ᠣᠶᠤᠲᠠᠳ ᠠᠵᠢᠯ ᠡᠷᠢᠬᠦ ︽ᠤᠨᠠᠭᠤᠯᠢ︾᠎ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2024/10/9
     ᠣᠶᠢᠷ᠎ᠠ ᠳᠤ᠂ ᠦᠬᠠᠢ ᠨᠤᠲᠤᠭᠲᠠᠢ ᠣᠶᠤᠲᠠᠨ ᠯᠢ ᠣᠪᠣᠭᠲᠤ ᠦᠬᠠᠢ ᠬᠤᠳᠠ ᠶᠢᠨ ᠲᠤᠬᠠᠢ ᠶᠢᠨ ᠭᠠᠵᠠᠷ ᠤᠨ ᠨᠢᠭᠡᠨ ᠵᠢᠷᠭᠢᠶ᠎ᠡ ᠶᠢᠨ ᠤᠯᠠᠨ ᠨᠡᠶᠢᠳᠡ ᠶᠢᠨ ᠳ᠋ᠤᠭᠠᠷ ᠠᠴᠠ ᠨᠢᠭᠡᠨ ᠺᠤᠮᠫᠠᠨᠢ ᠶᠢᠨ ᠠᠵᠢᠯᠲᠠᠨ ᠡᠯᠰᠡᠬᠦ ᠮᠡᠳᠡᠭᠡ ᠵᠠᠩᠭᠢ ᠶᠢ ᠣᠯᠵᠤ ᠦᠵᠡᠭᠡᠳ᠂ ᠴᠠᠯᠢᠩ ᠮᠥᠩᠭᠦ ᠨᠢ ᠥᠨᠳᠥᠷ ᠪᠣᠯᠬᠤᠷ ᠰᠦᠯᠵᠢᠶᠡᠨ ᠳᠡᠭᠡᠷ᠎ᠡ ᠬᠤᠪᠢ ᠬᠥᠮᠥᠨ ᠤ ᠲᠣᠪᠴᠢ ᠨᠠᠮᠲᠠᠷ ᠢᠶᠠᠨ ᠳᠡᠪᠰᠢᠭᠦᠯᠪᠡ᠃ ᠳᠡᠮᠡᠢ ᠤᠳᠠᠯ ᠦᠭᠡᠢ ᠨᠢᠭᠤᠷᠳᠠᠨ ᠰᠢᠯᠭᠠᠬᠤ ᠭᠤᠭᠴᠤᠭ᠎ᠠ ᠪᠣᠯᠵᠤ᠂ ᠳᠤᠰ ᠺᠤᠮᠫᠠᠨᠢ ᠶᠢᠨ ︽ᠨᠢᠭᠤᠷᠳᠠᠨ ᠰᠢᠯᠭᠠᠬᠤ ᠳᠠᠷᠤᠭ᠎ᠠ︾᠎ ᠠᠴᠠ ᠲᠡᠭᠦᠨ ᠢ ᠺᠤᠮᠫᠠᠨᠢ ᠳᠤ ᠠᠵᠢᠯᠯᠠᠵᠤ ᠪᠣᠯᠣᠨ᠎ᠠ᠂ ᠭᠡᠪᠡᠴᠦ ᠣᠳᠣᠬᠠᠨ ᠳᠤ ᠺᠤᠮᠫᠠᠨᠢ ᠶᠢᠨ ᠠᠯᠪᠠᠯᠠᠬᠤ ᠭᠠᠵᠠᠷ ᠢ ᠶᠠᠭ ᠵᠠᠰᠠᠨ ᠴᠢᠮᠡᠭᠯᠡᠵᠦ ᠪᠠᠶᠢᠭ᠎ᠠ ᠪᠣᠯᠬᠤᠷ ᠰᠦᠯᠵᠢᠶᠡᠨ ᠳᠡᠭᠡᠷ᠎ᠡ ᠠᠵᠢᠯᠯᠠᠪᠠᠯ ᠪᠣᠯᠴᠢᠬᠠᠨ᠎ᠠ ᠭᠡᠵᠡᠢ᠃     ᠯᠢ ᠣᠪᠣᠭᠲᠤ ᠡᠬᠢᠯᠡᠨ ᠠᠵᠢᠯᠯᠠᠭᠰᠠᠨ ᠤ ᠳᠠᠷᠠᠭ᠎ᠠ᠂ ︽ᠺᠤᠮᠫᠠᠨᠢ ᠶᠢᠨ ᠳᠠᠭᠠᠭᠠᠮᠠᠯ︾᠎ ᠠᠴᠠ ᠲᠡᠭᠦᠨ ᠢ ᠲᠣᠭᠲᠠᠭᠰᠠᠨ ᠪᠠᠩᠬᠢ ᠳᠤ ᠬᠦᠷᠴᠦ ᠪᠡᠶ᠎ᠡ ᠶᠢᠨ ᠦᠨᠡᠮᠯᠡᠯ ᠎ ᠢᠶᠠᠷ ᠢᠶᠠᠨ ᠪᠠᠩᠬᠢ ᠶᠢᠨ ᠺᠠᠷᠲ ᠬᠢᠯᠭᠡᠬᠦ ᠶᠢ ᠱᠠᠭᠠᠷᠳᠠᠪᠠ᠃ ᠯᠢ ᠣᠪᠣᠭᠲᠤ ᠺᠠᠷᠲ ᠬᠢᠯᠭᠡᠭᠰᠡᠨ ᠤ ᠲᠠᠷᠠᠭ᠎ᠠ᠂ ᠲᠡᠭᠦᠨ ᠳᠤ ᠺᠤᠮᠫᠠᠨᠢ ᠶᠢᠨ ︽ᠪᠠᠷᠠᠭᠠᠨ ᠤ ᠵᠣᠭᠤᠰ︾᠎ ᠢ ᠲᠤᠰᠴᠤ ᠠᠪᠬᠤ ᠠᠵᠢᠯ ᠲᠣᠬᠢᠷᠠᠭᠤᠯᠵᠤ᠂ ᠯᠢ ᠣᠪᠣᠭᠲᠤ ᠶᠢᠨ ᠪᠠᠩᠬᠢ ᠶᠢᠨ ᠺᠠᠷᠲ ᠲᠤ ᠵᠣᠭᠤᠰ ᠰᠢᠯᠵᠢᠭᠦᠯᠪᠡ᠃     ᠦᠨᠡᠨ ᠳᠡᠭᠡᠨ᠂ ᠳᠤᠰ ᠤᠳᠠᠭ᠎ᠠ ᠶᠢᠨ ᠠᠵᠢᠯᠲᠠᠨ ᠡᠯᠰᠡᠬᠦ ᠶᠠᠪᠤᠳᠠᠯ ᠢ ᠮᠡᠬᠡᠯᠡᠭᠴᠢ ᠠᠴᠠ ᠬᠠᠭᠤᠷᠮᠠᠭᠯᠠᠨ ᠵᠣᠬᠢᠶᠠᠵᠤ᠂ ︽ᠪᠠᠷᠠᠭᠠᠨ ᠤ ᠵᠣᠭᠤᠰ︾᠎ ᠨᠢ ᠶᠠᠯᠠᠲᠤ ᠠᠵᠢᠯᠯᠠᠭ᠎ᠠ ᠳᠤ ᠬᠤᠯᠪᠣᠭᠳᠠᠬᠤ ᠬᠠᠤᠯᠢ ᠪᠤᠰᠤ ᠪᠡᠯᠡ ᠮᠥᠩᠭᠦ ᠪᠠᠶᠢᠵᠤ᠂ ᠯᠢ ᠣᠪᠣᠭᠲᠤ ᠶᠢᠨ ᠪᠠᠩᠬᠢ ᠶᠢᠨ ᠺᠠᠷᠲ ᠨᠢ ︽ᠬᠡᠷᠡᠭ ᠲᠤ ᠬᠤᠯᠪᠣᠭᠳᠠᠭᠰᠠᠨ ᠪᠠᠩᠬᠢ ᠶᠢᠨ ᠺᠠᠷᠲ︾ ᠪᠣᠯᠵᠤ᠂ ᠯᠢ ᠣᠪᠣᠭᠲᠤ ᠴᠦ ᠮᠡᠬᠡᠯᠡᠯ ᠤᠨ ᠬᠡᠷᠡᠭ ᠲᠤ ᠬᠤᠯᠪᠣᠭᠳᠠᠭᠰᠠᠨ ᠪᠠᠶᠢᠨ᠎ᠠ᠃     ᠴᠠᠭᠳᠠᠭ᠎ᠠ ᠶᠢᠨ ᠰᠠᠨᠠᠭᠤᠯᠤᠮᠵᠢ᠄ ᠣᠶᠤᠲᠠᠳ ᠠᠵᠢᠯ ᠡᠷᠢᠬᠦ ᠳᠡᠭᠡᠨ ᠥᠪᠡᠷ ᠤᠨ ᠤᠷ᠎ᠠ ᠴᠢᠳᠠᠪᠤᠷᠢ ᠶᠢᠨ ᠲᠦᠪᠰᠢᠨ ᠢᠶᠠᠨ ᠦᠨᠳᠦᠰᠦᠯᠡᠨ᠂ ᠥᠪᠡᠷ ᠤᠨ ᠬᠦᠰᠡᠵᠦ ᠪᠠᠶᠢᠭ᠎ᠠ ᠬᠥᠯᠥᠰᠦ ᠣᠯᠭᠤᠮᠵᠢ ᠪᠠᠨ ᠵᠣᠬᠢᠰᠲᠠᠢ ᠲᠣᠭᠲᠠᠭᠠᠵᠤ᠂ ᠥᠨᠳᠥᠷ ᠴᠠᠯᠢᠩ ᠬᠥᠯᠥᠰᠦ ᠶᠢᠨ ᠥᠳᠥᠭᠡᠯᠭᠡ ᠠᠴᠠ ᠪᠣᠯᠵᠤ ᠮᠡᠬᠡᠯᠡᠯ ᠤᠨ ︽ᠤᠨᠠᠭᠤᠯᠢ︾ ᠎ ᠳᠤ ᠤᠨᠠᠬᠤ ᠠᠴᠠ ᠵᠠᠶᠢᠯᠠᠰᠬᠢᠬᠦ ᠬᠡᠷᠡᠭᠲᠡᠢ᠃ ᠰᠡᠵᠢᠭᠯᠡᠯᠲᠡᠢ ᠬᠤᠯᠪᠣᠭᠠᠰᠤ ᠶᠢ ᠬᠢᠴᠢᠶᠡᠮᠵᠢᠲᠡᠢ ᠬᠤᠯᠪᠣᠵᠤ᠂ ᠥᠨᠳᠥᠷ ᠬᠥᠯᠥᠰᠦ ᠣᠯᠭᠤᠮᠵᠢ ᠪᠠᠷ ᠠᠵᠢᠯᠲᠠᠨ ᠡᠯᠰᠡᠬᠦ ᠶᠠᠪᠤᠳᠠᠯ ᠳᠤ ᠰᠡᠷᠡᠮᠵᠢᠲᠡᠢ ᠬᠠᠨᠳᠤᠵᠤ᠂ ᠰᠦᠯᠵᠢᠶᠡᠨ ᠤ ᠮᠡᠳᠡᠭᠡ ᠵᠠᠩᠭᠢ ᠶᠢ ᠪᠣᠯᠭᠤᠮᠵᠢᠲᠠᠢ ᠬᠢᠨᠠᠨ ᠬᠠᠷᠭᠤᠭᠤᠯᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠭᠦ ᠬᠡᠷᠡᠭᠲᠡᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ