ᠰᠤᠷᠪᠤᠯᠵᠢᠯᠠᠬᠴᠢ 20 ᠠᠴᠠ 21 ᠤ ᠡᠳᠦᠷ ᠪᠤᠯᠲᠠᠯ᠎ᠠ ᠬᠠᠶᠢᠨᠠᠨ ᠤ ᠬᠠᠶᠢᠺᠧᠦ ᠳᠤ ᠬᠤᠷᠠᠯᠳᠤᠭᠰᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠡᠬᠡ ᠨᠢᠯᠬᠠᠰ ᠤᠨ ᠡᠷᠡᠭᠦᠯ ᠮᠡᠨᠳᠦ ᠶᠢᠨ ᠡᠷᠳᠡᠮ ᠰᠢᠨᠵᠢᠯᠡᠭᠡᠨ ᠤ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠲᠤ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠪᠠᠶᠢᠭᠤᠯᠤᠮᠵᠢ 3082᠂ ᠬᠡᠦᠬᠡᠳ ᠤᠨ ᠡᠮᠨᠡᠯᠭᠡ ᠶᠢᠨ ᠬᠤᠷᠢᠶ᠎ᠠ 158᠂ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ | ᠲᠥᠪ 3364᠂ ᠬᠦᠨᠳᠦ ᠲᠦᠭᠰᠢᠭᠦᠷᠢᠲᠡᠢ ᠨᠢᠯᠬ᠎ᠠ ᠬᠡᠦᠬᠡᠳ ᠢ ᠠᠪᠤᠷᠠᠨ ᠵᠠᠰᠠᠬᠤ ᠲᠥᠪ 3070 ᠪᠣᠯᠵᠠᠢ᠃ | ︽ᠳᠤᠮᠳᠠᠳᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠳᠡᠯᠡᠬᠡᠢ ᠨᠡᠶᠢᠭᠡᠮ ᠳᠤ ᠳᠡᠭᠡᠳᠦ ᠬᠡᠮᠵᠢᠶ᠎ᠡ ᠪᠠᠷ ᠮᠡᠳᠡᠷᠡᠭᠳᠡᠪᠡ︾᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠸᠠᠩ ᠺᠧ ᠷᠠᠩ᠂ ᠣᠳᠣᠬᠠᠨ ᠳᠤ ᠮᠠᠨ ᠤ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠭᠤᠣᠯ ᠭᠦᠢᠴᠡᠳᠬᠡᠯ ᠲᠤᠭ᠎ᠠ ᠶᠢᠨ ᠬᠢᠷᠢ ᠲᠦᠪᠰᠢᠨ | ᠪᠦᠭᠦ ᠳᠡᠯᠡᠬᠡᠢ ᠶᠢᠨ ᠳᠤᠮᠳᠠ ᠥᠨᠳᠥᠷ ᠣᠷᠣᠯᠭ᠎ᠠ ᠲᠠᠢ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ 2023 ᠣᠨ ᠤ ᠪᠦᠭᠦ ᠤᠯᠤᠰ ᠤᠨ ᠨᠢᠯᠬ᠎ᠠ ᠬᠡᠦᠬᠡᠳ ᠤᠨ | ᠦᠬᠦᠯ ᠤᠨ ᠨᠣᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯ ᠤᠨ ᠨᠣᠷᠮ᠎ᠠ᠂ ᠵᠢᠷᠮᠦᠰᠦᠨ ᠡᠮᠡᠭᠲᠡᠢ ᠶᠢᠨ ᠦᠬᠦᠯ ᠤᠨ ᠨᠣᠷᠮ᠎ᠠ 2012 ᠣᠨ ᠤ | ᠬᠢ ᠠᠴᠠ ᠲᠣᠰ ᠲᠣᠰ 56.3%᠂ 53% ᠪᠠ 38.4% ᠪᠠᠷ ᠪᠠᠭᠤᠷᠠᠵᠠᠢ ᠭᠡᠵᠦ ᠢᠯᠡᠳᠬᠡᠪᠡ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2012 ᠣᠨ ᠠᠴᠠ ᠡᠬᠢᠯᠡᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠤᠨ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠡᠬᠢᠯᠡᠭᠦᠯᠵᠦ᠂ ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ ᠤ 6 | ᠰᠠᠷ᠎ᠠ ᠠᠴᠠ 24 ᠰᠠᠷ᠎ᠠ ᠶᠢᠨ ᠨᠢᠯᠬ᠎ᠠ ᠬᠡᠦᠬᠡᠳ ᠲᠤ ᠡᠳᠦᠷ ᠪᠦᠷᠢ 1 ᠪᠠᠭᠯᠠᠭ᠎ᠠ ᠰᠢᠮ᠎ᠡ ᠲᠡᠵᠢᠭᠡᠯ ᠤᠨ ᠪᠣᠭᠤᠳᠠᠯ ᠬᠠᠩᠭᠠᠪᠠ᠃ ᠲᠤᠭ᠎ᠠ ᠪᠠᠷᠢᠮᠲᠠ ᠳᠤ | ᠬᠠᠷᠠᠭᠤᠯᠤᠭᠰᠠᠨ ᠢᠶᠠᠷ᠂ ᠪᠠᠶᠢᠴᠠᠭᠠᠭᠰᠠᠨ ᠭᠠᠵᠠᠷ ᠣᠷᠣᠨ ᠤ 6 ᠰᠠᠷ᠎ᠠ ᠠᠴᠠ 24 ᠰᠠᠷ᠎ᠠ ᠶᠢᠨ ᠬᠤᠭᠤᠷᠣᠨᠳᠣᠭᠢ ᠨᠢᠯᠬ᠎ᠠ ᠬᠡᠦᠬᠡᠳ ᠤᠨ ᠳᠤᠮᠳᠠᠴᠢ ᠴᠢᠰᠤ ᠳᠤᠲᠠᠬᠤ | ᠨᠣᠷᠮ᠎ᠠ ᠪᠠ ᠥᠰᠦᠯᠲᠡ ᠤᠳᠠᠭᠠᠰᠢᠷᠠᠬᠤ ᠨᠣᠷᠮ᠎ᠠ ᠲᠣᠰ ᠲᠣᠰ 71.7% ᠪᠠ 74.3% ᠪᠠᠭᠤᠷᠠᠵᠠᠢ᠃ | ᠬᠠᠶᠢᠨᠠᠨ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠭᠢᠯᠡᠭᠴᠢ ᠵᠧᠦ ᠴᠠᠩ ᠴᠢᠶᠠᠩ ᠶᠡᠭᠡ ᠬᠤᠷᠠᠯ ᠳᠡᠭᠡᠷ᠎ᠡ᠂ ᠬᠠᠶᠢᠨᠠᠨ ᠮᠤᠵᠢ ᠶᠢᠨ | ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠰᠢᠰᠲ᠋ᠧᠮ ᠲᠠᠶᠢᠹᠧᠩ ᠰᠠᠯᠬᠢ ︽ᠮᠥᠸᠧ ᠵᠢᠶᠧ︾ ᠬᠦᠷᠴᠦ ᠢᠷᠡᠬᠦ ᠠᠴᠠ ᠡᠮᠦᠨ᠎ᠡ᠂ ᠪᠦᠭᠦ ᠮᠤᠵᠢ ᠶᠢᠨ 38 | ᠪᠦᠬᠦᠯᠢ ᠨᠠᠰᠤᠨ ᠠᠴᠠ ᠳᠡᠭᠡᠭᠰᠢᠬᠢ 2731 ᠬᠥᠩᠭᠡᠵᠢᠭᠡᠳᠦᠢ ᠵᠢᠷᠮᠦᠰᠦᠨ ᠡᠮᠡᠭᠲᠡᠢ ᠳᠤ ᠪᠠᠶᠢᠴᠠᠭᠠᠯᠲᠠ ᠬᠢᠵᠦ᠂ 1710 ᠬᠥᠮᠥᠨ ᠢ ᠤᠷᠢᠳᠴᠢᠯᠠᠨ ᠡᠮᠨᠡᠯᠭᠡ ᠳᠤ | ᠣᠷᠣᠭᠤᠯᠵᠤ᠂ ᠲᠠᠶᠢᠹᠧᠩ ᠰᠠᠯᠬᠢᠨ ᠤ ᠬᠤᠭᠤᠴᠠᠭᠠᠨ ᠳᠤ ᠬᠥᠩᠭᠡᠵᠢᠭᠡᠳᠦᠢ ᠵᠢᠷᠮᠦᠰᠦᠨ ᠡᠮᠡᠭᠲᠡᠢ ᠦᠬᠦᠬᠦ ᠦᠭᠡᠢ᠂ ᠰᠢᠷᠬᠠᠲᠤᠬᠤ ᠦᠭᠡᠢ ᠪᠠᠶᠢᠬᠤ ᠶᠢ ᠪᠠᠲᠤᠯᠠᠪᠠ ᠭᠡᠵᠡᠢ᠃ | | ︽ᠡᠲᠡᠭᠡᠷ ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠭᠳᠠᠭᠰᠠᠨ ᠠᠴᠠ ᠪᠣᠯᠤᠭᠰᠠᠨ ᠶᠤᠮ︾᠂ ᠳᠤᠮᠳᠠᠳᠤ ᠤᠯᠤᠰ ᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ | ᠯᠢᠶᠠᠩ ᠰᠢᠶᠣᠣ ᠹᠧᠩ᠂ ᠮᠠᠨ ᠤ ᠤᠯᠤᠰ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠠ ᠡᠮᠡᠭᠲᠡᠶᠢᠴᠦᠳ ᠬᠡᠦᠬᠡᠳ ᠤᠨ ᠡᠮᠨᠡᠯᠭᠡ ᠶᠢᠨ | ᠬᠤᠷᠢᠶ᠎ᠠ ᠪᠠᠷ ᠭᠤᠣᠯ ᠪᠤᠯᠭᠠᠬᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠤᠯᠭᠠᠬᠰᠠᠨ᠂ ᠶᠡᠭᠡ ᠳᠤᠮᠳᠠ | ᠭᠡᠯᠪᠡᠷᠢ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ ᠰᠤᠷᠭᠠᠯᠲᠠ ᠶᠢᠨ | ᠪᠠᠶᠢᠭᠤᠯᠤᠮᠵᠢ ᠪᠠᠷ ᠲᠦᠰᠢᠭ ᠪᠤᠯᠭᠠᠬᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠶᠠᠭ ᠪᠦᠭᠦ | ᠦᠶᠡᠯᠡᠯ ᠤᠨ ᠬᠤᠭᠤᠴᠠᠭ᠎ᠠ᠂ ᠪᠦᠭᠦ ᠲᠠᠯ᠎ᠠ᠂ ᠪᠦᠭᠦ ᠶᠠᠪᠤᠴᠠ ᠶᠢᠨ ᠬᠠᠷᠠᠯᠲᠠ ᠲᠡᠶᠢᠰᠢ ᠤᠯᠠᠮ ᠨᠢᠭᠡ ᠠᠯᠬᠤᠮ ᠤᠷᠤᠭᠰᠢᠯᠠᠪᠠ ᠭᠡᠵᠡᠢ᠃ | ︵ᠰᠢᠨᠬᠤᠸᠠ ᠬᠤᠷᠢᠶ᠎ᠠ ᠶᠢᠨ ᠬᠠᠶᠢᠺᠧᠦ ᠶᠢᠨ 9 ᠰᠠᠷ᠎ᠠ ᠶᠢᠨ 21 ᠤ ᠴᠠᠭᠢᠯᠭᠠᠨ ᠮᠡᠳᠡᠭᠡ︶ | |