᠷᠮ᠎ᠠ ᠪᠠ ᠥᠰᠦᠯᠲᠡ ᠤᠳᠠᠭᠠᠰᠢᠷᠠᠬᠤ ᠨᠣᠷᠮ᠎ᠠ ᠲᠣᠰ ᠲᠣᠰ 71.7% ᠪᠠ 74.3% ᠪᠠᠭᠤᠷᠠᠵᠠᠢ᠃     ᠬᠠᠶᠢᠨᠠᠨ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠭᠢᠯᠡᠭᠴᠢ ᠵᠧᠦ ᠴᠠᠩ ᠴᠢᠶᠠᠩ ᠶᠡᠭᠡ ᠬᠤᠷᠠᠯ ᠳᠡᠭᠡᠷ᠎ᠡ᠂ ᠬᠠᠶᠢᠨᠠᠨ ᠮᠤᠵᠢ ᠶᠢᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠰᠢᠰᠲ᠋ᠧᠮ ᠲᠠᠶᠢᠹᠧᠩ ᠰᠠᠯᠬᠢ ︽ᠮᠥᠸᠧ ᠵᠢᠶᠧ︾ ᠬᠦᠷᠴᠦ ᠢᠷᠡᠬᠦ ᠠᠴᠠ ᠡᠮᠦᠨ᠎ᠡ᠂ ᠪᠦᠭᠦ ᠮᠤᠵᠢ ᠶᠢᠨ 38 ᠪᠦᠬᠦᠯᠢ ᠨᠠᠰᠤᠨ ᠠᠴᠠ ᠳᠡᠭᠡᠭᠰᠢᠬᠢ 2731 ᠬᠥᠩᠭᠡᠵᠢᠭᠡᠳᠦᠢ ᠵᠢᠷᠮᠦᠰᠦᠨ ᠡᠮᠡᠭᠲᠡᠢ ᠳᠤ ᠪᠠᠶᠢᠴᠠᠭᠠᠯᠲᠠ ᠬᠢᠵᠦ᠂ 1710 ᠬᠥᠮᠥᠨ ᠢ ᠤᠷᠢᠳᠴᠢᠯᠠᠨ ᠡᠮᠨᠡᠯᠭᠡ ᠳᠤ ᠣᠷᠣᠭᠤᠯᠵᠤ᠂ ᠲᠠᠶᠢᠹᠧᠩ ᠰᠠᠯᠬᠢᠨ ᠤ ᠬᠤᠭᠤᠴᠠᠭᠠᠨ ᠳᠤ ᠬᠥᠩᠭᠡᠵᠢᠭᠡᠳᠦᠢ ᠵᠢᠷᠮᠦᠰᠦᠨ ᠡᠮᠡᠭᠲᠡᠢ ᠦᠬᠦᠬᠦ ᠦᠭᠡᠢ᠂ ᠰᠢᠷᠬᠠᠲᠤᠬᠤ ᠦᠭᠡᠢ ᠪᠠᠶᠢᠬᠤ ᠶᠢ ᠪᠠᠲᠤᠯᠠᠪᠠ ᠭᠡᠵᠡᠢ᠃     ︽ᠡᠲᠡᠭᠡᠷ ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠭᠳᠠᠭᠰᠠᠨ ᠠᠴᠠ ᠪᠣᠯᠤᠭᠰᠠᠨ ᠶᠤᠮ︾᠂ ᠳᠤᠮᠳᠠᠳᠤ ᠤᠯᠤᠰ ᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠯᠢᠶᠠᠩ ᠰᠢᠶᠣᠣ ᠹᠧᠩ᠂ ᠮᠠᠨ ᠤ ᠤᠯᠤᠰ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠠ ᠡᠮᠡᠭᠲᠡᠶᠢᠴᠦᠳ ᠬᠡᠦᠬᠡᠳ ᠤᠨ ᠡᠮᠨᠡᠯᠭᠡ ᠶᠢᠨ ᠬᠤᠷᠢᠶ᠎ᠠ ᠪᠠᠷ ᠭᠤᠣᠯ ᠪᠤᠯᠭᠠᠬᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠤᠯᠭᠠᠬᠰᠠᠨ᠂ ᠶᠡᠭᠡ ᠳᠤᠮᠳᠠ ᠭᠡᠯᠪᠡᠷᠢ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ ᠰᠤᠷᠭᠠᠯᠲᠠ ᠶᠢᠨ ᠪᠠᠶᠢᠭᠤᠯᠤᠮᠵᠢ ᠪᠠᠷ ᠲᠦᠰᠢᠭ ᠪᠤᠯᠭᠠᠬᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠶᠠᠭ ᠪᠦᠭᠦ ᠦᠶᠡᠯᠡᠯ ᠤᠨ ᠬᠤᠭᠤᠴᠠᠭ᠎ᠠ᠂ ᠪᠦᠭᠦ ᠲᠠᠯ᠎ᠠ᠂ ᠪᠦᠭᠦ ᠶᠠᠪᠤᠴᠠ ᠶᠢᠨ ᠬᠠᠷᠠᠯᠲᠠ ᠲᠡᠶᠢᠰᠢ ᠤᠯᠠᠮ ᠨᠢᠭᠡ ᠠᠯᠬᠤᠮ ᠤᠷᠤᠭᠰᠢᠯᠠᠪᠠ ᠭᠡᠵᠡᠢ᠃     ︵ᠰᠢᠨᠬᠤᠸᠠ ᠬᠤᠷᠢᠶ᠎ᠠ ᠶᠢᠨ ᠬᠠᠶᠢᠺᠧᠦ ᠶᠢᠨ 9 ᠰᠠᠷ᠎ᠠ ᠶᠢᠨ 21᠎ ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ