ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠲᠠ 240.09 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠤᠯ᠎ᠠ
ᠨᠡᠶᠢᠲᠡᠯᠡᠭᠰᠡᠨ ᠴᠠᠭ᠄
2024/10/9
    ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠬᠤᠲᠠ ᠶᠢᠨ ᠡᠯ᠎ᠡ ᠦᠵᠡᠮᠵᠢ ᠶᠢᠨ ᠣᠷᠣᠨ ᠨᠡᠶᠢᠲᠡ 240.09 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ 17.06 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠡᠭᠦᠳᠦᠭᠰᠡᠨ ᠪᠠᠶᠢᠨ᠎ᠠ᠃    ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠭᠡᠷᠦᠬᠦᠨ ᠡᠩᠭᠦᠷᠡᠢ ᠠᠮᠢᠲᠠᠨ ᠤ ᠴᠡᠩᠬᠡᠯ ᠤᠨ ᠬᠦᠷᠢᠶᠡᠯᠡᠩ ᠢᠶᠠᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠭᠡᠷ ᠤᠨ ᠭᠠᠳᠠᠨᠠᠬᠢ ᠬᠥᠭᠡᠷᠦᠬᠦᠨ ᠡᠩᠭᠦᠷᠡᠢ ᠠᠮᠢᠲᠠᠨ ᠤ ᠴᠡᠩᠬᠡᠯ ᠤᠨ ᠬᠦᠷᠢᠶᠡᠯᠡᠩ ᠪᠣᠯᠭᠠᠨ ᠰᠢᠨᠡᠳᠬᠡᠨ ᠪᠠᠶᠢᠭᠤᠯᠵᠤ᠂ ᠡᠵᠡᠯᠡᠬᠦ ᠲᠠᠯᠠᠪᠠᠢ ᠨᠢ ᠪᠠᠷᠤᠭ 20000 ᠳᠡᠭᠰᠢ ᠳᠥᠷᠪᠡᠯᠵᠢᠨ ᠮᠧᠲᠷ᠂ 40 ᠭᠠᠷᠤᠢ ᠲᠥᠷᠥᠯ ᠤᠨ ᠠᠮᠢᠲᠠᠨ ᠨᠡᠶᠢᠲᠡ 300 ᠭᠠᠷᠤᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠭᠠᠨ ᠲᠥᠷᠥᠯ ᠵᠦᠢᠯ ᠪᠦᠷᠢᠨ᠂ ᠲᠤᠭ᠎ᠠ ᠬᠡᠮᠵᠢᠶ᠎ᠡ ᠪᠠᠷ ᠣᠯᠠᠨ᠂ ᠰᠡᠯᠡᠭᠦᠴᠡᠯ ᠵᠤᠭ᠎ᠠ ᠴᠡᠩᠬᠡᠯ ᠢ ᠨᠢᠭᠡ ᠴᠣᠭᠴᠠᠵᠢᠭᠤᠯᠤᠭᠰᠠᠨ ᠬᠥᠭᠡᠷᠦᠬᠦᠨ ᠡᠩᠬᠦᠷᠡᠢ ᠠᠮᠢᠲᠠᠨ ᠤ ᠴᠡᠩᠬᠡᠯ ᠤᠨ ᠬᠦᠷᠢᠶᠡᠯᠡᠩ ᠪᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠵᠡᠭᠦᠨᠭᠠᠷ ᠤᠨ ᠬᠠᠲᠤᠨ ᠭᠤᠣᠯ ᠤᠨ ᠶᠡᠭᠡ ᠬᠠᠪᠴᠢᠯ ᠤᠨ ᠵᠤᠭᠠᠴᠠᠯ ᠤᠨ ᠣᠷᠣᠨ᠂ ᠪᠦᠷᠢᠶ᠎ᠡ ᠮᠠᠩᠬᠠᠨ ᠤ ᠵᠤᠭᠠᠴᠠᠯ ᠤᠨ ᠣᠷᠣᠨ᠂ ᠣᠷᠳᠣᠰ ᠤᠨ ᠲᠠᠯ᠎ᠠ ᠨᠤᠲᠤᠭ ᠤᠨ ᠵᠤᠭᠠᠴᠠᠯ ᠤᠨ ᠣᠷᠣᠨ ᠵᠡᠷᠭᠡ ᠦᠵᠡᠮᠵᠢ ᠶᠢᠨ ᠣᠷᠣᠨ ᠨᠢ ᠮᠥᠨᠴᠦ ᠥᠷᠭᠡᠨ ᠣᠯᠠᠨ ᠵᠤᠭᠠᠴᠠᠭᠴᠢ ᠶᠢᠨ ᠪᠠᠭ᠋ᠠᠷᠬᠠᠯ ᠢ ᠲᠠᠲᠠᠭᠰᠠᠨ ᠪᠠᠶᠢᠨ᠎ᠠ᠃
微信图片_20241009102530.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ