ᠮᠠᠨ ᠤ ᠬᠤᠲᠠ ᠶᠢᠨ ︽ᠳᠤᠯᠠᠭᠠᠨ ᠬᠤᠲᠠ ᠶᠢᠨ ᠦᠨᠦᠷ ᠠᠮᠳᠠ︾ ᠰᠢᠷᠢᠰ ᠪᠦᠲᠦᠭᠡᠭᠳᠡᠬᠦᠨ ᠬᠤᠷᠢᠨ ᠨᠢᠭᠡᠳᠦᠬᠡᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠳᠤ ᠣᠷᠣᠯᠴᠠᠪᠠ
ᠨᠡᠶᠢᠲᠡᠯᠡᠭᠰᠡᠨ ᠴᠠᠭ᠄
2024/10/9
     ᠣᠶᠢᠷ᠎ᠠ ᠶᠢᠨ ᠡᠳᠦᠷ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 11 ᠤᠯᠤᠰ ᠤᠨ ᠠᠵᠤ ᠠᠬᠤᠢ ᠠᠷᠠᠯᠵᠢᠶᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠭᠠᠵᠠᠷ ᠠᠴᠠ ᠬᠠᠮᠲᠤᠷᠠᠨ ᠡᠷᠬᠢᠯᠡᠭᠰᠡᠨ ᠬᠤᠷᠢᠨ ᠨᠢᠭᠡᠳᠦᠬᠡᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠭᠤᠸᠠᠩᠰᠢ ᠶᠢᠨ ᠨᠠᠨᠨᠢᠩ ᠤᠨ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠳᠤᠯᠠᠭᠠᠨ ᠬᠤᠲᠠ ᠶᠢᠨ ᠦᠨᠦᠷ ᠠᠮᠳᠠ︾ ᠶᠢᠨ ᠥᠨᠳᠦᠷᠯᠢᠭ ᠤᠨ ᠬᠦᠢᠯᠡᠰᠦᠨ ᠴᠦᠮ᠎ᠡ ᠶᠢᠨ ᠬᠠᠨᠳᠠ ᠪᠠ ᠶᠠᠨ ᠯᠢᠦ ᠰᠢᠶᠠᠩ ᠰᠢᠷᠢᠰ ᠪᠦᠲᠦᠭᠡᠭᠳᠡᠬᠦᠨ ᠢ ᠦᠵᠡᠬᠦᠯᠬᠡ ᠳᠤ ᠣᠷᠣᠯᠴᠠᠭᠤᠯᠤᠨ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠪᠡ᠃     ᠦᠵᠡᠰᠬᠦᠯᠡᠩ ᠳᠤ᠂ ᠠᠬᠤᠢ ᠲᠠᠯᠠᠪᠠᠢ ᠳᠤ ᠳᠡᠯᠭᠡᠨ ᠦᠵᠡᠭᠦᠯᠬᠦ᠂ ᠠᠮᠳᠠᠯᠠᠨ ᠰᠤᠯᠢᠯᠴᠠᠬᠤ᠂ ᠲᠠᠪᠴᠠᠩ ᠢᠶᠠᠷ ᠰᠢᠭᠤᠳ ᠨᠡᠪᠲᠡᠷᠡᠭᠦᠯᠬᠦ ᠵᠡᠷᠭᠡ ᠬᠡᠯᠪᠡᠷᠢ ᠪᠠᠷ ᠮᠠᠨ ᠤ ᠬᠤᠳᠠ ᠶᠢᠨ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠨ ᠠᠪᠬᠤ ᠬᠤᠳᠠᠯᠳᠤᠭᠠᠴᠢᠨ ᠲᠠᠢ ᠨᠢᠭᠤᠷᠳᠠᠨ ᠶᠠᠷᠢᠯᠴᠠᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠣᠶᠢᠯᠠᠭᠠᠵᠤ᠂ ︽ᠳᠤᠯᠠᠭᠠᠨ ᠬᠤᠳᠠ ᠶᠢᠨ ᠦᠨᠦᠷ ᠠᠮᠳᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠤᠬᠠᠭᠤᠯᠵᠤ᠂ ᠲᠦᠷᠦᠯ ᠲᠡᠮᠳᠡᠭᠲᠦ ᠶᠢᠨ ᠰᠢᠷᠢᠰ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠳᠤ ᠰᠠᠶᠢᠨ ᠡᠬᠢᠯᠡᠯᠲᠡ ᠲᠠᠢ ᠪᠣᠯᠭᠠᠵᠠᠢ᠃ ᠲᠣᠰ ᠤᠳᠠᠭᠠᠨ ᠤ ᠦᠵᠡᠭᠦᠯᠭᠡ ᠳᠤ ᠣᠷᠣᠯᠴᠠᠬᠰᠠᠨ ᠨᠢ ᠮᠠᠨ ᠤ ᠬᠤᠲᠠ ᠶᠢᠨ ︽ᠳᠤᠯᠠᠭᠠᠨ ᠬᠤᠲᠠ ᠶᠢᠨ ᠦᠨᠦᠷ ᠠᠮᠳᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠪᠦᠲᠦᠭᠡᠭᠳᠡᠬᠦᠨ ᠢ ᠤᠯᠤᠰ ᠤᠨ ᠭᠠᠳᠠᠨ᠎ᠠ ᠪᠤᠷᠤᠯᠠᠭᠤᠯᠬᠤ ᠶᠢ ᠢᠳᠡᠪᠬᠢᠲᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠪᠠᠰᠠ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠷᠢᠯᠴᠠᠨ ᠠᠰᠢᠭ ᠬᠦᠷᠳᠡᠵᠦ ᠬᠠᠮᠲᠤ ᠪᠠᠷ ᠢᠯᠠᠬᠤ ᠶᠢ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠬᠤ ᠶᠤᠮ᠃
ᠢᠷᠡᠯᠲᠡ᠄ ᠤᠷᠳᠤᠰ ᠤᠨ ᠡᠳᠤᠷ ᠤᠨ ᠰᠤᠨᠢᠨ