ᠵᠢᠷᠭᠢᠶ᠎ᠡ ᠪᠠᠷ ᠳᠠᠮᠵᠢᠨ ᠮᠠᠶᠢᠮᠠᠢ ᠬᠢᠬᠦ ᠳᠡᠭᠡᠨ ᠪᠣᠯᠭᠤᠮᠵᠢ ᠲᠠᠢ ᠪᠠᠶᠢᠭᠠᠷᠠᠢ︕
ᠨᠡᠶᠢᠲᠡᠯᠡᠭᠰᠡᠨ ᠴᠠᠭ᠄
2024/10/9
     ᠣᠶᠢᠷ᠎ᠠ ᠳᠤ᠂ ᠭᠦᠭᠡᠬᠤᠳᠠ ᠶᠢᠨ ᠢᠦᠶᠢᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠯᠢᠦ ᠠᠪᠤᠭᠠᠢ ᠶᠢᠨ ︽ᠵᠢᠷᠭᠢᠶ᠎ᠡ ᠶᠢᠨ ᠲᠣᠭᠤᠷᠢᠭ ᠤᠨ ︿ᠨᠠᠶᠢᠵᠠ﹀᠎ ᠲᠠᠢ ᠪᠠᠨ ᠬᠠᠷᠢᠯᠴᠠᠬᠤ ᠪᠠᠷ ᠲᠠᠮᠵᠢᠨ᠂ ᠭᠠᠷ ᠳᠠᠮᠵᠢᠭᠰᠠᠨ 4 ᠮᠠᠰᠢᠨ ᠲᠡᠷᠭᠡ ᠬᠤᠳᠠᠯᠳᠤᠨ ᠠᠪᠬᠤ ᠪᠠᠷ ᠪᠣᠯᠵᠣᠵᠤ᠂ ᠨᠦᠭᠦᠭᠡ ᠡᠲᠡᠭᠡᠳ ᠎ ᠲᠡᠭᠡᠨ 15.7 ᠲᠦᠮᠡᠨ ᠲᠥᠭᠦᠷᠢᠭ ᠥᠭᠭᠦᠭᠰᠡᠨ ᠳᠤ ᠮᠠᠰᠢᠨ ᠲᠡᠷᠭᠡ ᠪᠠᠨ ᠣᠯᠣᠭᠰᠠᠨ ᠦᠭᠡᠢ ᠪᠥᠭᠡᠳ ᠨᠦᠭᠦᠭᠡ ᠡᠲᠡᠭᠡᠳ ᠨᠢ ᠠᠯᠠᠭ᠎ᠠ ᠪᠣᠯᠴᠢᠬᠠᠵᠠᠢ︾ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠢᠦᠶᠢᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠨᠠᠷ ᠬᠡᠷᠡᠭ ᠶᠠᠪᠤᠳᠠᠯ ᠤᠨ ᠥᠩᠭᠡᠷᠡᠯᠲᠡ ᠶᠢ ᠣᠶᠢᠯᠠᠭᠠᠭᠰᠠᠨ ᠤ ᠲᠠᠷᠠᠭ᠎ᠠ᠂ ᠯᠢᠦ ᠠᠪᠤᠭᠠᠢ ᠪᠠᠷᠤᠭ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠬᠤᠯᠪᠣᠭᠳᠠᠵᠠᠢ ᠭᠡᠵᠦ ᠮᠠᠭᠠᠳᠯᠠᠪᠠ᠃     ᠯᠢᠦ ᠠᠪᠤᠭᠠᠢ ᠨᠦᠭᠦᠭᠡ ᠡᠲᠡᠭᠡᠳ ᠲᠠᠢ ᠪᠠᠨ ᠴᠥᠮ ᠵᠢᠷᠭᠢᠶ᠎ᠡ ᠪᠠᠷ ᠬᠠᠷᠢᠯᠴᠠᠵᠤ ᠪᠠᠶᠢᠭᠰᠠᠨ ᠲᠤᠯᠠ ᠨᠦᠭᠦᠭᠡ ᠡᠲᠡᠭᠡᠳ ᠤᠨ ᠢᠶᠠᠨ ᠦᠨᠡᠨ ᠨᠡᠷ᠎ᠡ ᠶᠢ ᠮᠡᠳᠡᠬᠦ ᠦᠭᠡᠢ ᠪᠠᠶᠢᠯ᠎ᠠ᠃ ᠴᠠᠭᠳᠠᠭ᠎ᠠ ᠨᠠᠷ ᠬᠤᠶᠠᠷ ᠵᠠᠮ ᠬᠤᠪᠢᠶᠠᠨ᠂ ᠨᠢᠭᠡ ᠵᠠᠮ ᠨᠢ ᠱᠠᠨᠳᠦ᠋ᠩ ᠳᠤ ᠬᠦᠷᠴᠦ ᠵᠣᠭᠤᠰ ᠬᠤᠷᠢᠶᠠᠭᠴᠢ ᠶᠢᠨ ᠮᠡᠳᠡᠭᠡ ᠵᠠᠩᠭᠢ ᠶᠢ ᠪᠠᠶᠢᠴᠠᠭᠠᠨ᠂ ᠨᠦᠭᠦᠭᠡ ᠵᠠᠮ ᠨᠢ ᠵᠢᠶᠠᠩᠰᠤ ᠵᠡᠷᠭᠡ ᠭᠠᠵᠠᠷ ᠲᠤ ᠬᠦᠷᠴᠦ 4 ᠮᠠᠰᠢᠨ ᠲᠡᠷᠭᠡ ᠶᠢᠨ ᠪᠠᠶᠢᠳᠠᠯ ᠢ ᠬᠠᠷᠭᠤᠭᠤᠯᠵᠤ᠂ ᠶᠡᠭᠡ ᠬᠡᠮᠵᠢᠶᠡᠨ ᠤ ᠠᠵᠢᠯ ᠬᠢᠬᠦ ᠪᠠᠷ ᠲᠠᠮᠵᠢᠨ᠂ ᠵᠣᠭᠤᠰ ᠬᠤᠷᠢᠶᠠᠭᠴᠢ ᠯᠠᠨ ᠣᠪᠣᠭᠲᠤ ᠶᠢᠨ ᠱᠠᠨᠳᠦ᠋ᠩ ᠮᠤᠵᠢ ᠳᠤ ᠬᠥᠳᠡᠯᠭᠡᠭᠡᠨ ᠬᠢᠵᠦ ᠪᠠᠶᠢᠬᠤ ᠮᠥᠷ ᠰᠤᠷᠠᠭ ᠢ ᠣᠯᠵᠤ ᠮᠡᠳᠡᠭᠡᠳ᠂ ᠯᠠᠨ ᠣᠪᠣᠭᠲᠤ ᠲᠠᠢ ᠬᠠᠷᠢᠯᠴᠠᠪᠠ᠃     ᠯᠠᠨ ᠣᠪᠣᠭᠲᠤ ᠠᠴᠠ ᠯᠢᠦ ᠣᠪᠣᠭᠲᠤ ᠳᠤ ᠬᠠᠮᠵᠢᠨ ᠵᠣᠭᠤᠰ ᠬᠤᠷᠢᠶᠠᠭᠰᠠᠨ ᠪᠥᠭᠡᠳ ᠵᠣᠭᠤᠰ ᠢ ᠨᠢ ᠭᠠᠷᠭᠠᠨ ᠠᠪᠴᠤ ᠥᠭᠴᠦ᠂ ᠭᠠᠷᠭᠠᠨ ᠠᠪᠤᠭᠰᠠᠨ ᠮᠠᠰᠢᠨ ᠲᠡᠷᠭᠡ ᠬᠤᠳᠠᠯᠳᠤᠨ ᠠᠪᠬᠤ ᠵᠣᠭᠤᠰ ᠢ ᠴᠥᠮ ᠯᠢᠦ ᠣᠪᠣᠭᠲᠤ ᠳᠤ ᠲᠤᠰᠢᠶᠠᠨ ᠥᠭᠴᠡᠢ ᠭᠡᠪᠡ᠃ ᠴᠠᠭᠳᠠᠭ᠎ᠠ ᠨᠠᠷ ᠳᠡᠮᠡᠢ ᠤᠳᠠᠯ ᠦᠭᠡᠢ ᠯᠢᠦ ᠣᠪᠣᠭᠲᠤ ᠶᠢ ᠪᠠᠷᠢᠪᠴᠢᠯᠠᠪᠠ᠃ ᠯᠢᠦ ᠣᠪᠣᠭᠲᠤ ᠭᠠᠷ ᠲᠠᠲᠠᠭᠤ ᠠᠴᠠ ᠪᠣᠯᠵᠤ ᠮᠠᠰᠢᠨ ᠲᠡᠷᠭᠡ ᠪᠠᠶᠢᠨ᠎ᠠ ᠭᠡᠵᠦ ᠬᠠᠭᠤᠷᠮᠠᠭᠯᠠᠨ ᠵᠣᠬᠢᠶᠠᠵᠤ ᠯᠢᠦ ᠠᠪᠤᠭᠠᠢ ᠶᠢᠨ ᠵᠣᠭᠤᠰ ᠢ ᠮᠡᠬᠡᠯᠡᠭᠰᠡᠨ ᠥᠩᠭᠡᠷᠡᠯᠲᠡ ᠪᠠᠨ ᠬᠡᠯᠡᠪᠡ᠃ ᠤᠤᠯ ᠨᠢ ᠶᠠᠯ᠎ᠠ ᠶᠢᠨ ᠰᠡᠵᠢᠭᠲᠡᠨ ᠯᠢᠦ ᠣᠪᠣᠭᠲᠤ ᠪᠤᠰᠤᠳ ᠤᠨ ᠨᠠᠶᠢᠵᠠ ᠶᠢᠨ ᠲᠣᠭᠤᠷᠢᠭ ᠲᠠᠭᠠᠨ ᠶᠠᠪᠤᠭᠤᠯᠤᠭᠰᠠᠨ ᠮᠠᠰᠢᠨ ᠲᠡᠷᠭᠡ ᠎ ᠶᠢᠨ ᠵᠢᠷᠤᠭ ᠵᠡᠷᠭᠡ ᠶᠢ ᠬᠤᠣᠷᠯᠠᠭᠳᠠᠭᠴᠢ ᠯᠢᠦ ᠠᠪᠤᠭᠠᠢ ᠳᠤ ᠳᠠᠮᠵᠢᠭᠤᠯᠤᠨ ᠥᠭᠴᠦ᠂ ᠮᠠᠰᠢᠨ ᠲᠡᠷᠭᠡ ᠶᠢᠨ ᠦᠨ᠎ᠡ ᠶᠢ ᠪᠠᠭᠤᠷᠠᠭᠤᠯᠤᠨ ᠯᠢᠦ ᠠᠪᠤᠭᠠᠢ ᠶᠢᠨ ᠢᠲᠡᠭᠡᠯ ᠢ ᠣᠯᠣᠭᠰᠠᠨ ᠤ ᠲᠠᠷᠠᠭ᠎ᠠ ᠵᠣᠭᠤᠰ ᠮᠥᠩᠭᠦ ᠶᠢ ᠨᠢ ᠮᠡᠬᠡᠯᠡᠨ ᠠᠪᠴᠠᠢ᠃     ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠯᠢᠦ ᠣᠪᠣᠭᠲᠤ᠂ ᠯᠠᠨ ᠣᠪᠣᠭᠲᠤ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠠᠢ᠃ ᠶᠠᠯ᠎ᠠ ᠎ ᠶᠢᠨ ᠰᠡᠵᠢᠭᠲᠡᠨ ᠯᠢᠦ ᠣᠪᠣᠭᠲᠤ ᠵᠣᠭᠤᠰ ᠮᠥᠩᠭᠦ ᠶᠢ ᠮᠡᠬᠡᠯᠡᠨ ᠠᠪᠤᠭᠰᠠᠨ ᠤ ᠲᠠᠷᠠᠭ᠎ᠠ ᠶᠡᠬᠡᠩᠬᠢ ᠵᠣᠭᠤᠰ ᠢ ᠵᠣᠭᠤᠰ ᠮᠥᠷᠥᠶᠢᠴᠡᠨ ᠱᠦᠭᠦᠭᠳᠡᠵᠦ᠂ ᠦᠯᠡᠳᠡᠭᠰᠡᠨ ᠭᠤᠷᠪᠠᠨ ᠲᠦᠮᠡᠨ ᠲᠥᠭᠦᠷᠢᠭ ᠢ ᠯᠢᠦ ᠠᠪᠤᠭᠠᠢ ᠳᠤ ᠪᠤᠴᠠᠭᠠᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ