ᠮᠠᠨ ᠤ ᠣᠷᠣᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 1767.08 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/10/9
     ᠨᠠᠯᠠᠭᠠᠷ ᠨᠠᠮᠤᠷ ᠤᠨ ᠥᠪᠥᠷ ᠮᠣᠩᠭᠤᠯ ᠵᠦᠢᠯ ᠤᠨ ᠥᠩᠭᠡ ᠪᠠᠷ ᠴᠢᠮᠡᠭᠳᠡᠨ ᠲᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠬᠰᠠᠳ ᠤᠨ ᠬᠦᠰᠡᠯ ᠤᠨ ᠣᠷᠣᠨ ᠪᠣᠯᠵᠠᠢ᠃ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠰᠠᠶ᠋ᠢᠬᠠᠨ ᠥᠩᠭᠡᠷᠡᠭᠰᠡᠨ ᠤᠯᠤᠰ ᠤᠨ ᠪᠠᠶᠠᠷ ᠤᠨ ᠠᠮᠠᠷᠠᠯᠲᠠ ᠶᠢᠨ ᠡᠮᠦᠨ᠎ᠡ 6 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 1767.08 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ 124.22 ᠳ᠋ᠦᠩᠰᠢᠭᠤᠷ ᠲᠥᠭᠦᠷᠢᠭ ᠲᠤ ᠬᠦᠷᠴᠡᠢ᠃     ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠣᠷᠣᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠨᠡᠶᠢᠲᠡᠯᠡᠨ᠂ ︽ᠨᠠᠯᠠᠭᠠᠷ ᠨᠠᠮᠤᠷ ᠤᠨ ᠤᠷᠢᠯᠭ᠎ᠠ︾ 20 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠡᠯ᠎ᠡ ᠠᠶᠢᠮᠠᠭ ᠬᠤᠳᠠ ᠶᠢᠨ ᠬᠢᠨ ᠪᠠᠰᠠ ᠤᠯᠤᠰ ᠤᠨ ᠪᠠᠶᠠᠷ ᠤᠨ ᠠᠮᠠᠷᠠᠯᠲᠠ ᠳᠤ ᠵᠣᠷᠢᠭᠤᠯᠤᠨ 130 ᠵᠦᠢᠯ ᠤᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠥᠷᠨᠢᠭᠦᠯᠵᠡᠢ᠃ ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ ᠥᠪᠥᠷ ᠮᠣᠩᠭᠤᠯ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15%᠎ ᠪᠠᠷ ᠨᠡᠮᠡᠭᠳᠡᠨ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ 23%᠎ ᠪᠠᠷ ᠨᠡᠮᠡᠭᠳᠡᠵᠦ᠂ ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠳᠣᠲᠣᠷ᠎ᠠ ᠪᠡᠭᠡᠵᠢᠩ᠂ ᠱᠠᠩᠬᠠᠢ᠂ ᠲᠢᠶᠠᠨᠵᠢᠨ᠂ ᠮᠦᠭᠳᠡᠨ᠂ ᠰᠢ ᠠᠨ ᠤ ᠵᠢᠭᠤᠯᠴᠢᠯᠠᠭᠴᠢ ᠣᠯᠠᠩᠬᠢ ᠲᠤᠭ᠎ᠠ ᠶᠢ ᠡᠵᠡᠯᠡᠪᠡ᠃     ᠤᠯᠤᠰ ᠤᠨ ᠪᠠᠶᠠᠷ ᠤᠨ ᠠᠮᠠᠷᠠᠯᠲᠠ ᠳᠤ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤ ᠬᠠᠯᠠᠭᠤᠨ ᠷᠠᠰᠢᠶᠠᠨ᠂ ᠬᠤᠩᠭᠤ ᠶᠢᠨ ᠳᠠᠪᠠᠭ᠎ᠠ᠂ ᠠᠰᠬᠠᠲᠤ ᠶᠢᠨ ᠴᠢᠯᠠᠭᠤᠨ ᠤᠢ᠂ ᠳᠠᠯᠠᠶᠢᠨᠠᠭᠤᠷ ᠵᠡᠷᠭᠡ ᠰᠣᠩᠭᠤᠳᠠᠭ ᠦᠵᠡᠮᠵᠢ ᠶᠢᠨ ᠴᠡᠭ ᠢ ᠪᠠᠭᠲᠠᠭᠠᠭᠰᠠᠨ ᠡᠲᠡᠭᠡᠳ ᠰᠠᠶᠢᠬᠠᠨ ᠨᠠᠮᠤᠷ ᠤᠨ ᠥᠩᠭᠡ ᠦᠵᠡᠮᠵᠢ ᠶᠢ ᠪᠦᠷᠢᠨ ᠬᠠᠷᠠᠭᠤᠯᠤᠭᠰᠠᠨ ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠪᠠ; ᠤᠯᠠᠭᠠᠨᠬᠤᠲᠠ ︽ᠨᠢᠭᠡ ᠣᠷᠳᠣᠨ ᠭᠤᠷᠪᠠᠨ ᠪᠠᠭᠤᠷᠢ︾᠎ ᠪᠠᠷ ᠭᠤᠣᠯ ᠪᠤᠯᠭᠠᠬᠰᠠᠨ ᠬᠤᠪᠢᠰᠬᠠᠯ ᠎ ᠤᠨ ᠵᠢᠭᠤᠯᠴᠢᠯᠠᠯ ᠥᠷᠨᠢᠭᠦᠯᠵᠦ᠂ ᠥᠪᠥᠷ ᠮᠣᠩᠭᠤᠯ ᠤᠨ ᠬᠤᠪᠢᠰᠬᠠᠯ ᠤᠨ ᠤᠳᠤᠮᠰᠢᠯ ᠢ ᠰᠣᠶᠣᠯ ᠵᠢᠭᠤᠯᠴᠢᠯᠠᠯ ᠲᠠᠢ ᠡᠪᠯᠢᠭ ᠰᠠᠶᠢᠬᠠᠨ ᠠᠭᠤᠰᠤᠯᠴᠠᠭᠤᠯᠤᠨ ᠵᠢᠭᠤᠯᠴᠢᠯᠠᠬᠰᠠᠳ ᠤᠨ ᠰᠣᠨᠢᠷᠬᠠᠯ ᠢ ᠳᠠᠳᠠᠯ᠎ᠠ; ᠭᠦᠭᠡᠬᠤᠲᠠ ᠮᠣᠷᠢ ᠪᠠᠷ ᠭᠤᠣᠯ ᠰᠡᠳᠦᠪ ᠪᠣᠯᠭᠠᠨ 14 ᠲᠦᠷᠦᠯ ᠤᠨ ᠠᠵᠢᠯᠯᠠᠭ᠎ᠠ ᠥᠷᠨᠢᠭᠦᠯᠵᠦ᠂ ᠪᠤᠭᠤᠲᠤ ᠬᠤᠲᠠ ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠲᠦᠷᠦᠯ ᠤᠨ ᠠᠵᠢᠯᠯᠠᠭ᠎ᠠ ᠶᠠᠪᠤᠬᠳᠠᠭᠤᠯᠪᠠ; ᠬᠥᠯᠥᠨ ᠪᠤᠶᠢᠷ ᠬᠤᠲᠠ ︽ᠠᠯᠲᠠᠨ ᠨᠠᠮᠤᠷ ᠤᠨ ᠠᠷᠪᠠᠨ ᠰᠠᠷ᠎ᠠ ᠮᠥᠷᠥᠭᠡᠳᠦᠯ ᠤᠨ ᠨᠤᠲᠤᠭ︾ ᠥᠪᠡᠰᠦᠪᠡᠨ ᠮᠠᠰᠢᠨ ᠲᠡᠷᠭᠡ ᠪᠠᠷᠢᠵᠤ ᠵᠢᠭᠤᠯᠴᠢᠯᠠᠬᠤ ᠠᠵᠢᠯᠯᠠᠭ᠎ᠠ ᠵᠡᠷᠭᠡ 6 ᠲᠦᠷᠦᠯ ᠎ ᠤᠨ ᠠᠵᠢᠯᠯᠠᠭ᠎ᠠ ᠪᠠᠷ ᠥᠷᠭᠡᠨ ᠤᠯᠠᠨ ᠵᠢᠭᠤᠯᠴᠢᠯᠠᠭᠴᠢ ᠳᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠲᠦᠩᠯᠢᠶᠣᠣ ᠬᠤᠲᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠯᠠᠭᠠᠨᠮᠥ᠋ᠴᠢᠷ ᠤᠨ ᠬᠠᠮᠲᠤᠷᠠᠭᠰᠠᠨ ᠲᠣᠬᠯᠠᠯᠲᠠ︾ ᠭᠠᠷᠭᠠᠨ ᠣᠯᠠᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠤᠯ ᠬᠦᠷᠭᠡᠬᠦ 10 ᠲᠦᠷᠦᠯ ᠤᠨ ᠠᠵᠢᠯᠯᠠᠭ᠎ᠠ ᠥᠷᠨᠢᠭᠦᠯᠪᠡ ᠁ ᠪᠦᠭᠦ ᠣᠷᠣᠨ ᠤ ᠡᠯ᠎ᠡ ᠭᠠᠵᠠᠷ ᠤᠨ ᠬᠢᠨ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠬᠥᠮᠥᠰ ᠤᠨ ᠤᠯᠤᠰ ᠤᠨ ᠪᠠᠶᠠᠷ ᠎ ᠤᠨ ᠠᠮᠠᠷᠠᠯᠲᠠ ᠪᠠᠨ ᠪᠠᠶᠠᠷ ᠭᠦᠷ ᠲᠠᠢ ᠥᠩᠭᠡᠷᠡᠭᠦᠯᠬᠦ ᠳᠤ ᠬᠠᠨᠤᠮᠵᠢᠳᠠᠢ ᠰᠣᠩᠭᠤᠯᠲᠠ ᠬᠠᠩᠭᠠᠵᠤ᠂ ᠰᠢᠨ᠎ᠡ ᠰᠡᠪᠡᠭᠦᠨ ᠵᠢᠭᠤᠯᠴᠢᠯᠠᠯ ᠤᠨ ᠪᠦᠲᠦᠭᠡᠭᠳᠡᠬᠦᠨ ᠨᠢ ︽ᠬᠤᠭᠤᠯᠠ ᠬᠤᠨᠤᠭ᠂ ᠵᠤᠭ᠎ᠠ ᠴᠡᠩᠭᠡᠬᠦᠨ᠂ ᠪᠠᠷᠠᠭ᠎ᠠ ᠲᠠᠸᠠᠷ︾᠎ ᠤᠨ ᠡᠯ᠎ᠡ ᠭᠤᠭᠴᠤᠭ᠎ᠠ ᠶᠢ ᠪᠦᠷᠢᠨ ᠬᠠᠮᠤᠷᠴᠤ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠵᠠᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ