ᠨᠠᠯᠠᠭᠠᠷ ᠨᠠᠮᠤᠷ ᠤᠨ ᠥᠪᠥᠷ ᠮᠣᠩᠭᠤᠯ ᠵᠦᠢᠯ ᠤᠨ ᠥᠩᠭᠡ ᠪᠠᠷ ᠴᠢᠮᠡᠭᠳᠡᠨ ᠲᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠬᠰᠠᠳ ᠤᠨ ᠬᠦᠰᠡᠯ ᠤᠨ | ᠣᠷᠣᠨ ᠪᠣᠯᠵᠠᠢ᠃ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠰᠠᠶ᠋ᠢᠬᠠᠨ ᠥᠩᠭᠡᠷᠡᠭᠰᠡᠨ ᠤᠯᠤᠰ ᠤᠨ ᠪᠠᠶᠠᠷ ᠤᠨ | ᠠᠮᠠᠷᠠᠯᠲᠠ ᠶᠢᠨ ᠡᠮᠦᠨ᠎ᠡ 6 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 1767.08 ᠲᠦᠮᠡᠨ ᠬᠥᠮᠥᠨ ᠤᠳᠠᠭ᠎ᠠ ᠭᠥᠯᠢᠶᠡᠨ | ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ 124.22 ᠳ᠋ᠦᠩᠰᠢᠭᠤᠷ ᠲᠥᠭᠦᠷᠢᠭ ᠲᠤ ᠬᠦᠷᠴᠡᠢ᠃ | ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠣᠷᠣᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ | ᠵᠢᠭᠤᠯᠴᠢᠯᠠᠯ ᠤᠨ ᠲᠦᠷᠦᠯ ᠲᠡᠮᠳᠡᠭ ᠢ ᠨᠡᠶᠢᠲᠡᠯᠡᠨ᠂ ︽ᠨᠠᠯᠠᠭᠠᠷ ᠨᠠᠮᠤᠷ ᠤᠨ ᠤᠷᠢᠯᠭ᠎ᠠ︾ 20 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠡᠯ᠎ᠡ | ᠠᠶᠢᠮᠠᠭ ᠬᠤᠳᠠ ᠶᠢᠨ ᠬᠢᠨ ᠪᠠᠰᠠ ᠤᠯᠤᠰ ᠤᠨ ᠪᠠᠶᠠᠷ ᠤᠨ ᠠᠮᠠᠷᠠᠯᠲᠠ ᠳᠤ ᠵᠣᠷᠢᠭᠤᠯᠤᠨ 130 ᠵᠦᠢᠯ ᠤᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠥᠷᠨᠢᠭᠦᠯᠵᠡᠢ᠃ ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ | ᠬᠤᠭᠤᠴᠠᠭᠠᠨ ᠳᠤ ᠥᠪᠥᠷ ᠮᠣᠩᠭᠤᠯ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠨ᠂ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ 23% ᠪᠠᠷ ᠨᠡᠮᠡᠭᠳᠡᠵᠦ᠂ ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠳᠣᠲᠣᠷ᠎ᠠ | ᠪᠡᠭᠡᠵᠢᠩ᠂ ᠱᠠᠩᠬᠠᠢ᠂ ᠲᠢᠶᠠᠨᠵᠢᠨ᠂ ᠮᠦᠭᠳᠡᠨ᠂ ᠰᠢ ᠠᠨ ᠤ ᠵᠢᠭᠤᠯᠴᠢᠯᠠᠭᠴᠢ ᠣᠯᠠᠩᠬᠢ ᠲᠤᠭ᠎ᠠ ᠶᠢ ᠡᠵᠡᠯᠡᠪᠡ᠃ | ᠤᠯᠤᠰ ᠤᠨ ᠪᠠᠶᠠᠷ ᠤᠨ ᠠᠮᠠᠷᠠᠯᠲᠠ ᠳᠤ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤ ᠬᠠᠯᠠᠭᠤᠨ ᠷᠠᠰᠢᠶᠠᠨ᠂ ᠬᠤᠩᠭᠤ ᠶᠢᠨ ᠳᠠᠪᠠᠭ᠎ᠠ᠂ ᠠᠰᠬᠠᠲᠤ ᠶᠢᠨ | ᠴᠢᠯᠠᠭᠤᠨ ᠤᠢ᠂ ᠳᠠᠯᠠᠶᠢᠨᠠᠭᠤᠷ ᠵᠡᠷᠭᠡ ᠰᠣᠩᠭᠤᠳᠠᠭ ᠦᠵᠡᠮᠵᠢ ᠶᠢᠨ ᠴᠡᠭ ᠢ ᠪᠠᠭᠲᠠᠭᠠᠭᠰᠠᠨ ᠡᠲᠡᠭᠡᠳ ᠰᠠᠶᠢᠬᠠᠨ ᠨᠠᠮᠤᠷ ᠤᠨ ᠥᠩᠭᠡ ᠦᠵᠡᠮᠵᠢ ᠶᠢ ᠪᠦᠷᠢᠨ | ᠬᠠᠷᠠᠭᠤᠯᠤᠭᠰᠠᠨ ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠪᠠ; ᠤᠯᠠᠭᠠᠨᠬᠤᠲᠠ ︽ᠨᠢᠭᠡ ᠣᠷᠳᠣᠨ ᠭᠤᠷᠪᠠᠨ ᠪᠠᠭᠤᠷᠢ︾ ᠪᠠᠷ ᠭᠤᠣᠯ ᠪᠤᠯᠭᠠᠬᠰᠠᠨ ᠬᠤᠪᠢᠰᠬᠠᠯ | ᠤᠨ ᠵᠢᠭᠤᠯᠴᠢᠯᠠᠯ ᠥᠷᠨᠢᠭᠦᠯᠵᠦ᠂ ᠥᠪᠥᠷ ᠮᠣᠩᠭᠤᠯ ᠤᠨ ᠬᠤᠪᠢᠰᠬᠠᠯ ᠤᠨ ᠤᠳᠤᠮᠰᠢᠯ ᠢ ᠰᠣᠶᠣᠯ ᠵᠢᠭᠤᠯᠴᠢᠯᠠᠯ ᠲᠠᠢ ᠡᠪᠯᠢᠭ ᠰᠠᠶᠢᠬᠠᠨ ᠠᠭᠤᠰᠤᠯᠴᠠᠭᠤᠯᠤᠨ | ᠵᠢᠭᠤᠯᠴᠢᠯᠠᠬᠰᠠᠳ ᠤᠨ ᠰᠣᠨᠢᠷᠬᠠᠯ ᠢ ᠳᠠᠳᠠᠯ᠎ᠠ; ᠭᠦᠭᠡᠬᠤᠲᠠ ᠮᠣᠷᠢ ᠪᠠᠷ ᠭᠤᠣᠯ ᠰᠡᠳᠦᠪ ᠪᠣᠯᠭᠠᠨ 14 ᠲᠦᠷᠦᠯ ᠤᠨ ᠠᠵᠢᠯᠯᠠᠭ᠎ᠠ ᠥᠷᠨᠢᠭᠦᠯᠵᠦ᠂ ᠪᠤᠭᠤᠲᠤ | ᠬᠤᠲᠠ ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠲᠦᠷᠦᠯ ᠤᠨ ᠠᠵᠢᠯᠯᠠᠭ᠎ᠠ ᠶᠠᠪᠤᠬᠳᠠᠭᠤᠯᠪᠠ; ᠬᠥᠯᠥᠨ ᠪᠤᠶᠢᠷ | ᠬᠤᠲᠠ ︽ᠠᠯᠲᠠᠨ ᠨᠠᠮᠤᠷ ᠤᠨ ᠠᠷᠪᠠᠨ ᠰᠠᠷ᠎ᠠ ᠮᠥᠷᠥᠭᠡᠳᠦᠯ ᠤᠨ ᠨᠤᠲᠤᠭ︾ ᠥᠪᠡᠰᠦᠪᠡᠨ ᠮᠠᠰᠢᠨ ᠲᠡᠷᠭᠡ ᠪᠠᠷᠢᠵᠤ ᠵᠢᠭᠤᠯᠴᠢᠯᠠᠬᠤ ᠠᠵᠢᠯᠯᠠᠭ᠎ᠠ ᠵᠡᠷᠭᠡ 6 ᠲᠦᠷᠦᠯ | ᠤᠨ ᠠᠵᠢᠯᠯᠠᠭ᠎ᠠ ᠪᠠᠷ ᠥᠷᠭᠡᠨ ᠤᠯᠠᠨ ᠵᠢᠭᠤᠯᠴᠢᠯᠠᠭᠴᠢ ᠳᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ | ᠲᠦᠩᠯᠢᠶᠣᠣ ᠬᠤᠲᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠯᠠᠭᠠᠨᠮᠥ᠋ᠴᠢᠷ ᠤᠨ | ᠬᠠᠮᠲᠤᠷᠠᠭᠰᠠᠨ ᠲᠣᠬᠯᠠᠯᠲᠠ︾ ᠭᠠᠷᠭᠠᠨ ᠣᠯᠠᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠤᠯ ᠬᠦᠷᠭᠡᠬᠦ 10 ᠲᠦᠷᠦᠯ ᠤᠨ ᠠᠵᠢᠯᠯᠠᠭ᠎ᠠ ᠥᠷᠨᠢᠭᠦᠯᠪᠡ ᠁ | ᠪᠦᠭᠦ ᠣᠷᠣᠨ ᠤ ᠡᠯ᠎ᠡ ᠭᠠᠵᠠᠷ ᠤᠨ ᠬᠢᠨ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠬᠥᠮᠥᠰ ᠤᠨ ᠤᠯᠤᠰ ᠤᠨ ᠪᠠᠶᠠᠷ | ᠤᠨ ᠠᠮᠠᠷᠠᠯᠲᠠ ᠪᠠᠨ ᠪᠠᠶᠠᠷ ᠭᠦᠷ ᠲᠠᠢ ᠥᠩᠭᠡᠷᠡᠭᠦᠯᠬᠦ ᠳᠤ ᠬᠠᠨᠤᠮᠵᠢᠳᠠᠢ ᠰᠣᠩᠭᠤᠯᠲᠠ ᠬᠠᠩᠭᠠᠵᠤ᠂ ᠰᠢᠨ᠎ᠡ ᠰᠡᠪᠡᠭᠦᠨ ᠵᠢᠭᠤᠯᠴᠢᠯᠠᠯ ᠤᠨ ᠪᠦᠲᠦᠭᠡᠭᠳᠡᠬᠦᠨ ᠨᠢ | ︽ᠬᠤᠭᠤᠯᠠ ᠬᠤᠨᠤᠭ᠂ ᠵᠤᠭ᠎ᠠ ᠴᠡᠩᠭᠡᠬᠦᠨ᠂ ᠪᠠᠷᠠᠭ᠎ᠠ ᠲᠠᠸᠠᠷ︾ ᠤᠨ ᠡᠯ᠎ᠡ ᠭᠤᠭᠴᠤᠭ᠎ᠠ ᠶᠢ ᠪᠦᠷᠢᠨ ᠬᠠᠮᠤᠷᠴᠤ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ | ᠭᠠᠶᠢᠬᠠᠭᠤᠯᠵᠠᠢ᠃ |